ᠣᠶᠢᠷ᠎ᠠ ᠳᠤ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠪᠥᠬᠦ ᠤᠯᠤᠰ ᠤᠨ ᠨᠠᠮ ᠵᠠᠰᠠᠭ ᠤᠨ | ᠤᠳᠤᠷᠢᠳᠬᠤ ᠪᠠᠭ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠳᠦᠯᠪᠦᠷᠢ ︵2024 — 2028 ᠣᠨ︶︾ | ︵ᠳᠣᠷᠣᠭᠰᠢ ︽ᠲᠥᠯᠥᠪᠵᠢᠭᠦᠯᠭᠡ ᠶᠢᠨ ᠬᠦᠳᠦᠯᠪᠦᠷᠢ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠭᠰᠠᠨ | ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ | ᠱᠠᠭᠠᠷᠳᠠᠪᠠ᠃ | ︽ᠲᠥᠯᠥᠪᠵᠢᠭᠦᠯᠭᠡ ᠶᠢᠨ ᠬᠥᠲᠥᠯᠪᠦᠷᠢ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ 2024 | — 2028 ᠣᠨ ᠤ ᠪᠥᠬᠦ ᠤᠯᠤᠰ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠳᠤ | ᠰᠢᠰᠲ᠋ᠧᠮ ᠲᠠᠢ ᠲᠥᠯᠥᠪᠵᠢᠭᠦᠯᠭᠡ ᠬᠢᠪᠠ᠂ ᠡᠨᠡ ᠪᠣᠯ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠬᠤ ᠶᠢᠨ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ | ︽ᠲᠥᠯᠥᠪᠵᠢᠭᠦᠯᠭᠡ ᠶᠢᠨ ᠬᠥᠲᠥᠯᠪᠦᠷᠢ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠬᠦ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠪᠠᠲᠤ ᠴᠢᠩᠭ᠎ᠠ ᠤᠳᠤᠷᠢᠳᠬᠤ | ᠬᠠᠮᠲᠤ ᠶᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠬᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠥᠬᠦ ᠲᠠᠯ᠎ᠠ ᠪᠠᠷ ᠠᠬᠢᠭᠤᠯᠬᠤ ᠳᠤ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ︽ | ᠬᠤᠶᠠᠷ ᠢ ᠬᠠᠮᠠᠭᠠᠯᠠᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ | ᠴᠢᠩᠭᠠᠳᠬᠠᠵᠤ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠶ | ᠣᠶᠢᠯᠠᠭᠠᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠳᠤ ᠴᠤᠭᠴᠠᠯᠠᠵᠤ᠂ ᠤᠯᠤᠰ ᠲᠥᠷᠥ ᠶᠢᠨ | ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠭᠢᠯ ᠢᠶᠠᠨ ᠨᠢᠭᠡᠳᠭᠡᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠨᠠᠮ ᠤᠨ ᠰᠢᠨ᠎ᠡ | ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠰᠤᠷᠤᠯᠴᠠᠬᠤ ᠰᠡᠳᠭᠢᠬᠦ ᠬᠡᠷᠡᠭᠯᠡᠬᠦ ᠶᠢ ᠤᠶᠠᠯᠳᠤᠭᠤᠯᠬᠤ᠂ | ᠮᠡᠳᠡᠬᠦ ᠢᠲᠡᠭᠡᠬᠦ ᠬᠢᠬᠦ ᠶᠢ ᠨᠢᠭᠡᠳᠭᠡᠬᠦ ᠶᠢ ᠪᠠᠷᠢᠮᠲᠠᠯᠠᠬᠤ ᠬᠡᠷᠡᠭᠲᠡᠢ᠃ ᠤᠳᠤᠷᠢᠳᠬᠤ ᠪᠠᠭ ᠲᠤ ᠰᠢᠯᠢᠳᠡᠭ ᠢ ᠨᠢ | ᠰᠣᠩᠭᠤᠨ ᠬᠦᠴᠦᠷᠬᠡᠭ ᠢ ᠨᠢ ᠲᠤᠬᠢᠷᠠᠭᠤᠯᠵᠤ᠂ ᠭᠤᠣᠯᠳᠠᠭᠤ ᠵᠢᠩᠬᠢᠨᠢ ᠲᠤᠰᠢᠶᠠᠯ ᠢ ᠰᠠᠶᠢᠲᠤᠷ ᠰᠣᠩᠭᠤᠵᠤ᠂ | ᠨᠠᠰᠤᠨ ᠤ ᠪᠦᠲᠦᠴᠡ ᠶᠢ ᠰᠢᠯᠢᠳᠡᠭᠵᠢᠭᠦᠯᠦᠨ᠂ ᠲᠤᠰᠬᠠᠢ ᠮᠡᠷᠭᠡᠵᠢᠯ ᠤᠨ ᠪᠦᠲᠦᠴᠡ ᠶᠢ ᠰᠠᠶᠢᠵᠢᠷᠠᠭᠤᠯᠵᠤ᠂ ᠢᠷᠡᠯᠳᠡ | ᠪᠠ ᠥᠩᠭᠡᠷᠡᠯᠲᠡ ᠶᠢᠨ ᠪᠦᠲᠦᠴᠡ ᠶᠢ ᠲᠡᠭᠦᠯᠳᠡᠷᠵᠢᠭᠦᠯᠦᠨ᠂ ᠰᠢᠯᠢᠳᠡᠭ ᠵᠠᠯᠠᠭᠤ ᠺᠠᠳ᠋ᠷ ᠢ ᠬᠥᠮᠦᠵᠢᠭᠦᠯᠵᠦ ᠰᠣᠩᠭᠤᠨ | ᠳᠡᠪᠰᠢᠭᠦᠯᠬᠦ ᠶᠢ ᠪᠠᠶᠢᠩᠭᠤᠵᠢᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠮᠡᠭᠲᠡᠢ ᠺᠠᠳ᠋ᠷ᠂ ᠴᠥᠭᠡᠨ | ᠲᠣᠭᠠᠲᠤ ᠦᠨᠳᠦᠰᠦᠲᠡᠨ ᠤ ᠺᠠᠳ᠋ᠷ ᠪᠠ ᠨᠠᠮ ᠤᠨ ᠭᠠᠳᠠᠨᠠᠬᠢ ᠺᠠᠳ᠋ᠷ ᠢ ᠵᠦᠢ ᠵᠣᠬᠢᠰᠲᠠᠢ ᠲᠤᠬᠢᠷᠠᠭᠤᠯᠬᠤ ᠬᠡᠷᠡᠭᠲᠡᠢ᠃ | ᠤᠳᠤᠷᠢᠳᠬᠤ ᠺᠠᠳ᠋ᠷ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ | ᠦᠢᠯᠡᠳᠦᠯᠭᠡ ᠢᠢᠨ ᠳᠠᠪᠲᠠᠯᠲᠠ ᠶᠢ ᠴᠢᠩᠭᠠᠳᠬᠠᠨ᠂ ᠲᠡᠮᠡᠴᠡᠯ ᠤᠨ ᠵᠣᠷᠢᠭ ᠰᠠᠨᠠᠭ᠎ᠠ ᠪᠠ ᠲᠡᠮᠡᠴᠡᠯ ᠤᠨ ᠴᠢᠳᠠᠪᠤᠷᠢ ᠶᠢ | ᠪᠤᠢ ᠪᠣᠯᠭᠠᠬᠤ ᠶᠢ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠠᠷᠠᠳ ᠲᠦᠮᠡᠨ ᠳᠤ ᠪᠤᠶᠠᠨ | ᠦᠢᠯᠡᠳᠬᠦ ᠶᠢ ᠵᠣᠷᠢᠭᠵᠢᠭᠤᠯᠵᠤ᠂ ᠵᠥᠪ ᠣᠨᠣᠪᠴᠢᠲᠠᠢ ᠠᠵᠢᠯ ᠤᠨ ᠪᠦᠳᠦᠮᠵᠢ ᠶᠢᠨ ᠦᠵᠡᠯᠲᠡ ᠶᠢ ᠪᠤᠢ ᠪᠣᠯᠭᠠᠨ | ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠ | ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠲᠥᠪ ᠴᠢᠩᠭ᠎ᠠ ᠬᠦᠭ ᠠᠶᠠᠰ ᠢᠶᠠᠷ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭᠠᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ | ᠰᠤᠷᠲᠠᠯ ᠢ ᠶᠡᠭᠡ ᠪᠠᠷ ᠪᠠᠳᠠᠷᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ | ᠠᠬᠢᠭᠤᠯᠬᠤ ᠬᠡᠷᠡᠭᠲᠡᠢ ᠭᠡᠵᠦ ᠳᠤᠷᠠᠳᠪᠠ᠃ | ︽ᠲᠥᠯᠥᠪᠵᠢᠭᠦᠯᠭᠡ ᠶᠢᠨ ᠬᠥᠲᠥᠯᠪᠦᠷᠢ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠪᠣᠯ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠬᠥᠲᠥᠯᠪᠦᠷᠢ ᠶᠢ | ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |