6 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ︽ᠴᠠᠭ ᠢᠮᠠᠭᠲᠠ ᠰᠡᠳᠭᠢᠯ ᠲᠠᠯᠪᠢᠬᠤ︾ ᠬᠠᠷᠢᠭᠤᠴᠠᠯᠭᠠᠲᠤ ᠰᠡᠳᠭᠢᠯᠭᠡ ᠪᠠᠨ ᠪᠠᠲᠤᠯᠠᠵᠤ᠂ ᠡᠯ᠎ᠡ | ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ᠃ ᠭᠠᠩ ᠤᠨ ᠪᠠᠶᠢᠳᠠᠯ ᠢ ᠨᠢᠭᠲᠠ | ᠠᠩᠬᠠᠷᠴᠤ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ | ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢᠨ | ᠲᠣᠬᠢᠷᠠᠭᠤᠯᠤᠯᠲᠠ ᠶᠢ ᠴᠢᠩᠭᠠᠳᠬᠠᠨ᠂ ᠬᠥᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠰᠠᠶᠢᠲᠤᠷ | ᠪᠠᠲᠤᠯᠠᠵᠤ᠂ ᠭᠠᠩ ᠤᠨ ᠪᠠᠶᠢᠳᠠᠯ ᠤᠨ ᠨᠥᠯᠥᠭᠡ ᠪᠣᠯᠤᠨ ᠬᠤᠬᠢᠷᠠᠯ ᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠲᠡᠯ᠎ᠡ | ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠶ᠃ ᠣᠬᠤᠷ ᠬᠤᠭᠤᠴᠠᠭᠠᠨ ᠤ ᠰᠢᠷᠦᠭᠦᠨ ᠪᠣᠷᠣᠭᠠᠨ ᠠᠴᠠ ᠪᠤᠯᠤᠭᠰᠠᠨ | ᠪᠠᠷᠢᠯᠭ᠎ᠠ ᠶᠢᠨ ᠭᠠᠵᠠᠷ᠂ ᠭᠤᠤᠯ ᠤᠨ ᠬᠡᠪᠡᠯᠢ᠂ ᠠᠭᠤᠯᠠᠨ ᠦᠶᠡᠷ ᠤᠨ ᠭᠤᠤ ᠰᠤᠪᠠᠭ᠂ ᠦᠯᠡᠳᠡᠭᠳᠡᠯ ᠠᠭᠤᠷᠬᠠᠢ ᠶᠢᠨ | ᠬᠥᠮᠥᠷᠭᠡ ᠵᠡᠷᠭᠡ ᠭᠤᠤᠯᠳᠠᠯᠭ᠎ᠠ ᠲᠠᠢ ᠬᠡᠰᠡᠭ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠳᠡᠭᠡᠳᠦ | ᠬᠡᠮᠵᠢᠶ᠎ᠡ ᠪᠠᠷ ᠰᠡᠷᠡᠮᠵᠢᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠬᠦ ᠲᠠᠢ ᠤᠶᠠᠯᠳᠤᠭᠤᠯᠤᠨ | ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠮᠡᠳᠡᠯᠭᠡ ᠪᠠ ᠠᠶᠤᠯ ᠲᠦᠭᠰᠢᠭᠦᠷᠢ ᠠᠴᠠ ᠵᠠᠶᠢᠯᠠᠬᠤ ᠮᠡᠷᠭᠡᠵᠢᠯ | ᠴᠢᠳᠠᠪᠤᠷᠢ ᠶᠢ ᠥᠷᠭᠡᠨ ᠢᠶᠠᠷ ᠤᠬᠠᠭᠤᠯᠵᠤ᠂ ᠰᠡᠷᠭᠡᠶᠢᠯᠡᠨ ᠠᠷᠭᠠᠴᠠᠭᠠᠬᠤ ᠠᠵᠢᠯ ᠢ ᠪᠦᠲᠦᠮᠵᠢᠲᠡᠶ ᠰᠠᠶᠢᠲᠤᠷ ᠬᠢᠬᠦ | ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠤᠷᠳᠤ ᠬᠤᠭᠤᠴᠠᠭᠠᠨ ᠤ | ᠪᠦᠲᠦᠮᠵᠢᠲᠤ ᠲᠣᠭᠲᠡᠴᠡ ᠶᠢ ᠪᠦᠷᠢᠨᠰᠢᠬᠦᠯᠵᠤ᠂ ᠰᠠᠯᠠᠭ᠎ᠠ ᠮᠥᠴᠢᠷ ᠤᠨ ᠬᠠᠮᠵᠢᠯᠴᠠᠨ ᠬᠤᠯᠪᠣᠭᠠᠯᠠᠨ | ᠬᠦᠳᠡᠯᠦᠯᠴᠡᠬᠦ ᠶᠢ ᠴᠢᠩᠭᠠᠳᠬᠠᠵᠤ᠂ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠢ ᠭᠦᠢᠴᠡᠳ | ᠪᠡᠯᠡᠳᠭᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠤᠯᠤᠰ ᠲᠥᠷᠥ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ︽ᠠᠷᠪᠠ ᠶᠢ ᠲᠣᠳᠣᠷᠬᠠᠶᠢᠯᠠᠬᠤ︾ ᠢᠢᠨ ᠠᠭᠤᠯᠤᠭᠳᠠᠬᠤᠨ ᠴᠢᠬᠤᠯᠠ ᠠᠭᠤᠯᠭ᠎ᠠ | ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ | ᠪᠣᠯᠭᠠᠬᠤ ᠶᠢ ᠪᠠᠷᠢᠮᠲᠠᠯᠠᠵᠤ᠂ ᠨᠢᠭᠡ ᠨᠢᠭᠡ ᠪᠣᠳᠠᠲᠠᠶ ᠶᠠᠪᠤᠳᠠᠯ ᠠᠴᠠ ᠡᠬᠢᠯᠡᠨ ᠬᠢᠵᠦ᠂ ᠪᠥᠬᠦ ᠰᠡᠳᠭᠢᠯ ᠪᠥᠬᠦ | ᠬᠦᠴᠦᠨ ᠢᠶᠠᠷ ᠢᠶᠠᠨ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠳᠠᠬᠢ ᠦᠢᠯᠡᠴᠢᠯᠡᠭᠡ ᠪᠠᠲᠤᠯᠠᠭ᠎ᠠ ᠶᠢᠨ ᠠᠵᠢᠯ ᠢ | ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠦᠴᠢᠷ ᠵᠣᠪᠠᠭᠤᠷᠢ ᠶᠢ ᠨᠢ | ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ ᠥᠭᠴᠦ᠂ ᠬᠤᠶᠠᠷ ᠢ ᠬᠦᠷᠢᠶᠡᠯᠡᠬᠦ ᠠᠵᠢᠯ ᠢ ᠦᠷᠭᠦᠯᠵᠢᠯᠡᠨ | ᠬᠦᠴᠦᠯᠡᠨ ᠰᠠᠶᠢᠲᠤᠷ ᠠᠳᠬᠤᠵᠤ᠂ ᠴᠡᠷᠢᠭ ᠠᠷᠠᠳ ᠤᠨ ᠵᠢᠭᠠᠰᠤ ᠤᠰᠤᠨ ᠤ ᠬᠠᠷᠢᠴᠠᠭ᠎ᠠ ᠶᠢ ᠲᠠᠰᠤᠷᠠᠯᠲᠠ ᠥᠬᠡᠶ | ᠨᠢᠬᠳᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠶᠡᠭᠡ ᠪᠦᠯᠬᠦᠮᠳᠡᠯ ᠢ ᠪᠠᠬᠢᠵᠢᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠥᠬᠡᠨᠠᠭᠤᠷ ᠮᠤᠵᠢ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠳᠤ | ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ | ᠬᠡᠷᠡᠭᠲᠡᠶ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠦᠬᠦ ᠲᠠᠯ᠎ᠠ ᠶᠢᠨ ᠬᠠᠮᠲᠤᠷᠠᠯᠴᠠᠭ᠎ᠠ ᠲᠡᠶᠢᠰᠢ | ᠲᠦᠷᠭᠡᠳᠭᠡᠨ ᠬᠤᠪᠢᠷᠠᠭᠤᠯᠬᠤ ᠶᠢ ᠠᠬᠢᠭᠤᠯᠵᠤ᠂ ᠪᠡᠭᠡᠵᠢᠩ ᠤᠨ ᠬᠠᠪᠰᠤᠷᠤᠨ ᠲᠡᠳᠬᠦᠬᠦ ᠬᠦᠴᠦᠨ ᠢ ᠰᠠᠶᠢᠲᠤᠷ | ᠬᠡᠷᠡᠭᠯᠡᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠰᠢᠰᠲ᠋ᠧᠮᠲᠦ ᠴᠢᠨᠠᠷᠲᠠᠢ | ᠲᠥᠯᠥᠪᠵᠢᠭᠦᠯᠭᠡ ᠶᠢ ᠴᠢᠩᠭᠠᠳᠬᠠᠵᠤ᠂ ᠨᠡᠩ ᠤᠯᠠᠨ ᠬᠠᠮᠵᠢᠯᠴᠠᠭᠠᠨ ᠤ ᠦᠷ᠎ᠡ ᠪᠦᠲᠦᠭᠡᠯ ᠤᠨ ᠪᠦᠷᠢᠯᠳᠦᠬᠦ ᠶᠢ | ᠠᠬᠢᠭᠤᠯᠬᠤ ᠬᠡᠷᠡᠭᠲᠡᠢ᠃ ᠪᠡᠭᠡᠵᠢᠩ ᠠᠴᠠ ᠰᠣᠩᠭᠤᠨ ᠲᠣᠮᠢᠯᠠᠭᠰᠠᠨ ᠰᠢᠯᠢᠳᠡᠭ ᠴᠢᠳᠠᠪᠤᠷᠢᠲᠠᠨ ᠢ ᠬᠠᠯᠠᠮᠵᠢᠯᠠᠨ | ᠬᠠᠶᠢᠷᠠᠯᠠᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠨᠡᠨ ᠰᠡᠳᠭᠢᠯ ᠠᠴᠠ ᠪᠠᠨ ᠰᠡᠳᠭᠢᠯ | ᠲᠠᠯᠪᠢᠨ ᠰᠠᠶᠢᠲᠤᠷ ᠬᠢᠬᠦ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠤᠨ ᠦᠨᠳᠦᠷᠴᠡ ᠠᠴᠠ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠪᠠ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠭᠡᠨ | ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠲᠣᠭᠲᠡᠴᠡ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠡᠯ᠎ᠡ ᠲᠦᠷᠦᠯ ᠤᠨ | ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠬᠤ ᠪᠠ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ᠦᠨᠳᠦᠰᠦᠲᠡᠨ ᠤ ᠠᠵᠢᠯ ᠪᠠ ᠱᠠᠰᠢᠨ ᠰᠤᠷᠲᠠᠬᠤᠨ ᠤ ᠠᠵᠢᠯ ᠢ ᠦᠷᠭᠦᠯᠵᠢᠯᠡᠨ | ᠬᠦᠴᠦᠯᠡᠨ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠲᠡᠭᠦᠨ ᠢ ᠡᠯ᠎ᠡ ᠲᠠᠯ᠎ᠠ ᠳᠤ | ᠲᠦᠷᠰᠦᠯᠢᠭ ᠰᠡᠳᠬᠢᠯᠬᠡ ᠲᠠᠢ ᠪᠦᠳᠦᠮᠵᠢᠳᠡᠢ ᠠᠭᠤᠰᠤᠯᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ︽ᠦᠨᠡᠨ︾ ᠰᠡᠳᠭᠦᠯ ᠤᠨ 2024 ᠣᠨ ᠤ 12 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ | ᠶᠡᠷᠦᠩᠬᠡᠶ ᠱᠦᠵᠢ ᠰᠢ ᠶᠢᠨ ᠫᠢᠩ ᠤᠨ ︽ᠮᠠᠨ ᠤ ᠤᠯᠤᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ | ᠡᠭᠦᠳᠬᠦ ᠬᠡᠷᠡᠭᠳᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠪᠣᠳᠠᠲᠤ | ᠪᠠᠶᠢᠳᠠᠯ ᠳᠤ ᠰᠠᠭᠤᠷᠢᠯᠠᠨ ᠴᠢᠨᠠᠷ ᠰᠠᠶᠢᠲᠠᠶ ᠬᠥᠭᠵᠢᠯᠲᠡ ᠶᠢᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠰᠢᠨ᠎ᠡ | ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ | ᠴᠢᠭᠯᠡᠭᠦᠯᠦᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠲᠦᠷᠭᠡᠨ ᠦᠷ᠎ᠡ ᠪᠦᠲᠦᠮᠵᠢ ᠭᠠᠷᠭᠠᠵᠤ᠂ ᠣᠯᠠᠨ ᠦᠷ᠎ᠡ | ᠪᠦᠲᠦᠮᠵᠢ ᠭᠠᠷᠭᠠᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠠᠵᠤ ᠦᠢᠯᠡᠰ ᠤᠨ ᠰᠢᠨ᠎ᠡ ᠶᠢ ᠡᠭᠦᠳᠬᠦ ᠶᠢ ᠨᠠᠩ ᠰᠠᠶᠢᠳᠤᠷ ᠳᠠᠶᠢᠴᠢᠯᠠᠵᠤ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠰᠢᠰᠲ᠋ᠧᠮ ᠤᠨ | ᠬᠤᠷᠠᠮᠳᠤᠯ ᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠪᠦᠬᠦᠯᠢ ᠴᠣᠭᠴᠠ ᠶᠢᠨ ᠴᠢᠨᠠᠷᠲᠠᠶ | ᠲᠥᠯᠥᠪᠵᠢᠭᠦᠯᠭᠡ ᠶᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠤᠮᠵᠢ | ᠲᠣᠭᠲᠡᠴᠡ ᠶᠢᠨ ᠬᠠᠷᠰᠢ ᠰᠠᠭᠠᠳ ᠢ ᠬᠦᠴᠦᠯᠡᠨ ᠠᠷᠢᠯᠭᠠᠬᠤ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠵᠦ᠂ ᠮᠣ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠳᠤ ᠴᠢᠩᠭ᠎ᠠ ᠲᠦᠰᠢᠭᠯᠡᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠬᠡᠷᠡᠭᠲᠡᠢ᠃ ᠠᠷᠭ᠎ᠠ | ᠪᠦᠬᠦᠨ ᠢ ᠰᠦᠪᠡᠭᠴᠢᠯᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠢ ᠬᠦᠳᠦᠯᠦᠨ ᠵᠢᠯᠣᠭᠤᠳᠴᠤ ᠠᠷᠠᠳ ᠲᠦᠮᠡᠨ ᠳᠤ ᠪᠤᠶᠠᠨ ᠦᠢᠯᠡᠳᠬᠦ ᠵᠠᠰᠠᠭ ᠤᠨ | ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠠᠵᠢᠯ ᠢᠶᠠᠨ ᠪᠤᠲᠠᠲᠠᠢ ᠲᠤᠭᠤᠰᠢᠲᠠᠢ ᠬᠢᠵᠦ᠂ | ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠪᠠᠶᠠᠷ ᠤᠨ | ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠠᠶᠢᠸᠠᠨ ᠯᠤᠭ᠎ᠠ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ᠂ ᠵᠣᠬᠢᠶᠠᠮᠠᠯ ᠣᠶᠤᠨ ᠴᠢᠳᠠᠪᠤᠷᠢ ᠶᠢᠨ | ᠠᠵᠤ ᠦᠢᠯᠡᠰ ᠢ ᠬᠥᠭᠵᠢᠭᠦᠯᠬᠦ ᠲᠤᠬᠠᠶ ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |