ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠤᠶᠢᠵᠢᠯᠲᠠ ᠶᠢ ᠬᠢᠨᠠᠨ ᠬᠡᠮᠵᠢᠬᠦ ᠪᠠ | ᠪᠤᠶᠢᠵᠢᠭᠤᠯᠬᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠪᠥᠬᠦ ᠠᠶᠢᠮᠠᠭ ᠤᠨ ᠴᠢᠨᠠᠷ ᠰᠠᠶᠢᠲᠠᠶ | ᠬᠥᠭᠵᠢᠯᠲᠡ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠣᠨᠣᠪᠴᠢᠲᠠᠶ ᠲᠤᠰᠬᠠᠬᠤ ᠶᠢᠨ ᠲᠤᠰᠠᠳᠠ᠂ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤ᠂ ᠰᠠᠯᠠᠭ᠎ᠠ ᠮᠥᠴᠢᠷ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ | ᠵᠢᠷᠤᠮᠵᠢᠭᠰᠠᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠳᠠᠷᠬᠠᠭᠠᠭᠰᠠᠨ ﹇2021﹈ 33 ᠳ᠋ᠤᠭᠠᠷ ᠲᠣᠭᠠᠲᠤ︶᠂ ︽ᠦᠨᠳᠦᠰᠦᠨ ᠱᠠᠳᠣᠨ ᠤ | ᠪᠦᠷᠢᠳᠬᠡᠯ ᠤᠨ ᠠᠵᠢᠯ ᠢ ᠴᠢᠩᠭᠠᠳᠬᠠᠨ ᠠᠬᠢᠭᠤᠯᠬᠤ ᠳᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠳᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ | ᠦᠰᠦᠭ ﹇2022﹈ 17 ᠳ᠋ᠣᠭᠠᠷ ᠳᠣᠭᠠᠳᠣ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠪᠣᠯᠤᠨ | ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠪᠦᠬᠦ ᠠᠶᠢᠮᠠᠭ ᠤᠨ ᠡᠯ᠎ᠡ ᠱᠠᠲᠤᠨ ᠤ ᠵᠠᠰᠠᠭ ᠤᠨ ᠣᠷᠳᠣᠨ᠂ ᠠᠵᠢᠯ ᠲᠦᠷᠦᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠳᠣᠮᠳᠠ ᠪᠠᠭ᠎ᠠ ᠠᠵᠦ ᠠᠬᠤᠶᠢᠯᠠᠯ ᠢ ᠪᠣᠶᠢᠵᠢᠭᠤᠯᠣᠨ ᠳᠡᠳᠬᠦᠬᠦ ᠪᠠᠷ ᠭᠠᠷᠳᠠᠴᠠ ᠪᠣᠯᠭᠠᠨ᠂ | ᠵᠠᠰᠠᠭ ᠤᠨ ᠣᠷᠳᠣᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠰᠠᠶᠢᠵᠢᠷᠠᠭᠤᠯᠬᠤ᠂ ᠣᠷᠣᠨ ᠪᠦᠰᠡ ᠶᠢᠨ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠰᠠᠯᠠᠭ᠎ᠠ ᠮᠥᠴᠢᠷ ᠤᠨ | ᠮᠡᠳᠡᠭᠡ ᠵᠠᠩᠭᠢ ᠶᠢ ᠬᠠᠮᠳᠣ ᠪᠠᠷ ᠬᠤᠪᠢᠶᠠᠯᠴᠠᠬᠤ ᠬᠠᠮᠵᠢᠯᠴᠠᠬᠤ ᠪᠠᠷ ᠰᠠᠭᠤᠷᠢ ᠪᠣᠯᠭᠠᠵᠤ᠂ ᠥᠨᠳᠥᠷ ᠪᠦᠲᠦᠮᠵᠢᠲᠡᠢ | ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠠᠷ ᠲᠤᠯᠭᠠᠭᠤᠷᠢᠯᠠᠯ ᠪᠣᠯᠭᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ | ᠲᠣᠭᠲᠠᠭᠠᠭᠰᠠᠨ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ᠂ ᠲᠠᠪᠤᠨ ᠶᠡᠭᠡ ᠰᠠᠭᠤᠷᠢᠨ ᠭᠠᠵᠠᠷ ᠢ | ᠪᠠᠶᠢᠭᠤᠯᠬᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠠᠵᠢᠯ ᠤᠨ ᠬᠠᠷᠠᠯᠲᠠ ᠶᠢ ᠤᠷᠤᠭᠰᠢᠲᠠᠢ | ᠬᠡᠷᠡᠭᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | ᠬᠤᠶᠠᠷ᠂ ᠬᠠᠷᠠᠯᠲᠠ ᠡᠭᠦᠷᠭᠡ | ᠠᠶᠢᠮᠠᠭ᠂ ᠬᠤᠰᠢᠭᠤ ︵ᠣᠷᠣᠨ︶ ᠬᠤᠶᠠᠷ ᠱᠠᠲᠤᠨ ᠳᠤ ︽ᠵᠠᠬᠢᠷᠭ᠎ᠠ ᠠᠴᠠ ᠨᠢᠭᠡᠳᠦᠯᠲᠡᠶ ᠣᠳᠣᠷᠢᠳᠬᠤ᠂ | ᠬᠤᠰᠢᠭᠤ ︵ᠣᠷᠣᠨ︶ ᠪᠥᠬᠦ ᠲᠠᠯ᠎ᠠ ᠪᠠᠷ ᠤᠶᠢᠯᠠᠭᠠᠨ ᠵᠢᠭᠰᠠᠭᠠᠬᠤ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠪᠤᠶᠢᠵᠢᠭᠤᠯᠬᠤ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ ᠪᠦᠷᠢᠳᠬᠡᠬᠦ︾ | ᠠᠵᠢᠯ ᠤᠨ ᠲᠣᠭᠲᠠᠴᠠ ᠶᠢ ᠪᠠᠶᠢᠭᠤᠯᠵᠤ᠂ ︽ᠳᠦᠷᠪᠡᠨ ᠳᠡᠭᠡᠭᠰᠢ︾ ᠪᠠᠷᠢᠮᠵᠢᠶ᠎ᠠ ᠶᠢᠨ 50% ᠠᠴᠠ ᠳᠡᠭᠡᠭᠰᠢ ᠳᠤ | ᠬᠦᠷᠦᠭᠰᠡᠨ ᠠᠵᠤ ᠠᠬᠤᠶᠢᠯᠠᠯ᠂ ᠬᠤᠪᠢᠶᠠᠷᠢ ᠪᠠᠶᠢᠭᠤᠯᠤᠮᠵᠢ ︵ᠠᠵᠤ ᠦᠢᠯᠡᠰ ᠤᠨ ᠠᠵᠢᠯᠯᠠᠭᠠᠨ ᠤ ᠨᠢᠭᠡᠴᠡ︶ ᠵᠡᠷᠭᠡ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ᠂ ᠲᠥᠷᠥᠯ ᠵᠦᠢᠯ ᠢ ᠪᠥᠲᠥᠭᠡᠨ ᠪᠠᠶᠢᠭᠤᠯᠵᠦ | ᠠᠰᠢᠭᠯᠠᠯᠲᠠ ᠳᠤ ᠣᠷᠣᠭᠤᠯᠤᠭᠰᠠᠨ ᠪᠠᠶᠢᠳᠠᠯ ᠢ ᠪᠦᠬᠦᠨ ᠢ ᠬᠠᠮᠤᠷᠤᠨ ᠬᠢᠨᠠᠨ ᠬᠡᠮᠵᠢᠵᠦ᠂ ︽ᠳᠦᠷᠪᠡᠨ ᠳᠡᠭᠡᠭᠰᠢ︾ | ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠪᠠ ᠨᠢᠭᠡᠨᠲᠡ ᠠᠵᠢᠯ ᠢᠶᠠᠨ ᠡᠬᠢᠯᠡᠭᠦᠯᠦᠭᠰᠡᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠢ ᠴᠠᠭ ᠲᠤᠬᠠᠶ ᠳᠤᠨᠢ᠂ ᠲᠣᠭᠲᠠᠭᠠᠯ ᠳᠤ ᠨᠡᠶᠢᠴᠡᠭᠦᠯᠦᠨ ᠲᠤᠭ᠎ᠠ | ᠪᠦᠷᠢᠳᠬᠡᠯ ᠤᠨ ᠰᠦᠯᠵᠢᠶᠡᠨ ᠳᠤ ᠣᠷᠣᠭᠤᠯᠤᠨ ᠰᠢᠭᠤᠳ ᠮᠡᠳᠡᠭᠦᠯᠵᠦ᠂ ᠪᠥᠬᠦ ᠠᠶᠢᠮᠠᠭ ᠤᠨ ᠴᠢᠨᠠᠷ ᠰᠠᠶᠢᠲᠠᠶ | ᠬᠥᠭᠵᠢᠯᠲᠡ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠣᠨᠣᠪᠴᠢᠲᠠᠶ ᠳᠣᠰᠬᠠᠨ᠎ᠠ᠃ | ᠭᠤᠷᠪᠠ᠂ ᠪᠦᠷᠢᠳᠬᠡᠯ ᠳᠤ ᠣᠷᠣᠭᠤᠯᠬᠤ ᠠᠵᠢᠯ ᠤᠨ ᠭᠤᠣᠯᠳᠠᠯᠭ᠎ᠠ | ︵ᠨᠢᠭᠡ︶ ᠪᠦᠷᠢᠳᠬᠡᠯ ᠳᠤ ᠣᠷᠣᠭᠤᠯᠬᠤ ᠶᠢ ᠬᠢᠨᠠᠨ ᠬᠠᠮᠢᠶᠠᠷᠬᠤ ᠰᠦᠯᠵᠢᠶ᠎ᠡ ᠶᠢ ᠪᠦᠷᠢᠨᠰᠢᠭᠦᠯᠦᠨ᠎ᠡ᠃ ᠡᠯ᠎ᠡ | ᠬᠤᠰᠢᠭᠤ ︵ᠣᠷᠣᠨ︶ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠢᠭᠡᠴᠡ ᠶᠢᠨ ᠲᠠᠷᠬᠠᠯᠲᠠ ᠶᠢᠨ ᠪᠠᠶᠢᠳᠠᠯ ᠢ | ᠦᠨᠳᠦᠰᠦᠯᠡᠨ᠂ ᠡᠵᠡᠩᠨᠡᠯᠲᠡ ᠶᠢᠨ ᠰᠠᠭᠤᠭ᠎ᠠ ᠭᠠᠵᠠᠷ ︵ᠪᠠᠷᠢᠯᠭ᠎ᠠ ᠶᠢᠨ ᠦᠢᠯᠡᠰ ᠤᠨ ᠬᠠᠤᠯᠢ ᠶᠢᠨ ᠡᠷᠬᠡᠲᠡᠨ ᠢᠶᠠᠷ | ᠳᠠᠩᠰᠠᠯᠠᠭᠤᠯᠤᠭᠰᠠᠨ ᠭᠠᠵᠠᠷ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠪᠥᠲᠥᠭᠡᠨ ᠪᠠᠶᠢᠭᠤᠯᠬᠤ ᠭᠠᠵᠠᠷ︶ ᠤᠨ | ᠵᠠᠷᠴᠢᠮ ᠶᠣᠰᠣᠭᠠᠷ᠂ ᠦᠢᠯᠡᠳᠪᠦᠷᠢᠯᠡᠯ ᠡᠵᠡᠩᠨᠡᠯᠲᠡ ᠨᠢ ᠨᠡᠯᠢᠶᠡᠳ ᠰᠠᠶᠢᠨ ᠮᠥᠷᠲᠡᠭᠡᠨ ︽ᠳᠥᠷᠪᠡᠨ ᠳᠡᠭᠡᠭᠰᠢ︾ | ᠠᠵᠤ ᠠᠬᠤᠶᠢᠯᠠᠯ ᠤᠨ ᠨᠡᠷᠡᠰ ᠲᠤ ᠣᠷᠣᠭᠤᠯᠤᠭᠰᠠᠨ ᠥᠬᠡᠶ ᠠᠵᠤ ᠠᠬᠤᠶᠢᠯᠠᠯ ᠵᠢᠴᠢ ᠪᠠᠯᠠ ᠣᠷᠣᠭᠤᠯᠤᠯᠲᠠ ᠶᠢᠨ | ᠲᠥᠷᠥᠯ ᠵᠦᠢᠯ ᠢ ᠪᠠᠶᠢᠩᠭᠤ ᠶᠢᠨ ᠴᠢᠨᠠᠷᠲᠠᠶ ᠪᠠᠷ ᠰᠤᠷᠪᠤᠯᠵᠢᠯᠠᠨ ᠪᠠᠶᠢᠴᠠᠭᠠᠬᠤ ᠶᠢᠨ ᠬᠠᠮᠲᠤ ᠬᠠᠷᠢᠶᠠᠲᠤ ᠣᠷᠣᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠠᠵᠤ ᠠᠬᠤᠶᠢᠯᠠᠯ᠂ ᠲᠥᠷᠥᠯ ᠵᠦᠢᠯ ᠢ ᠪᠦᠷᠢᠳᠬᠡᠯ ᠳᠤ ᠣᠷᠣᠭᠤᠯᠬᠤ | ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠤᠯᠠᠮ ᠨᠢᠭᠡ ᠠᠯᠬᠤᠮ ᠬᠢᠨᠠᠨ ᠬᠠᠷᠭᠤᠭᠤᠯᠤᠨ᠎ᠠ᠃ ᠬᠢᠷᠢ ᠬᠡᠮ ᠢᠶᠠᠨ | ᠳᠡᠭᠡᠭᠰᠢᠯᠡᠬᠦᠯᠵᠦ ᠪᠦᠷᠢᠳᠬᠡᠯ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠦᠷᠭᠦᠯᠵᠢᠯᠡᠨ | ᠴᠢᠩᠭᠠᠳᠬᠠᠵᠤ᠂ ᠪᠦᠷᠢᠳᠬᠡᠯ ᠤᠨ ᠠᠵᠢᠯᠳᠠᠨ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠲᠤᠭ᠎ᠠ ᠪᠠᠷᠢᠮᠲᠠ | ᠴᠤᠭᠯᠠᠭᠤᠯᠬᠤ ᠪᠠ ᠪᠣᠳᠠᠲᠠᠢ ᠲᠤᠬᠠᠶᠢᠯᠠᠭᠰᠠᠨ ᠠᠵᠢᠯ ᠤᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠪᠦᠷᠢᠳᠬᠡᠯ ᠳᠤ ᠣᠷᠣᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ | ︵ᠬᠤᠶᠠᠷ︶ ᠪᠦᠷᠢᠳᠬᠡᠯ ᠳᠤ ᠣᠷᠣᠭᠤᠯᠬᠤ ᠶᠢ ᠬᠠᠮᠢᠶᠠᠷᠬᠤ ᠨᠡᠷᠡᠰ ᠤᠨ ᠵᠢᠭᠰᠠᠭᠠᠯᠲᠠ ᠶᠢ ᠲᠡᠭᠦᠯᠳᠡᠷᠵᠢᠭᠦᠯᠦᠨ᠎ᠡ᠃ | ᠭᠠᠶᠢᠯᠢ ᠶᠢᠨ ᠶᠠᠪᠤᠳᠠᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠵᠡᠷᠭᠡ ᠰᠠᠯᠠᠭ᠎ᠠ ᠮᠥᠴᠢᠷ ᠤᠳ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠬᠤᠰᠢᠭᠤ ︵ᠣᠷᠣᠨ︶ ᠳᠤ ᠠᠵᠤ | ᠠᠬᠤᠶᠢᠯᠠᠯ ᠤᠨ ᠵᠠᠰᠠᠭ ᠵᠠᠬᠢᠷᠭᠠᠨ ᠤ ᠲᠡᠮᠳᠡᠭᠯᠡᠯ ᠮᠠᠲ᠋ᠧᠷᠢᠶᠠᠯ ᠢ ᠬᠠᠩᠭᠠᠨ᠎ᠠ᠃ ᠡᠯ᠎ᠡ ᠬᠤᠰᠢᠭᠤ ︵ᠣᠷᠣᠨ︶ ᠨᠢ | ᠲᠡᠭᠡᠷ᠎ᠡ ᠳᠤᠷᠠᠳᠤᠭᠰᠠᠨ ᠰᠠᠯᠠᠭ᠎ᠠ ᠮᠥᠴᠢᠷ ᠤᠨ ᠬᠠᠩᠭᠠᠭᠰᠠᠨ ᠵᠠᠰᠠᠭ ᠵᠠᠬᠢᠷᠭᠠᠨ ᠤ ᠲᠡᠮᠳᠡᠭᠯᠡᠯ ᠮᠠᠲ᠋ᠧᠷᠢᠶᠠᠯ ᠢ | ᠦᠨᠳᠦᠰᠦᠯᠡᠨ᠂ ᠠᠩᠬ᠎ᠠ ᠠᠯᠬᠤᠮ ︽ᠡᠬᠡ︾ ᠠᠵᠤ ᠠᠬᠤᠶᠢᠯᠠᠯ ︵ᠡᠵᠡᠩᠨᠡᠯᠲᠡ ᠶᠢᠨ ᠣᠷᠣᠯᠭ᠎ᠠ ᠨᠢ ᠪᠦᠷᠢᠳᠬᠡᠯ ᠳᠤ | ᠣᠷᠣᠭᠤᠯᠬᠤ ᠪᠠᠷᠢᠮᠵᠢᠶ᠎ᠠ ᠶᠢᠨ 50% ᠠᠴᠠ ᠳᠡᠭᠡᠭᠰᠢ ᠳᠤ ᠬᠦᠷᠦᠭᠰᠡᠨ︶᠂ ︽ᠪᠠᠷᠢᠮᠵᠢᠶᠠᠳᠣ ᠳᠥᠷᠪᠡᠨ ᠳᠡᠭᠡᠭᠰᠢ︾ | ᠠᠵᠤ ᠠᠬᠤᠶᠢᠯᠠᠯ᠂ ᠲᠥᠷᠥᠯ ᠵᠦᠢᠯ ᠲᠣᠭᠲᠠᠭᠠᠬᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ︽ᠳᠥᠷᠪᠡᠨ | ᠳᠡᠭᠡᠭᠰᠢ︾ ᠪᠠᠷᠢᠮᠵᠢᠶ᠎ᠠ ᠳᠤ ᠬᠦᠷᠦᠭᠰᠡᠨ ᠪᠣᠯᠪᠠᠴᠤ ᠲᠤᠭ᠎ᠠ ᠪᠦᠷᠢᠳᠬᠡᠯ ᠤᠨ ᠰᠦᠯᠵᠢᠶ᠎ᠡ ᠳᠤ ᠣᠷᠣᠭᠤᠯᠤᠭᠰᠠᠨ ᠦᠭᠡᠢ | ᠰᠢᠭᠤᠳ ᠮᠡᠳᠡᠬᠦᠯᠦᠭᠰᠡᠨ ᠠᠵᠤ ᠠᠬᠤᠶᠢᠯᠠᠯ ᠢ ᠰᠢᠯᠢᠨ ᠰᠣᠩᠭᠤᠵᠦ᠂ ᠬᠤᠰᠢᠭᠤ ︵ᠣᠷᠣᠨ︶ ᠶᠢᠨ ᠲᠤᠭ᠎ᠠ | ᠪᠦᠷᠢᠳᠬᠡᠯ ᠤᠨ ᠪᠠᠶᠢᠭᠤᠯᠤᠮᠵᠢ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ | ︽ᠡᠬᠡ︾ ᠠᠵᠤ ᠠᠬᠤᠶᠢᠯᠠᠯ᠂ ︽ᠪᠠᠷᠢᠮᠵᠢᠶᠠᠳᠣ ᠳᠥᠷᠪᠡᠨ ᠳᠡᠭᠡᠭᠰᠢ︾ ᠠᠵᠤ ᠠᠬᠤᠶᠢᠯᠠᠯ᠂ ᠲᠥᠷᠥᠯ ᠵᠦᠢᠯ | ᠲᠣᠭᠲᠠᠭᠠᠬᠤ ᠪᠠᠯᠠ ᠣᠷᠣᠭᠤᠯᠤᠯᠲᠠ ᠶᠢᠨ ᠲᠥᠷᠥᠯ ᠵᠦᠢᠯ ᠪᠠ ᠪᠦᠷᠢᠳᠬᠡᠯ ᠳᠤ ᠣᠷᠣᠭᠤᠯᠬᠤ ᠬᠥᠮᠥᠷᠭᠡ ᠶᠢ ᠪᠣᠶ | ᠪᠣᠯᠭᠠᠨ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ | ︵ᠭᠤᠷᠪᠠ︶ ᠠᠵᠤ ᠠᠬᠤᠶᠢᠯᠠᠯ ᠤᠨ ᠪᠤᠶᠢᠵᠢᠯᠲᠠ ᠶᠢ ᠬᠢᠨᠠᠨ ᠬᠡᠮᠵᠢᠨ᠎ᠡ᠃ ᠡᠯ᠎ᠡ ᠬᠤᠰᠢᠭᠤ ︵ᠣᠷᠣᠨ︶ | ᠨᠤᠭᠤᠳ ︽ᠡᠬᠡ︾ ᠠᠵᠤ ᠠᠬᠤᠶᠢᠯᠠᠯ᠂ ︽ᠪᠠᠷᠢᠮᠵᠢᠶᠠᠳᠣ ᠳᠥᠷᠪᠡᠨ ᠳᠡᠭᠡᠭᠰᠢ︾ ᠠᠵᠤ ᠠᠬᠤᠶᠢᠯᠠᠯ᠂ ᠲᠥᠷᠥᠯ | ᠵᠦᠢᠯ ᠳᠣᠭᠳᠠᠭᠠᠬᠤ ᠪᠠᠯᠠ ᠣᠷᠣᠭᠤᠯᠬᠤ ᠲᠥᠷᠥᠯ ᠵᠦᠢᠯ ᠪᠠ ᠪᠦᠷᠢᠳᠬᠡᠯ ᠳᠤ ᠣᠷᠣᠭᠤᠯᠬᠤ ᠬᠥᠮᠥᠷᠭᠡ ᠳᠠᠬᠢ ᠠᠵᠤ | ᠠᠬᠤᠶᠢᠯᠠᠯ ᠢ ᠬᠥᠳᠡᠯᠦᠩᠭᠦᠶ ᠬᠢᠨᠠᠨ ᠬᠡᠮᠵᠢᠬᠦ ᠲᠦᠷᠢᠮ ᠢ ᠪᠠᠶᠢᠭᠤᠯᠤᠨ᠎ᠠ᠃ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢ ᠠᠰᠢᠭᠯᠠᠨ ᠠᠵᠤ ᠠᠬᠤᠶᠢᠯᠠᠯ ᠤᠨ ᠡᠵᠡᠩᠨᠡᠯᠲᠡ᠂ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠬᠢᠨᠠᠨ | ᠬᠡᠮᠵᠢᠵᠦ᠂ ᠪᠦᠷᠢᠳᠬᠡᠯ ᠳᠤ ᠣᠷᠣᠭᠤᠯᠬᠤ ᠨᠥᠬᠦᠴᠡᠯ ᠳᠤ ᠨᠡᠶᠢᠴᠡᠬᠦ ᠠᠵᠤ ᠠᠬᠤᠶᠢᠯᠠᠯ᠂ ᠪᠠᠯᠠ ᠣᠷᠣᠭᠤᠯᠤᠯᠲᠠ ᠶᠢᠨ | ᠲᠥᠷᠥᠯ ᠵᠦᠢᠯ᠂ ᠬᠥᠮᠥᠷᠭᠡ ᠠᠴᠠ ᠭᠠᠷᠭᠠᠬᠤ ︵ᠨᠢᠭᠡ ᠢᠵᠢ ᠬᠦᠰᠦᠨᠦᠭ ᠢᠶᠠᠷ ᠨᠢᠭᠡᠴᠡ ᠶᠢ ᠪᠠᠶᠢᠴᠠᠭᠠᠭᠰᠠᠨ | ᠬᠥᠮᠥᠷᠭᠡ︶ ᠲᠦᠭᠰᠢᠭᠦᠷᠢ ᠲᠠᠢ ᠠᠵᠤ ᠠᠬᠤᠶᠢᠯᠠᠯ ᠪᠠ ᠭᠤᠷᠪᠠᠨ ᠵᠢᠯ ᠤᠨ ᠳᠣᠲᠣᠷ᠎ᠠ ᠰᠢᠨ᠎ᠡ ᠪᠠᠷ ᠪᠦᠷᠢᠳᠬᠡᠭᠰᠡᠨ | ᠠᠵᠤ ᠠᠬᠤᠶᠢᠯᠠᠯ ᠤᠨ ᠨᠡᠷᠡᠰ ᠢ ᠴᠠᠭ ᠲᠤᠬᠠᠶ ᠳᠤᠨᠢ ᠡᠮᠬᠢᠯᠡᠵᠦ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠤᠭ᠎ᠠ ᠪᠦᠷᠢᠳᠬᠡᠯ ᠤᠨ ᠰᠠᠯᠠᠭ᠎ᠠ | ᠮᠥᠴᠢᠷ ᠲᠤ ᠴᠠᠭ ᠲᠤᠬᠠᠶ ᠳᠤᠨᠢ ᠬᠦᠷᠭᠡᠨ᠎ᠡ᠃ ᠡᠯ᠎ᠡ ᠬᠤᠰᠢᠭᠤ ︵ᠣᠷᠣᠨ︶ ᠪᠣᠶᠢᠵᠢᠭᠤᠯᠣᠨ ᠪᠦᠷᠢᠳᠬᠡᠯ ᠳᠤ | ᠣᠷᠣᠭᠤᠯᠬᠤ ᠬᠠᠷᠠᠯᠲᠠ ᠪᠠᠨ ᠲᠣᠳᠣᠷᠬᠠᠶᠢᠯᠠᠵᠤ᠂ ᠴᠢᠨᠠᠷ ᠰᠠᠶᠢᠲᠠᠢ ᠠᠵᠤ ᠠᠬᠤᠶᠢᠯᠠᠯ ᠢ ᠱᠠᠳᠣᠴᠢᠯᠠᠨ ᠪᠣᠶᠢᠵᠢᠭᠤᠯᠬᠤ | ᠳᠣᠭᠳᠠᠯᠴᠠᠭ᠎ᠠ ᠶᠢ ᠪᠦᠷᠢᠯᠳᠦᠭᠦᠯᠵᠦ᠂ ︽ᠪᠠᠭ᠎ᠠ ᠠᠵᠦ ᠠᠬᠤᠶᠢᠯᠠᠯ ᠢ ᠬᠡᠪᠴᠢᠶᠡᠵᠢᠭᠦᠯᠬᠦ︾ ︽ᠬᠤᠪᠢ ᠶᠢᠨ | ᠡᠵᠡᠩᠨᠡᠯᠳᠡ ᠶᠢᠨ ᠡᠷᠦᠬᠡ ᠶᠢ ᠠᠵᠤ ᠠᠬᠤᠶᠢᠯᠠᠯ ᠪᠣᠯᠭ᠋ᠬᠤ︾ ᠶᠢ ᠠᠬᠢᠭᠤᠯᠣᠨ᠎ᠠ᠃ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠬᠦᠰᠡᠯ ᠵᠣᠷᠢᠯᠳᠠ ᠶᠢ ᠬᠦᠨᠳᠦᠳᠬᠡᠭᠰᠡᠨ ᠤᠷᠢᠲᠠᠯ ᠳᠣᠤᠷ᠎ᠠ᠂ ᠰᠠᠯᠪᠣᠷᠢ ᠠᠵᠦ ᠠᠬᠤᠶᠢᠯᠠᠯ ᠢ | ᠬᠤᠪᠢᠶᠠᠷᠢ ᠠᠵᠦ ᠠᠬᠤᠶᠢᠯᠠᠯ ᠪᠣᠯᠭᠠᠬᠤ ᠠᠵᠢᠯ ᠢ ᠢᠳᠡᠪᠬᠢᠲᠡᠶ ᠯᠠᠪᠳᠠᠭᠤᠨ ᠢᠶᠠᠷ ᠠᠬᠢᠭᠤᠯᠵᠤ᠂ ᠠᠵᠤ ᠠᠬᠤᠶᠢᠯᠠᠯ ᠢ | ᠬᠥᠲᠥᠯᠦᠨ ᠵᠢᠯᠣᠭᠤᠳᠴᠤ ᠪᠠᠶᠢᠭᠠᠳ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠦᠬᠦᠢ ᠨᠢᠬᠡᠴᠡ ᠪᠠᠷ | ᠳᠠᠩᠰᠠᠯᠠᠭᠤᠯᠵᠦ ᠮᠠᠨ ᠤ ᠠᠶᠢᠮᠠᠭ ᠲᠤ ᠨᠤᠲᠤᠭᠰᠢᠭᠤᠯᠤᠨ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ︵ | ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ︵ᠳᠥᠷᠪᠡ︶ ᠠᠵᠤ ᠠᠬᠤᠶᠢᠯᠠᠯ ᠢ ᠪᠤᠶᠢᠵᠢᠭᠤᠯᠬᠤ ᠶᠢ ᠦᠷᠭᠦᠯᠵᠢᠯᠡᠨ ᠴᠢᠩᠭᠠᠳᠬᠠᠨ᠎ᠠ᠃ ᠡᠯ᠎ᠡ ᠬᠤᠰᠢᠭᠤ ︵ | ᠣᠷᠣᠨ︶ ᠵᠢᠴᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠭᠲᠠᠮᠠᠯ | ᠬᠤᠭᠤᠴᠠᠭ᠎ᠠ ᠲᠠᠢ ᠪᠠᠷ ᠰᠤᠷᠪᠤᠯᠵᠢᠯᠠᠨ ᠪᠠᠶᠢᠴᠠᠭᠠᠨ ᠰᠤᠳᠤᠯᠵᠦ᠂ ᠠᠵᠤ ᠠᠬᠤᠶᠢᠯᠠᠯ᠂ ᠲᠥᠷᠥᠯ ᠵᠦᠢᠯ ᠤᠨ | ᠦᠢᠯᠡᠳᠪᠦᠷᠢᠯᠡᠯ ᠡᠵᠡᠩᠨᠡᠯᠲᠡ᠂ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠢᠴᠢ ᠪᠦᠷᠢᠳᠬᠡᠯ ᠳᠤ ᠣᠷᠣᠭᠤᠯᠬᠤ ᠪᠠᠷ | ᠭᠤᠶᠤᠴᠢᠯᠠᠨ ᠮᠡᠳᠡᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠲᠣᠳᠣᠷᠬᠠᠶ ᠣᠶᠢᠯᠠᠭᠠᠵᠤ᠂ | ᠲᠥᠷᠥᠯ ᠬᠤᠪᠢᠶᠠᠨ ᠡᠮᠬᠢᠯᠡᠨ ᠲᠢᠭᠯᠡᠵᠦ ᠪᠠᠶᠢᠭᠠᠳ ᠬᠠᠨᠳᠤᠯᠭᠠᠲᠤ ᠴᠢᠨᠠᠷᠲᠠᠶ ᠦᠢᠯᠡᠴᠢᠯᠡᠭᠡ ᠬᠠᠩᠭᠠᠵᠤ᠂ ︽ᠨᠢᠭᠡ | ᠠᠵᠤ ᠠᠬᠤᠶᠢᠯᠠᠯ ᠨᠢᠭᠡ ᠲᠥᠷᠥ ᠶᠢᠨ ᠪᠣᠳᠣᠯᠭ᠎ᠠ︾ ᠪᠤᠶᠢᠵᠢᠭᠤᠯᠤᠨ ᠲᠡᠳᠬᠦᠬᠦ ᠲᠥᠯᠥᠪᠯᠡᠭᠡ ᠳᠣᠭᠳᠠᠭᠠᠨ᠎ᠠ᠃ | ᠮᠥᠩᠭᠦᠨ ᠭᠦᠢᠯᠭᠡᠭᠡᠨ ᠤ ᠨᠢᠭᠡᠴᠡ᠂ ᠠᠳᠠᠯᠢ ᠠᠵᠤ ᠦᠢᠯᠡᠰ ᠤᠨ ᠬᠡᠯᠬᠢᠶ᠎ᠡ ᠶᠢᠨ ᠲᠣᠮᠣ ᠬᠡᠯᠪᠡᠷᠢ ᠶᠢᠨ ᠠᠵᠤ | ᠠᠬᠤᠶᠢᠯᠠᠯ ᠳᠤ ᠪᠦᠷᠢᠳᠬᠡᠯ ᠳᠤ ᠣᠷᠣᠭᠤᠯᠣᠭᠠᠳᠣᠢ ᠠᠵᠤ ᠠᠬᠤᠶᠢᠯᠠᠯ ᠢ ᠲᠠᠨᠢᠯᠴᠠᠭᠤᠯᠵᠤ᠂ ᠠᠵᠤ ᠠᠬᠤᠶᠢᠯᠠᠯ ᠤᠨ | ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠬᠠᠮᠵᠢᠯᠴᠠᠨ ᠵᠥᠪᠳᠡᠯᠴᠡᠵᠦ ᠬᠠᠷᠢᠭᠤ | ᠲᠤᠰᠬᠠᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠨ᠎ᠡ᠃ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ︵ᠣᠷᠣᠨ︶ | ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠳᠡᠭᠡᠭᠡᠪᠦᠷᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ | ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ | ᠷᠠᠳᠢᠣ᠋ ᠲᠧᠯᠸᠢᠰ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ᠂ ᠠᠯᠠᠱᠠ ᠶᠢᠨ ᠴᠠᠬᠢᠯᠭᠠᠨ ᠬᠠᠩᠭᠠᠬᠤ | ᠺᠣᠮᠫᠠᠨᠢ | ︵ᠲᠠᠪᠤ︶ ᠪᠦᠷᠢᠳᠬᠡᠯ ᠳᠤ ᠣᠷᠣᠭᠤᠯᠬᠤ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠢ ᠬᠦᠮᠦᠷᠭᠡᠯᠡᠨᠡ᠃ | ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠠᠵᠤ ᠠᠬᠤᠶᠢᠯᠠᠯ᠂ ᠲᠥᠷᠥᠯ ᠵᠦᠢᠯ ᠢ ᠬᠢᠨᠠᠨ ᠬᠡᠮᠵᠢᠭᠰᠡᠨ | ᠪᠠᠶᠢᠳᠠᠯ ᠢ ᠦᠨᠳᠦᠰᠦᠯᠡᠨ᠂ ᠪᠦᠷᠢᠳᠬᠡᠯ ᠳᠤ ᠣᠷᠣᠭᠤᠯᠬᠤ ᠪᠠᠷᠢᠮᠵᠢᠶ᠎ᠠ ᠳᠤ ᠨᠡᠶᠢᠴᠡᠬᠦ ᠠᠵᠤ ᠠᠬᠤᠶᠢᠯᠠᠯ᠂ ᠲᠥᠷᠥᠯ | ᠵᠦᠢᠯ ᠤᠨ ᠨᠡᠷᠡᠰ ᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠭᠡᠨ᠎ᠡ᠃ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠦᠷᠢᠳᠬᠡᠯ ᠳᠤ ᠣᠷᠣᠭᠤᠯᠬᠤ ᠪᠠᠷᠢᠮᠵᠢᠶ᠎ᠠ ᠳᠤ ᠨᠡᠶᠢᠴᠡᠬᠦ | ᠠᠵᠤ ᠠᠬᠤᠶᠢᠯᠠᠯ᠂ ᠲᠥᠷᠥᠯ ᠵᠦᠢᠯ ᠢ ᠬᠤᠰᠢᠭᠤ ︵ᠣᠷᠣᠨ︶ ᠶᠢᠨ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠵᠢᠯᠣᠭᠤᠳᠤᠯᠭ᠎ᠠ ᠳᠣᠤᠷ᠎ᠠ᠂ ᠮᠠᠲ᠋ᠧᠷᠢᠶᠠᠯ ᠢᠶᠠᠨ ᠴᠠᠭ ᠲᠤᠬᠠᠶ ᠳᠤᠨᠢ ᠮᠡᠳᠡᠭᠦᠯᠦᠨ ᠳᠠᠩᠰᠠᠯᠠᠭᠤᠯᠬᠤ | ᠶᠢ ᠰᠢᠮᠳᠠᠭᠤᠯᠣᠨ᠎ᠠ᠃ ᠪᠦᠷᠢᠳᠬᠡᠯ ᠳᠤ ᠣᠷᠣᠭᠤᠯᠬᠤ ᠶᠢ ᠬᠢᠨᠠᠨ ᠬᠠᠷᠭᠤᠭᠤᠯᠣᠭᠠᠳ ᠦᠩᠭᠡᠷᠡᠭᠦᠯᠦᠭᠰᠡᠨ ᠦᠭᠡᠢ ᠪᠣᠯ | ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ ᠠᠰᠠᠭᠤᠳᠠᠯ ᠢ ᠰᠢᠰᠲ᠋ᠧᠮᠵᠢᠭᠦᠯᠦᠨ ᠬᠠᠮᠢᠶ᠎ᠠ ᠪᠦᠬᠦᠢ ᠰᠠᠯᠠᠭ᠎ᠠ | ᠮᠥᠴᠢᠷ ᠲᠤ ᠮᠡᠳᠡᠭᠳᠡᠵᠦ ᠬᠠᠪᠰᠤᠷᠤᠨ ᠭᠦᠢᠴᠡᠳᠬᠡᠭᠰᠡᠨ ᠤ ᠳᠠᠷᠠᠭ᠎ᠠ ᠴᠠᠭ ᠲᠤᠬᠠᠶ ᠳᠤᠨᠢ ᠪᠦᠷᠢᠳᠬᠡᠯ ᠳᠤ | ᠣᠷᠣᠭᠤᠯᠣᠨ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠣᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠭᠦᠳᠡᠭᠡ ᠳᠣᠰᠬᠤᠨ ᠮᠠᠯᠵᠢᠬᠤ ᠣᠷᠣᠨ ᠤ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ | ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ᠂ ᠠᠯᠠᠱᠠ ᠶᠢᠨ ᠴᠠᠬᠢᠯᠭᠠᠨ ᠬᠠᠩᠭᠠᠬᠤ | ᠺᠣᠮᠫᠠᠨᠢ | ︵ᠵᠢᠷᠭᠤᠭ᠎ᠠ︶ ᠪᠦᠷᠢᠳᠬᠡᠯ ᠳᠤ ᠣᠷᠣᠭᠤᠯᠬᠤ ᠠᠵᠤ ᠠᠬᠤᠶᠢᠯᠠᠯ ᠳᠤ ᠦᠷᠭᠦᠯᠵᠢᠯᠡᠨ ᠦᠢᠯᠡᠴᠢᠯᠡᠨ᠎ᠡ᠃ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠯ᠎ᠡ ᠬᠤᠰᠢᠭᠤ ︵ᠣᠷᠣᠨ︶ ᠶᠢᠨ ᠬᠠᠩᠭᠠᠭᠰᠠᠨ | ᠪᠦᠷᠢᠳᠬᠡᠯ ᠳᠤ ᠣᠷᠣᠭᠤᠯᠣᠭᠠᠳᠣᠢ ᠠᠵᠤ ᠠᠬᠤᠶᠢᠯᠠᠯ ᠵᠢᠴᠢ ᠲᠥᠷᠥᠯ ᠵᠦᠢᠯ ᠤᠨ ᠨᠡᠷᠡᠰ ᠲᠤ ᠭᠠᠵᠠᠷ ᠬᠡᠷᠡᠭᠯᠡᠬᠦ | ᠬᠡᠷᠡᠭᠴᠡᠭᠡ᠂ ᠴᠠᠬᠢᠯᠭᠠᠨ ᠬᠦᠴᠦᠨ ᠤ ᠬᠠᠩᠭᠠᠯᠭ᠎ᠠ᠂ ᠣᠷᠴᠢᠨ ᠳᠣᠭᠤᠷᠢᠨ ᠢ ᠬᠠᠮᠠᠭᠠᠯᠠᠬᠤ ᠳᠣᠬᠠᠢ ᠬᠢᠨᠠᠨ | ᠵᠥᠪᠰᠢᠶᠡᠷᠡᠯ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ | ᠲᠠᠯ᠎ᠠ ᠪᠠᠷ ᠪᠠᠲᠤᠯᠠᠭ᠎ᠠ ᠬᠠᠩᠭᠠᠵᠤ᠂ ᠦᠷᠭᠦᠯᠵᠢᠯᠡᠨ ᠮᠥᠷᠳᠡᠨ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠳᠡᠮᠵᠢᠵᠦ᠂ ︽ᠡᠬᠡ︾ ᠠᠵᠤ ᠠᠬᠤᠶᠢᠯᠠᠯ᠂ ︽ᠪᠠᠷᠢᠮᠵᠢᠶᠠᠳᠣ ᠳᠥᠷᠪᠡᠨ ᠳᠡᠭᠡᠭᠰᠢ︾ ᠠᠵᠤ | ᠠᠬᠤᠶᠢᠯᠠᠯ᠂ ︽ᠳᠥᠷᠪᠡᠨ ᠳᠡᠭᠡᠭᠰᠢ︾ ᠠᠵᠤ ᠠᠬᠤᠶᠢᠯᠠᠯ ᠤᠨ ᠦᠷᠭᠦᠯᠵᠢᠯᠡᠨ ᠬᠥᠭᠵᠢᠬᠦ ᠰᠠᠶᠢᠨ ᠰᠠᠶᠢᠬᠠᠨ | ᠪᠠᠶᠢᠳᠠᠯ ᠢ ᠪᠣᠶ ᠪᠣᠯᠭᠠᠬᠤ ᠬᠡᠷᠡᠭᠲᠡᠶ᠃ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ︵ᠣᠷᠣᠨ︶ ᠶᠢᠨ ᠠᠷᠠᠳ ᠤᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠵᠥᠪᠯᠡᠯ᠂ | ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ | ᠳᠥᠷᠪᠡ᠂ ᠲᠥᠷᠥᠯ ᠬᠤᠪᠢᠶᠠᠨ ᠪᠤᠶᠢᠵᠢᠭᠤᠯᠬᠤ ᠶᠢ ᠴᠢᠩᠭᠠᠳᠬᠠᠨ᠎ᠠ | ︵ᠨᠢᠭᠡ︶ ᠪᠦᠷᠢᠳᠬᠡᠯ ᠳᠤ ᠣᠷᠣᠭᠤᠯᠬᠤ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠤᠶᠢᠵᠢᠭᠤᠯᠤᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠥᠬᠦ ᠠᠶᠢᠮᠠᠭ ᠤᠨ ᠬᠤᠯᠪᠣᠭᠳᠠᠯ ᠪᠥᠬᠦᠶ ᠠᠵᠤ ᠦᠢᠯᠡᠳᠪᠦᠷᠢ ᠶᠢᠨ | ᠠᠵᠤ ᠠᠬᠤᠶᠢᠯᠠᠯ ᠢ ᠬᠦᠭᠵᠢᠬᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ | ᠢᠳᠡᠪᠬᠢᠲᠡᠶ ᠠᠬᠢᠭᠤᠯᠤᠨ᠎ᠠ᠃ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ | ᠪᠠᠷᠢᠮᠲᠠᠯᠠᠵᠤ᠂ ᠠᠵᠤ ᠠᠬᠤᠶᠢᠯᠠᠯ ᠢ ᠪᠣᠶᠢᠵᠢᠭᠤᠯᠬᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠪᠠᠯᠠ | ᠲᠣᠬᠢᠷᠠᠭᠤᠯᠬᠤ ᠳᠤ ᠲᠥᠬᠦᠮ ᠦᠵᠡᠭᠦᠯᠬᠦ᠂ ᠴᠢᠳᠠᠪᠤᠷᠢᠲᠠᠨ ᠤ ᠪᠠᠲᠤᠯᠠᠭ᠎ᠠ ᠵᠡᠷᠭᠡ ᠲᠠᠯ᠎ᠠ ᠪᠠᠷ ᠳᠣᠰᠬᠠᠢ᠂ ᠨᠠᠷᠢᠯᠢᠭ | ᠣᠨᠣᠪᠴᠢᠳᠠᠢ ᠪᠤᠶᠢᠵᠢᠭᠤᠯᠵᠦ᠂ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ᠂ | ᠥᠨᠳᠥᠷ ᠥᠰᠥᠯᠲᠡ ᠶᠢᠨ ᠴᠢᠨᠠᠷᠲᠠᠶ ᠠᠵᠤ ᠠᠬᠤᠶᠢᠯᠠᠯ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠨ᠎ᠡ᠃ ᠠᠵᠤ | ᠠᠬᠤᠶᠢᠯᠠᠯ ᠢ ᠪᠤᠶᠢᠵᠢᠭᠤᠯᠬᠤ᠂ ᠬᠢᠨᠠᠨ ᠬᠡᠮᠵᠢᠬᠦ᠂ ᠪᠦᠷᠢᠳᠬᠡᠯ ᠳᠤ ᠣᠷᠣᠭᠤᠯᠬᠤ ᠶᠠᠪᠤᠴᠠ ᠳᠠᠬᠢ ᠬᠤᠯᠪᠣᠭᠳᠠᠯ | ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠪᠠᠷᠢᠮᠵᠢᠶ᠎ᠠ ᠳᠤ ᠬᠦᠷᠦᠭᠰᠡᠨ ᠠᠵᠤ ᠦᠢᠯᠡᠳᠪᠦᠷᠢ ᠶᠢᠨ | ᠠᠵᠤ ᠠᠬᠤᠶᠢᠯᠠᠯ ᠢ ᠳᠠᠶᠢᠴᠢᠯᠠᠨ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠪᠦᠷᠢᠳᠬᠡᠯ ᠳᠤ ᠣᠷᠣᠭᠤᠯᠬᠤ ᠪᠠᠷ | ᠮᠡᠳᠡᠬᠦᠯᠦᠨ᠎ᠡ᠃ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ | ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ︵ᠬᠤᠶᠠᠷ︶ ᠪᠦᠷᠢᠳᠬᠡᠯ ᠳᠤ ᠣᠷᠣᠭᠤᠯᠬᠤ ᠪᠠᠷᠢᠯᠭ᠎ᠠ ᠶᠢᠨ ᠦᠢᠯᠡᠰ ᠪᠠ ᠭᠡᠷ ᠪᠠᠶᠢᠰᠢᠩ ᠭᠠᠵᠠᠷ ᠬᠦᠷᠦᠩᠭᠡ ᠶᠢᠨ | ᠠᠵᠤ ᠠᠬᠤᠶᠢᠯᠠᠯ ᠢ ᠪᠤᠶᠢᠵᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠢ | ᠬᠦᠴᠦᠯᠡᠨ ᠪᠤᠶᠢᠵᠢᠭᠤᠯᠵᠤ᠂ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠦᠨ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ | ᠳᠡᠮᠵᠢᠨ᠎ᠡ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠢᠲᠡᠭᠡᠮᠵᠢ ᠶᠢᠨ | ᠬᠠᠮᠢᠶᠠᠷᠤᠯᠲᠠ ᠶᠢᠨ ᠤᠷᠮᠠᠰᠢᠭᠤᠯᠤᠨ ᠬᠢᠵᠠᠭᠠᠷᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢᠨ ᠲᠦᠭᠰᠢᠭᠦᠷᠢ ᠶᠢ ᠰᠡᠷᠭᠡᠶᠢᠯᠡᠵᠦ᠂ | ᠴᠢᠨᠠᠷ ᠰᠠᠶᠢᠲᠠᠶ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠡᠪᠴᠢᠶᠡᠵᠢᠭᠰᠡᠨ᠂ | ᠲᠥᠷᠥᠯ ᠲᠡᠮᠳᠡᠭᠵᠢᠭᠰᠡᠨ ᠲᠡᠰᠢ ᠬᠥᠭᠵᠢᠬᠦ ᠶᠢ ᠲᠡᠳᠬᠦᠨ ᠳᠡᠮᠵᠢᠵᠦ᠂ ᠪᠠᠷᠢᠯᠭ᠎ᠠ ᠶᠢᠨ ᠦᠢᠯᠡᠰ ᠪᠠ ᠭᠡᠷ ᠪᠠᠶᠢᠰᠢᠩ | ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠦᠷᠢᠳᠬᠡᠯ ᠳᠤ ᠣᠷᠣᠭᠤᠯᠬᠤ ᠶᠢ ᠠᠬᠢᠭᠤᠯᠦᠨ᠎ᠡ᠃ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ | ︵ᠭᠤᠷᠪᠠ︶ ᠪᠦᠷᠢᠳᠬᠡᠯ ᠳᠤ ᠣᠷᠣᠭᠤᠯᠬᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ | ᠪᠤᠶᠢᠵᠢᠭᠤᠯᠤᠨ᠎ᠠ᠃ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ ᠯᠦᠭᠡ ᠶᠢᠨ ᠨᠡᠪᠲᠡᠷᠡᠯᠴᠡᠨ ᠬᠠᠮᠵᠢᠯᠴᠠᠬᠤ ᠶᠢ | ᠴᠢᠩᠭᠠᠳᠬᠠᠵᠤ᠂ ᠨᠠᠷᠠᠲᠤ ᠲᠡᠮᠳᠡᠭᠲᠦ ᠬᠤᠳᠠᠯᠳᠤᠭ᠎ᠠ᠂ ᠡᠯᠧᠺᠲᠷᠣᠨ ᠬᠤᠳᠠᠯᠳᠤᠭ᠎ᠠ ᠵᠡᠷᠭᠡ ᠭᠤᠤᠯᠳᠠᠯᠭ᠎ᠠ ᠲᠠᠢ ᠠᠵᠤ | ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠮᠥᠷᠳᠡᠵᠦ᠂ ᠬᠢᠨᠠᠨ ᠬᠡᠮᠵᠢᠨ᠎ᠡ᠃ ᠠᠷᠠᠯᠵᠢᠶ᠎ᠠ | ᠬᠤᠳᠠᠯᠳᠤᠭᠠᠨ ᠤ ᠬᠢᠷᠢ ᠬᠡᠮ ᠢ ᠳᠡᠭᠡᠭᠰᠢᠯᠡᠭᠦᠯᠦᠨ ᠪᠦᠷᠢᠳᠬᠡᠯ ᠳᠤ ᠣᠷᠣᠭᠤᠯᠬᠤ᠂ ᠬᠤᠪᠢ ᠶᠢᠨ ᠡᠵᠡᠩᠨᠡᠯᠳᠡ ᠶᠢᠨ | ᠡᠷᠦᠬᠡ ᠶᠢ ᠠᠵᠤ ᠠᠬᠤᠶᠢᠯᠠᠯ ᠪᠣᠯᠭᠠᠬᠤ ᠵᠡᠷᠭᠡ ᠠᠵᠢᠯ ᠢ ᠤᠷᠮᠠᠰᠢᠭᠤᠯᠬᠤ ᠪᠠ ᠰᠢᠯᠭᠠᠨ ᠬᠢᠨᠠᠬᠤ ᠡᠷᠴᠢᠮ ᠢ | ᠴᠢᠩᠭᠠᠷᠠᠭᠤᠯᠤᠨ᠎ᠠ᠃ ᠢᠳᠡᠪᠬᠢᠲᠡᠶ ᠪᠠᠷ ᠤᠬᠠᠭᠤᠯᠤᠨ ᠳᠠᠶᠢᠴᠢᠯᠠᠵᠤ᠂ ᠰᠢᠮᠳᠠᠭᠤᠯᠤᠨ ᠵᠢᠯᠣᠭᠤᠳᠴᠤ ᠪᠠᠶᠢᠭᠠᠳ | ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠢ ᠴᠠᠭ ᠲᠤᠬᠠᠶ ᠳᠤᠨᠢ ᠪᠦᠷᠢᠳᠬᠡᠯ ᠳᠤ ᠣᠷᠣᠭᠤᠯᠬᠤ ᠪᠠᠷ | ᠭᠤᠶᠤᠴᠢᠯᠠᠨ ᠮᠡᠳᠡᠭᠦᠯᠵᠦ᠂ ᠨᠢᠭᠡ ᠪᠦᠯᠦᠭ ᠢ ᠪᠤᠶᠢᠵᠢᠭᠤᠯᠬᠤ᠂ ᠨᠢᠭᠡ ᠪᠦᠯᠦᠭ ᠢ ᠪᠣᠯᠪᠠᠰᠣᠷᠠᠩᠭᠤᠢ ᠪᠣᠯᠭᠠᠬᠤ᠂ | ᠨᠢᠭᠡ ᠪᠦᠯᠦᠭ ᠢ ᠪᠦᠷᠢᠳᠬᠡᠯ ᠳᠤ ᠣᠷᠣᠭᠤᠯᠬᠤ ᠰᠠᠶᠢᠨ ᠪᠠᠶᠢᠳᠠᠯ ᠢ ᠪᠣᠶ ᠪᠣᠯᠭᠠᠨ᠎ᠠ᠃ ᠬᠠᠷᠢᠭᠤᠴᠠᠯᠭᠠᠲᠤ ᠨᠢᠭᠡᠴᠡ᠄ | ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ︵ᠲᠦᠷᠪᠡ︶ ᠪᠦᠷᠢᠳᠬᠡᠯ ᠳᠤ ᠣᠷᠣᠭᠤᠯᠬᠤ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ | ᠪᠤᠶᠢᠵᠢᠭᠤᠯᠤᠨ᠎ᠠ᠃ ᠰᠠᠯᠠᠭ᠎ᠠ ᠮᠥᠴᠢᠷ ᠤᠨ ᠬᠠᠷᠢᠭᠤᠴᠠᠵᠤ ᠪᠠᠶᠢᠭ᠎ᠠ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠲᠠᠢ | ᠬᠠᠷᠢᠴᠠᠭᠤᠯᠵᠤ᠂ ᠲᠣᠭᠲᠠᠴᠠ ᠶᠢᠨ ᠰᠢᠨ᠎ᠡ ᠶᠢ ᠡᠭᠦᠳᠬᠦ᠂ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ᠂ ᠵᠣᠬᠢᠶᠠᠨ | ᠪᠠᠶᠢᠭᠤᠯᠤᠨ ᠪᠠᠲᠤᠯᠠᠬᠤ ᠵᠡᠷᠭᠡ ᠲᠠᠯ᠎ᠠ ᠪᠠᠷ᠂ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠲᠦᠢᠯ ᠤᠨ | ᠣᠨᠣᠪᠴᠢᠲᠠᠶ ᠪᠠᠷ ᠪᠤᠶᠢᠵᠢᠭᠤᠯᠬᠤ ᠲᠥᠰᠦᠯ ᠢ ᠲᠣᠭᠲᠠᠭᠠᠨ ᠨᠠᠶᠢᠳᠠᠪᠤᠷᠢᠵᠢᠭᠤᠯᠤᠨ᠎ᠠ᠃ ᠰᠤᠳᠤᠯᠤᠨ ᠨᠡᠭᠡᠭᠡᠬᠦ᠂ | ᠪᠠᠷᠠᠭᠠᠨ ᠤ ᠬᠦᠢᠯᠭᠡᠭᠡ᠂ ᠵᠢᠷᠤᠭ ᠲᠥᠯᠥᠪᠯᠡᠭᠡ ᠬᠢᠬᠦ᠂ ᠡᠵᠡᠩᠨᠡᠨ ᠪᠣᠷᠣᠯᠠᠭᠤᠯᠬᠤ᠂ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠬᠦ᠂ ᠰᠣᠶᠣᠯ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠡᠷᠭᠡ ᠥᠨᠳᠥᠷ ᠥᠰᠥᠯᠲᠡ ᠶᠢᠨ | ᠴᠢᠨᠠᠷᠲᠠᠶ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠵᠢᠵᠢᠭ ᠪᠠᠭ᠎ᠠ ᠠᠵᠤ ᠠᠬᠤᠶᠢᠯᠠᠯ ᠢ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠵᠢᠯᠣᠭᠤᠳᠤᠨ ᠡᠳ᠋ ᠤᠨ ᠶᠠᠪᠤᠳᠠᠯ ᠤᠨ ᠲᠦᠷᠢᠮ ᠢ | ᠪᠦᠷᠢᠨᠰᠢᠬᠦᠯᠵᠦ᠂ ᠲᠤᠭ᠎ᠠ ᠪᠦᠷᠢᠳᠬᠡᠯ ᠤᠨ ᠰᠠᠭᠤᠷᠢ ᠶᠢ ᠪᠠᠲᠤᠳᠬᠠᠨ᠂ ᠪᠠᠷᠢᠮᠵᠢᠶ᠎ᠠ ᠳᠤ ᠬᠦᠷᠦᠭᠰᠡᠨ ᠠᠵᠤ | ᠠᠬᠤᠶᠢᠯᠠᠯ ᠢ ᠴᠠᠭ ᠲᠤᠬᠠᠶ ᠳᠤᠨᠢ ᠪᠦᠷᠢᠳᠬᠡᠯ ᠳᠤ ᠣᠷᠣᠭᠤᠯᠬᠤ ᠪᠠᠷ ᠭᠤᠶᠤᠴᠢᠯᠠᠨ ᠮᠡᠳᠡᠬᠦᠯᠬᠦ ᠶᠢ ᠰᠢᠮᠳᠠᠭᠤᠯᠣᠨ᠎ᠠ᠃ | ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ | ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ | ︵ᠲᠠᠪᠤ︶ ᠪᠦᠷᠢᠳᠬᠡᠯ ᠳᠤ ᠣᠷᠣᠭᠤᠯᠬᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠪᠤᠶᠢᠵᠢᠭᠤᠯᠤᠨ᠎ᠠ᠃ ᠪᠥᠬᠦ ᠠᠶᠢᠮᠠᠭ ᠤᠨ ᠭᠤᠤᠯᠳᠠᠯᠭ᠎ᠠ ᠲᠠᠢ ᠪᠠᠯᠠ ᠣᠷᠣᠭᠤᠯᠤᠯᠲᠠ ᠶᠢᠨ ᠲᠥᠷᠥᠯ | ᠵᠦᠢᠯ ᠤᠨ ᠪᠥᠬᠦ ᠬᠤᠭᠤᠴᠠᠭ᠎ᠠ ᠶᠢ ᠵᠣᠬᠢᠴᠠᠭᠤᠯᠤᠨ ᠠᠬᠢᠭᠤᠯᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ | ᠲᠥᠷᠥᠯ ᠵᠦᠢᠯ ᠢ ᠣᠷᠣᠭᠤᠯᠤᠨ ᠠᠪᠴᠢᠷᠠᠬᠤ᠂ ᠬᠢᠨᠠᠨ ᠵᠥᠪᠰᠢᠶᠡᠷᠡᠬᠦ ᠶᠢ ᠨᠠᠶᠢᠳᠠᠪᠤᠷᠢᠵᠢᠭᠤᠯᠬᠤ᠂ ᠠᠵᠢᠯ | ᠡᠬᠢᠯᠡᠭᠦᠯᠦᠨ ᠪᠥᠲᠥᠭᠡᠨ ᠪᠠᠶᠢᠭᠤᠯᠬᠤ᠂ ᠬᠥᠮᠥᠷᠭᠡ ᠳᠤ ᠣᠷᠣᠭᠤᠯᠵᠤ ᠪᠦᠷᠢᠳᠬᠡᠬᠦ ᠵᠡᠷᠭᠡ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ᠂ ᠡᠮᠦᠨ᠎ᠡ ᠨᠢ ᠵᠢᠯᠣᠭᠤᠳᠴᠤ᠂ ᠨᠠᠷᠢᠯᠢᠭ ᠣᠨᠣᠪᠴᠢᠳᠠᠢ ᠪᠠᠷ ᠦᠢᠯᠡᠴᠢᠯᠡᠨ᠂ | ᠬᠦᠴᠢᠷ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠴᠠᠭ ᠲᠤᠬᠠᠶ ᠳᠤᠨᠢ᠂ ᠲᠤᠭ᠎ᠠ ᠶᠣᠰᠣᠭᠠᠷ ᠪᠦᠷᠢᠳᠬᠡᠯ | ᠳᠤ ᠣᠷᠣᠭᠤᠯᠬᠤ ᠶᠢ ᠦᠨᠡᠨᠬᠦ ᠪᠠᠳᠣᠯᠠᠨ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ︵ᠣᠷᠣᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠵᠠᠬᠢᠷᠭ᠎ᠠ | ᠲᠦᠷᠦᠭᠦᠯᠡᠭᠰᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠮᠲᠤ ᠪᠠᠷ ᠣᠷᠣᠯᠴᠠᠭᠰᠠᠨ ᠠᠯᠠᠱᠠ ᠠᠶᠢᠮᠠᠭ ᠤᠨ | ᠬᠢᠷᠢ ᠬᠡᠮ ᠢᠶᠠᠨ ᠳᠡᠭᠡᠭᠰᠢᠯᠡᠬᠦᠯᠦᠨ ᠪᠦᠷᠢᠳᠬᠡᠯ ᠳᠤ ᠣᠷᠣᠭᠤᠯᠬᠤ ᠶᠢ ᠠᠬᠢᠭᠤᠯᠬᠤ ᠠᠵᠢᠯ ᠤᠨ ᠲᠣᠭᠲᠠᠴᠠ ᠶᠢ | ᠪᠠᠶᠢᠭᠤᠯᠵᠤ᠂ ᠲᠤᠰᠬᠠᠶ ᠰᠢᠮᠳᠠᠭᠤᠯᠤᠨ ᠵᠢᠯᠣᠭᠤᠳᠬᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ | ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠷᠢᠶᠠᠵᠤ ᠨᠢᠭᠡᠳᠬᠡᠬᠦ ᠠᠵᠢᠯ ᠤᠨ ᠳᠤᠮᠳᠠ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠨ᠎ᠡ᠃ ᠠᠶᠢᠮᠠᠭ᠂ | ᠬᠤᠰᠢᠭᠤ ︵ᠣᠷᠣᠨ︶ ᠶᠢᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠪᠦᠷᠢᠳᠬᠡᠬᠦ ᠠᠵᠢᠯ ᠢ ᠵᠢᠯᠣᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ | ᠵᠠᠬᠢᠷᠭ᠎ᠠ᠂ ᠰᠠᠯᠠᠭ᠎ᠠ ᠮᠥᠴᠢᠷ᠂ ᠬᠤᠰᠢᠭᠤ ︵ᠣᠷᠣᠨ︶ ᠬᠤᠯᠪᠣᠭᠠᠯᠠᠨ ᠬᠦᠳᠡᠯᠦᠯᠴᠡᠬᠦ ᠶᠢ ᠠᠬᠢᠭᠤᠯᠵᠦ᠂ ᠠᠵᠤ | ᠠᠬᠤᠶᠢᠯᠠᠯ ᠤᠨ ᠬᠢᠷᠢ ᠬᠡᠮ ᠢᠶᠠᠨ ᠳᠡᠭᠡᠭᠰᠢᠯᠡᠬᠦᠯᠵᠦ ᠪᠦᠷᠢᠳᠬᠡᠯ ᠳᠤ ᠣᠷᠣᠭᠤᠯᠬᠤ ᠠᠵᠢᠯ ᠢ ᠥᠨᠳᠥᠷ | ᠪᠦᠲᠦᠮᠵᠢᠲᠡᠶ ᠪᠠᠷ ᠥᠷᠨᠢᠭᠦᠯᠦᠨ᠎ᠡ᠃ | ︵ᠬᠤᠶᠠᠷ︶ ᠱᠠᠩᠨᠠᠵᠤ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠰᠢᠭᠤ ︵ᠣᠷᠣᠨ︶ ᠶᠢᠨ | ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠦᠷᠢᠳᠬᠡᠯ ᠳᠤ | ᠣᠷᠣᠭᠤᠯᠬᠤ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠳᠠᠶᠢᠵᠢᠭᠤᠯᠵᠦ᠂ ︽ᠳᠦᠷᠪᠡᠨ ᠳᠡᠭᠡᠭᠰᠢ︾ | ᠨᠢᠭᠡᠴᠡ ᠶᠢ ᠬᠥᠮᠥᠷᠭᠡ ᠳᠤ ᠣᠷᠣᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠦᠷᠢᠳᠬᠡᠪᠡᠰᠦ ᠵᠣᠬᠢᠬᠤ ᠶᠢ ᠨᠢ | ᠪᠦᠬᠦᠨ ᠢ ᠪᠦᠷᠢᠳᠭᠡᠬᠦ ᠶᠢ ᠪᠠᠲᠤᠯᠠᠵᠤ᠂ ᠪᠦᠬᠦ ᠠᠶᠢᠮᠠᠭ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠪᠦᠬᠦ | ᠲᠠᠯ᠎ᠠ ᠪᠠᠷ ᠦᠨᠡᠨ ᠪᠣᠳᠠᠲᠠᠶ ᠲᠤᠰᠬᠠᠨ᠎ᠠ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠰᠢᠨ᠎ᠡ ᠪᠠᠷ ᠪᠦᠷᠢᠳᠬᠡᠯ ᠳᠤ ᠣᠷᠣᠭᠤᠯᠬᠤ ᠠᠵᠤ ᠠᠬᠤᠶᠢᠯᠠᠯ ᠢ ᠰᠢᠯᠭᠠᠨ ᠬᠢᠨᠠᠵᠤ ᠤᠷᠮᠠᠰᠢᠭᠤᠯᠬᠤ | ᠨᠠᠷᠢᠨ ᠲᠦᠷᠢᠮ ᠢ ᠰᠤᠳᠤᠯᠤᠨ ᠲᠣᠭᠲᠠᠭᠠᠵᠤ᠂ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠢ ᠴᠠᠭ ᠲᠤᠬᠠᠶ ᠳᠤᠨᠢ | ᠪᠦᠷᠢᠳᠬᠡᠯ ᠳᠤ ᠣᠷᠣᠭᠤᠯᠬᠤ ᠶᠢ ᠵᠣᠷᠢᠭᠵᠢᠭᠤᠯᠣᠨ᠎ᠠ᠃ | ︵ᠭᠤᠷᠪᠠ︶ ᠮᠡᠳᠡᠭᠡ ᠵᠠᠩᠭᠢ ᠶᠢ ᠬᠠᠮᠳᠣ ᠪᠠᠷ ᠬᠤᠪᠢᠶᠠᠯᠴᠠᠬᠤ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠣᠨ᠎ᠠ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠬᠤᠪᠢᠶᠠᠷᠢᠯᠠᠨ | ᠬᠠᠮᠵᠢᠯᠴᠠᠬᠤ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠬᠤ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠣᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠵᠢᠯ ᠪᠦᠷᠢ ᠶᠢᠨ | 7 ᠳ᠋ᠤᠭᠠᠷ ᠰᠠᠷ᠎ᠠ ᠶᠢᠨ 15 ᠤ ᠡᠳᠦᠷ᠂ 10 ᠳ᠋ᠤᠭᠠᠷ ᠰᠠᠷ᠎ᠠ ᠶᠢᠨ 15 ᠤ ᠡᠳᠦᠷ᠂ 12 ᠳ᠋ᠤᠭᠠᠷ ᠰᠠᠷ᠎ᠠ ᠶᠢᠨ | 15 ᠤ ᠡᠳᠦᠷ ᠪᠠ ᠳᠠᠷᠠᠭ᠎ᠠ ᠵᠢᠯ ᠤᠨ 1 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠳᠣᠰ ᠱᠠᠲᠤᠨ ᠤ ᠲᠤᠭ᠎ᠠ | ᠪᠦᠷᠢᠳᠬᠡᠯ ᠤᠨ ᠰᠠᠯᠠᠭ᠎ᠠ ᠮᠥᠴᠢᠷ ᠲᠤ 6 ᠳ᠋ᠤᠭᠠᠷ ᠰᠠᠷ᠎ᠠ ᠶᠢᠨ ᠰᠡᠭᠦᠯᠴᠢ᠂ 9 ᠳ᠋ᠦ᠋ᠭᠡᠷ ᠰᠠᠷ᠎ᠠ ᠶᠢᠨ ᠰᠡᠭᠦᠯᠴᠢ᠂ 11 | ᠳ᠋ᠦ᠋ᠭᠡᠷ ᠰᠠᠷ᠎ᠠ ᠶᠢᠨ ᠰᠡᠭᠦᠯᠴᠢ ᠪᠠ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ︽ᠡᠬᠡ︾᠂ ︽ᠳᠦᠷᠪᠡᠨ | ᠳᠡᠭᠡᠭᠰᠢ︾ ᠪᠠᠷᠢᠮᠵᠢᠶ᠎ᠠ ᠳᠤ ᠨᠡᠶᠢᠴᠡᠭᠰᠡᠨ ᠠᠵᠦ ᠠᠬᠤᠶᠢᠯᠠᠯ ᠤᠨ ᠮᠠᠲ᠋ᠧᠷᠢᠶᠠᠯ ᠢ ᠬᠠᠩᠭᠠᠨ᠎ᠠ᠃ ︵ᠠᠵᠤ | ᠠᠬᠤᠶᠢᠯᠠᠯ ᠤᠨ ᠨᠡᠷᠡᠶᠢᠳᠦᠯ᠂ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ᠂ ᠵᠣᠬᠢᠶᠠᠨ ᠪᠠᠶᠢᠭᠤᠯᠤᠯᠲᠠ ᠶᠢᠨ | ᠪᠦᠲᠦᠴᠡ ᠶᠢᠨ ᠣᠷᠣᠯᠠᠬᠤ ᠨᠣᠮᠧᠷ᠂ ᠳᠠᠩᠰᠠᠯᠠᠭᠤᠯᠤᠭᠰᠠᠨ ᠬᠠᠶ᠋ᠢᠭ᠂ ᠡᠵᠡᠩᠨᠡᠯᠲᠡ ᠶᠢᠨ ᠬᠠᠶ᠋ᠢᠭ᠂ ᠵᠠᠰᠠᠭ | ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠣᠷᠣᠯᠠᠬᠤ ᠨᠣᠮᠧᠷ᠂ ᠪᠦᠷᠢᠳᠬᠡᠨ ᠳᠠᠩᠰᠠᠯᠠᠬᠤ ᠲᠥᠷᠥᠯ ᠬᠡᠯᠪᠡᠷᠢ ᠶᠢᠨ | ᠨᠡᠷᠡᠶᠢᠳᠦᠯ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ ᠠᠵᠢᠯ ᠲᠥᠷᠥᠯ ᠤᠨ ᠪᠠᠭ᠎ᠠ ᠬᠡᠯᠪᠡᠷᠢ ᠶᠢᠨ ᠣᠷᠣᠯᠠᠬᠤ ᠨᠣᠮᠧᠷ᠂ | ᠬᠠᠷᠢᠯᠴᠠᠬᠤ ᠠᠷᠭ᠎ᠠ ᠮᠠᠶ᠋ᠢᠭ᠂ ᠪᠦᠷᠢᠳᠬᠡᠨ ᠳᠠᠩᠰᠠᠯᠠᠬᠤ ᠴᠠᠭ᠂ ᠪᠠᠶᠢᠭᠤᠯᠤᠮᠵᠢ ᠶᠢᠨ ᠲᠥᠷᠥᠯ ᠬᠡᠯᠪᠡᠷᠢ᠂ | ᠨᠢᠭᠡᠴᠡ ᠶᠢᠨ ᠲᠥᠷᠥᠯ ᠬᠡᠯᠪᠡᠷᠢ᠂ ᠡᠵᠡᠩᠨᠡᠯᠲᠡ ᠶᠢᠨ ᠣᠷᠣᠯᠭ᠎ᠠ ᠵᠡᠷᠭᠡ ᠶᠢ ᠪᠠᠭᠲᠠᠭᠠᠨ᠎ᠠ︶᠃ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ ᠨᠢ ᠰᠠᠷ᠎ᠠ ᠪᠦᠷᠢ ᠶᠢᠨ | 5 ᠤ ᠡᠳᠦᠷ ᠠᠴᠠ ᠡᠮᠦᠨ᠎ᠡ ᠳᠣᠰ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠤ ᠳᠡᠭᠡᠷ᠎ᠡ ᠰᠠᠷ᠎ᠠ ᠶᠢᠨ | ᠰᠢᠨ᠎ᠡ ᠪᠠᠷ ᠨᠡᠮᠡᠭᠰᠡᠨ ᠲᠥᠷᠥᠯ ᠵᠦᠢᠯ ᠤᠨ ᠮᠡᠳᠡᠭᠡ ᠵᠠᠩᠭᠢ ︵ᠨᠢᠭᠡᠴᠡ ᠶᠢᠨ ᠨᠡᠷᠡᠶᠢᠳᠦᠯ᠂ ᠲᠥᠷᠥᠯ ᠵᠦᠢᠯ ᠤᠨ | ᠨᠡᠷᠡᠶᠢᠳᠦᠯ᠂ ᠪᠦᠲᠦᠭᠡᠨ ᠪᠠᠶᠢᠭᠤᠯᠬᠤ ᠭᠠᠵᠠᠷ᠂ ᠳᠦᠯᠦᠪᠯᠡᠵᠦ ᠪᠠᠶᠢᠭ᠎ᠠ ᠶᠡᠷᠦᠩᠬᠡᠶ ᠪᠡᠯᠡ ᠣᠷᠣᠭᠤᠯᠤᠯᠲᠠ ︶ ᠶᠢ | ᠬᠠᠩᠭᠠᠵᠦ᠂ ︽ᠣᠷᠣᠭᠤᠯᠪᠠᠰᠣ ᠵᠣᠬᠢᠬᠤ ᠶᠢ ᠨᠢ ᠪᠦᠬᠦᠨ ᠢ ᠣᠷᠣᠭᠤᠯᠵᠦ᠂ ᠪᠦᠷᠢᠳᠭᠡᠪᠡᠰᠦ ᠵᠣᠬᠢᠬᠤ ᠶᠢ ᠨᠢ | ᠪᠦᠬᠦᠨ ᠢ ᠪᠦᠷᠢᠳᠬᠡᠬᠦ︾ ᠶᠢ ᠪᠠᠳᠣᠯᠠᠨ᠎ᠠ᠃ | ︵ᠲᠦᠷᠪᠡ︶ ᠴᠢᠨᠠᠷ ᠰᠠᠶᠢᠲᠠᠢ ᠪᠠᠷ ᠪᠦᠷᠢᠳᠬᠡᠨ᠎ᠡ᠃ ᠪᠦᠷᠢᠳᠬᠡᠯ ᠳᠤ ᠣᠷᠣᠭᠤᠯᠬᠤ ᠨᠢᠬᠡᠴᠡ ᠶᠢᠨ ᠦᠨᠡᠨ | ᠪᠣᠳᠠᠲᠤ ᠴᠢᠨᠠᠷ᠂ ᠪᠤᠶᠢᠵᠢᠯᠲᠠ ᠶᠢᠨ ᠴᠢᠨᠠᠷ ᠢ ᠨᠠᠷᠢᠨ ᠬᠢᠨᠠᠮᠠᠭᠠᠶ ᠵᠠᠳᠠᠯᠵᠤ ᠰᠤᠳᠤᠯᠤᠨ ᠮᠠᠭᠠᠳᠯᠠᠵᠤ᠂ ᠨᠡᠯᠢᠶᠡᠳ | ᠰᠠᠶᠢᠨ ᠬᠥᠭᠵᠢᠭᠦᠯᠦᠭᠰᠡᠨ ᠠᠵᠤ ᠠᠬᠤᠶᠢᠯᠠᠯ ᠢ ᠢᠳᠡᠪᠬᠢᠲᠡᠶ ᠬᠠᠪᠰᠤᠷᠤᠨ ᠲᠠᠩᠰᠠ ᠬᠠᠷ᠎ᠠ ᠶᠢ ᠪᠦᠷᠢᠨᠰᠢᠬᠦᠯᠦᠨ᠎ᠡ᠃ | ᠰᠠᠶ᠋ᠢᠬᠠᠨ ᠠᠵᠢᠯ ᠢᠶᠠᠨ ᠡᠬᠢᠯᠡᠭᠦᠯᠦᠭᠰᠡᠨ᠂ ᠰᠠᠭᠤᠷᠢ ᠨᠢ ᠠᠨᠠᠢ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠢ | ᠵᠢᠯᠣᠭᠤᠳᠤᠨ ᠦᠢᠯᠡᠴᠢᠯᠡᠭᠡ ᠬᠤᠳᠠᠯᠳᠤᠨ ᠠᠪᠬᠤ᠂ ᠭᠤᠷᠪᠠᠳᠠᠬᠢ ᠡᠲᠡᠭᠡᠳ ᠲᠤ ᠨᠠᠶᠢᠳᠠᠵᠤ ᠡᠳ᠋ ᠤᠨ ᠶᠠᠪᠤᠳᠠᠯ ᠤᠨ | ᠠᠵᠢᠯᠲᠠᠨ ᠢ ᠡᠯᠰᠡᠨ ᠠᠵᠤ ᠠᠬᠤᠶᠢᠯᠠᠯ ᠤᠨ ᠲᠤᠭ᠎ᠠ ᠪᠦᠷᠢᠳᠬᠡᠭᠴᠢ ᠶᠢ ᠬᠠᠪᠰᠣᠷᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠲᠠᠩᠰᠠ ᠬᠠᠷ᠎ᠠ ᠶᠢ ᠡᠮᠬᠢᠯᠡᠨ ᠵᠢᠷᠤᠮᠵᠢᠭᠤᠯᠵᠤ᠂ ᠠᠵᠤ | ᠠᠬᠤᠶᠢᠯᠠᠯ ᠤᠨ ᠡᠷᠡᠭᠦᠯ ᠢᠶᠠᠷ ᠬᠥᠭᠵᠢᠬᠦ ᠪᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ | ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠨ᠎ᠠ᠃ | ︵ᠲᠠᠪᠤ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠨ᠎ᠠ᠃ ᠰᠦᠯᠵᠢᠶ᠎ᠡ᠂ ᠲᠧᠯᠸᠢᠰ᠂ ᠰᠣᠨᠢᠨ | ᠰᠡᠳᠬᠦᠯ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠨᠢᠯᠴᠠᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠨ ᠦᠷᠭᠦᠯᠵᠢᠯᠡᠨ ᠬᠥᠭᠵᠢᠭᠦᠯᠬᠦ ᠶᠢ ᠪᠡᠶᠡᠯᠡᠭᠦᠯᠦᠨ᠎ᠡ᠃ | ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ | ᠠᠵᠤ ᠠᠬᠤᠶᠢᠯᠠᠯ ᠤᠨ ᠬᠠᠤᠯᠢ ᠶᠣᠰᠣᠭᠠᠷ ᠪᠦᠷᠢᠳᠬᠡᠯ ᠳᠤ ᠣᠷᠣᠭᠤᠯᠬᠤ ᠤᠬᠠᠮᠰᠠᠷ ᠢ ᠴᠢᠩᠭᠠᠷᠠᠭᠤᠯᠤᠨ᠂ ᠨᠡᠶᠢᠭᠡᠮ | ᠳᠠᠶᠠᠭᠠᠷ ᠠᠴᠠ ᠥᠷᠭᠡᠨ ᠳᠡᠯᠭᠡᠷ ᠳᠡᠮᠵᠢᠯᠭᠡ ᠣᠯᠵᠦ᠂ ᠠᠵᠤ ᠠᠬᠤᠶᠢᠯᠠᠯ ᠤᠨ ᠪᠦᠷᠢᠳᠬᠡᠯ ᠳᠤ ᠣᠷᠣᠭᠤᠯᠬᠤ | ᠠᠵᠢᠯ ᠢ ᠢᠳᠡᠪᠬᠢᠲᠡᠶ ᠬᠠᠮᠵᠢᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | |