ᠮᠠᠨ ᠤ ᠤᠷᠤᠨ ᠤ 1 ᠲᠦᠷᠦᠯ ᠵᠦᠢᠯ ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠭᠡᠷᠡᠬᠦᠯᠬᠦ ᠰᠢᠯᠢᠳᠡᠭ ᠵᠢᠱᠢᠶ᠎ᠠ ᠪᠠᠷ ᠰᠤᠩᠭᠤᠭᠳᠠᠯ᠎ᠠ
ᠨᠡᠶᠢᠲᠡᠯᠡᠭᠰᠡᠨ ᠴᠠᠭ᠄
2024/6/19
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠰᠤᠳᠤᠯᠭᠠᠨ ᠤ ᠬᠦᠷᠢᠶᠡᠯᠡᠩ ︵ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ︶ ᠤᠨ ᠳᠡᠪᠰᠢᠬᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠪᠠᠷ ᠤᠯᠠᠮᠵᠢᠯᠠᠨ ᠳᠡᠯᠭᠡᠷᠡᠬᠦᠯᠬᠦ ᠲᠥᠷᠥᠯ ᠵᠦᠢᠯ︾ ᠤᠷᠴᠢᠮᠬᠠᠨ ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠳᠡᠯᠭᠡᠷᠡᠬᠦᠯᠬᠦ ᠰᠢᠯᠢᠳᠡᠭ ᠵᠢᠱᠢᠶ᠎ᠡ ᠳᠤ ᠰᠣᠩᠭᠤᠭᠳᠠᠵᠦ᠂ ᠮᠠᠨ ᠤ ᠣᠷᠣᠨ ᠤ ᠣᠶᠢᠷ᠎ᠠ ᠶᠢᠨ ᠵᠢᠯ ᠤᠨ ᠲᠤᠷᠰᠢᠬᠢ ᠪᠣᠳᠠᠰ ᠤᠨ ᠪᠤᠰᠤ ᠰᠣᠶᠣᠯ ᠤᠨ ᠥᠪ ᠢ ᠲᠣᠭᠠᠴᠢᠯᠠᠨ ᠬᠠᠮᠠᠭᠠᠯᠠᠬᠤ ᠵᠢᠴᠢ ᠤᠯᠠᠮᠵᠢᠯᠠᠨ ᠳᠡᠯᠭᠡᠷᠡᠬᠦᠯᠬᠦ ᠠᠵᠢᠯ ᠳᠤ ᠢᠳᠡᠪᠬᠢ ᠦᠷ᠎ᠡ ᠪᠦᠲᠦᠮᠵᠢ ᠤᠯᠤᠭᠰᠠᠨ ᠢ ᠬᠠᠷᠠᠭᠤᠯᠵᠤ ᠪᠤᠢ᠃    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠢ ᠠᠵᠢᠯᠯᠠᠭᠤᠯᠤᠭᠰᠠᠨ ᠠᠴᠠ ᠨᠠᠭᠠᠰᠢ ︽ᠢᠨᠲ᠋ᠧᠷ ᠰᠦᠯᠵᠢᠶ᠎ᠡ + ᠪᠣᠳᠠᠰ ᠤᠨ ᠪᠤᠰᠤ ᠰᠣᠶᠣᠯ ᠤᠨ ᠥᠪ︾ ᠢᠶᠠᠷ ᠭᠤᠣᠯ ᠣᠶᠢᠯᠠᠭᠠᠭᠳᠠᠬᠤᠨ ᠪᠣᠯᠭᠠᠵᠤ᠂ ᠠᠭᠤᠯᠭ᠎ᠠ ᠪᠠᠨ ᠪᠠᠶᠢᠩᠭᠤ ᠰᠢᠨᠡᠳᠬᠡᠬᠦ ᠪᠠ ᠰᠢᠨᠡᠴᠢᠯᠡᠭᠰᠡᠨ ᠦᠵᠡᠬᠦᠯᠬᠡ ᠪᠠᠷ ᠳᠠᠮᠵᠢᠨ ᠣᠯᠠᠨ ᠨᠡᠶᠢᠲᠡ ᠳᠤ ᠪᠠᠶᠠᠯᠢᠭ ᠰᠠᠶᠢᠬᠠᠨ᠂ ᠠᠮᠢᠳᠤᠯᠢᠭ ᠰᠣᠨᠢᠷᠬᠠᠯᠲᠠᠢ ᠪᠣᠳᠠᠰ ᠤᠨ ᠪᠤᠰᠤ ᠰᠣᠶᠣᠯ ᠤᠨ ᠥᠪ ᠢ ᠪᠦᠬᠦ ᠲᠠᠯ᠎ᠠ ᠪᠠᠷ ᠲᠠᠯᠬᠡᠨ ᠦᠵᠡᠬᠦᠯᠵᠤ ᠪᠤᠢ᠃ ᠲᠠᠪᠴᠠᠩ ᠨᠢ ︽ᠨᠢᠳᠦᠨ ᠳᠤ ᠦᠵᠡᠭᠳᠡᠮ᠎ᠡ ᠪᠣᠳᠠᠰ ᠤᠨ ᠪᠤᠰᠤ ᠰᠣᠶᠣᠯ ᠤᠨ ᠥᠪ︾᠂ ︽ᠠᠪᠴᠤ ᠶᠠᠪᠤᠵᠤ ᠪᠣᠯᠬᠤ ᠪᠣᠳᠠᠰ ᠤᠨ ᠪᠤᠰᠤ ᠰᠣᠶᠣᠯ ᠤᠨ ᠥᠪ︾᠂ ︽ᠰᠤᠷᠴᠤ ᠣᠯᠣᠭᠰᠠᠨ ᠪᠣᠳᠠᠰ ᠤᠨ ᠪᠤᠰᠤ ᠰᠣᠶᠣᠯ ᠤᠨ ᠥᠪ︾ ᠬᠡᠬᠦ ᠠᠮᠢᠳᠤᠷᠠᠯ ᠳᠤ ᠣᠶᠢᠷᠠᠲᠤᠭᠰᠠᠨ ᠲᠣᠭᠠᠴᠢᠯᠠᠭᠰᠠᠨ ᠠᠷᠭ᠎ᠠ ᠬᠡᠯᠪᠡᠷᠢ ᠪᠠᠷ ᠪᠣᠳᠠᠰ ᠤᠨ ᠪᠤᠰᠤ ᠰᠣᠶᠣᠯ ᠤᠨ ᠥᠪ ᠢ ᠤᠯᠠᠨ ᠲᠦᠮᠡᠨ ᠳᠤ ᠨᠡᠩ ᠣᠶᠢᠷᠠᠲᠤᠭᠤᠯᠵᠤ᠂ ᠨᠡᠩ ᠠᠮᠠᠷᠬᠠᠨ ᠤᠯᠠᠮᠵᠢᠯᠠᠵᠤ᠂ 2019 ᠣᠨ ᠳᠤ ᠰᠣᠶᠣᠯ ᠪᠠ ᠵᠢᠭᠤᠯᠴᠢᠯᠠᠯ ᠤᠨ ᠶᠠᠮᠤᠨ ᠤ ᠰᠣᠶᠣᠯ ᠤᠷᠠᠯᠢᠭ ᠪᠣᠯᠣᠨ ᠵᠢᠭᠤᠯᠴᠢᠯᠠᠯ ᠤᠨ ᠰᠤᠳᠤᠯᠭᠠᠨ ᠤ ᠲᠦᠷᠦᠯ ᠵᠦᠢᠯ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠤᠰᠬᠠᠢ ᠲᠦᠷᠦᠯ ᠵᠦᠢᠯ ᠳᠤ ᠰᠤᠩᠭᠤᠭᠳᠠᠵᠠᠢ᠃ ᠡᠨᠡ ᠬᠦ ᠡᠭᠦᠳᠦᠯᠳᠡ ᠶᠢᠨ ᠴᠢᠨᠠᠷᠲᠠᠢ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠬᠡᠷᠡᠬᠦᠯᠬᠦ ᠠᠷᠭ᠎ᠠ ᠬᠡᠯᠪᠡᠷᠢ ᠨᠢ ᠮᠠᠨ ᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠦᠷ᠎ᠠ ᠪᠦᠳᠦᠮᠵᠢ ᠶᠢ ᠳᠡᠯᠭᠡᠨ ᠦᠵᠡᠭᠦᠯᠬᠦ ᠤᠬᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠨᠡᠩ ᠤᠯᠠᠨ ᠬᠥᠮᠥᠰ ᠲᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠬᠠᠮᠠᠭᠠᠯᠠᠬᠤ ᠶᠢᠨ ᠴᠢᠬᠤᠯᠠ ᠴᠢᠨᠠᠷ ᠪᠠ ᠠᠷᠭ᠎ᠠ ᠬᠡᠯᠪᠡᠷᠢ ᠶᠢ ᠣᠶᠢᠯᠠᠭᠠᠭᠤᠯᠤᠨ᠂ ᠪᠣᠳᠠᠰ ᠤᠨ ᠪᠤᠰᠤ ᠰᠣᠶᠣᠯ ᠤᠨ ᠥᠪ ᠢ ᠪᠠᠭ᠋ᠠᠷᠬᠠᠭᠤᠯᠬᠤ ᠶᠢᠨ ᠬᠠᠮᠲᠤ ᠤᠯᠠᠨ ᠨᠡᠶᠢᠳᠡ ᠶᠢᠨ ᠤᠷᠤᠯᠴᠠᠭ᠎ᠠ ᠶᠢ ᠪᠦᠳᠦᠮᠵᠢᠳᠠᠢ ᠳᠠᠶᠢᠴᠢᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号