ᠪᠠᠷᠠᠭᠤᠨ ᠪᠠᠯ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠭᠠᠯ ᠤᠨ ᠵᠠᠮ ᠢ ᠵᠢᠷᠤᠭᠯᠠᠯ᠎ᠠ
ᠨᠡᠶᠢᠲᠡᠯᠡᠭᠰᠡᠨ ᠴᠠᠭ᠄
2024/6/19
    ᠠᠯᠠᠱᠠ ᠵᠡᠬᠦᠨ ᠬᠤᠰᠢᠭᠤᠨ ᠤ ᠪᠠᠷᠠᠭᠤᠨ ᠪᠠᠯ ᠪᠠᠯᠭᠠᠰᠤ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ  ᠤᠨ ᠪᠡᠯᠡ ᠮᠥᠩᠭᠦ  ᠶᠢ ᠬᠡᠷᠡᠭᠵᠢᠭᠦᠯᠬᠦ ᠲᠦᠷᠦᠯ ᠵᠦᠢᠯ  ᠢ ᠣᠯᠬᠤ ᠪᠠᠷ ᠴᠢᠷᠮᠠᠶᠢᠵᠦ᠂ ᠭᠠᠴᠠᠭᠠᠨ  ᠤ ᠬᠠᠮᠲᠤ  ᠶᠢᠨ ᠠᠵᠤ ᠠᠬᠤᠢ  ᠶᠢ ᠬᠦᠭᠵᠢᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠥᠭᠵᠢᠭᠡᠵᠦ ᠪᠠᠶᠢᠨ᠎ᠠ᠃    ᠡᠨᠡ ᠵᠢᠯ ᠪᠠᠷᠠᠭᠤᠨ ᠪᠡᠯ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠵᠢᠴᠢ ᠪᠤᠰᠤᠳ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠦᠷᠭᠦᠯᠵᠢᠯᠡᠨ ᠠᠬᠢᠭᠤᠯᠵᠤ᠂ ᠨᠢᠭᠡᠨᠲᠡ ᠪᠡᠯᠡ ᠮᠥᠩᠭᠦ ᠶᠢᠨ ᠲᠥᠯᠥᠪᠯᠡᠭᠡ ᠭᠤᠶᠤᠴᠢᠯᠠᠭᠰᠠᠨ ᠲᠥᠷᠥᠯ ᠵᠦᠢᠯ ᠪᠠ ᠵᠣᠬᠢᠶᠠᠨ ᠪᠠᠶᠢᠭᠤᠯᠬᠤ ᠬᠡᠯᠲᠡᠰ ᠠᠴᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠪᠤᠵᠠᠭᠠᠶᠢᠷᠠᠭᠤᠯᠬᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠡᠳ᠋ ᠤᠨ ᠵᠠᠰᠠᠭ ᠤᠨ ᠱᠠᠩᠨᠠᠵᠤ ᠨᠥᠬᠦᠪᠦᠷᠢᠯᠡᠬᠦ ᠵᠡᠷᠭᠡ 11 ᠲᠥᠷᠥᠯ ᠵᠦᠢᠯ ᠢ ᠴᠥᠮ ᠲᠤᠰᠬᠠᠢ ᠬᠥᠮᠥᠨ ᠢᠶᠠᠷ ᠬᠠᠷᠢᠭᠤᠴᠠᠭᠤᠯᠤᠨ ᠬᠦᠢᠴᠡᠳᠭᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢ ᠪᠥᠬᠦ ᠬᠦᠴᠦᠨ ᠢᠶᠠᠷ ᠠᠬᠢᠭᠤᠯᠵᠤ ᠪᠠᠶᠢᠨ᠎ᠠ᠃ ᠳᠡᠭᠡᠷᠡᠬᠢ ᠲᠥᠷᠥᠯ ᠵᠦᠢᠯ ᠨᠢ ᠭᠠᠴᠠᠭ᠎ᠠ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ᠂ ᠡᠯᠧᠺᠲᠷᠣᠨ ᠬᠤᠳᠠᠯᠳᠤᠭᠠᠨ ᠤ ᠦᠢᠯᠡᠴᠢᠯᠡᠭᠡ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ᠂ ᠲᠠᠷᠢᠶᠠᠯᠠᠩ ᠤᠨ ᠪᠦᠲᠦᠭᠡᠭᠳᠡᠬᠦᠨ ᠢ ᠲᠡᠯᠭᠡᠬᠦ ᠲᠠᠯᠠᠪᠠᠶ ᠵᠡᠷᠭᠡ ᠳᠠᠯ᠎ᠠ ᠳᠤ ᠳᠦᠪᠯᠡᠷᠡᠵᠦ ᠪᠤᠢ᠃ ᠣᠳᠣᠬᠠᠨ ᠳᠤ ᠨᠢᠭᠡᠨᠲᠡ ᠲᠦᠷᠦᠯ ᠵᠦᠢᠯ ᠤᠨ ᠲᠥᠰᠥᠯ ᠢ ᠨᠠᠶᠢᠷᠠᠭᠤᠯᠤᠨ ᠵᠣᠬᠢᠶᠠᠬᠤ᠂ ᠲᠦᠷᠦᠯ ᠵᠦᠢᠯ ᠤᠨ ᠭᠠᠵᠠᠷ ᠰᠣᠩᠭᠤᠬᠤ᠂ ᠲᠦᠷᠦᠯ ᠵᠦᠢᠯ ᠳᠤ ᠬᠡᠷᠡᠭᠯᠡᠬᠦ ᠭᠠᠵᠠᠷ ᠢ ᠬᠠᠶᠢᠨ ᠬᠡᠮᠵᠢᠵᠦ ᠵᠠᠭᠠᠭ ᠲᠣᠭᠲᠠᠭᠠᠬᠤ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠪ᠂ ᠲᠦᠷᠦᠯ ᠵᠦᠢᠯ ᠲᠣᠭᠲᠠᠭᠠᠬᠤ᠂ ᠲᠦᠷᠦᠯ ᠵᠦᠢᠯ ᠤᠨ ᠡᠳ᠋ ᠤᠨ ᠵᠠᠰᠠᠭ ᠤᠨ ᠬᠠᠮᠤᠭ ᠤᠨ ᠥᠨᠳᠥᠷ ᠬᠢᠨᠠᠨ ᠲᠣᠭᠲᠠᠭᠠᠵᠤ ᠦᠨ᠎ᠡ ᠬᠢᠵᠠᠭᠠᠷᠯᠠᠬᠤ ᠵᠡᠷᠭᠡ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠬᠢᠵᠦ ᠳᠠᠭᠤᠰᠬᠠᠪᠠ᠃    ᠬᠥᠳᠡᠯᠦᠩᠭᠦᠢ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠪᠠ᠃ ᠪᠠᠷᠠᠭᠤᠨ ᠪᠡᠯ ᠪᠠᠯᠭᠠᠰᠦ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡᠳᠦᠭᠡᠷ ᠤᠯᠠᠷᠢᠯ ᠳᠤ ᠨᠡᠶᠢᠲᠡ 47 ᠭᠤᠣᠯᠳᠠᠯᠭ᠎ᠠ ᠲᠠᠢ ᠬᠥᠮᠥᠰ ᠢ ᠵᠢᠭᠰᠠᠭᠠᠨ ᠪᠠᠶᠢᠴᠠᠭᠠᠵᠤ᠂ ᠬᠢᠨᠠᠨ ᠰᠢᠯᠭᠠᠬᠤ ᠡᠲᠡᠭᠡᠳ ᠲᠤ ᠣᠷᠤᠭ᠎ᠠ ᠦᠭᠡᠢ ᠬᠥᠮᠥᠰ ᠢ ᠰᠤᠳᠤᠯᠤᠨ ᠮᠠᠭᠠᠳᠯᠠᠵᠡᠢ᠃ ᠬᠤᠶᠠᠳᠤᠭᠠᠷ ᠤᠯᠠᠷᠢᠯ ᠳᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠦᠷᠨᠢᠬᠦᠯᠦᠨ᠂ ᠪᠥᠬᠦ ᠪᠠᠯᠭᠠᠰᠤᠨ ᠤ 1723 ᠪᠠᠶᠢᠩᠭᠤ ᠰᠠᠭᠤᠭ᠎ᠠ ᠡᠷᠦᠬᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠢᠨᠠᠨ ᠰᠢᠯᠭᠠᠬᠤ ᠡᠲᠡᠭᠡᠳ ᠲᠤ ᠡᠪᠡᠳᠴᠢᠨ ᠠᠴᠠ ᠪᠣᠯᠤᠭᠰᠠᠨ 2 ᠡᠷᠦᠬᠡ ᠶᠢᠨ 4 ᠬᠥᠮᠥᠨ ᠢ ᠰᠢᠨ᠎ᠡ ᠪᠠᠷ ᠣᠷᠣᠭᠤᠯᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ 35 ᠬᠥᠮᠥᠨ ᠢ ᠤᠷᠢᠨ ᠬᠡᠷᠡᠭᠯᠡᠵᠡᠢ᠃ 2012 — 2023 ᠣᠨ ᠤ ᠶᠠᠳᠠᠭᠤ ᠶᠢ ᠲᠡᠳᠬᠦᠬᠦ ︵ᠬᠠᠪᠰᠤᠷᠤᠨ ᠲᠡᠳᠬᠦᠬᠦ︶ ᠲᠥᠷᠥᠯ ᠵᠦᠢᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠤᠳᠤᠵᠤ ᠬᠠᠷᠭᠤᠭᠤᠯᠤᠨ ᠪᠠᠶᠢᠴᠠᠭᠠᠬᠤ ᠠᠵᠢᠯ ᠢ ᠪᠡᠶᠡᠯᠡᠬᠦᠯᠦᠨ᠂ ᠪᠥᠬᠦ ᠪᠠᠯᠭᠠᠰᠤ ᠶᠢᠨ ᠡᠳ᠋ ᠬᠥᠷᠥᠩᠭᠡ ᠶᠢᠨ ︽ᠭᠤᠷᠪᠠᠨ ᠲᠠᠩᠰᠠ︾ ᠶᠢ ᠰᠢᠨᠡᠳᠭᠡᠵᠦ᠂ ᠭᠠᠴᠠᠭ᠎ᠠ ᠶᠢᠨ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢ ᠬᠡᠷᠡᠭᠯᠡᠬᠦ ᠶᠢ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ ᠪᠠᠶᠢᠨ᠎ᠠ᠃    ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠣᠰᠬᠤᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠪᠠᠷᠠᠭᠤᠨ ᠪᠡᠯ ᠪᠠᠯᠭᠠᠰᠤ ᠡᠨᠡ ᠵᠢᠯ ᠮᠠᠯᠵᠢᠬᠤ ᠲᠠᠷᠢᠶᠠᠯᠠᠬᠤ ᠣᠷᠣᠨ ᠤ 6 ᠣᠷᠣᠨ ᠰᠠᠭᠤᠴᠠ ᠶᠢᠨ ᠭᠠᠵᠠᠷ ᠪᠠ ᠪᠦᠲᠦᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠪᠡ᠃ ᠬᠥᠳᠡᠭᠡ ᠲᠣᠰᠬᠤᠨ ᠤ ᠵᠠᠮ ᠢ ᠭᠡᠷᠡᠯᠲᠦᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠢᠳᠡᠪᠬᠢᠲᠡᠢ ᠬᠢᠵᠦ᠂ ᠪᠥᠬᠦ ᠪᠠᠯᠭᠠᠰᠤᠨ ᠳᠤ ᠨᠡᠶᠢᠳᠡ 202 ᠵᠠᠮ ᠤᠨ ᠳ᠋ᠧᠩ ᠢ ᠰᠡᠯᠪᠢᠨ ᠵᠠᠰᠠᠵᠤ᠂ 125 ᠵᠠᠮ ᠤᠨ ᠳ᠋ᠧᠩ ᠢ ᠰᠢᠨ᠎ᠡ ᠪᠠᠷ ᠪᠠᠶᠢᠭᠤᠯᠵᠡᠢ᠃ ︽ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ︾ ᠢᠨᠵᠧᠨᠧᠷᠢᠩ ᠤᠨ ᠪᠦᠷᠬᠦᠴᠡ ᠶᠢᠨ ᠨᠣᠷᠮ᠎ᠠ ᠶᠢ ᠦᠷᠭᠦᠯᠵᠢᠯᠡᠨ ᠥᠷᠭᠡᠳᠭᠡᠵᠦ᠂ 5 ᠭᠠᠴᠠᠭ᠎ᠠ ᠲᠣᠰᠬᠤᠨ ᠤ ᠬᠥᠮᠥᠨ ᠠᠮᠠ ᠲᠥᠪᠯᠡᠷᠡᠭᠰᠡᠨ ᠲᠣᠭᠤᠷᠢᠭ ᠤᠨ ︽ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ︾ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠢᠶᠠᠷ ᠠᠬᠢᠭᠤᠯᠵᠤ ᠪᠠᠶᠢᠨ᠎ᠠ᠃ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ︽ᠵᠠᠰᠠᠭ ᠤᠨ ᠣᠷᠳᠣᠨ ᠬᠢᠨᠠᠨ ᠬᠠᠮᠢᠶᠠᠷᠬᠤ᠂ ᠺᠣᠮᠫᠠᠨᠢ ᠡᠵᠡᠩᠨᠡᠬᠦ᠂ ᠣᠯᠠᠨ ᠲᠦᠮᠡᠨ ᠠᠰᠢᠭ ᠭᠥᠷᠳᠡᠬᠦ︾ ᠬᠠᠮᠢᠶᠠᠷᠤᠯᠲᠠ ᠶᠢᠨ ᠵᠠᠭᠪᠤᠷ ᠢ ᠪᠣᠶ ᠪᠤᠯᠭᠠᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠬᠦᠯᠵᠦ᠂ ᠭᠠᠴᠠᠭ᠎ᠠ ᠲᠣᠰᠬᠤᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号