ᠠᠯᠠᠱᠠ ᠠᠶᠢᠮᠠᠭ ᠤᠨ ᠳᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠠᠵᠢᠯ ᠤᠨ ᠲᠥᠰᠦᠯ
ᠨᠡᠶᠢᠲᠡᠯᠡᠭᠰᠡᠨ ᠴᠠᠭ᠄
2024/6/28
    ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2022﹈ 14 ᠳ᠋ᠤᠭᠡᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠳᠣᠬᠠᠢ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠲᠠᠷᠬᠠᠭᠠᠭᠰᠠᠨ ﹇2024﹈ 12 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠠᠯᠠᠱᠠ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ︵ᠨᠢᠭᠡ︶ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ ᠂ ᠲᠠᠪᠤᠨ ᠶᠡᠭᠡ ᠰᠠᠭᠤᠷᠢᠨ ᠢ ᠪᠠᠶᠢᠭᠤᠯᠬᠤ᠂ ᠲᠤᠯᠤᠭᠠᠨ ᠶᠡᠭᠡ ᠢᠨᠵᠧᠨᠧᠷᠢᠩ ᠤᠨ ᠬᠠᠷᠠᠯᠲᠠ ᠡᠭᠦᠷᠭᠡ ᠶᠢ ᠬᠡᠷᠡᠭᠵᠢᠭᠦᠯᠬᠦ ᠲᠣᠭᠤᠷᠢᠨ ᠳᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠪᠦᠬᠦᠯᠢ ᠴᠣᠭᠴᠠ ᠪᠠᠷ ᠢᠶᠠᠨ ᠬᠠᠮᠵᠢᠯᠴᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠪᠠᠷ ᠬᠥᠲᠥᠯᠦᠨ ᠳᠠᠭᠠᠭᠤᠯᠬᠤ᠂ ᠬᠡᠷᠡᠭᠯᠡᠭᠡ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠲᠤᠭ᠎ᠠ ᠪᠠᠷᠢᠮᠲᠠ ᠪᠠᠷ ᠬᠦᠴᠦᠨ ᠣᠯᠭᠤᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠲᠦᠷᠢᠮ ᠢᠶᠠᠷ ᠪᠠᠳᠣᠯᠠᠬᠤ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠳᠣᠭᠳᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢ ᠣᠳᠣᠬᠢᠴᠢᠯᠠᠬᠤ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠦᠷᠭᠡᠨ ᠬᠦᠭᠵᠢᠬᠦᠯᠬᠦ ᠳᠤ ᠬᠦᠴᠦᠯᠡᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠬᠦᠯᠦᠨ᠎ᠡ᠃    ︵ᠬᠤᠶᠠᠷ︶ ᠶᠡᠷᠦᠩᠬᠡᠢ ᠬᠠᠷᠠᠯᠲᠠ    ︽2562︾ ᠶᠡᠷᠦᠩᠬᠡᠶ ᠪᠦᠲᠦᠴᠡ ᠶᠣᠰᠣᠭᠠᠷ᠂ ᠰᠦᠯᠵᠢᠶᠡᠨ ᠤ ᠪᠤᠳᠤᠬᠤ ᠬᠦᠴᠦᠨ᠂ ᠣᠶᠤᠨᠴᠢ ᠲᠥᠪ 2 ᠳᠠᠪᠬᠤᠷᠯᠢᠭ ᠤᠨ ᠲᠣᠭᠠᠴᠢᠯᠠᠭᠰᠠᠨ ᠰᠠᠭᠤᠷᠢ ᠶᠢ ᠪᠠᠶᠢᠭᠤᠯᠤᠨ ᠲᠡᠭᠦᠯᠳᠡᠷᠵᠢᠭᠦᠯᠵᠦ᠂ ︽ᠨᠢᠭᠡ ᠳᠡᠯᠭᠡᠴᠡ ᠪᠠᠷ ᠨᠢᠭᠡᠳᠦᠯᠲᠡᠶ ᠦᠵᠡᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ᠂ ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ᠂ ᠨᠢᠭᠡ ᠰᠦᠯᠵᠢᠶ᠎ᠡ ᠪᠠᠷ ᠨᠡᠶᠢᠳᠡᠮ ᠦᠢᠯᠡᠴᠢᠯᠡᠬᠦ︾ 5 ᠶᠡᠭᠡ ᠳᠣᠯᠭᠠᠭᠤᠷᠢᠯᠠᠬᠤ ᠲᠠᠪᠴᠠᠩ ᠢ ᠪᠠᠶᠢᠭᠤᠯᠵᠤ ᠂ ᠲᠣᠭᠠᠴᠢᠯᠠᠭᠰᠠᠨ ᠨᠠᠮ ᠤᠨ ᠪᠠᠶᠢᠭᠤᠯᠤᠯᠲᠠ᠂ ᠲᠣᠭᠠᠴᠢᠯᠠᠭᠰᠠᠨ ᠵᠠᠰᠠᠭ ᠤᠨ ᠶᠠᠪᠤᠳᠠᠯ᠂ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠰᠣᠶᠣᠯ᠂ ᠲᠣᠭᠠᠴᠢᠯᠠᠭᠰᠠᠨ ᠠᠮᠢ ᠠᠬᠤᠶ ᠵᠡᠷᠭᠡ 6 ᠶᠡᠭᠡ ᠬᠡᠷᠡᠭᠯᠡᠭᠡᠨ ᠤ ᠬᠦᠷᠢᠶ᠎ᠡ ᠶᠢ ᠲᠥᠯᠥᠪᠵᠢᠭᠦᠯᠵᠦ᠂ ︽ᠪᠠᠶᠠᠰᠣᠩᠭᠤᠢ ᠪᠠᠷ ᠭᠦᠢᠴᠡᠳᠭᠡᠬᠦ ᠳᠤ ᠴᠢᠳᠠᠮᠠᠭᠠᠢ ᠪᠠᠶᠢᠬᠤ︾ ᠪᠠ ︽ᠪᠠᠶᠠᠰᠣᠩᠭᠤᠢ ᠪᠠᠷ ᠵᠠᠰᠠᠭ ᠤᠨ ᠶᠠᠪᠣᠳᠠᠯ ᠳᠤ ᠦᠢᠯᠡᠴᠢᠯᠡᠬᠦ ᠳᠤ ᠴᠢᠳᠠᠮᠠᠭᠠᠢ ᠪᠠᠶᠢᠬᠤ︾ 2 ᠨᠢᠭᠡᠳᠦᠯᠲᠡᠶ ᠬᠡᠷᠡᠭᠯᠡᠭᠡᠨ ᠤ ᠦᠵᠦᠭᠦᠷ ᠢ ᠪᠣᠶ ᠪᠣᠯᠭᠠᠨ᠎ᠠ᠃    2025 ᠣᠨ ᠪᠣᠯᠬᠤ ᠳᠤ᠂ ᠲᠣᠭᠠᠴᠢᠯᠠᠭᠰᠠᠨ ᠰᠠᠭᠤᠷᠢ ᠳᠦᠭᠦᠭᠡᠷᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠲᠣᠭᠠᠴᠢᠯᠠᠭᠰᠠᠨ ᠰᠠᠭᠤᠷᠢ ᠳᠦᠭᠦᠭᠡᠷᠦᠮᠵᠢ ᠶᠢᠨ ᠨᠡᠶᠢᠲᠡᠯᠢᠭ ᠴᠢᠨᠠᠷᠲᠠᠶ ᠲᠤᠯᠭᠠᠭᠤᠷᠢᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ᠂ ᠣᠯᠠᠨ ᠨᠡᠶᠢᠲᠡ ᠶᠢᠨ ᠳᠤᠭ᠎ᠠ ᠪᠠᠷᠢᠮᠳᠠ ᠪᠠ ᠨᠡᠶᠢᠭᠡᠮ ᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠢ ᠭᠦᠢᠴᠡᠳ ᠬᠠᠮᠲᠤ ᠳᠠᠭᠠᠨ ᠬᠦᠷᠲᠡᠵᠦ ᠠᠭᠤᠰᠤᠯᠴᠠᠭᠤᠯᠤᠨ᠂ ᠰᠠᠯᠠᠭ᠎ᠠ ᠮᠥᠴᠢᠷ᠂  ᠱᠠᠳᠣ ᠳᠠᠪᠬᠤᠷᠭ᠎ᠠ᠂ ᠰᠢᠰᠲ᠋ᠧᠮ ᠠᠯᠤᠰᠯᠠᠨ ᠬᠡᠷᠡᠭᠯᠡᠬᠦ ᠶᠢ ᠪᠦᠲᠦᠮᠵᠢᠲᠡᠶ ᠲᠤᠯᠭᠠᠭᠤᠷᠢᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠢ ᠬᠠᠮᠢᠶᠠᠷᠬᠤ ᠲᠦᠷᠢᠮ᠂ ᠪᠠᠷᠢᠮᠵᠢᠶ᠎ᠠ ᠵᠢᠷᠤᠮᠵᠢᠯ᠂ ᠠᠵᠢᠯᠯᠠᠭᠤᠯᠵᠤ ᠪᠠᠲᠤᠯᠠᠬᠤ ᠪᠠ ᠠᠮᠤᠷ ᠲᠦᠪᠰᠢᠨ ᠢ ᠪᠠᠳᠣᠯᠠᠬᠤ ᠲᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠤᠨ᠎ᠠ᠃ 2035 ᠤᠨ ᠪᠣᠯᠬᠤ ᠳᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠠᠵᠢᠯᠯᠠᠭᠠᠨ ᠢ ᠬᠠᠮᠢᠶᠠᠷᠬᠤ ᠳᠣᠭᠳᠠᠯᠴᠠᠭ᠎ᠠ  ᠶᠢ ᠨᠠᠩ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠬᠦᠢᠴᠡᠳᠭᠡᠬᠦ ᠶᠢ ᠲᠣᠭᠠᠴᠢᠯᠠᠬᠤ᠂ ᠤᠶᠤᠨᠴᠢᠯᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠠᠮᠢᠶᠠᠷᠤᠯᠲᠠ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢᠯᠠᠬᠤ᠂ ᠨᠡᠶᠢᠭᠡᠮ ᠤᠨ ᠵᠠᠰᠠᠯᠲᠠ ᠶᠢ ᠨᠠᠷᠢᠯᠢᠭ ᠣᠨᠣᠪᠴᠢᠳᠠᠢ ᠪᠣᠯᠭᠠᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠨᠡᠶᠢᠳᠡᠮ ᠠᠰᠢᠭ ᠬᠦᠷᠲᠡᠭᠡᠬᠦ ᠲᠠᠯ᠎ᠠ ᠪᠠᠷ ᠴᠢᠬᠤᠯᠠ ᠠᠬᠢᠴᠠ ᠲᠠᠢ ᠪᠣᠯᠭᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠪᠥᠬᠦ ᠠᠶᠢᠮᠠᠭ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠤᠯᠳᠠᠯᠭ᠎ᠠ ᠲᠠᠢ ᠡᠭᠦᠷᠭᠡ ᠳᠤ ᠦᠢᠯᠡᠴᠢᠯᠡᠬᠦ᠂ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠠᠮᠢ ᠠᠬᠤᠶ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ᠂ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠤᠨ᠎ᠠ᠃    ᠬᠤᠶᠠᠷ᠂ ᠭᠤᠣᠯ ᠡᠭᠦᠷᠭᠡ    ︵ᠨᠢᠭᠡ︶ ᠵᠠᠰᠠᠭ ᠤᠨ ᠤᠷᠳᠤᠨ ᠤ ᠲᠤᠭᠠᠴᠢᠯᠠᠨ ᠡᠭᠦᠷᠭᠡ ᠳᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠬᠦᠯᠦᠨ᠎ᠡ    1. ᠠᠵᠤ ᠠᠬᠤᠶ ᠶᠢᠨ ᠳᠤᠭ᠎ᠠ ᠪᠠᠷᠢᠮᠳᠠ ᠶᠢ ᠴᠤᠭᠯᠠᠭᠤᠯᠬᠤ᠂ ᠵᠠᠰᠠᠬᠤ ᠪᠠ ᠬᠡᠷᠡᠭᠯᠡᠬᠦ ᠶᠢ ᠴᠢᠩᠭᠠᠳᠬᠠᠵᠤ᠂ ᠲᠣᠮᠣ ᠳ᠋ᠠᠶᠢᠲ᠋ᠠ ᠶᠢ ᠬᠡᠷᠡᠭᠯᠡᠨ ᠠᠵᠤ ᠠᠬᠤᠶ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠷᠠᠭᠤᠯᠤᠨ᠂ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠣᠨᠣᠪᠴᠢᠲᠤ ᠴᠢᠨᠠᠷ ᠪᠠ ᠵᠣᠬᠢᠴᠠᠯᠳᠤ ᠴᠢᠨᠠᠷ ᠢ ᠳᠡᠭᠡᠭᠰᠢᠯᠡᠭᠦᠯᠦᠨ᠎ᠡ᠃ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ ᠪᠥᠬᠦ ᠠᠶᠢᠮᠠᠭ ᠤᠨ ᠬᠥᠮᠦᠨ ᠠᠮᠠ᠂ ᠠᠵᠢᠯ ᠣᠯᠭᠤᠯᠲᠠ᠂ ᠠᠵᠤ ᠦᠢᠯᠡᠰ᠂ ᠪᠠᠯᠠ ᠣᠷᠣᠭᠤᠯᠤᠯᠲᠠ᠂ ᠬᠡᠷᠡᠭᠯᠡᠭᠡ᠂ ᠠᠷᠠᠯᠵᠢᠶ᠎ᠠ᠂ ᠬᠦᠷᠢᠶᠡᠯᠡᠩ ᠲᠣᠭᠤᠷᠢᠭ᠂ ᠪᠣᠭᠤᠮᠲᠠ ᠵᠡᠷᠭᠡ ᠠᠵᠤ ᠠᠬᠤᠶ ᠶᠢᠨ ᠬᠦᠷᠢᠶᠡᠨ ᠤ ᠵᠠᠩᠭᠢᠯᠠᠭ᠎ᠠ ᠶᠢᠨ ᠳᠤᠭ᠎ᠠ ᠪᠠᠷᠢᠮᠳᠠ ᠶᠢ ᠡᠮᠬᠢᠯᠡᠨ ᠨᠡᠶᠢᠯᠡᠭᠦᠯᠵᠦ ᠵᠠᠰᠠᠬᠤ ᠶᠢ ᠠᠬᠢᠭᠤᠯᠵᠤ᠂ ᠠᠵᠤ ᠠᠬᠤᠶ ᠶᠢᠨ ᠵᠠᠰᠠᠯᠲᠠ ᠶᠢᠨ ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠬᠤᠷᠸ᠎ᠠ ᠠᠵᠤ ᠠᠬᠤᠶ ᠶᠢᠨ ᠵᠠᠰᠠᠯᠲᠠ ᠶᠢᠨ ᠲᠤᠭ᠎ᠠ ᠪᠠᠷᠢᠮᠲᠠ ᠶᠢ ᠵᠠᠳᠠᠯᠬᠤ ᠪᠠ ᠲᠤᠰᠠᠯᠠᠬᠤ ᠰᠢᠢᠳᠪᠦᠷᠢᠲᠦ ᠪᠣᠳᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 6 ᠳ᠋ᠤᠭᠠᠷ ᠰᠠᠷ᠎ᠠ︶    ︽ᠤᠶᠤᠨᠲᠤ ᠬᠢᠯᠢ ᠶᠢᠨ ᠪᠣᠭᠤᠮᠲᠠ︾᠂ ︽ᠤᠶᠤᠨᠲᠤ ᠬᠦᠷᠢᠶᠡᠯᠡᠩ ᠲᠣᠭᠤᠷᠢᠭ︾᠂ ︽ᠤᠶᠤᠨᠲᠤ ᠪᠠᠷᠠᠭᠠᠨ ᠤ ᠬᠦᠢᠯᠭᠡᠭᠡ︾ ᠵᠢᠴᠢ ᠡᠳ᠋ ᠤᠨ ᠵᠠᠰᠠᠭ᠂ ᠮᠥᠩᠭᠦᠨ ᠬᠦᠢᠯᠭᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠬᠤᠳᠠᠯᠳᠤᠭᠠᠨ ᠤ ᠶᠠᠪᠤᠳᠠᠯ ᠵᠡᠷᠭᠡ ᠬᠦᠷᠢᠶᠡᠨ ᠳᠠᠬᠢ ᠲᠣᠭᠠᠴᠢᠯᠠᠭᠰᠠᠨ ᠪᠠᠶᠢᠭᠤᠯᠤᠯᠲᠠ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ᠡᠯ᠎ᠡ ᠬᠦᠷᠢᠶᠡᠨ ᠤ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠂ ᠠᠵᠤ ᠠᠬᠤᠶ ᠶᠢᠨ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠤᠷᠢᠳᠴᠢᠯᠠᠨ ᠮᠡᠳᠡᠬᠦ ᠴᠢᠨᠠᠷ ᠪᠠ ᠪᠦᠲᠦᠮᠵᠢᠲᠦ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠮ  ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ ᠬᠠᠮᠢᠶᠠᠷᠬᠤ ᠵᠥᠪᠯᠡᠯ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    2. ᠬᠢᠨᠠᠯᠲᠠ ᠬᠠᠮᠢᠶᠠᠷᠤᠯᠲᠠ ᠶᠢ ᠨᠠᠷᠢᠯᠢᠭ ᠣᠨᠣᠪᠴᠢᠳᠠᠢ ᠪᠠᠶᠢᠯᠭᠠᠬᠤ᠂ ᠬᠠᠮᠵᠢᠯᠴᠠᠭᠤᠯᠬᠤ᠂ ᠤᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠨᠠᠠ  ᠬᠠᠮᠢᠶᠠᠷᠬᠤ ᠵᠦᠢᠯᠡᠰ ᠤᠨ ᠨᠠᠷᠢᠨ ᠬᠠᠭᠤᠳᠠᠰᠤᠴᠢᠯᠠᠭᠰᠠᠨ ᠲᠣᠭᠠᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠡᠬᠢᠲᠦ ᠲᠤᠭ᠎ᠠ ᠪᠠᠷᠢᠮᠲᠠ ᠶᠢ ᠬᠡᠷᠡᠭᠯᠡᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠠᠷᠢᠯᠢᠭ ᠣᠨᠣᠪᠴᠢᠳᠠᠢ ᠳᠦᠯᠦᠪᠯᠡᠨ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ — ᠥᠪᠥᠷ ᠮᠣᠩᠭᠤᠯ︶ ᠢ ᠥᠷᠭᠡᠨ ᠢᠶᠠᠷ ᠬᠡᠷᠡᠭᠯᠡᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠠᠰ ᠲᠥᠷᠥᠯ ᠬᠤᠪᠢᠶᠠᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢᠨ ᠲᠤᠭ᠎ᠠ ᠪᠠᠷᠢᠮᠲᠠ ᠬᠢᠭᠡᠳ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠬᠤ︾ ᠲᠤᠭ᠎ᠠ ᠪᠠᠷᠢᠮᠲᠠ ᠶᠢᠨ ᠣᠷᠭᠠᠨᠢᠭ ᠠᠭᠤᠰᠤᠯᠴᠠᠯ ᠢ ᠠᠬᠢᠭᠤᠯᠵᠤ᠂ ᠠᠯᠠᠱᠠ ᠠᠶᠢᠮᠠᠭ ᠤᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠳᠣ ᠪᠠᠷ ᠭᠥᠷᠳᠡᠬᠦ ᠲᠠᠪᠴᠠᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠴᠤᠭᠯᠠᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢ ᠦᠨᠳᠦᠰᠦᠯᠡᠨ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠬᠦᠷᠢᠶ᠎ᠡ ᠴᠠᠷᠠᠭ᠎ᠠ᠂ ᠡᠨᠧᠷᠭᠢ ᠶᠢᠨ ᠬᠦᠷᠢᠶ᠎ᠡ ᠴᠠᠷᠠᠭ᠎ᠠ ᠵᠡᠷᠭᠡ ᠠᠵᠢᠯ ᠲᠥᠷᠥᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠦᠢᠯᠡᠴᠢᠯᠡᠭᠡᠨ ᠤ ᠴᠢᠳᠠᠪᠤᠷᠢ ᠪᠠ ᠳᠣᠭᠠᠴᠢᠯᠠᠨ ᠬᠢᠨᠠᠨ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ ᠵᠡᠷᠭᠡ ᠡᠯ᠎ᠡ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ — ᠥᠪᠥᠷ ᠮᠣᠩᠭᠤᠯ︶ ᠪᠣᠯᠤᠨ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠬᠢᠨᠠᠠ ᠬᠠᠮᠢᠶᠠᠷᠬᠤ︾ ᠲᠠᠪᠴᠠᠩ ᠳᠤ ᠲᠦᠰᠢᠭᠯᠡᠨ᠂ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠳᠠᠭᠠᠨ ᠭᠥᠷᠳᠡᠬᠦ ᠪᠠ ᠠᠰᠢᠭᠯᠠᠬᠤ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢᠨ ᠵᠠᠰᠠᠯᠲᠠ ᠶᠢ ᠴᠢᠩᠭᠠᠷᠠᠭᠤᠯᠤᠨ᠂ ᠭᠠᠵᠠᠷ ᠣᠷᠣᠨ᠂ ᠰᠠᠯᠠᠭ᠎ᠠ ᠮᠥᠴᠢᠷ᠂ ᠱᠠᠲᠤ ᠠᠯᠤᠰᠯᠠᠨ ᠬᠠᠮᠵᠢᠯᠴᠠᠭᠤᠯᠬᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠰᠠᠷ᠎ᠠ︶     ᠰᠦᠯᠵᠢᠶᠡᠨ ᠤ ᠵᠠᠬ᠎ᠠ ᠳᠡᠯᠭᠡᠭᠦᠷ ᠢ ᠬᠢᠨᠠᠠ ᠬᠠᠮᠢᠶᠠᠷᠬᠤ ᠶᠡᠷᠦᠩᠬᠡᠶᠢᠯᠡᠭᠰᠡᠨ ᠵᠢᠯᠣᠭᠤᠳᠬᠤ ᠰᠢᠰᠲ᠋ᠧᠮ᠂ ᠴᠠᠬᠢᠯᠭᠠᠨ ᠱᠠᠲᠤ ᠶᠢᠨ ᠠᠮᠤᠷ ᠲᠦᠪᠰᠢᠨ ᠤ  ᠪᠣᠳᠠᠰ ᠢ ᠬᠤᠯᠪᠣᠬᠤ ᠰᠦᠯᠵᠢᠶᠡᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠪᠠ ᠪᠤᠰᠤᠳ ᠵᠠᠬ᠎ᠠ ᠳᠡᠯᠭᠡᠭᠦᠷ ᠢ ᠬᠢᠨᠠᠠ ᠬᠠᠮᠢᠶᠠᠷᠬᠤ ᠰᠢᠢᠳᠪᠦᠷᠢᠲᠦ ᠪᠣᠳᠣᠯᠭ᠎ᠠ ᠶᠢᠨ ᠳᠡᠮᠵᠢᠯᠭᠡ ᠶᠢᠨ ᠲᠥᠷᠥᠯ ᠤᠨ ᠬᠡᠷᠡᠭᠯᠡᠯᠲᠡ ᠶᠢ ᠲᠠᠰ ᠳᠡᠪᠰᠢᠭᠦᠯᠵᠦ᠂ ᠲᠤᠬᠠᠶ ᠶᠢᠨ ᠲᠠᠯᠠᠪᠤᠷ ᠤᠨ ᠪᠤᠰᠤ᠂ ᠪᠣᠳᠠᠰ ᠤᠨ ᠬᠤᠯᠪᠣᠭ᠎ᠠ ᠶᠢᠨ ᠰᠡᠷᠡᠯ᠂ ᠰᠢᠯᠵᠢᠮᠡᠯ ᠦᠵᠦᠭᠦᠷ ᠵᠡᠷᠭᠡ ᠰᠢᠨ᠎ᠡ ᠬᠡᠯᠪᠡᠷᠢ ᠶᠢᠨ ᠬᠢᠨᠠᠠ ᠬᠠᠮᠢᠶᠠᠷᠬᠤ ᠠᠷᠭ᠎ᠠ ᠪᠠᠷᠢᠯ ᠢ ᠭᠦᠢᠴᠡᠳ ᠬᠡᠷᠡᠭᠯᠡᠨ ᠂ ᠬᠢᠨᠠᠯᠲᠠ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ᠂ ᠭᠤᠤᠯᠳᠠᠯᠭ᠎ᠠ ᠲᠠᠢ ᠠᠵᠢᠯ ᠲᠥᠷᠥᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠂ ᠢᠳᠡᠭᠡᠨ ᠡᠮ ᠤᠨ ᠵᠦᠢᠯ ᠪᠣᠯᠤᠨ ᠣᠨᠴᠠ ᠲᠥᠷᠥᠯ ᠤᠨ ᠲᠥᠬᠦᠭᠡᠷᠦᠮᠵᠢ ᠵᠡᠷᠭᠡ ᠲᠤᠬᠠᠶᠢᠯᠠᠭᠰᠠᠨ ᠠᠵᠢᠯ ᠤᠨ ᠲᠣᠭᠤᠷᠢᠨ ᠳᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠦᠬᠦ ᠭᠤᠤᠯ ᠴᠣᠭᠴᠠ᠂ ᠪᠦᠬᠦ ᠲᠥᠷᠥᠯ ᠵᠦᠢᠯ᠂ ᠪᠦᠬᠦ ᠬᠡᠯᠬᠢᠶᠡᠰᠦ ᠶᠢᠨ ᠲᠣᠭᠠᠴᠢᠯᠠᠭᠰᠠᠨ ᠮᠥᠷᠳᠡᠨ ᠤᠬᠤᠴᠢᠯᠠᠵᠤ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠰᠦᠯᠵᠢᠶ᠎ᠡ ᠪᠠᠷ ᠰᠦᠯᠵᠢᠶ᠎ᠡ ᠶᠢ ᠬᠠᠮᠢᠶᠠᠷᠬᠤ ᠶᠢ ᠴᠢᠩᠭᠠᠳᠬᠠᠵᠤ᠂ ᠲᠠᠪᠴᠠᠩ ᠤᠨ ᠠᠵᠤ ᠠᠬᠤᠶ᠂ ᠰᠣᠶᠣᠯ ᠤᠨ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠲᠣᠭᠠᠴᠢᠯᠠᠭᠰᠠᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠬᠢᠨᠠᠨ ᠬᠠᠮᠢᠶᠠᠷᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠵᠡᠷᠭᠡ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    3. ᠠᠶᠢᠮᠠᠭ ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠪᠥᠬᠦ ᠠᠶᠢᠮᠠᠭ ᠤᠨ ︽ᠰᠦᠯᠵᠢᠶ᠎ᠡ+ ᠵᠠᠬᠢᠳᠠᠯ ᠰᠤᠷᠪᠤᠯᠵᠢᠯᠠᠭ᠎ᠠ︾ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠥᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠪᠴᠠᠩ ᠤᠨ ᠬᠡᠷᠡᠭᠯᠡᠯᠲᠡ ᠶᠢ ᠶᠡᠭᠡ ᠪᠠᠷ ᠳᠡᠯᠭᠡᠷᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠨᠠᠷᠢᠯᠢᠭ ᠣᠨᠣᠪᠴᠢᠳᠠᠢ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠳᠦᠷᠦᠬᠦᠯᠡᠬᠦ ᠰᠠᠯᠠᠭ᠎ᠠ ᠮᠥᠴᠢᠷ᠄ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠡᠯ᠎ᠡ ᠬᠤᠰᠢᠭᠤ ︵  ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠰᠠᠷ᠎ᠠ︶    ︽ᠢᠯᠡ ᠳᠣᠳᠣ ᠪᠠᠶᠢᠯᠭᠠᠬᠤ ᠢᠨᠵᠧᠨᠧᠷᠢᠩ︾᠂ ︽ᠤᠶᠤᠨᠲᠤ ᠬᠢᠯᠢ ᠶᠢᠨ ᠬᠠᠮᠠᠭᠠᠯᠠᠯᠲᠠ︾ ᠵᠡᠷᠭᠡ ᠬᠡᠷᠡᠭᠯᠡᠭᠡᠨ ᠤ ᠲᠠᠯᠠᠪᠤᠷ ᠢ ᠦᠷᠭᠦᠯᠵᠢᠯᠡᠨ ᠥᠷᠭᠡᠳᠬᠡᠵᠦ᠂ ᠬᠠᠮᠢᠶ᠎ᠠ ᠪᠥᠬᠦᠶ ᠰᠢᠰᠲ᠋ᠧᠮ ᠤᠨ ᠲᠤᠭ᠎ᠠ ᠪᠠᠷᠢᠮᠲᠠ ᠲᠠᠢ ᠠᠭᠤᠰᠤᠯᠴᠠᠭᠤᠯᠤᠨ᠂ ᠶᠡᠷᠦᠩᠬᠡᠶᠢᠯᠡᠨ ᠵᠠᠰᠠᠬᠤ ᠶᠢ ᠠᠭᠤᠰᠤᠯᠴᠠᠭᠤᠯᠬᠤ ᠲᠠᠪᠴᠠᠩ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠬᠡᠷᠡᠭ ᠢ ᠰᠡᠷᠡᠵᠦ ᠮᠡᠳᠡᠬᠦ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ᠂ ᠬᠠᠮᠵᠢᠯᠴᠠᠨ ᠰᠢᠢᠳᠪᠦᠷᠢᠯᠡᠬᠦ᠂ ᠨᠡᠷ᠎ᠡ ᠮᠡᠳᠡᠭᠦᠯᠬᠦ᠂ ᠬᠢᠨᠠᠨ ᠰᠢᠯᠭᠠᠵᠤ ᠬᠢᠨᠠᠯᠲᠠ ᠲᠠᠯᠪᠢᠬᠤ ᠶᠢ ᠬᠠᠮᠵᠢᠯᠴᠠᠭᠤᠯᠣᠭᠰᠠᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠣᠭᠳᠠᠯᠴᠠᠭ᠎ᠠ ᠶᠢ ᠪᠦᠷᠢᠨᠰᠢᠭᠦᠯᠦᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠥᠮᠦᠰ ᠢ ᠬᠢᠨᠠᠨ ᠬᠠᠮᠢᠶᠠᠷᠬᠤ ᠪᠠ ᠳᠡᠳᠡᠨ ᠳᠤ ᠦᠢᠯᠡᠴᠢᠯᠡᠬᠦ ᠶᠢ ᠴᠢᠩᠭᠠᠷᠠᠭᠤᠯᠤᠨ᠂ ᠭᠤᠤᠯᠳᠠᠯᠭ᠎ᠠ ᠲᠠᠢ ᠬᠦᠷᠢᠶᠡᠨ ᠳᠠᠬᠢ ᠵᠠᠰᠠᠯᠳᠠ ᠶᠢᠨ ᠬᠦᠴᠢᠷ ᠠᠰᠠᠭᠤᠳᠠᠯ ᠪᠠ ᠨᠡᠶᠢᠭᠡᠮ ᠤᠨ ᠵᠥᠷᠢᠴᠡᠯ ᠠᠶᠤᠯ ᠲᠦᠭᠰᠢᠭᠦᠷᠢ ᠶᠢ ᠠᠷᠢᠯᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠮᠡᠳᠡᠭᠡ ᠵᠠᠩᠬᠢᠴᠢᠯᠠᠬᠤ ᠳᠣᠭᠳᠠᠯᠴᠠᠭ᠎ᠠ ᠶᠢ ᠪᠠᠶᠢᠭᠤᠯᠵᠤ᠂ ᠬᠥᠳᠡᠯᠦᠩᠭᠦᠶ ᠪᠠᠷ ᠮᠡᠳᠡᠷᠡᠵᠦ᠂ ᠨᠠᠷᠢᠯᠢᠭ ᠣᠨᠣᠪᠴᠢᠳᠠᠢ ᠪᠠᠷ ᠰᠡᠷᠡᠮᠵᠢᠯᠡᠬᠦᠯᠵᠦ᠂ ᠰᠦᠯᠵᠢᠶ᠎ᠡ ᠪᠠᠷ ᠬᠢᠨᠠᠨ ᠬᠠᠮᠢᠶᠠᠷᠴᠦ᠂ ᠲᠦᠷᠭᠡᠨ ᠰᠢᠢᠳᠪᠦᠷᠢᠯᠡᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠰᠠᠷ᠎ᠠ︶    ᠦᠨᠳᠦᠰᠦᠨ ᠱᠠᠲᠤᠨ ᠤ ︽ᠦᠨᠳᠦᠰᠦᠨ ᠳᠤᠭ᠎ᠠ ᠪᠠᠷᠢᠮᠳᠠ ᠶᠢᠨ ᠬᠥᠮᠥᠷᠭᠡ︾ ᠶᠢ ᠪᠠᠶᠢᠭᠤᠯᠬᠤ ᠵᠢᠴᠢ ᠪᠥᠬᠦ ᠣᠷᠣᠨ ᠤ ︽ᠨᠢᠭᠡ ᠬᠦᠰᠦᠨᠦᠭᠲᠦ  ᠶᠢ ᠨᠡᠶᠢᠳᠡᠮ ᠬᠡᠷᠡᠭᠯᠡᠬᠦ︾ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ ᠳᠤᠭ᠎ᠠ ᠪᠠᠷᠢᠮᠳᠠ   ᠶᠢᠨ ᠡᠬᠢ ᠪᠠᠶᠠᠯᠢᠭ ᠢ ᠶᠡᠷᠦᠩᠬᠡᠶᠢᠯᠡᠨ ᠴᠤᠭᠯᠠᠭᠤᠯᠬᠤ᠂ ᠨᠢᠭᠡ ᠬᠦᠰᠦᠨᠦᠭᠲᠦ  ᠶᠢ ᠨᠡᠶᠢᠳᠡᠮ ᠬᠡᠷᠡᠭᠯᠡᠬᠦ᠂ ᠣᠯᠠᠨ ᠲᠠᠯ᠎ᠠ ᠪᠠᠷ ᠬᠠᠮᠲᠤ ᠪᠠᠷ ᠬᠤᠪᠢᠶᠠᠯᠴᠠᠬᠤ ᠶᠢ ᠠᠬᠢᠭᠤᠯᠤᠨ᠂ ᠦᠨᠳᠦᠰᠦᠨ ᠱᠠᠲᠤᠨ  ᠤ ᠳᠠᠷᠤᠭᠠᠰᠤ  ᠶᠢ ᠦᠨᠡᠨ ᠬᠦ ᠬᠥᠩᠭᠡᠷᠡᠭᠦᠯᠦᠨ᠎ᠡ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ  ᠤᠨ ᠵᠠᠰᠠᠭ  ᠤᠨ ᠶᠠᠪᠣᠳᠠᠯ  ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ   ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ  ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ  ᠤᠨ ᠬᠢᠵᠠᠭᠠᠷ᠄ 2024 ᠣᠨ ᠤ 12 ᠳ᠋ᠤᠭᠠᠷ ᠰᠠᠷ᠎ᠠ︶    ︽ᠬᠠᠯᠠᠭᠤᠨ ᠰᠡᠳᠬᠢᠯᠲᠦ︾ ᠣᠶᠤᠨᠴᠢ ᠨᠡᠶᠢᠭᠡᠮ ᠲᠣᠭᠤᠷᠢᠭ ᠤᠨ ᠲᠠᠪᠴᠠᠩ ᠢ ᠲᠦᠷᠬᠡᠨ ᠪᠠᠶᠢᠭᠤᠯᠵᠤ᠂ ᠪᠦᠬᠦ ᠠᠶᠢᠮᠠᠭ ᠤᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠨᠢᠭᠡ ᠥᠷᠲᠡᠭᠡ ᠮᠠᠶ᠋ᠢᠭ︾ ᠤᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠠᠪᠴᠠᠩ ᠢ ᠪᠠᠶᠢᠭᠤᠯᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠤ ᠬᠡᠷᠡᠭ ᠤᠨ ᠭᠤᠷᠪᠠ ᠶᠢ ᠪᠠᠭᠤᠷᠠᠭᠤᠯᠤᠨ ᠨᠢᠭᠡ ᠶᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠨᠡᠶᠢᠭᠡᠮ ᠤᠨ ᠠᠵᠢᠯ ᠤᠨ ᠬᠡᠯᠲᠡᠰ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠦᠬᠦ ᠬᠤᠷᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    4. ︽ᠪᠠᠶᠠᠰᠣᠩᠭᠤᠢ ᠪᠠᠷ ᠭᠦᠢᠴᠡᠳᠭᠡᠬᠦ ᠳᠤ ᠴᠢᠳᠠᠮᠠᠭᠠᠢ ᠪᠠᠶᠢᠬᠤ︾ ᠰᠢᠯᠵᠢᠮᠡᠯ ᠦᠵᠦᠭᠦᠷ ᠤᠨ ᠬᠡᠷᠡᠭᠯᠡᠭᠡᠨ ᠢ ᠪᠣᠢ ᠪᠣᠯᠭᠠᠵᠦ᠂ ᠪᠥᠬᠦ ᠠᠶᠢᠮᠠᠭ ᠤᠨ ᠨᠢᠭᠡᠳᠦᠯᠲᠡᠶ ᠦᠢᠯᠡᠴᠢᠯᠡᠭᠡ ᠳᠤ ᠨᠡᠪᠳᠡᠷᠡᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠦᠢᠯᠡᠴᠢᠯᠡᠭᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠠᠷᠭ᠎ᠠ ᠵᠠᠮ ᠢ ᠨᠡᠶᠢᠯᠡᠭᠦᠯᠵᠦ᠂ ᠦᠢᠯᠡᠴᠢᠯᠡᠭᠡᠨ ᠤ ︽ᠨᠢᠭᠡ ᠥᠷᠲᠡᠭᠡ ᠳᠤ ᠴᠤᠭᠯᠠᠷᠠᠭᠤᠯᠵᠤ᠂ ᠨᠢᠭᠡ ᠳᠠᠷᠤᠪᠴᠢ ᠪᠠᠷ ᠬᠦᠢᠴᠡᠳᠭᠡᠬᠦ︾ ᠶᠢ ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ  ᠤᠨ ᠵᠠᠰᠠᠭ  ᠤᠨ ᠶᠠᠪᠣᠳᠠᠯ  ᠤᠨ ᠦᠢᠯᠡᠴᠢᠯᠡᠭᠡ  ᠪᠠ ᠳ᠋ᠠᠶᠢᠲ᠋ᠠ  ᠶᠢᠨ ᠬᠠᠮᠢᠶᠠᠷᠣᠯᠳᠠ   ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ  ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ  ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    5. ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠣᠶᠤᠨᠴᠢ ᠳᠥᠭᠦᠮ ᠳᠥᠲᠡ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠦᠢᠴᠡᠳᠭᠡᠬᠦ ᠳᠤ ᠳᠦᠬᠦᠮ᠂ ᠲᠦᠷᠭᠡᠨ ᠬᠦᠢᠴᠡᠳᠭᠡᠬᠦ᠂ ᠬᠢᠯᠪᠠᠷᠬᠠᠨ ᠬᠦᠢᠴᠡᠳᠭᠡᠬᠦ ᠶᠢ ᠠᠮᠠᠷᠬᠠᠨ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠪᠠᠶᠢᠭᠤᠯᠬᠤ ᠠᠴᠠ ᠬᠦᠴᠦᠨ ᠦᠭᠡᠢ ᠪᠣᠯᠭᠠᠬᠤ᠂ ᠬᠤᠪᠢ ᠬᠥᠮᠦᠨ ᠳᠦᠷᠦᠬᠦ ᠠᠴᠠ ᠦᠬᠦᠬᠦ ᠬᠦᠷᠲᠡᠯᠡᠬᠢ ᠪᠥᠬᠦ ᠬᠤᠭᠤᠴᠠᠭᠠᠨ ᠳᠤ᠂ ᠲᠤᠬᠠᠶᠢᠯᠠᠭᠰᠠᠨ ᠠᠵᠢᠯ ᠤᠨ ᠬᠤᠯᠪᠣᠭᠳᠠᠬᠤ ᠴᠢᠨᠠᠷ ᠢᠶᠠᠷ ᠴᠢᠩᠭ᠎ᠠ᠂ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠡᠭᠡ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠵᠤ᠂ ᠭᠤᠣᠯ ᠰᠡᠳᠦᠪᠲᠦ᠂ ᠢᠵᠢ ᠦᠢᠯᠡᠴᠢᠯᠡᠭᠡ ᠶᠢ ᠬᠠᠩᠭᠠᠵᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠰ ᠳᠡᠪᠰᠢᠭᠰᠡᠨ ᠬᠡᠪ ᠢ ᠪᠣᠶ ᠪᠣᠯᠭᠠᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠠᠭᠤᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ  ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤ ︵  ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    6. ᠡᠯᠧᠺᠲᠷᠣᠨ ᠦᠨᠡᠮᠯᠡᠯ ᠢ ᠪᠠᠷᠢᠮᠵᠢᠶᠠᠵᠢᠭᠤᠯᠤᠠ ᠬᠡᠷᠡᠭᠯᠡᠬᠦ ᠶᠢ ᠠᠬᠢᠭᠤᠯᠤᠨ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠲᠠᠪᠴᠠᠩ ᠳᠤ ᠲᠦᠰᠢᠭᠯᠡᠨ᠂ ︽ᠨᠢᠭᠡᠳᠬᠡᠬᠦ ᠶᠣᠰᠣᠲᠠᠶ ᠶᠢ ᠨᠢ ᠴᠥᠮ ᠨᠢᠭᠡᠳᠬᠡᠵᠦ᠂ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ︾ ᠵᠠᠷᠴᠢᠮ ᠶᠣᠰᠣᠭᠠᠷ᠂ ᠠᠵᠤ ᠠᠬᠤᠶᠢᠯᠠᠯ ᠪᠠ ᠣᠯᠠᠨ ᠲᠦᠮᠡᠨ ᠤ ᠪᠠᠶᠢᠩᠭᠤ ᠬᠡᠷᠡᠭᠯᠡᠬᠦ ᠦᠨᠡᠮᠯᠡᠯ ᠢ ᠡᠯᠧᠺᠲᠷᠣᠨᠴᠢᠯᠡᠵᠦ᠂ ᠪᠣᠳᠠᠲᠤ ᠭᠡᠷᠡᠴᠢ ᠦᠨᠡᠮᠯᠡᠯ ᠲᠠᠢ ᠵᠡᠷᠭᠡ ᠪᠠᠷ ᠵᠣᠬᠢᠶᠠᠨ ᠲᠠᠷᠬᠠᠭᠠᠵᠤ ᠥᠭᠭᠦᠨ᠎ᠡ᠃  ᠳᠤᠭ᠎ᠠ ᠪᠠᠷᠢᠮᠳᠠ ᠶᠢ ᠬᠠᠮᠲᠤ ᠳᠠᠭᠠᠨ ᠬᠤᠪᠢᠶᠠᠯᠴᠠᠬᠤ᠂ ᠰᠦᠯᠵᠢᠶ᠎ᠡ ᠪᠠᠷ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠷᠭᠤᠭᠤᠯᠤᠨ ᠳᠠᠷᠬᠠᠭᠠᠭᠰᠠᠨ ᠮᠠᠲ᠋ᠧᠷᠢᠶᠠᠯ ᠢ ᠲᠤᠰᠢᠶᠠᠬᠤ ᠠᠴᠠ ᠭᠡᠯᠳᠦᠷᠢᠭᠦᠯᠬᠦ ᠶᠢ ᠠᠬᠢᠭᠤᠯᠵᠤ᠂ ᠬᠡᠷᠡᠭᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ︽ᠦᠨᠡᠮᠯᠡᠯ ᠢ ᠭᠡᠯᠳᠦᠷᠢᠭᠦᠯᠬᠦ︾ ᠦᠢᠯᠡᠴᠢᠯᠡᠭᠡ ᠶᠢ ᠦᠷᠭᠦᠯᠵᠢᠯᠡᠨ ᠭᠡᠷᠡᠭᠵᠢᠬᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠳ᠋ᠤᠭᠠᠷ ᠰᠠᠷ᠎ᠠ︶    7. ︽ᠮᠥᠩᠬᠡ ᠰᠤᠪᠠᠭ︾ ᠰᠢᠯᠵᠢᠮᠡᠯ ᠦᠵᠦᠭᠦᠷ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠤᠨ ᠠᠯᠠᠱᠠ ᠶᠢᠨ ᠬᠤᠪᠢᠶᠠᠷᠢ ᠲᠢᠩᠬᠢᠮ ᠤᠨ ᠬᠡᠷᠡᠭᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ ᠴᠤᠪᠤᠷᠠᠯ ᠪᠠ ᠦᠢᠯᠡᠴᠢᠯᠡᠭᠡᠨ ᠤ ᠠᠷᠭ᠎ᠠ ᠵᠠᠮ ᠤᠨ ᠲᠣᠭᠤᠷᠢᠨ ᠳᠤ᠂ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠥᠬᠦ ᠵᠦᠢᠯᠡᠰ ᠢ ᠨᠡᠶᠢᠳᠡᠯᠡᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠳᠠᠯ ᠢ ᠪᠠᠶᠢᠴᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠢᠨᠠᠠ ᠬᠠᠮᠢᠶᠠᠷᠬᠤ ᠶᠢ ᠴᠢᠩᠭᠠᠷᠠᠭᠤᠯᠣᠨ᠎ᠠ᠃ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ ᠭᠦᠨᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠢᠶ᠎ᠠ ᠪᠦᠬᠦᠢ ᠭᠡᠷᠡᠭᠯᠡᠭᠡ ᠶᠢ ᠨᠡᠭᠡᠭᠡᠨ ᠬᠥᠭᠵᠢᠭᠦᠯᠵᠦ ᠳᠡᠰ ᠳᠡᠪᠰᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠦᠷᠢᠨ ᠲᠡᠭᠦᠯᠳᠡᠷ᠂ ᠳᠥᠭᠦᠮ ᠳᠥᠲᠡ᠂ ᠪᠣᠯᠪᠠᠰᠤᠷᠠᠩᠭᠤᠶ ᠪᠠᠶᠢᠬᠤ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    8. ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠨᠢᠭᠡᠳᠦᠭᠡᠷ ᠹᠷᠣᠨᠲ ᠲᠤ ᠨᠡᠪᠲᠡᠷᠡᠭᠦᠯᠬᠦ︾ ᠶᠢ ᠠᠬᠢᠭᠤᠯᠤᠨ᠎ᠠ᠃ 12345  ᠤᠲᠠᠰᠤ ᠪᠠᠷ ᠳᠠᠮᠵᠢᠭᠤᠯᠤᠨ ᠠᠵᠤ ᠠᠬᠤᠶᠢᠯᠠᠯ ᠪᠠ ᠣᠯᠠᠨ ᠲᠦᠮᠡᠨ ᠤ ᠠᠰᠠᠭᠤᠨ ᠯᠠᠪᠯᠠᠬᠤ᠂ ᠵᠠᠭᠠᠯᠳᠣᠬᠤ᠂ ᠲᠤᠰᠠᠯᠠᠮᠵᠢ ᠭᠤᠶᠤᠴᠢᠯᠠᠬᠤ᠂ ᠰᠠᠨᠠᠭᠤᠯᠭ᠎ᠠ ᠵᠡᠷᠭᠡ ᠶᠢ ᠥᠨᠳᠥᠷ ᠪᠦᠲᠦᠮᠵᠢᠲᠡᠶ ᠪᠠᠷ ᠭᠥᠯᠢᠶᠡᠨ ᠠᠪᠴᠤ ᠰᠢᠢᠳᠪᠦᠷᠢᠯᠡᠨ᠂ ᠰᠠᠨᠠᠭᠠᠴᠢᠯᠠᠭ᠎ᠠ ᠠᠴᠠ ᠪᠠᠨ ᠵᠠᠰᠠᠬᠤ ᠶᠢ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠰᠠᠭᠤᠳᠠᠯ ᠢ ᠤᠷᠢᠳᠠᠪᠠᠷ ᠢᠯᠡᠷᠡᠭᠦᠯᠵᠦ᠂ ᠡᠮᠦᠨ᠎ᠡ ᠨᠢ ᠰᠢᠢᠳᠪᠦᠷᠢᠯᠡᠵᠦ᠂ 12345 ᠤᠲᠠᠰᠤ ᠶᠢ ︽ᠣᠳᠠᠰᠦ ᠵᠠᠯᠭᠠᠯᠲᠠ ᠶᠢᠨ ᠲᠥᠪ︾ ᠠᠴᠠ ︽ᠲᠤᠭ᠎ᠠ ᠪᠠᠷᠢᠮᠲᠠ ᠶᠢᠨ ᠲᠥᠪ︾ ᠳᠠᠰᠢ ᠬᠤᠪᠢᠷᠠᠭᠤᠯᠬᠤ ᠶᠢ ᠠᠬᠢᠭᠤᠯᠵᠤ᠂ ᠳᠥᠭᠦᠮ ᠳᠥᠲᠡ᠂ ᠥᠨᠳᠥᠷ ᠪᠦᠲᠦᠮᠵᠢᠲᠡᠶ᠂ ᠵᠢᠷᠤᠮᠵᠢᠯ ᠲᠠᠢ᠂ ᠤᠬᠠᠭᠠᠯᠢᠭ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠭᠤᠨ ᠤᠲᠠᠰᠤ ᠶᠢ ᠬᠦᠴᠦᠯᠡᠨ ᠪᠣᠶ ᠪᠣᠯᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠳ᠋ᠤᠭᠠᠷ ᠰᠠᠷ᠎ᠠ︶    9. ᠲᠦᠭᠡᠮᠡᠯ ᠬᠠᠷᠠᠭᠠᠯᠵᠠᠯ ᠦᠵᠡᠭᠦᠯᠬᠦ ᠠᠳᠠᠯᠢ ᠲᠡᠭᠰᠢ ᠠᠷᠠᠳ ᠤᠨ ᠠᠮᠢᠳᠤᠷᠠᠯ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠠᠴᠢᠯᠠᠯᠲᠠ ᠶᠢ ᠠᠬᠢᠭᠤᠯᠵᠤ᠂ ︽ᠣᠯᠠᠨ ᠺᠠᠷᠲ ᠢ ᠨᠢᠭᠡᠳᠬᠡᠭᠰᠡᠨ︾ ᠰᠠᠭᠤᠭᠠᠯᠢ ᠠᠷᠠᠳ ᠤᠨ ᠦᠢᠯᠡᠴᠢᠯᠡᠭᠡᠨ ᠤ ᠪᠦᠬᠦᠨ ᠳᠤ ᠲᠣᠬᠢᠷᠠᠬᠤ ᠺᠠᠷᠲ ᠬᠡᠷᠡᠭᠯᠡᠬᠦ ᠶᠢ ᠢᠳᠡᠪᠬᠢᠲᠡᠢ ᠰᠦᠪᠡᠭᠴᠢᠯᠡᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠡᠷᠡᠭᠦᠯ ᠮᠡᠨᠳᠦ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮᠴᠢᠯᠡᠬᠡᠨ ᠤ ᠳᠠᠭᠠᠳᠬᠠᠯ᠂ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ᠂ ᠴᠡᠷᠢᠭ ᠠᠴᠠ ᠬᠠᠯᠠᠭᠳᠠᠭᠰᠠᠳ᠂ ᠰᠣᠶᠣᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠳᠠᠶᠢᠴᠢᠯᠠᠬᠤ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠤᠮᠠᠷᠠᠰᠢ ᠨᠡᠭᠡᠭᠡᠯᠲᠡ ᠬᠢᠬᠦ ᠵᠡᠷᠭᠡ ᠲᠣᠭᠠᠴᠢᠯᠠᠭᠰᠠᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠨᠴᠠᠭᠠᠶ ᠬᠦᠮᠦᠰ ᠲᠤ ᠦᠢᠯᠡᠴᠢᠯᠡᠬᠦ ᠬᠠᠩᠭᠠᠯᠭ᠎ᠠ ᠶᠢ ᠴᠢᠩᠭᠠᠳᠬᠠᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠦᠮᠦᠰ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠮᠡᠳᠡᠭᠡ ᠵᠠᠩᠭᠢ ᠶᠢᠨ ᠰᠠᠭᠠᠳ ᠥᠬᠡᠶ ᠪᠠᠶᠢᠭᠤᠯᠤᠯᠲᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠰᠠᠷ᠎ᠠ︶     10. ᠪᠥᠬᠦ ᠠᠶᠢᠮᠠᠭ ᠤᠨ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠳᠣᠭᠳᠠᠯᠴᠠᠭ᠎ᠠ ᠶᠢ ᠪᠠᠶᠢᠭᠤᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠨ ᠡᠭᠦᠷᠭᠡ ᠴᠢᠳᠠᠮᠵᠢ ᠶᠢ ᠰᠢᠰᠲ᠋ᠧᠮ ᠲᠠᠢ ᠡᠮᠬᠢᠯᠡᠵᠦ᠂ ᠬᠠᠮᠢᠶᠠᠷᠤᠯᠲᠠ ᠶᠢᠨ ᠴᠤᠪᠤᠷᠠᠯ ᠢ ᠰᠢᠯᠢᠳᠡᠭᠵᠢᠭᠦᠯᠦᠨ᠂ ᠪᠠᠷᠢᠮᠵᠢᠶ᠎ᠠ ᠨᠢ ᠨᠢᠭᠡᠳᠦᠯᠲᠡᠶ ᠠᠶᠢᠮᠠᠭ᠂ ᠬᠤᠰᠢᠭᠤ ︵ᠣᠷᠣᠨ︶ ᠶᠢᠨ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠵᠦᠢᠯᠡᠰ ᠢ ᠪᠣᠶ ᠪᠣᠯᠭᠠᠵᠤ᠂ ᠲᠤᠭ᠎ᠠ ᠪᠠᠷᠢᠮᠲᠠ ᠶᠢ ᠠᠭᠤᠰᠤᠯᠴᠠᠭᠤᠯᠬᠤ᠂ ᠵᠠᠳᠠᠯᠤᠨ ᠢᠯᠡᠷᠡᠬᠦᠯᠬᠦ᠂ ᠵᠣᠬᠢᠶᠠᠮᠠᠯ ᠣᠶᠤᠨ ᠴᠢᠳᠠᠪᠤᠷᠢ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠨᠢᠭᠡᠳᠦᠯᠲᠡᠶ ᠬᠤᠪᠢᠶᠠᠨ ᠰᠠᠯᠭᠠᠵᠤ ᠳᠣᠭᠢᠷᠠᠭᠤᠯᠬᠤ᠂ ᠪᠥᠬᠦ ᠶᠠᠪᠤᠴᠠ ᠳᠤ ᠬᠢᠨᠠᠯᠲᠠ ᠲᠠᠯᠪᠢᠵᠤ ᠬᠥᠲᠥᠯᠦᠨ ᠵᠢᠯᠣᠭᠤᠳᠬᠤ᠂ ᠶᠡᠷᠦᠩᠬᠡᠶᠢᠯᠡᠨ ᠦᠨᠡᠯᠡᠵᠦ ᠰᠢᠢᠳᠪᠦᠷᠢᠯᠡᠬᠦ᠂ ᠪᠡᠯᠡᠳᠬᠡᠯ ᠲᠥᠰᠦᠯ ᠢ ᠬᠠᠮᠢᠶᠠᠷᠬᠤ᠂ ᠡᠬᠢ ᠪᠠᠶᠠᠯᠢᠭ ᠢ ᠲᠣᠬᠢᠷᠠᠭᠤᠯᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠡᠳᠦᠷ ᠲᠤᠲᠤᠮ ᠤᠨ ᠪᠢᠲᠡᠭᠦᠮᠵᠢᠯᠡᠭᠰᠡᠨ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠳᠣᠷᠠᠨ ᠵᠢᠯᠣᠭᠤᠳᠬᠤ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠪᠠᠶᠢᠭᠤᠯᠤᠯᠲᠠ ᠶᠢᠨ ᠵᠢᠷᠤᠮᠵᠢᠯ ᠢ ᠦᠨᠳᠦᠰᠦᠯᠡᠨ᠂ ᠪᠥᠬᠦ ᠠᠶᠢᠮᠠᠭ ᠤᠨ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠲᠠᠪᠴᠠᠩ ᠲᠠᠢ ᠵᠣᠯᠭᠠᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶ ᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ᠬᠤᠲᠠ ᠶᠢᠨ ᠮᠡᠳᠡᠭᠡ ᠵᠠᠩᠭᠢ ᠶᠢᠨ ᠵᠠᠭᠪᠤᠷ ᠤᠨ ᠲᠠᠪᠴᠠᠩ ︵CIM︶ ᠢ ᠪᠠᠶᠢᠭᠤᠯᠬᠤ ᠶᠢ ᠠᠬᠢᠭᠤᠯᠵᠤ᠂ ᠬᠤᠲᠠ ᠶᠢᠨ ᠵᠠᠰᠠᠯᠲᠠ ᠶᠢᠨ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠤᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ᠭᠤᠣᠯᠳᠠᠯᠭ᠎ᠠ ᠲᠠᠢ ᠬᠦᠷᠢᠶᠡᠨ ᠤ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠠᠬᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠬᠡᠷᠡᠭᠯᠡᠭᠡᠨ ᠤ ᠲᠤᠰᠬᠠᠢ ᠰᠡᠳᠦᠪᠲᠦ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠡᠯ᠎ᠡ ᠬᠤᠰᠢᠭᠤ ︵ᠤᠷᠤᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠰᠠᠷ᠎ᠠ︶     11. ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠮᠵᠢᠯᠴᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠭᠡ ᠴᠣᠭᠴᠠᠵᠢᠭᠤᠯᠤᠭᠰᠠᠨ ᠠᠮᠢ ᠠᠬᠤᠶ ᠣᠷᠴᠢᠨ ᠲᠣᠭᠤᠷᠢᠨ ᠤ ᠣᠶᠤᠨᠴᠢ ᠰᠡᠷᠡᠨ ᠮᠡᠳᠡᠷᠡᠬᠦ ᠳᠣᠭᠳᠠᠯᠴᠠᠭ᠎ᠠ ᠶᠢ ᠪᠠᠶᠢᠭᠤᠯᠵᠤ᠂ ᠣᠷᠴᠢᠨ ᠲᠣᠭᠤᠷᠢᠨ ᠤ ᠶᠠᠰᠤ ᠴᠢᠨᠠᠷ᠂ ᠪᠣᠬᠢᠷᠲᠤᠯ ᠤᠨ ᠡᠬᠢ ᠰᠤᠷᠪᠤᠯᠵᠢ ᠪᠣᠯᠣᠨ ᠠᠮᠢ ᠠᠬᠤᠶ ᠶᠢᠨ ᠪᠠᠶᠢᠳᠠᠯ ᠢ ᠬᠢᠨᠠᠨ ᠬᠡᠮᠵᠢᠬᠦ ᠶᠢ ᠬᠠᠮᠣᠷᠣᠭᠤᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ᠂ ᠪᠠᠶᠢᠭᠠᠯᠢ ᠶᠢᠨ ᠠᠮᠢ ᠠᠬᠤᠶ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠴᠢᠩᠭᠠᠷᠠᠭᠤᠯᠤᠨ᠂ ᠭᠤᠤᠯᠳᠠᠯᠭ᠎ᠠ ᠲᠠᠢ ᠰᠠᠪᠠ ᠭᠠᠵᠠᠷ ᠣᠷᠣᠨ ᠪᠦᠰᠡ ᠶᠢ ᠬᠠᠮᠵᠢᠯᠴᠠᠨ ᠵᠠᠰᠠᠬᠤ ᠶᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠦᠨᠳᠦᠰᠦᠨ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠪᠣᠬᠢᠷᠲᠤᠯ ᠤᠨ ᠡᠬᠢ  ᠪᠣᠯᠣᠭᠰᠠᠨ ᠠᠵᠤ ᠠᠬᠤᠶᠢᠯᠠᠯ᠂ ᠭᠤᠷᠪᠠᠳᠠᠬᠢ ᠡᠲᠡᠭᠡᠳ ᠤᠨ ᠬᠢᠨᠠᠨ ᠬᠡᠮᠵᠢᠭᠰᠡᠨ ᠠᠵᠤ ᠠᠬᠤᠶᠢᠯᠠᠯ ᠤᠨ ᠣᠷᠴᠢᠨ ᠲᠣᠭᠤᠷᠢᠨ ᠤ ᠢᠲᠡᠭᠡᠮᠵᠢ ᠶᠢ ᠦᠨᠡᠯᠡᠬᠦ ᠪᠠ ᠢᠲᠡᠭᠡᠮᠵᠢ ᠶᠢ ᠰᠡᠷᠭᠦᠭᠡᠬᠦ ᠰᠦᠯᠵᠢᠶᠡᠨ ᠳᠡᠭᠡᠷᠡᠬᠢ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠵᠦ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠪᠠ ᠠᠮᠢ ᠠᠬᠤᠶ ᠶᠢ ᠰᠡᠷᠭᠦᠭᠡᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠰᠠᠷ᠎ᠠ︶    12. ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠬᠠᠮᠢᠶᠠᠷᠬᠤ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠨᠣᠪᠴᠢᠳᠠᠢ ᠪᠠᠷ ᠮᠡᠳᠡᠷᠡᠬᠦ᠂ ᠣᠶᠤᠨᠴᠢ ᠬᠠᠮᠢᠶᠠᠷᠤᠨ ᠡᠵᠡᠮᠳᠡᠬᠦ ᠬᠠᠮᠵᠢᠯᠴᠠᠨ ᠵᠠᠰᠠᠬᠤ ᠳᠣᠭᠳᠠᠯᠴᠠᠭ᠎ᠠ ᠶᠢ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ  ᠦᠨᠳᠦᠰᠦᠨ ᠮᠡᠳᠡᠭᠡ ᠵᠠᠩᠭᠢ ᠶᠢᠨ ᠲᠠᠪᠴᠠᠩ ᠵᠢᠴᠢ ᠪᠠᠶᠢᠭᠠᠯᠢ ᠶᠢᠨ ᠡᠬᠢ ᠪᠠᠶᠠᠯᠢᠭ ᠤᠨ   ︽ᠨᠢᠭᠡ ᠵᠢᠷᠤᠭ︾ ᠢᠶᠠᠷ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠶᠢ ᠬᠢᠨᠠᠨ ᠬᠡᠮᠵᠢᠬᠦ ᠰᠢᠰᠲ᠋ᠧᠮ ᠪᠠ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠯᠲᠡ ᠶᠢ ᠴᠢᠩᠭᠠᠳᠬᠠᠵᠤ᠂ ᠪᠥᠬᠦ ᠣᠷᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠲᠤᠬᠠᠶᠢᠯᠠᠭᠰᠠᠨ ᠠᠵᠢᠯ ᠤᠨ ᠨᠠᠷᠢᠯᠢᠬᠵᠢᠭᠤᠯᠤᠭᠰᠠᠨ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠳᠡᠰᠢ ᠬᠤᠪᠢᠷᠠᠭᠤᠯᠬᠤ ᠶᠢ ᠠᠬᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠶᠤᠨᠴᠢ ᠪᠠᠶᠢᠴᠠᠭᠠᠨ ᠬᠡᠮᠵᠢᠯᠲᠡ ᠪᠠ ᠬᠥᠳᠡᠯᠦᠩᠭᠦᠶ  ᠬᠠᠷᠭᠤᠭᠤᠯᠣᠨ ᠪᠣᠳᠣᠬᠤ ᠳᠣᠭᠳᠠᠯᠴᠠᠭ᠎ᠠ ᠶᠢ ᠲᠦᠷᠬᠡᠨ ᠪᠠᠶᠢᠭᠤᠯᠵᠤ᠂ ᠤᠰᠤᠨ ᠤ ᠡᠷᠬᠡ᠂ ᠪᠣᠬᠢᠷᠲᠤᠯ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠡᠷᠭᠡ ᠲᠣᠭᠠᠴᠢᠯᠠᠭᠰᠠᠨ ᠠᠷᠠᠯᠵᠢᠶᠠᠨ ᠤ ᠲᠠᠪᠴᠠᠩ ᠪᠠ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠤᠨ ᠬᠡᠷᠡᠭᠯᠡᠯᠲᠡ ᠶᠢ ᠴᠢᠩᠭᠠᠳᠬᠠᠵᠤ᠂ ᠡᠷᠴᠢᠮᠯᠢᠭ  ᠪᠠᠶᠢᠯᠭᠠᠵᠦ ᠠᠷᠪᠢᠯᠠᠬᠤ᠂ ᠳᠠᠪᠳᠠᠨ ᠠᠰᠢᠭᠯᠠᠵᠦ ᠥᠨᠳᠥᠷ ᠪᠦᠲᠦᠮᠵᠢᠲᠡᠶ ᠪᠠᠶᠢᠯᠭᠠᠬᠤ᠂ ᠲᠦᠭᠡᠮᠡᠯ ᠬᠠᠷᠠᠭᠠᠯᠵᠠᠯᠲᠤ ᠬᠠᠮᠲᠤ ᠪᠠᠷ ᠬᠤᠪᠢᠶᠠᠯᠴᠠᠬᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠤᠷᠤᠭᠰᠢᠲᠠᠶ ᠪᠡᠶᠡᠯᠡᠭᠦᠯᠬᠦ ᠳᠤ ᠦᠢᠯᠡᠴᠢᠯᠡᠵᠤ ᠳᠡᠬᠦᠨ ᠢ ᠪᠠᠲᠤᠯᠠᠨ᠎ᠠ᠃ ᠤᠰᠤᠨ ᠤ ᠣᠷᠴᠢᠨ ᠲᠣᠭᠤᠷᠢᠨ ᠤ ᠬᠥᠳᠡᠯᠦᠩᠭᠦᠶ ᠳ᠋ᠠᠶᠢᠲ᠋ᠠ ᠬᠥᠮᠥᠷᠭᠡ ᠬᠢᠭᠡᠳ ᠤᠰᠤᠨ ᠣᠷᠣᠨ ᠤ ᠪᠣᠬᠢᠷᠲᠤᠯ ᠢ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠠᠲᠤᠨ ᠭᠤᠤᠯ᠂ ᠬᠠᠷ᠎ᠠ ᠭᠤᠤᠯ ᠵᠡᠷᠭᠡ ᠤᠰᠤᠨ ᠣᠷᠣᠨ ᠢᠶᠠᠷ ᠭᠤᠤᠯᠳᠠᠯᠭ᠎ᠠ ᠪᠣᠯᠭᠠᠨ᠂ ᠪᠥᠬᠦ ᠠᠶᠢᠮᠠᠭ ᠤᠨ ᠤᠰᠤᠨ ᠤ ᠡᠬᠢ ᠪᠠᠶᠠᠯᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠵᠠᠳᠠᠯᠬᠤ ᠶᠢ ᠴᠢᠩᠭᠠᠳᠬᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠠᠯᠠᠱᠠ ᠦᠬᠠᠶ ᠶᠢᠨ ᠤᠰᠤᠨ ᠵᠦᠢ ᠤᠰᠤᠨ ᠤ ᠡᠬᠢ ᠪᠠᠶᠠᠯᠢᠭ ᠤᠨ ᠬᠤᠪᠢᠶᠠᠷᠢ ᠲᠥᠪ᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    13. ᠵᠠᠮ ᠬᠠᠷᠢᠯᠴᠠᠭᠠᠨ ᠤ ᠳᠣᠭᠠᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠥᠬᠦ ᠣᠷᠣᠨ ᠪᠦᠰᠡ ᠶᠢᠨ ᠵᠠᠮ ᠬᠠᠷᠢᠯᠴᠠᠭᠠᠨ ᠤ ᠪᠠᠶᠢᠳᠠᠯ ᠤᠨ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠠᠬᠢᠭᠤᠯᠵᠤ᠂ ᠵᠠᠮ ᠬᠠᠷᠢᠯᠴᠠᠭᠠᠨ ᠤ ᠦᠢᠯᠡᠴᠢᠯᠡᠭᠡᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠤᠷᠠᠮᠳᠤᠭᠤᠯᠤᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠮᠡᠳᠡᠷᠡᠬᠦ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠣᠷᠣᠨ ᠪᠦᠰᠡ ᠶᠢᠨ ᠵᠠᠮ ᠬᠠᠷᠢᠯᠴᠠᠭᠠᠨ ᠤ ᠰᠠᠭᠤᠷᠢ ᠳᠦᠭᠦᠭᠡᠷᠦᠮᠵᠢ ᠶᠢᠨ ᠪᠦᠬᠦᠯᠢ ᠴᠣᠭᠴᠠ ᠶᠢᠨ ᠪᠠᠶᠢᠳᠠᠯ ᠤᠨ ᠮᠡᠳᠡᠷᠡᠮᠵᠢ ᠶᠢ ᠠᠬᠢᠭᠤᠯᠤᠨ᠂ ᠤᠷᠤᠰᠬᠠᠯ ᠤᠨ ᠬᠡᠮᠵᠢᠶ᠎ᠡ᠂ ᠴᠠᠭᠳᠠᠭᠠᠨ ᠤ ᠪᠠᠶᠢᠳᠠᠯ᠂ ᠲᠦᠭᠵᠢᠷᠡᠯ᠂ ᠠᠳᠡᠯ᠂ ᠬᠠᠤᠯᠢ ᠠᠴᠠ ᠵᠥᠷᠢᠴᠡᠭᠰᠡᠨ ᠣᠯᠠᠨ  ᠪᠠᠶᠢᠳᠠᠯ ᠳᠤ ᠰᠠᠭᠤᠷᠢᠯᠠᠭᠰᠠᠨ ᠮᠡᠳᠡᠷᠡᠬᠦ ᠳᠣᠭᠳᠠᠯᠴᠠᠭ᠎ᠠ ᠶᠢ ᠪᠠᠶᠢᠭᠤᠯᠵᠤ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ᠂ ᠵᠠᠮ ᠬᠠᠷᠢᠯᠴᠠᠭᠠᠨ ᠤ ᠡᠮᠬᠢ ᠵᠢᠷᠤᠮ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠪᠥᠬᠦ ᠲᠠᠯ᠎ᠠ ᠶᠢᠨ ᠬᠠᠮᠢᠶᠠᠷᠤᠯᠲᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠰᠠᠷ᠎ᠠ︶    14. ᠣᠶ ᠰᠢᠭᠤᠶ ᠶᠢᠨ ᠭᠠᠯ ᠢ ᠰᠡᠷᠭᠡᠶᠢᠯᠡᠬᠦ ᠲᠣᠭᠠᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠬᠦ ᠠᠶᠢᠮᠠᠭ ᠤᠨ ᠣᠶ ᠰᠢᠭᠤᠶ ᠶᠢᠨ ᠭᠠᠯ ᠢ ᠰᠡᠷᠭᠡᠶᠢᠯᠡᠬᠦ ᠲᠣᠭᠠᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠮᠡᠳᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠂ ᠭᠠᠯ ᠲᠦᠢᠮᠡᠷ ᠤᠨ ᠪᠠᠶᠢᠳᠠᠯ ᠢ ᠠᠵᠢᠭᠯᠠᠨ ᠬᠢᠨᠠᠨ ᠬᠡᠮᠵᠢᠬᠦ ᠰᠢᠰᠲ᠋ᠧᠮ ᠪᠠ ᠣᠶ ᠰᠢᠭᠤᠶ ᠶᠢᠨ ᠭᠠᠯ ᠢ ᠰᠡᠷᠭᠡᠶᠢᠯᠡᠬᠦ ᠴᠢᠮᠡᠭᠡ ᠬᠤᠯᠪᠣᠭᠠᠨ ᠤ ᠰᠢᠰᠲ᠋ᠧᠮ ᠢ ᠪᠠᠶᠢᠭᠤᠯᠵᠤ᠂ ᠪᠥᠬᠦ ᠠᠶᠢᠮᠠᠭ ᠤᠨ ᠣᠶ ᠰᠢᠭᠤᠶ ᠶᠢᠨ ᠭᠠᠯ ᠢ ᠰᠡᠷᠭᠡᠶᠢᠯᠡᠬᠦ ᠬᠠᠲᠠᠭᠤ ᠲᠣᠨᠤᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠪᠥᠬᠦ ᠠᠶᠢᠮᠠᠭ ᠤᠨ ᠣᠶ ᠰᠢᠭᠤᠶ ᠶᠢᠨ ᠡᠬᠢ ᠪᠠᠶᠠᠯᠢᠭ ᠢ ᠬᠢᠨᠠᠨ ᠬᠡᠮᠵᠢᠬᠦ᠂ ᠬᠠᠮᠢᠶᠠᠷᠬᠤ ᠳᠤ ᠲᠤᠭ᠎ᠠ ᠬᠡᠮᠵᠢᠶ᠎ᠡ ᠲᠠᠢ᠂ ᠥᠨᠳᠥᠷ ᠪᠦᠲᠦᠮᠵᠢᠲᠡᠶ᠂ ᠨᠠᠷᠢᠯᠢᠭ ᠣᠨᠣᠪᠴᠢᠳᠠᠢ ᠤᠶᠤᠨᠴᠢᠯᠠᠭᠰᠠᠨ ᠦᠢᠯᠡᠴᠢᠯᠡᠭᠡ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠳ᠋ᠤᠭᠠᠷ ᠰᠠᠷ᠎ᠠ︶    15. ᠨᠢᠭᠡ ᠴᠣᠭᠴᠠᠵᠢᠭᠤᠯᠤᠭᠰᠠᠨ ᠵᠠᠰᠠᠭ ᠵᠠᠬᠢᠷᠭᠠᠨ ᠤ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠪᠠᠶᠠᠰᠣᠩᠭᠤᠢ ᠪᠠᠷ ᠵᠠᠰᠠᠭ ᠤᠨ ᠶᠠᠪᠣᠳᠠᠯ ᠳᠤ ᠦᠢᠯᠡᠴᠢᠯᠡᠬᠦ ᠳᠤ ᠴᠢᠳᠠᠮᠠᠭᠠᠢ ᠪᠠᠶᠢᠬᠤ︾ ᠰᠢᠯᠵᠢᠮᠡᠯ ᠦᠵᠦᠭᠦᠷ ᠤᠨ ᠬᠡᠷᠡᠭᠯᠡᠭᠡᠨ ᠤ ᠫᠷᠤᠭ᠍ᠷᠠᠮ ᠢ ᠪᠠᠶᠢᠭᠤᠯᠵᠤ᠂ ᠵᠠᠰᠠᠭ ᠤᠨ ᠣᠷᠳᠣᠨ ᠤ ᠳᠣᠲᠣᠭᠠᠳᠤ ᠪᠠᠨ ᠬᠠᠮᠢᠶᠠᠷᠬᠤ ᠬᠡᠷᠡᠭᠯᠡᠭᠡᠨ ᠤ ᠣᠷᠣᠬᠤ ᠭᠠᠵᠠᠷ ᠢ ᠨᠢᠭᠡᠳᠦᠯᠲᠡᠶ ᠪᠣᠯᠭᠠᠵᠤ᠂ ᠣᠲᠣ ᠶᠢᠨ ᠪᠠᠶᠢᠭ᠎ᠠ ᠡᠯ᠎ᠡ ᠲᠥᠷᠥᠯ ᠤᠨ ᠬᠡᠷᠡᠭᠯᠡᠯᠲᠡ ᠶᠢ ᠳᠦᠪᠯᠡᠷᠡᠬᠦᠯᠵᠦ᠂ ᠰᠢᠨ᠎ᠡ ᠪᠠᠷ ᠪᠠᠶᠢᠭᠤᠯᠤᠭᠰᠠᠨ ᠬᠡᠷᠡᠭᠯᠡᠭᠡᠨ ᠤ ᠬᠡᠰᠡᠭ ᠢ ᠪᠦᠬᠦᠨ ᠢ ︽ᠪᠠᠶᠠᠰᠣᠩᠭᠤᠢ ᠪᠠᠷ ᠭᠦᠢᠴᠡᠳᠭᠡᠬᠦ ᠳᠤ ᠴᠢᠳᠠᠮᠠᠭᠠᠢ ᠪᠠᠶᠢᠬᠤ︾ ᠳᠠᠪᠴᠠᠩ ᠳᠤ ᠨᠡᠭᠡᠭᠡᠨ ᠬᠥᠭᠵᠢᠭᠦᠯᠵᠦ᠂ ᠳᠣᠲᠣᠭᠠᠳᠤ ᠳᠠᠭᠠᠨ ᠠᠵᠢᠯᠯᠠᠬᠤ ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ ᠳᠤ ︽ᠴᠠᠭ ᠲᠤᠬᠠᠶ ᠳᠤᠨᠢ ᠰᠦᠯᠵᠢᠶᠡᠨ ᠳᠡᠭᠡᠷ᠎ᠡ᠂ ᠨᠢᠭᠡ ᠳᠠᠷᠤᠪᠴᠢ ᠪᠠᠷ ᠬᠦᠢᠴᠡᠳᠭᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ︾ ᠶᠢ ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ  ᠤᠨ ᠶᠠᠪᠣᠳᠠᠯ  ᠤᠨ ᠦᠢᠯᠡᠴᠢᠯᠡᠭᠡ  ᠪᠠ ᠳ᠋ᠠᠶᠢᠲ᠋ᠠ   ᠶᠢᠨ ᠬᠠᠮᠢᠶᠠᠷᠣᠯᠳᠠ   ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ  ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ︽ᠥᠪᠥᠷ ᠮᠣᠩᠭᠤᠯ ᠵᠠᠰᠠᠭ ᠢ ᠨᠡᠪᠲᠡᠷᠡᠭᠦᠯᠬᠦ︾ ᠪᠥᠬᠦ ᠣᠷᠣᠨ ᠤ ᠨᠢᠭᠡᠳᠦᠯᠲᠡᠶ ᠬᠠᠮᠵᠢᠯᠴᠠᠨ ᠠᠵᠢᠯᠯᠠᠬᠤ ᠲᠠᠪᠴᠠᠩ ᠪᠠ ᠡᠯᠧᠺᠲᠷᠣᠨ ᠵᠠᠰᠠᠭ ᠤᠨ ᠶᠠᠪᠤᠳᠠᠯ ᠤᠨ ᠳᠣᠲᠣᠭᠠᠳᠤ ᠰᠦᠯᠵᠢᠶ᠎ᠡ OA ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠨᠡᠶᠢᠲᠡᠯᠢᠭ ᠴᠢᠨᠠᠷᠲᠠᠶ ᠠᠯᠪᠠᠯᠠᠬᠤ ᠬᠡᠷᠡᠭᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠠᠶᠢᠮᠠᠭ ᠤᠨ ᠨᠢᠭᠡ ᠴᠣᠭᠴᠠᠵᠢᠭᠤᠯᠤᠭᠰᠠᠨ ᠬᠠᠮᠵᠢᠯᠴᠠᠨ ᠠᠵᠢᠯᠯᠠᠬᠤ ᠳᠣᠭᠳᠠᠯᠴᠠᠭ᠎ᠠ ᠶᠢ ᠪᠠᠶᠢᠭᠤᠯᠵᠤ᠂ ᠪᠠᠶᠢᠭᠤᠯᠭ᠎ᠠ ᠶᠢᠨ ᠳᠣᠲᠣᠭᠠᠳᠤ ᠶᠢᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠳᠦᠪᠯᠡᠷᠡᠬᠦᠯᠦᠨ ᠭᠦᠢᠴᠡᠳᠭᠡᠬᠦ ᠶᠢ ᠠᠬᠢᠭᠤᠯᠤᠨ᠂ ᠪᠠᠶᠢᠭᠤᠯᠭ᠎ᠠ ᠶᠢᠨ ᠠᠵᠢᠯᠯᠠᠭᠠᠨ ᠤ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ᠂ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠴᠢᠬᠤᠯᠠ ᠨᠢᠭᠤᠴᠠ ᠶᠢᠨ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠡᠯ᠎ᠡ ᠬᠤᠰᠢᠭᠤ ︵ᠤᠷᠤᠨ︶᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠰᠠᠷ᠎ᠠ︶    16. ᠪᠠᠶᠢᠭᠤᠯᠭ᠎ᠠ ᠶᠢᠨ ᠲᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠬᠦ ᠠᠶᠢᠮᠠᠭ ᠤᠨ ᠲᠣᠭᠠᠴᠢᠯᠠᠭᠰᠠᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠠᠪᠴᠠᠩ᠂ ᠲᠣᠭᠠᠴᠢᠯᠠᠭᠰᠠᠨ ᠲᠠᠩᠰᠠ ᠡᠪᠬᠡᠮᠡᠯ ᠤᠨ ᠣᠷᠳᠣᠨ ︵ᠲᠠᠰᠤᠭ︶ ᠢ ᠨᠢᠭᠡ ᠴᠤᠭᠴᠠᠵᠢᠭᠤᠯᠤᠭᠰᠠᠨ ᠲᠠᠪᠴᠠᠩ ᠪᠠ ᠢᠨᠲ᠋ᠧᠷ ᠰᠦᠯᠵᠢᠶᠡᠨ ᠤ ᠲᠣᠭᠠᠴᠢᠯᠠᠭᠰᠠᠨ ᠲᠠᠩᠰᠠ ᠡᠪᠬᠡᠮᠡᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠡᠯᠧᠺᠲᠷᠣᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠴᠢᠩᠭᠠᠷᠠᠭᠤᠯᠵᠤ᠂ ᠡᠯ᠎ᠡ ᠱᠠᠲᠤᠨ ᠤ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠠᠬᠢ ᠲᠤᠬᠠᠶᠢᠯᠠᠭᠰᠠᠨ ᠠᠵᠢᠯ ᠤᠨ ᠴᠣᠪᠣᠷᠠᠯ᠂ ᠲᠤᠬᠠᠶᠢᠯᠠᠭᠰᠠᠨ ᠠᠵᠢᠯ ᠤᠨ ᠰᠢᠰᠲ᠋ᠧᠮ ᠳᠣᠲᠣᠷ᠎ᠠ ᠡᠯᠧᠺᠲᠷᠣᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ ᠴᠢᠳᠠᠮᠵᠢ ᠶᠢ ᠵᠡᠷᠭᠡ ᠳᠤᠨᠢ ᠲᠦᠯᠥᠪᠵᠢᠭᠦᠯᠵᠦ᠂ ᠵᠡᠷᠭᠡᠪᠡᠷ ᠨᠡᠭᠡᠭᠡᠨ ᠬᠥᠭᠵᠢᠭᠦᠯᠵᠦ᠂ ᠡᠯᠧᠺᠲᠷᠣᠨ ᠪᠠᠷᠢᠮᠲᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠯᠧᠺᠲᠷᠣᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠤᠠ ᠬᠠᠮᠢᠶᠠᠷᠬᠤ ᠲᠣᠷᠰᠢᠯᠲᠠ ᠶᠢᠨ ᠠᠵᠢᠯ ᠢ ᠠᠬᠢᠭᠤᠯᠵᠤ᠂ ᠡᠯᠧᠺᠲᠷᠣᠨ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠵᠤ ᠬᠦᠯᠢᠶᠡᠨ ᠠᠪᠬᠤ ᠠᠵᠢᠯ ᠢ ᠪᠦᠬᠦ ᠲᠠᠯ᠎ᠠ ᠪᠠᠷ ᠦᠷᠨᠢᠬᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵  ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    17. ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ+ ᠰᠢᠮᠳᠠᠭᠤᠯᠤᠨ ᠪᠠᠶᠢᠴᠠᠭᠠᠬᠤ︾ ᠬᠡᠷᠡᠭᠯᠡᠭᠡᠨ ᠤ ᠵᠠᠭᠪᠤᠷ ᠢ ᠴᠢᠩᠭᠠᠷᠠᠭᠤᠯᠵᠤ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠷ᠎ᠡ ᠪᠦᠳᠦᠮᠵᠢ ᠶᠢ ᠰᠢᠮᠳᠠᠭᠤᠯᠤᠨ ᠬᠦᠢᠴᠡᠳᠭᠡᠬᠦᠯᠬᠦ ᠲᠠᠪᠴᠠᠩ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠪᠠ ᠰᠢᠮᠳᠠᠭᠤᠯᠤᠨ ᠪᠠᠶᠢᠴᠠᠭᠠᠬᠤ ᠶᠠᠪᠤᠴᠠ ᠳᠤ ᠳᠠᠷᠤᠭᠳᠠᠭᠰᠠᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠠᠰᠢᠭᠯᠠᠵᠤ᠂ ᠬᠥᠳᠡᠯᠦᠩᠭᠦᠶ ᠬᠢᠨᠠᠨ ᠬᠡᠮᠵᠢᠬᠦ ᠂ ᠪᠦᠷᠢᠳᠬᠡᠨ ᠵᠠᠳᠠᠯᠬᠤ᠂ ᠬᠠᠨᠳᠤᠰᠢ ᠶᠢ ᠰᠤᠳᠤᠯᠤᠨ ᠮᠠᠭᠠᠳᠯᠠᠬᠤ᠂ ᠦᠷ᠎ᠡ ᠪᠦᠲᠦᠮᠵᠢ ᠶᠢ ᠦᠨᠡᠯᠡᠨ ᠵᠢᠱᠢᠬᠦ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠬᠡᠷᠡᠭᠯᠡᠭᠡᠨ ᠤ ᠪᠠᠶᠢᠳᠠᠯ ᠢ ᠥᠷᠭᠡᠳᠬᠡᠨ᠂ ᠵᠠᠰᠠᠭ ᠤᠨ ᠣᠷᠳᠣᠨ ᠤ ᠠᠵᠢᠯᠯᠠᠭᠠᠨ ᠤ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾  ᠪᠠ ᠠᠵᠢᠯ  ᠤᠨ ᠰᠤᠷᠲᠠᠯ  ᠤᠨ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ᠂ ᠵᠠᠰᠠᠭ  ᠤᠨ ᠶᠠᠪᠣᠳᠠᠯ  ᠤᠨ ᠦᠢᠯᠡᠴᠢᠯᠡᠭᠡ  ᠪᠠ ᠳ᠋ᠠᠶᠢᠲ᠋ᠠ   ᠶᠢᠨ ᠬᠠᠮᠢᠶᠠᠷᠣᠯᠳᠠ  ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ  ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶   18. ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠳᠣᠭᠠᠴᠢᠯᠠᠨ ᠨᠡᠶᠢᠲᠡᠯᠡᠬᠦ ᠶᠢ ᠰᠢᠯᠢᠳᠡᠭᠵᠢᠭᠦᠯᠦᠨ᠎ᠡ᠃ ᠪᠥᠬᠦ ᠠᠶᠢᠮᠠᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠥᠷᠥᠯ ᠱᠠᠳᠣ ᠬᠤᠪᠢᠶᠠᠬᠤ᠂ ᠲᠥᠪᠯᠡᠷᠡᠭᠦᠯᠦᠨ ᠨᠢᠭᠡᠳᠦᠯᠲᠡᠶ ᠪᠠᠶᠢᠯᠭᠠᠬᠤ᠂ ᠬᠠᠮᠲᠤ ᠪᠠᠷ ᠬᠤᠪᠢᠶᠠᠯᠴᠠᠵᠦ ᠬᠠᠮᠲᠤ ᠪᠠᠷ ᠬᠡᠷᠡᠭᠯᠡᠬᠦ᠂ ᠬᠥᠳᠡᠯᠦᠩᠭᠦᠶ ᠪᠠᠷ ᠰᠢᠨᠡᠳᠬᠡᠬᠦ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠥᠮᠥᠷᠭᠡ ᠶᠢ ᠪᠠᠶᠢᠭᠤᠯᠤᠨ᠎ᠠ᠃ ᠰᠦᠯᠵᠢᠶ᠎ᠡ ᠪᠠᠷ ᠨᠡᠶᠢᠳᠡᠯᠡᠬᠦ ᠪᠠᠷ ᠭᠤᠤᠯ ᠪᠤᠯᠭᠠᠵᠦ᠂ ᠪᠤᠰᠤᠳ ᠨᠡᠶᠢᠳᠡᠯᠡᠬᠦ ᠠᠷᠭ᠎ᠠ ᠵᠠᠮ ᠢᠶᠠᠷ ᠬᠠᠪᠰᠤᠷᠤᠮᠵᠢ ᠪᠤᠯᠭᠠᠨᠨᠰᠠᠨ ᠲᠦᠷᠦ ᠶᠢᠨ ᠪᠤᠳᠤᠯᠭ᠎ᠠ ᠶᠢ ᠨᠡᠶᠢᠳᠡᠯᠡᠬᠦ ᠰᠢᠨ᠎ᠠ ᠪᠠᠶᠢᠷᠢᠰᠢᠯ ᠢ ᠲᠦᠷᠬᠡᠨ ᠪᠠᠶᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠣᠶᠤᠨᠴᠢ ᠦᠢᠯᠡᠴᠢᠯᠡᠭᠡ ᠶᠢ ᠰᠢᠯᠢᠳᠡᠭᠵᠢᠬᠦᠯᠵᠦ᠂ ︽ᠬᠥᠮᠦᠨ ᠲᠥᠷᠥ ᠶᠢᠨ ᠪᠣᠳᠣᠯᠭ᠎ᠠ ᠶᠢ ᠡᠷᠢᠬᠦ︾ ᠶᠢ ︽ᠲᠥᠷᠥ ᠶᠢᠨ ᠪᠣᠳᠣᠯᠭ᠎ᠠ ᠬᠥᠮᠦᠨ ᠢ ᠡᠷᠢᠬᠦ︾ ᠪᠣᠯᠭᠠᠨ᠎ᠠ᠃ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ ᠪᠠᠷ ᠵᠠᠳᠠᠯᠬᠤ ᠵᠡᠷᠭᠡ ᠬᠠᠪᠰᠤᠷᠤᠨ ᠬᠢᠨᠠᠨ ᠬᠡᠮᠵᠢᠬᠦ ᠮᠡᠷᠭᠡᠵᠢᠯ ᠢ ᠭᠦᠢᠴᠡᠳ ᠠᠰᠢᠭᠯᠠᠨ᠂ ᠮᠡᠳᠡᠭᠡ ᠵᠠᠩᠭᠢ ᠨᠡᠶᠢᠲᠡᠯᠡᠬᠦ ᠠᠴᠠ ᠡᠮᠦᠨ᠎ᠡ ᠬᠢᠨᠠᠨ ᠰᠢᠯᠭᠠᠬᠤ᠂ ᠨᠡᠶᠢᠳᠡᠯᠡᠭᠰᠡᠨ ᠤ ᠳᠠᠷᠠᠭ᠎ᠠ ᠪᠤᠷᠤᠭᠤ ᠶᠢ ᠵᠠᠯᠠᠷᠠᠭᠤᠯᠬᠤ ᠶᠢ ᠴᠢᠩᠭᠠᠳᠬᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠳ᠋ᠤᠭᠠᠷ ᠰᠠᠷ᠎ᠠ︶    ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠨᠢᠭᠤᠴᠠ ᠶᠢ ᠬᠠᠮᠠᠭᠠᠯᠠᠭᠰᠠᠨ ᠡᠰᠡᠬᠦ  ᠶᠢ ᠬᠢᠨᠠᠨ ᠪᠠᠶᠢᠴᠠᠭᠠᠬᠤ ᠲᠦᠷᠢᠮ ᠢ ᠲᠡᠭᠦᠯᠳᠡᠷᠵᠢᠭᠦᠯᠵᠦ᠂ ᠬᠢᠨᠠᠨ ᠪᠠᠶᠢᠴᠠᠭᠠᠬᠤ ᠪᠠᠷᠢᠮᠵᠢᠶ᠎ᠠ ᠶᠢ ᠴᠢᠩᠳᠠᠯᠠᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠴᠢᠬᠤᠯᠠ ᠨᠢᠭᠤᠴᠠ ᠶᠢᠨ ᠲᠣᠪᠴᠢᠶ᠎ᠠ᠂ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠬᠤᠰᠢᠭᠤ ︵ᠲᠣᠭᠤᠷᠢᠭ︶᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶    19. ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠳᠠᠪᠠᠭᠤᠯᠢᠭ ᠢ ᠪᠠᠳᠠᠷᠠᠭᠤᠯᠵᠤ ᠲᠥᠷᠥ ᠶᠢᠨ ᠪᠣᠳᠣᠯᠭ᠎ᠠ ᠶᠢ ᠤᠯᠠᠮᠵᠢᠯᠠᠬᠤ ᠠᠵᠢᠯ ᠢ ᠰᠠᠶᠢᠲᠤᠷ  ᠬᠢᠨ᠎ᠡ᠃ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠵᠢᠭᠰᠠᠭᠠᠯ ᠤᠨ ᠳᠣᠭᠳᠠᠯᠴᠠᠭ᠎ᠠ ᠶᠢ ᠢᠳᠡᠪᠬᠢᠲᠡᠶ ᠪᠠᠶᠢᠭᠤᠯᠵᠤ᠂ ᠪᠦᠬᠦᠯᠢ ᠴᠣᠭᠴᠠ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ᠂ ᠨᠢᠭᠡᠳᠦᠯᠳᠡᠢ ᠪᠠᠶᠢᠬᠤ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠳᠠᠮᠵᠢᠭᠤᠯᠬᠤ ᠪᠠᠶᠢᠷᠢᠰᠢᠯ ᠢ ᠪᠣᠶ ᠪᠣᠯᠭᠠᠨ᠎ᠠ᠃ ᠠᠳᠠᠯᠢ ᠪᠤᠰᠤ ᠲᠥᠷᠥᠯ ᠬᠡᠯᠪᠡᠷᠢ ᠶᠢᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠳᠠᠮᠵᠢᠭᠤᠯᠭ᠎ᠠ ᠶᠢᠨ ᠣᠨᠴᠠᠯᠢᠭ ᠲᠤ ᠵᠣᠬᠢᠴᠠᠭᠤᠯᠤᠨ᠂ ᠣᠯᠠᠨ ᠶᠠᠩᠵᠤ ᠶᠢᠨ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠲᠦᠰᠢᠭᠯᠡᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠦᠭᠭᠦ ᠠᠵᠢᠯ ᠢ ᠰᠠᠶᠢᠲᠤᠷ ᠬᠢᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠵᠢᠯᠳᠠ ᠶᠢᠨ ᠬᠤᠷᠢᠶᠠᠨ ᠤ ᠠᠯᠪᠠᠨ ᠬᠡᠷ᠂ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ  ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    20. ᠣᠯᠠᠨ ᠲᠦᠮᠡᠨ ᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ ᠵᠠᠰᠠᠭ ᠤᠨ ᠣᠷᠳᠣᠨ ᠤ ᠰᠦᠯᠵᠢᠶᠡᠨ ᠤ ᠡᠷᠴᠢᠮᠵᠢᠭᠦᠯᠦᠭᠰᠡᠨ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ᠂ ᠨᠢᠭᠡᠳᠦᠯᠲᠡᠶ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠬᠥᠮᠥᠷᠭᠡ ᠶᠢ ᠪᠠᠶᠢᠭᠤᠯᠤᠨ᠂ ᠵᠠᠰᠠᠭ ᠠᠷᠠᠳ ᠬᠠᠷᠢᠯᠴᠠᠬᠤ ᠶᠢ ᠠᠮᠢᠳᠤᠯᠢᠭ ᠢᠶᠠᠷ ᠥᠷᠨᠢᠭᠦᠯᠵᠦ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠨᠡᠶᠢᠭᠡᠮ ᠤᠨ ᠪᠠᠶᠢᠳᠠᠯ ᠢ ᠣᠶᠢᠯᠠᠭᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠪᠰᠤᠷᠤᠮᠵᠢ ᠪᠣᠯᠭᠠᠨ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠭᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶ ᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ︵ᠬᠤᠶᠠᠷ︶ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠠᠮᠢᠶᠠᠷᠬᠤ ᠳᠦᠷᠢᠮ ᠢ ᠲᠡᠭᠦᠯᠳᠡᠷᠵᠢᠭᠦᠯᠦᠨ᠎ᠡ    21. ᠲᠣᠭᠠᠴᠢᠯᠠᠭᠰᠠᠨ ᠵᠠᠰᠠᠭ ᠤᠨ ᠣᠷᠳᠣᠨ ᠤ ᠲᠥᠷᠥᠯ ᠵᠦᠢᠯ ᠢ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ︽ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠢ ᠬᠠᠮᠢᠶᠠᠷᠬᠤ ᠠᠷᠭ᠎ᠠ︾ ᠶᠢ ᠨᠡᠶᠢᠲᠡᠯᠡᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠠᠮᠢᠶᠠᠷᠬᠤ ᠲᠣᠭᠲᠠᠴᠠ ᠶᠣᠰᠣᠭᠠᠷ᠂ ᠠᠷᠪᠢᠴᠢ ᠭᠠᠮᠲᠠᠶ ᠪᠠᠶᠢᠬᠤ ᠦᠵᠡᠯ ᠰᠠᠨᠠᠭ᠎ᠠ ᠶᠢ ᠪᠠᠷᠢᠮᠲᠠᠯᠠᠨ᠂ ᠠᠶᠢᠮᠠᠭ᠂ ᠬᠤᠰᠢᠭᠤ ︵ᠣᠷᠣᠨ︶ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠯᠠ ᠮᠥᠩᠭᠦ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠡ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠠᠵᠢᠯᠯᠠᠭᠤᠯᠵᠤ ᠬᠠᠮᠢᠶᠠᠷᠬᠤ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠬᠡᠳᠦᠯᠳᠡᠢ ᠳᠦᠯᠦᠪᠯᠡᠬᠦ᠂ ᠡᠳ᠋ ᠤᠨ ᠵᠠᠰᠠᠭ ᠤᠨ ᠰᠠᠯᠠᠭ᠎ᠠ ᠮᠦᠴᠢᠷ ᠪᠠᠲᠤᠯᠠᠬᠤ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠳᠡᠯᠭᠡᠷᠡᠭᠦᠯᠦᠨ ᠬᠡᠷᠡᠭᠯᠡᠬᠦ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠶᠢ ᠲᠣᠳᠣᠷᠬᠠᠶᠢᠯᠠᠵᠤ᠂ ᠪᠠᠯᠠ ᠮᠥᠩᠭᠦ ᠶᠢ ᠴᠢᠩᠭ᠎ᠠ ᠬᠠᠮᠢᠶᠠᠷᠴᠣ᠂ ᠣᠯᠠᠨ ᠠᠷᠭ᠎ᠠ ᠵᠠᠮ ᠢᠶᠠᠷ ᠪᠠᠯᠠ ᠣᠷᠣᠭᠤᠯᠬᠤ ᠶᠢ ᠪᠠᠳᠣᠯᠠᠬᠤ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠵᠢᠯᠯᠠᠭᠤᠯᠬᠤ ᠦᠢᠯᠡᠴᠢᠯᠡᠬᠦ ᠪᠠᠷᠢᠮᠵᠢᠶ᠎ᠠ ᠵᠢᠷᠤᠮᠵᠢᠯ ᠪᠠ ᠦᠨᠡᠯᠡᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠲᠣᠭᠲᠠᠭᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠢ ᠡᠷᠴᠢᠮᠵᠢᠭᠦᠯᠬᠦ᠂ ᠪᠠᠷᠢᠮᠵᠢᠶᠠᠵᠢᠭᠤᠯᠬᠤ᠂ ᠣᠶᠣᠨᠴᠢᠯᠠᠬᠤ ᠶᠢ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ  ᠪᠠ ᠳ᠋ᠠᠶᠢᠲ᠋ᠠ   ᠶᠢᠨ ᠬᠠᠮᠢᠶᠠᠷᠣᠯᠳᠠ  ᠶᠢᠨ ᠳᠣᠪᠴᠢᠶ᠎ᠠ᠂ ᠡᠳ᠋  ᠤᠨ ᠵᠠᠰᠠᠭ ᠤᠨ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ  ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ  ᠤᠨ ᠬᠢᠵᠠᠭᠠᠷ᠄ 2024 ᠣᠨ  ᠤ 12 ᠳ᠋ᠤᠭᠠᠷ ᠰᠠᠷ᠎ᠠ︶    22. ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠠᠬᠢ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠲᠠᠢ ᠥᠯᠥ ᠵᠣᠬᠢᠴᠠᠯᠳᠤᠬᠤ ᠵᠦᠢᠯ ᠵᠤᠷᠪᠤᠰ ᠢ ᠵᠠᠰᠠᠪᠤᠷᠢ ᠣᠷᠣᠭᠤᠯᠬᠤ ᠪᠠ ᠢᠯᠭᠠᠷᠠᠭᠤᠯᠵᠤ᠂ ᠪᠥᠬᠦ ᠠᠶᠢᠮᠠᠭ ᠤᠨ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠲᠤᠷᠰᠢᠯᠭ᠎ᠠ ᠦᠷ᠎ᠡ ᠪᠦᠲᠦᠭᠡᠯ ᠢ ᠳ᠋ᠦᠩᠨᠡᠵᠦ᠂ ᠬᠠᠮᠢᠶ᠎ᠠ ᠪᠥᠬᠦᠶ ᠲᠦᠷᠢᠮ ᠢ ᠲᠣᠭᠲᠠᠪᠤᠷᠢᠵᠢᠭᠤᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵  ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    23. ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠪᠠᠷᠢᠮᠵᠢᠶ᠎ᠠ ᠵᠢᠷᠤᠮᠵᠢᠯ ᠢ ᠪᠦᠷᠢᠨᠰᠢᠭᠦᠯᠦᠨ᠎ᠡ᠃ ᠲᠣᠭᠠᠴᠢᠯᠠᠭᠰᠠᠨ ᠵᠠᠰᠠᠭ ᠤᠨ ᠣᠷᠳᠣᠨ ᠤ ᠪᠠᠷᠢᠮᠵᠢᠶ᠎ᠠ ᠶᠢ ᠳᠡᠯᠭᠡᠷᠡᠭᠦᠯᠦᠨ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠪᠠᠷᠢᠮᠵᠢᠶ᠎ᠠ ᠶᠢᠨ ᠲᠣᠭᠲᠠᠯᠴᠠᠭ᠎ᠠ ᠶᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠬᠠᠮᠢᠶ᠎ᠠ ᠪᠥᠬᠦᠶ ᠪᠠᠷᠢᠮᠵᠢᠶ᠎ᠠ ᠵᠢᠷᠤᠮᠵᠢᠯ ᠢ ᠰᠦᠪᠡᠭᠴᠢᠯᠡᠵᠦ᠂ ᠪᠥᠬᠦ ᠠᠶᠢᠮᠠᠭ ᠤᠨ ᠳᠤᠭ᠎ᠠ ᠪᠠᠷᠢᠮᠳᠠ ᠶᠢ ᠨᠡᠭᠡᠭᠡᠨ ᠠᠰᠢᠭᠯᠠᠬᠤ᠂ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠭᠥᠷᠳᠡᠬᠦ᠂ ᠨᠡᠶᠢᠲᠡᠴᠢ ᠴᠢᠨᠠᠷᠲᠠᠶ ᠠᠯᠪᠠᠯᠠᠬᠤ ᠬᠡᠷᠡᠭᠯᠡᠯᠲᠡ᠂ ᠵᠠᠩᠭᠢᠯᠠᠭ᠎ᠠ ᠶᠢᠨ ᠵᠠᠰᠠᠭ ᠤᠨ ᠶᠠᠪᠤᠳᠠᠯ ᠤᠨ ᠬᠡᠷᠡᠭᠯᠡᠯᠲᠡ ᠳᠤ ᠪᠠᠷᠢᠮᠵᠢᠶᠠᠵᠢᠭᠤᠯᠤᠭᠰᠠᠨ ᠪᠠᠲᠤᠯᠠᠭ᠎ᠠ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠤᠷᠤᠨ︶᠂ ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃︶    24. ᠬᠢᠨᠠᠨ ᠬᠠᠮᠢᠶᠠᠷᠴᠤ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾᠂ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾᠂ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾ ᠵᠡᠷᠭᠡ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠠᠵᠢᠯᠯᠠᠭᠠᠨ ᠢ ᠬᠠᠮᠢᠶᠠᠷᠬᠤ ᠲᠣᠭᠲᠠᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠬᠢᠨᠠᠠ ᠬᠠᠮᠢᠶᠠᠷᠬᠤ ᠬᠠᠮᠵᠢᠯᠴᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭ ᠤᠨ ᠡᠮᠦᠨ᠎ᠡ ᠬᠤᠶᠢᠨᠠᠬᠢ ᠪᠥᠬᠦ ᠴᠤᠪᠤᠷᠠᠯ ᠤᠨ ᠶᠡᠷᠦᠩᠬᠡᠶᠢᠯᠡᠭᠰᠡᠨ ᠬᠢᠨᠠᠠ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠲᠣᠭᠤᠷᠢᠭ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ︵ᠭᠤᠷᠪᠠ︶ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠳᠣ ᠪᠠᠷ ᠬᠤᠪᠢᠶᠠᠯᠴᠠᠵᠦ ᠨᠡᠭᠡᠭᠡᠬᠦ ᠶᠢ ᠠᠬᠢᠭᠤᠯᠤᠨ᠎ᠠ    25. ᠲᠤᠭ᠎ᠠ ᠪᠠᠷᠢᠮᠲᠠ ᠶᠢ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠢᠶᠠᠷᠬᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠴᠤᠭᠯᠠᠭᠤᠯᠤᠨ ᠡᠮᠬᠢᠳᠬᠡᠬᠦ᠂ ᠬᠠᠮᠲᠤ ᠳᠠᠭᠠᠨ ᠬᠦᠷᠲᠡᠵᠦ ᠨᠡᠭᠡᠭᠡᠯᠲᠡ ᠬᠢᠬᠦ᠂ ᠨᠡᠭᠡᠭᠡᠨ ᠬᠥᠭᠵᠢᠭᠦᠯᠵᠦ ᠠᠰᠢᠭᠯᠠᠬᠤ ᠵᠡᠷᠭᠡ ᠬᠠᠮᠢᠶᠠᠷᠤᠯᠲᠠ ᠶᠢ ᠬᠠᠷᠢᠭᠤᠴᠠᠵᠤ᠂ ᠡᠯ᠎ᠡ ᠬᠤᠰᠢᠭᠤ ︵ᠣᠷᠣᠨ︶᠂ ᠡᠯ᠎ᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠵᠠᠰᠠᠬᠤ᠂ ᠬᠠᠷᠭᠤᠭᠤᠯᠤᠨ ᠬᠢᠨᠠᠬᠤ᠂ ᠰᠢᠨᠡᠳᠬᠡᠬᠦ᠂ ᠬᠠᠮᠲᠤ ᠪᠠᠷ ᠭᠥᠷᠳᠡᠬᠦ᠂ ᠨᠡᠭᠡᠭᠡᠯᠲᠡ ᠬᠢᠬᠦ᠂ ᠬᠡᠷᠡᠭᠯᠡᠬᠦ᠂ ᠠᠮᠤᠷ ᠲᠦᠪᠰᠢᠨ᠂ ᠬᠠᠳᠠᠭᠠᠯᠠᠬᠤ᠂ ᠲᠠᠩᠰᠠ ᠡᠪᠬᠡᠮᠡᠯ ᠳᠤ ᠣᠷᠣᠭᠤᠯᠬᠤ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠥᠨᠳᠥᠷ ᠪᠦᠲᠦᠮᠵᠢᠲᠡᠶ ᠠᠵᠢᠯᠯᠠᠭᠠᠨ ᠤ ᠲᠤᠭ᠎ᠠ ᠪᠠᠷᠢᠮᠲᠠ ᠶᠢ ᠨᠡᠭᠡᠭᠡᠯᠲᠡ ᠲᠠᠢ ᠬᠠᠮᠲᠤ ᠪᠠᠷ ᠭᠥᠷᠳᠡᠬᠦ ᠲᠣᠭᠲᠠᠴᠠ ᠶᠢ ᠪᠦᠷᠢᠯᠳᠦᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ ᠄ ᠦᠷᠭᠦᠯᠵᠢᠯᠡᠨ ᠠᠬᠢᠭᠤᠯᠤᠨ᠎ᠠ︶    26. ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠦᠨᠳᠦᠰᠦᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢ ᠲᠦᠷᠬᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠦᠢᠯᠡᠴᠢᠯᠡᠭᠡᠨ ᠤ ᠡᠭᠦᠳᠡ ᠡᠷᠦᠬᠡ᠂ ᠲᠤᠭ᠎ᠠ ᠪᠠᠷᠢᠮᠲᠠ ᠶᠢᠨ ᠭᠠᠷᠴᠠᠭ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ᠂ ᠲᠤᠭ᠎ᠠ ᠪᠠᠷᠢᠮᠲᠠ ᠶᠢ ᠴᠢᠯᠥᠭᠡᠲᠡᠶ ᠪᠣᠯᠭᠠᠬᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠲᠤᠭ᠎ᠠ ᠪᠠᠷᠢᠮᠲᠠ ᠶᠢ ᠵᠠᠰᠠᠬᠤ᠂ ᠲᠤᠭ᠎ᠠ ᠪᠠᠷᠢᠮᠲᠠ ᠶᠢ ᠨᠡᠭᠡᠭᠡᠨ ᠵᠠᠳᠠᠯᠬᠤ᠂ ᠲᠤᠭ᠎ᠠ ᠪᠠᠷᠢᠮᠲᠠ ᠶᠢ ᠦᠵᠡᠭᠳᠡᠮᠡᠯ ᠪᠤᠯᠭᠠᠬᠤ ᠵᠡᠷᠭᠡ ᠦᠢᠯᠡᠴᠢᠯᠡᠭᠡᠨ ᠤ ᠴᠢᠳᠠᠮᠵᠢ ᠶᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠲᠠᠢ ᠵᠣᠯᠭᠠᠭᠤᠯᠵᠤ᠂ ᠤᠯᠤᠰ ᠤᠨ ᠪᠠᠶᠢᠭᠤᠯᠤᠯᠲᠠ᠂ ᠣᠷᠣᠨ ᠤ ᠪᠠᠶᠢᠭᠤᠯᠣᠯᠳᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ ᠪᠤᠴᠠᠯᠲᠠ ᠪᠠ ᠲᠤᠭ᠎ᠠ ᠪᠠᠷᠢᠮᠲᠠ ᠶᠢ ᠰᠢᠭᠤᠳ ᠬᠦᠷᠭᠡᠬᠦ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ ᠪᠠᠷᠢᠮᠵᠢᠶ᠎ᠠ ᠨᠢᠭᠡᠳᠦᠯᠲᠡᠶ ᠬᠥᠮᠦᠨ ᠠᠮᠠ ᠂ ᠬᠠᠤᠯᠢ ᠶᠢᠨ ᠡᠷᠬᠡᠲᠡᠨ᠂ ᠠᠵᠤ ᠠᠬᠤᠶ ᠶᠢᠨ ᠵᠠᠰᠠᠯᠲᠠ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ᠂ ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ᠂ ᠡᠯᠧᠺᠲᠷᠣᠨ ᠦᠨᠡᠮᠯᠡᠯ ᠵᠡᠷᠭᠡ ᠵᠢᠷᠭᠤᠭᠠᠨ ᠶᠡᠭᠡ ᠦᠨᠳᠦᠰᠦᠨ ᠳᠤᠭ᠎ᠠ ᠪᠠᠷᠢᠮᠳᠠ ᠶᠢᠨ ᠬᠥᠮᠥᠷᠭᠡ ᠶᠢ ᠪᠠᠶᠢᠭᠤᠯᠵᠤ᠂ ︽ᠨᠢᠭᠡ ᠬᠡᠷᠡᠭᠯᠡᠭᠡᠨ ᠨᠢᠭᠡ ᠲᠤᠭ᠎ᠠ ᠪᠠᠷᠢᠮᠳᠠ ᠶᠢᠨ ᠬᠥᠮᠥᠷᠭᠡ︾ ᠶᠢᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠭᠤᠤᠯ ᠰᠡᠳᠦᠪᠲᠦ ᠳ᠋ᠠᠶᠢᠲ᠋ᠠ ᠬᠥᠮᠥᠷᠭᠡ᠂ ᠲᠤᠰᠬᠠᠶ ᠰᠡᠳᠦᠪᠲᠦ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠡᠯ᠎ᠡ ᠲᠥᠷᠥᠯ ᠤᠨ ᠬᠡᠷᠡᠭᠯᠡᠭᠡᠨ ᠤ ᠲᠠᠯᠠᠪᠤᠷ ᠲᠤ ᠴᠢᠨᠠᠷ ᠰᠠᠶᠢᠲᠠᠶ ᠳᠤᠭ᠎ᠠ ᠪᠠᠷᠢᠮᠳᠠ ᠶᠢᠨ ᠦᠢᠯᠡᠴᠢᠯᠡᠭᠡ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠤᠷᠣᠨ︶ ᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    27. ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢ  ᠬᠠᠮᠢᠶᠠᠷᠬᠤ ᠰᠠᠯᠠᠭ᠎ᠠ ᠮᠥᠴᠢᠷ ᠤᠳ ᠤᠯᠤᠰ ᠤᠨ ᠬᠠᠮᠢᠶ᠎ᠠ ᠪᠥᠬᠦᠶ ᠪᠠᠷᠢᠮᠵᠢᠶ᠎ᠠ ᠶᠣᠰᠣᠭᠠᠷ ᠳᠤᠭ᠎ᠠ ᠪᠠᠷᠢᠮᠳᠠ ᠶᠢᠨ ᠵᠠᠰᠠᠯᠲᠠ ᠶᠢᠨ ᠪᠠᠷᠢᠮᠵᠢᠶ᠎ᠠ ᠵᠢᠷᠤᠮᠵᠢᠯ ᠢ ᠲᠦᠷᠬᠡᠨ ᠲᠡᠭᠦᠯᠳᠡᠷᠵᠢᠭᠦᠯᠦᠨ᠎ᠡ᠃ ︽ᠬᠡᠨ ᠴᠤᠭᠯᠠᠭᠤᠯᠪᠠᠯ ᠬᠡᠨ ᠬᠠᠷᠢᠭᠤᠴᠠᠬᠤ᠂ ᠬᠡᠨ ᠵᠠᠰᠠᠪᠠᠯ ᠬᠡᠨ ᠬᠠᠷᠢᠭᠤᠴᠠᠬᠤ᠂ ᠬᠡᠨ ᠬᠠᠷᠭᠤᠭᠤᠯᠤᠨ ᠬᠢᠨᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠭ᠎ᠠ ᠪᠠᠷᠢᠮᠲᠠ ᠶᠢᠨ ᠵᠠᠰᠠᠯᠲᠠ ᠪᠠ ᠪᠦᠬᠦ ᠬᠤᠭᠤᠴᠠᠭᠠᠨ ᠤ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠵᠢᠴᠢ ᠰᠢᠨᠡᠳᠬᠡᠭᠰᠡᠨ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠲᠤᠭ᠎ᠠ ᠪᠠᠷᠢᠮᠲᠠ ᠶᠢᠨ ᠪᠠᠶᠢᠳᠠᠯ ᠢ ᠣᠶᠢᠯᠠᠭᠠᠵᠤ ᠪᠣᠯᠬᠤ᠂ ᠲᠤᠭ᠎ᠠ ᠪᠠᠷᠢᠮᠲᠠ ᠶᠢ ᠭᠡᠷᠡᠭᠯᠡᠭᠰᠡᠨ ᠢ ᠨᠡᠬᠡᠮᠵᠢᠯᠡᠵᠦ ᠪᠣᠯᠬᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠣᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠤᠷᠤᠨ︶ ᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶    28. ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠨᠠᠷᠢᠨ ᠬᠠᠭᠤᠳᠠᠰᠤ ᠶᠢᠨ ᠭᠠᠷᠴᠠᠭ ᠢ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠪᠥᠬᠦ ᠤᠯᠤᠰ ᠤᠨ ᠨᠢᠭᠡᠳᠦᠯᠲᠡᠶ ᠪᠠᠷᠢᠮᠵᠢᠶ᠎ᠠ ᠶᠣᠰᠣᠭᠠᠷ᠂ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠭᠠᠷᠴᠠᠭ ᠢ ᠬᠥᠳᠡᠯᠦᠩᠭᠦᠶ ᠬᠠᠮᠢᠶᠠᠷᠬᠤ ᠪᠠ ᠰᠢᠨᠡᠳᠬᠡᠬᠦ ᠲᠣᠭᠲᠠᠴᠠ ᠶᠢ ᠪᠠᠶᠢᠭᠤᠯᠵᠤ᠂ ︽ᠨᠢᠭᠡ ᠲᠤᠭ᠎ᠠ ᠨᠢᠭᠡ ᠡᠬᠢ ᠨᠢᠭᠡ ᠪᠠᠷᠢᠮᠵᠢᠶ᠎ᠠ︾ ᠶᠢ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢ ᠬᠠᠮᠲᠤ ᠳᠠᠭᠠᠨ ᠬᠦᠷᠲᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠬᠡᠷᠡᠭᠴᠡᠭᠡ ᠶᠢᠨ ᠨᠠᠷᠢᠨ ᠬᠠᠭᠤᠳᠠᠰᠤ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ ᠰᠢᠨᠡᠳᠬᠡᠬᠦ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢ ᠨᠠᠷᠢᠨ ᠬᠠᠭᠤᠳᠠᠰᠤᠴᠢᠯᠠᠨ ᠬᠠᠮᠢᠶᠠᠷᠤᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    29. ᠲᠤᠭ᠎ᠠ ᠪᠠᠷᠢᠮᠲᠠ ᠶᠢ ᠬᠠᠮᠳᠣ ᠪᠠᠷ ᠭᠥᠷᠳᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠲᠤᠯᠭᠠᠭᠤᠷᠢᠯᠠᠬᠤ ᠴᠢᠳᠠᠪᠤᠷᠢ ᠶᠢ ᠭᠦᠢᠴᠡᠳ ᠠᠰᠢᠭᠯᠠᠨ᠂ ᠬᠠᠮᠲᠤ ᠪᠠᠷ ᠭᠥᠷᠳᠡᠬᠦ ᠭᠤᠶᠤᠴᠢᠯᠠᠯ ᠢ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠦᠢᠯᠡᠴᠢᠯᠡᠭᠡ ᠬᠠᠩᠭᠠᠵᠤ᠂ ᠠᠶᠢᠮᠠᠭ᠂ ᠬᠤᠰᠢᠭᠤ ︵ᠣᠷᠣᠨ︶ ᠬᠤᠶᠠᠷ ᠱᠠᠲᠤ ᠶᠢ ᠬᠠᠮᠤᠷᠤᠭᠰᠠᠨ ᠪᠥᠬᠦ ᠠᠶᠢᠮᠠᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠵᠦ ᠰᠣᠯᠢᠯᠴᠠᠬᠤ ᠳᠣᠭᠳᠠᠯᠴᠠᠭ᠎ᠠ ᠶᠢ ᠪᠣᠶ ᠪᠣᠯᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠢᠰᠲ᠋ᠧᠮ ᠬᠢᠭᠡᠳ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠬᠡᠷᠡᠭᠴᠡᠭᠡ ᠶᠣᠰᠣᠭᠠᠷ ᠬᠠᠮᠲᠤ ᠪᠠᠷ ᠭᠥᠷᠳᠡᠬᠦ ᠶᠢ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠲᠣᠭᠤᠷᠢᠭ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠠᠶᠢᠮᠠᠭ ᠤᠨ ᠱᠠᠲᠤᠨ ᠤ ᠥᠪᠡᠰᠦᠪᠡᠨ ᠪᠠᠶᠢᠭᠤᠯᠤᠭᠰᠠᠨ ᠰᠢᠰᠲ᠋ᠧᠮ ᠤᠨ ᠳᠤᠭ᠎ᠠ ᠪᠠᠷᠢᠮᠳᠠ ᠶᠢ ᠳᠡᠭᠡᠭᠰᠢ ᠮᠡᠳᠡᠬᠦᠯᠬᠦ ᠪᠠ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠠᠴᠠ ᠰᠢᠭᠤᠳ ᠬᠠᠮᠢᠶᠠᠷᠬᠤ ᠰᠢᠰᠲ᠋ᠧᠮ ᠤᠨ  ᠳᠤᠭ᠎ᠠ ᠪᠠᠷᠢᠮᠳᠠ ᠶᠢ ᠳᠣᠷᠣᠭᠰᠢ ᠶᠠᠪᠣᠭᠤᠯᠵᠦ᠂ ᠲᠤᠭ᠎ᠠ ᠪᠠᠷᠢᠮᠲᠠ ᠶᠢ ᠰᠢᠯᠵᠢᠭᠦᠯᠦᠨ ᠰᠢᠢᠳᠪᠦᠷᠢᠯᠡᠬᠦ ᠪᠢᠳᠡᠬᠦᠮᠵᠢᠯᠡᠯ ᠢ ᠪᠦᠷᠢᠯᠳᠦᠭᠦᠯᠦᠨ᠎ᠡ᠃ ᠬᠡᠷᠡᠭᠯᠡᠭᠡᠨ ᠤ ᠲᠠᠯᠠᠪᠤᠷ ᠢᠶᠠᠷ ᠬᠥᠲᠥᠯᠦᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠭ᠎ᠠ ᠪᠠᠷᠢᠮᠲᠠ ᠶᠢ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠪᠠᠷ ᠬᠠᠮᠲᠤ ᠪᠠᠷ ᠭᠥᠷᠳᠡᠬᠦ ᠶᠢ ᠠᠬᠢᠭᠤᠯᠤᠨ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶    30. ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠭᠡᠳᠦᠯᠲᠡᠶ ᠵᠢᠷᠤᠮᠵᠢᠭᠰᠠᠨ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠠᠮᠤᠷ ᠲᠦᠪᠰᠢᠨ᠂ ᠡᠵᠡᠮᠳᠡᠵᠦ ᠪᠣᠯᠬᠤ ᠪᠥᠬᠦ ᠠᠶᠢᠮᠠᠭ ᠤᠨ ᠣᠯᠠᠨ ᠨᠡᠶᠢᠲᠡ ᠶᠢᠨ ᠳᠤᠭ᠎ᠠ ᠪᠠᠷᠢᠮᠳᠠ ᠶᠢᠨ ᠨᠡᠭᠡᠭᠡᠯᠲᠡᠲᠦ ᠲᠠᠪᠴᠠᠩ ᠢ ᠲᠦᠷᠬᠡᠨ ᠪᠠᠶᠢᠭᠤᠯᠵᠤ᠂ ᠪᠥᠬᠦ ᠠᠶᠢᠮᠠᠭ ᠤᠨ ᠣᠯᠠᠨ ᠨᠡᠶᠢᠲᠡ ᠶᠢᠨ ᠳᠤᠭ᠎ᠠ ᠪᠠᠷᠢᠮᠳᠠ ᠶᠢ ᠨᠡᠭᠡᠭᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠭᠠᠷᠴᠠᠭ ᠢ ᠨᠠᠶᠢᠷᠠᠭᠤᠯᠵᠤ᠂ ᠤᠯᠤᠰ ᠤᠨ ᠬᠠᠮᠢᠶ᠎ᠠ ᠪᠥᠬᠦᠶ ᠪᠠᠷᠢᠮᠵᠢᠶ᠎ᠠ ᠶᠢ ᠦᠨᠳᠦᠰᠦᠯᠡᠨ᠂ ᠣᠯᠠᠨ ᠨᠡᠶᠢᠲᠡ ᠶᠢᠨ ᠳᠤᠭ᠎ᠠ ᠪᠠᠷᠢᠮᠳᠠ ᠶᠢ ᠲᠥᠷᠥᠯ ᠱᠠᠳᠣ ᠬᠤᠪᠢᠶᠠᠨ ᠴᠢᠯᠥᠭᠡᠲᠡᠶ ᠨᠡᠭᠡᠭᠡᠵᠦ᠂ ᠣᠯᠠᠨ ᠨᠡᠶᠢᠲᠡ ᠶᠢᠨ ᠳᠤᠭ᠎ᠠ ᠪᠠᠷᠢᠮᠳᠠ ᠶᠢ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠠᠬᠢᠭᠤᠯᠵᠤ᠂ ᠡᠯ᠎ᠡ ᠠᠵᠢᠯ ᠲᠥᠷᠥᠯ ᠡᠯ᠎ᠡ ᠬᠦᠷᠢᠶᠡᠨ ᠳᠠᠬᠢ ᠣᠯᠠᠨ ᠨᠡᠶᠢᠲᠡ ᠶᠢᠨ  ᠳᠤᠭ᠎ᠠ ᠪᠠᠷᠢᠮᠳᠠ ᠶᠢ ᠬᠡᠷᠡᠭᠯᠡᠵᠦ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠲᠤᠭ᠎ᠠ ᠶᠢᠨ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠲᠣᠭᠤᠷᠢᠭ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    31. ᠲᠤᠭ᠎ᠠ ᠪᠠᠷᠢᠮᠲᠠ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠢᠶᠠᠷᠬᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠡᠷᠬᠡ ᠣᠯᠭᠤᠵᠤ ᠡᠵᠡᠩᠨᠡᠨ ᠬᠠᠮᠢᠶᠠᠷᠬᠤ ᠲᠤᠬᠠᠶ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠦᠷᠢᠮ ᠢ ᠨᠠᠶᠢᠳᠠᠪᠤᠷᠢᠵᠢᠭᠤᠯᠵᠤ᠂  ᠪᠣᠳᠠᠲᠠᠶ ᠲᠠᠢ ᠪᠠᠨ ᠤᠶᠠᠯᠳᠤᠭᠤᠯᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠷᠬᠡ ᠶᠢ ᠣᠯᠵᠤ ᠡᠵᠡᠩᠨᠡᠬᠦ ᠶᠢ ᠰᠦᠪᠡᠭᠴᠢᠯᠡᠨ ᠥᠷᠨᠢᠭᠦᠯᠦᠨ᠎ᠡ᠃ ᠨᠡᠶᠢᠭᠡᠮ ᠤᠨ ᠳᠤᠭ᠎ᠠ ᠪᠠᠷᠢᠮᠳᠠ ᠶᠢ ︽ᠨᠢᠭᠡᠳᠦᠯᠲᠡᠢ ᠪᠠᠷ ᠠᠪᠴᠦ ᠬᠠᠮᠲᠤ ᠪᠠᠷ ᠬᠡᠷᠡᠭᠯᠡᠬᠦ︾ ᠶᠢ ᠠᠬᠢᠭᠤᠯᠵᠤ᠂ ᠳᠤᠭ᠎ᠠ ᠪᠠᠷᠢᠮᠳᠠ ᠶᠢ ᠭᠠᠵᠠᠷ ᠣᠷᠣᠨ᠂ ᠰᠠᠯᠠᠭ᠎ᠠ ᠮᠥᠴᠢᠷ᠂ ᠱᠠᠲᠤ ᠳᠠᠪᠬᠤᠷᠭ᠎ᠠ ᠠᠯᠤᠰᠯᠠᠨ ᠬᠠᠮᠲᠤ  ᠳᠠᠭᠠᠨ ᠬᠦᠷᠲᠡᠵᠦ ᠬᠠᠮᠲᠤ ᠪᠠᠷ ᠬᠡᠷᠡᠭᠯᠡᠨ᠂ ᠳᠤᠭ᠎ᠠ ᠪᠠᠷᠢᠮᠳᠠ ᠶᠢᠨ ᠡᠬᠢ ᠪᠠᠶᠠᠯᠢᠭ ᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠳᠤᠭ᠎ᠠ ᠪᠠᠷᠢᠮᠳᠠ ᠶᠢ ᠨᠡᠶᠢᠭᠡᠮ ᠤᠨ ᠳᠤᠭ᠎ᠠ ᠪᠠᠷᠢᠮᠳᠠ ᠯᠤᠭ᠎ᠠ ᠠᠭᠤᠰᠤᠯᠴᠠᠭᠤᠯᠤᠭᠰᠠᠨ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠢᠴᠢ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠨᠡᠶᠢᠲᠡ ᠶᠢᠨ ᠳᠤᠭ᠎ᠠ ᠪᠠᠷᠢᠮᠳᠠ ᠶᠢ ᠠᠰᠢᠭᠯᠠᠨ ᠬᠠᠤᠯᠢ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠬᠦᠨ ᠢ ᠨᠡᠭᠡᠭᠡᠨ ᠬᠥᠭᠵᠢᠭᠦᠯᠬᠦ᠂ ᠳᠤᠭ᠎ᠠ ᠪᠠᠷᠢᠮᠳᠠ ᠶᠢ ᠪᠣᠯᠪᠠᠰᠣᠷᠠᠭᠤᠯᠬᠤ ᠵᠡᠷᠭᠡ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶    ︵ᠲᠦᠷᠪᠡ︶ ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ    32. ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠡᠰᠢᠲᠦ ᠪᠤᠳᠤᠬᠤ ᠴᠢᠳᠠᠪᠤᠷᠢ᠂ ᠳᠠᠷᠬᠠᠭᠠᠨ ᠬᠠᠳᠠᠭᠠᠯᠠᠬᠤ᠂ ᠮᠡᠳᠡᠭᠡ ᠵᠠᠩᠭᠢ ᠶᠢᠨ ᠰᠢᠨ᠎ᠡ ᠶᠢ ᠡᠭᠦᠳᠬᠦ ᠣᠷᠴᠢᠨ ᠲᠣᠭᠤᠷᠢᠨ᠂ ᠲᠣᠰ ᠭᠠᠵᠠᠷ ᠤᠨ ᠳᠤᠭ᠎ᠠ ᠪᠠᠷᠢᠮᠳᠠ ᠪᠠ ᠰᠢᠰᠲ᠋ᠧᠮ ᠤᠨ ᠠᠶᠣᠯ ᠢ ᠰᠡᠷᠭᠡᠶᠢᠯᠡᠬᠦ ᠪᠡᠯᠡᠳᠬᠡᠯ ᠵᠡᠷᠭᠡ ᠡᠭᠦᠯᠡᠨ ᠦᠢᠯᠡᠴᠢᠯᠡᠭᠡ ᠶᠢ ᠥᠷᠭᠡᠳᠬᠡᠨ ᠲᠠᠰ ᠳᠡᠪᠰᠢᠭᠦᠯᠵᠦ᠂ ᠡᠭᠦᠯᠡᠨ ᠡᠬᠢ ᠪᠠᠶᠠᠯᠢᠭ ᠢ ᠨᠢᠭᠡᠳᠦᠯᠲᠡᠶ ᠬᠠᠮᠢᠶᠠᠷᠬᠤ ᠪᠠ ᠠᠮᠢᠳᠣᠯᠢᠭ ᠳᠣᠭᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠪᠣᠳᠠᠰ ᠢᠶᠠᠨ ᠬᠤᠯᠪᠣᠭᠳᠠᠭᠤᠯᠤᠨ ᠰᠡᠷᠡᠵᠦ ᠮᠡᠳᠡᠬᠦ᠂ ᠲᠣᠮᠣ ᠳ᠋ᠠᠶᠢᠲ᠋ᠠ ᠶᠢ ᠵᠠᠳᠠᠯᠬᠤ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠤᠨ ᠬᠡᠷᠡᠭᠯᠡᠭᠡᠨ ᠤ ᠰᠢᠰᠲ᠋ᠧᠮ ᠢ ᠨᠡᠭᠡᠭᠡᠨ ᠬᠥᠭᠵᠢᠭᠦᠯᠬᠦ ᠬᠡᠷᠡᠭᠴᠡᠭᠡ ᠵᠢᠴᠢ ᠵᠥᠭᠡᠯᠡᠨ ᠬᠠᠲᠠᠭᠤ ᠲᠣᠨᠤᠭ ᠢ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠪᠠ ᠳᠤᠭ᠎ᠠ ᠪᠠᠷᠢᠮᠳᠠ ᠶᠢᠨ ᠠᠮᠤᠷ ᠲᠦᠪᠰᠢᠨ ᠤ ᠱᠠᠭᠠᠷᠳᠠᠯᠭ᠎ᠠ ᠶᠢ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠄ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ᠡᠯ᠎ᠡ ᠬᠤᠰᠢᠭᠤ ︵ᠣᠷᠣᠨ︶᠂ ᠡᠯ᠎ᠡ ᠰᠠᠯᠠᠭ᠎ᠠ ᠮᠥᠴᠢᠷ ᠤᠨ ᠥᠪᠡᠰᠦᠪᠡᠨ ᠪᠠᠶᠢᠭᠤᠯᠤᠭᠰᠠᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠤᠪᠢᠶᠠᠯᠴᠠᠬᠤ ᠶᠢ ᠲᠦᠷᠭᠡᠳᠬᠡᠵᠦ᠂ ᠨᠢᠭᠤᠴᠠ ᠳᠤ ᠥᠯᠥ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠭᠦᠯᠡᠨ ᠲᠠᠪᠴᠠᠩ ᠳᠤ ᠣᠷᠣᠭᠤᠯᠬᠤ ᠶᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠤ ᠨᠢᠭᠡᠳᠦᠯᠲᠡᠶ ᠪᠠᠶᠢᠷᠢᠯᠠᠭᠤᠯᠵᠤ᠂ ᠵᠠᠷᠴᠢᠮ ᠳᠡᠭᠡᠷ᠎ᠡ ᠪᠠᠨ ᠡᠯ᠎ᠡ ᠬᠤᠰᠢᠭᠤ ︵ᠣᠷᠣᠨ︶᠂ ᠡᠯ᠎ᠡ ᠰᠠᠯᠠᠭ᠎ᠠ ᠮᠥᠴᠢᠷ ᠤᠳ ᠮᠠᠰᠢᠨ ᠤ ᠥᠷᠥᠭᠡ ᠶᠢ ᠳᠠᠭᠢᠵᠤ ᠪᠠᠶᠢᠭᠤᠯᠬᠤ ᠥᠬᠡᠶ᠂ ᠬᠠᠲᠠᠭᠤ ᠲᠣᠨᠤᠭ ᠪᠠ ᠦᠨᠳᠦᠰᠦᠨ ᠵᠥᠭᠡᠯᠡᠨ ᠲᠣᠨᠤᠭ ᠢ ᠲᠤᠰᠠᠭᠠᠷ ᠬᠤᠳᠠᠯᠳᠤᠨ ᠠᠪᠬᠤ ᠥᠬᠡᠶ ᠪᠠᠶᠢᠵᠤ᠂ ᠬᠠᠮᠢᠶ᠎ᠠ ᠪᠥᠬᠦᠶ ᠪᠥᠲᠥᠭᠡᠨ ᠪᠠᠶᠢᠭᠤᠯᠵᠦ ᠠᠵᠢᠯᠯᠠᠭᠤᠯᠬᠤ ᠶᠢ ᠪᠠᠳᠣᠯᠠᠬᠤ ᠪᠠᠯᠠ ᠮᠥᠩᠭᠦ ᠶᠢ ᠳᠠᠬᠢᠨ ᠲᠣᠬᠢᠷᠠᠭᠤᠯᠬᠤ ᠥᠬᠡᠶ᠂ ᠤᠤᠯ ᠤᠨ ᠥᠪᠡᠰᠦᠪᠡᠨ ᠪᠠᠶᠢᠭᠤᠯᠤᠭᠰᠠᠨ ᠮᠠᠰᠢᠨ ᠤ ᠬᠡᠷ ᠢ ᠬᠦᠴᠦᠨ ᠥᠬᠡᠶ ᠪᠣᠯᠭᠠᠬᠤ ᠪᠤᠶᠤ ᠰᠦᠯᠵᠢᠶᠡᠨ ᠤ ᠲᠥᠬᠦᠭᠡᠷᠦᠮᠵᠢ ᠶᠢᠨ ᠬᠤᠭᠤᠷᠣᠨᠳᠤ ᠬᠡᠷᠡᠭᠯᠡᠨ᠎ᠠ᠃        ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    33. ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠡᠭᠦᠯᠡᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠪᠠᠶᠢᠭᠤᠯᠬᠤ ᠪᠠ ᠱᠠᠳᠣ ᠬᠤᠪᠢᠶᠠᠨ ᠬᠡᠷᠡᠭᠯᠡᠬᠦ᠂ ᠡᠭᠦᠯᠡᠨ ᠡᠬᠢ ᠪᠠᠶᠠᠯᠢᠭ ᠢ ᠬᠥᠳᠡᠯᠦᠩᠭᠦᠶ ᠪᠠᠷ ᠳᠣᠭᠢᠷᠠᠭᠤᠯᠬᠤ ᠪᠠ ᠪᠥᠬᠦ ᠬᠤᠭᠤᠴᠠᠭᠠᠨ ᠳᠤ ᠬᠠᠮᠢᠶᠠᠷᠬᠤ᠂ ᠡᠭᠦᠯᠡᠨ ᠦᠢᠯᠡᠴᠢᠯᠡᠭᠡᠨ ᠤ ᠶᠠᠰᠤ ᠴᠢᠨᠠᠷ ᠢ ᠰᠢᠯᠭᠠᠨ ᠬᠢᠨᠠᠬᠤ ᠵᠡᠷᠭᠡ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠡᠭᠦᠯᠡᠨ ᠬᠠᠮᠢᠶᠠᠷᠤᠯᠲᠠ ᠶᠢ ᠪᠠᠷᠢᠮᠵᠢᠶᠠᠵᠢᠭᠤᠯᠬᠤ᠂ ᠵᠢᠷᠣᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠶᠠᠰᠤ ᠴᠢᠨᠠᠷ ᠪᠠ ᠡᠭᠦᠯᠡᠨ ᠡᠬᠢ ᠪᠠᠶᠠᠯᠢᠭ ᠢ ᠬᠡᠷᠡᠭᠯᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ ᠄ 2025 ᠣᠨ ᠤ 12 ᠳ᠋ᠤᠭᠠᠷ ᠰᠠᠷ᠎ᠠ︶    34.ᠡᠷᠴᠢᠮᠯᠢᠭ ᠪᠥᠭᠡᠳ ᠨᠠᠶᠢᠳᠠᠪᠤᠷᠢᠲᠠᠶ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠪᠠᠶᠢᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠦᠲᠦᠴᠡ ᠶᠢ ᠰᠢᠯᠢᠳᠡᠭᠵᠢᠭᠦᠯᠦᠨ᠂ ᠰᠦᠯᠵᠢᠶ᠎ᠡ ᠶᠢᠨ ᠭᠠᠳᠠᠭᠰᠢ ᠨᠡᠪᠳᠡᠷᠡᠬᠦ ᠶᠢ ᠵᠢᠷᠤᠮᠵᠢᠭᠤᠯᠵᠤ᠂ ᠦᠵᠦᠭᠦᠷ ᠤᠨ ᠬᠡᠷᠡᠭᠯᠡᠭᠴᠢ ᠶᠢᠨ ᠰᠦᠯᠵᠢᠶᠡᠨ ᠳᠤ ᠭᠠᠷᠬᠤ ᠪᠠ ᠲᠤᠬᠠᠶᠢᠯᠠᠭᠰᠠᠨ ᠠᠵᠢᠯ ᠤᠨ ᠬᠡᠷᠡᠭᠯᠡᠯᠲᠡ ᠶᠢ ᠰᠠᠯᠭᠠᠨ᠎ᠠ᠃ ᠪᠥᠬᠦ ᠠᠶᠢᠮᠠᠭ ᠤᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠬᠠᠮᠢᠶᠠᠷᠬᠤ ᠲᠠᠪᠴᠠᠩ ᠢ ᠪᠠᠶᠢᠭᠤᠯᠵᠤ᠂ ᠡᠯ᠎ᠡ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠠᠵᠢᠯᠯᠠᠭᠠᠨ ᠢ ᠨᠢᠭᠡᠳᠦᠯᠲᠡᠶ ᠬᠢᠨᠠᠨ ᠬᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠬᠠᠮᠢᠶᠠᠷᠤᠯᠲᠠ ᠶᠢᠨ ᠲᠠᠪᠴᠠᠩ ᠯᠤᠭ᠎ᠠ ᠵᠣᠯᠭᠠᠭᠤᠯᠦᠨ᠎ᠡ᠃ ᠬᠡᠷᠡᠭᠴᠡᠭᠡ ᠶᠣᠰᠣᠭᠠᠷ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠭᠤᠣᠯ ᠥᠷᠭᠡᠨ ᠪᠦᠰᠡ ᠶᠢ ᠥᠷᠭᠡᠳᠬᠡᠵᠦ᠂ ᠬᠠᠮᠢᠶ᠎ᠠ ᠪᠦᠬᠦᠢ ᠲᠥᠬᠦᠭᠡᠷᠦᠮᠵᠢ ᠶᠢ ᠨᠡᠮᠡᠭᠳᠡᠭᠦᠯᠦᠨ᠂ ᠵᠠᠰᠠᠭ ᠤᠨ ᠶᠠᠪᠤᠳᠠᠯ ᠤᠨ ᠸᠢᠳᠢᠤ᠋ ᠶᠢᠨ ᠡᠬᠢ ᠪᠠᠶᠠᠯᠢᠭ ᠢ ᠬᠠᠮᠲᠤ ᠳᠠᠭᠠᠨ ᠬᠦᠷᠲᠡᠵᠦ ᠬᠡᠷᠡᠭᠯᠡᠬᠦ ᠪᠠ ᠮᠡᠳᠡᠭᠡ ᠬᠤᠯᠪᠣᠭ᠎ᠠ ᠲᠠᠢ ᠠᠭᠤᠰᠤᠯᠴᠠᠬᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ IPv6 ᠶᠢ ᠬᠡᠷᠡᠭᠯᠡᠬᠦ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ IPv6 ᠶᠢ ᠳᠡᠯᠭᠡᠷᠡᠭᠦᠯᠦᠨ ᠬᠡᠷᠡᠭᠯᠡᠬᠦ ᠲᠥᠯᠥᠪᠯᠡᠭᠡ ᠶᠢ ᠲᠣᠭᠲᠠᠭᠠᠵᠤ᠂ IPv4᠂ IPv6 ᠬᠤᠶᠠᠭᠤᠯᠠ ᠶᠢ ᠬᠡᠷᠡᠭᠯᠡᠬᠦ ᠶᠢ ᠲᠦᠷᠭᠡᠳᠬᠡᠨ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠨᠢᠭᠡ ᠰᠦᠯᠵᠢᠶ᠎ᠡ ᠪᠠᠷ ᠣᠯᠠᠨ ᠳᠠᠯ᠎ᠠ᠂ ᠥᠷᠭᠡᠨ ᠬᠠᠷᠢᠮᠠᠬᠠᠶ ᠴᠢᠨᠠᠷ ᠲᠠᠢ ᠪᠠᠷ ᠲᠣᠬᠢᠷᠠᠭᠤᠯᠤᠯᠲᠠ ᠬᠢᠬᠦ ᠵᠡᠷᠭᠡ ᠲᠤᠷᠰᠢᠠ ᠬᠡᠷᠡᠭᠯᠡᠬᠦ ᠶᠢ ᠠᠬᠢᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠪᠥᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠦᠨ᠂ ᠬᠡᠷᠡᠭᠴᠡᠭᠡ ᠶᠣᠰᠣᠭᠠᠷ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠪᠠᠩᠬᠢ ᠳᠠᠭᠠᠳᠬᠠᠯ ᠤᠨ ᠪᠠᠶᠢᠭᠤᠯᠤᠮᠵᠢ ᠵᠡᠷᠭᠡ ᠬᠠᠮᠢᠶ᠎ᠠ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠵᠠᠯᠭᠠᠨ ᠣᠷᠣᠭᠤᠯᠵᠤ᠂ ᠲᠤᠰᠬᠠᠶ ᠰᠦᠯᠵᠢᠶ᠎ᠡ᠂ VPN᠂ ᠰᠢᠯᠵᠢᠮᠡᠯ ᠴᠢᠮᠡᠭᠡ ᠬᠤᠯᠪᠣᠭᠠᠨ ᠤ ᠰᠦᠯᠵᠢᠶ᠎ᠡ ᠵᠡᠷᠭᠡ ᠶᠢ ᠠᠮᠢᠳᠤᠯᠢᠭ ᠢᠶᠠᠷ ᠵᠠᠯᠭᠠᠨ ᠣᠷᠣᠭᠤᠯᠬᠤ ᠠᠷᠭ᠎ᠠ ᠮᠠᠶ᠋ᠢᠭ ᠢᠶᠠᠷ ᠦᠨᠳᠦᠰᠦᠨ ᠱᠠᠳᠣ ᠲᠡᠰᠢ ᠤᠷᠲᠤᠳᠬᠠᠨ᠎ᠠ᠃ ᠠᠶᠢᠮᠠᠭ ᠤᠨ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠣᠯᠠᠨ ᠨᠡᠶᠢᠲᠡ ᠶᠢᠨ ᠣᠷᠣᠨ ᠤ ᠨᠡᠷ᠎ᠡ ᠶᠢᠨ ᠰᠢᠰᠲ᠋ᠧᠮ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠣᠷᠣᠨ ᠤ ᠨᠡᠷ᠎ᠡ ᠶᠢᠨ ᠰᠢᠰᠲ᠋ᠧᠮ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠣᠯᠠᠨ ᠨᠡᠶᠢᠲᠡ ᠶᠢᠨ ᠣᠷᠣᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠨᠡᠷ᠎ᠡ ᠶᠢ ᠰᠤᠷᠪᠤᠯᠵᠢᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠤᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    35. ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠲᠤᠰᠬᠠᠶ ᠰᠦᠯᠵᠢᠶ᠎ᠡ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠤᠨ᠎ᠠ᠃ ᠰᠦᠯᠵᠢᠶ᠎ᠡ ᠪᠠᠷ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠳᠣ ᠪᠠᠷ ᠬᠦᠷᠲᠡᠬᠦ᠂ ᠲᠤᠬᠠᠶᠢᠯᠠᠭᠰᠠᠨ ᠠᠵᠢᠯ ᠤᠨ ᠬᠤᠯᠪᠣᠭᠠᠯᠠᠨ ᠬᠥᠳᠡᠯᠦᠯᠴᠡᠬᠦ᠂ ᠠᠮᠤᠷ ᠲᠦᠪᠰᠢᠨ ᠢ ᠬᠠᠮᠢᠶᠠᠷᠴᠤ ᠪᠣᠯᠬᠤ ᠵᠠᠷᠴᠢᠮ ᠶᠣᠰᠣᠭᠠᠷ᠂ ᠪᠣᠳᠠᠲᠠᠶ ᠲᠤᠬᠠᠶᠢᠯᠠᠭᠰᠠᠨ ᠠᠵᠢᠯ ᠤᠨ ᠬᠡᠷᠡᠭᠯᠡᠯᠲᠡ ᠪᠠᠷ ᠬᠥᠲᠥᠯᠦᠮᠵᠢ ᠪᠣᠯᠭᠠᠵᠤ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠲᠤᠰᠬᠠᠢ ᠰᠦᠯᠵᠢᠶ᠎ᠡ ᠪᠠᠷ  ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠲᠡᠰᠢ ᠡᠮᠬᠢᠯᠡᠨ ᠨᠡᠶᠢᠯᠡᠭᠦᠯᠵᠦ ᠨᠡᠭᠦᠯᠭᠡᠬᠦ ᠪᠤᠶᠤ ᠠᠭᠤᠰᠤᠯᠴᠠᠭᠤᠯᠤᠨ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠠᠮᠤᠷ ᠲᠦᠪᠰᠢᠨ ᠥᠨᠳᠥᠷ ᠪᠦᠲᠦᠮᠵᠢᠲᠡᠶ ᠰᠦᠯᠵᠢᠶ᠎ᠡ ᠠᠯᠤᠰᠯᠠᠭᠰᠠᠨ ᠲᠤᠭ᠎ᠠ ᠪᠠᠷᠢᠮᠲᠠ ᠶᠢ ᠳᠠᠮᠵᠢᠭᠤᠯᠬᠤ ᠲᠣᠭᠲᠠᠴᠠ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠥᠬᠦ ᠲᠠᠯ᠎ᠠ ᠪᠠᠷ ᠲᠤᠯᠭᠠᠭᠤᠷᠢᠯᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ ᠄ 2025 ᠣᠨ ᠤ 12 ᠳ᠋ᠤᠭᠠᠷ ᠰᠠᠷ᠎ᠠ︶    36. ᠲᠣᠭᠠᠴᠢᠯᠠᠭᠰᠠᠨ ᠨᠡᠶᠢᠲᠡᠯᠢᠭ ᠴᠢᠨᠠᠷᠲᠠᠶ ᠮᠡᠷᠭᠡᠵᠢᠯ ᠢᠶᠠᠷ ᠲᠤᠯᠭᠠᠭᠤᠷᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠡᠷᠭᠡᠵᠢᠯ ᠤᠨ ᠳᠤᠮᠳᠠ ᠲᠠᠪᠴᠠᠩ ᠢ ᠪᠠᠶᠢᠭᠤᠯᠵᠤ᠂ ᠬᠤᠷᠠᠮᠠᠯ AI ᠪᠤᠳᠤᠬᠤ ᠠᠷᠭ᠎ᠠ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ᠂ ᠪᠠᠶᠢᠭᠠᠯᠢ ᠦᠭᠡ ᠬᠡᠯᠡ ᠶᠢ ᠰᠢᠢᠳᠪᠦᠷᠢᠯᠡᠬᠦ᠂ ᠸᠢᠳᠢᠤ᠋ ᠵᠢᠷᠤᠭ ᠳᠦᠷᠰᠦ ᠶᠢ ᠢᠯᠭᠠᠨ ᠲᠠᠨᠢᠬᠤ ᠵᠠᠳᠠᠯᠬᠤ᠂ ᠮᠡᠳᠡᠭᠡ ᠬᠤᠯᠪᠣᠭ᠎ᠠ ᠶᠢ ᠠᠭᠤᠰᠤᠯᠴᠠᠭᠤᠯᠬᠤ ᠵᠡᠷᠭᠡ ᠴᠢᠳᠠᠮᠵᠢ ᠶᠢᠨ ᠬᠡᠷᠡᠭᠯᠡᠭᠡᠨ ᠤ ᠲᠤᠯᠭᠠᠭᠤᠷᠢᠯᠠᠬᠤ ᠲᠠᠪᠴᠠᠩ ᠵᠢᠴᠢ ᠦᠢᠯᠡᠴᠢᠯᠡᠭᠡ᠂ ᠺᠣᠳ᠋ ᠶᠢ ᠨᠡᠭᠡᠭᠡᠬᠦ ᠵᠡᠷᠭᠡ PaaS ᠲᠠᠪᠴᠠᠩ ᠤᠨ ᠦᠢᠯᠡᠴᠢᠯᠡᠭᠡ ᠶᠢ ᠪᠠᠶᠢᠭᠤᠯᠵᠤ᠂ ᠸᠢᠳᠢᠤ᠋ ᠶᠢ ᠣᠶᠤᠨᠴᠢ ᠪᠠᠷ ᠵᠠᠳᠠᠯᠬᠤ᠂ ᠠᠪᠢᠶ᠎ᠠ ᠶᠢ ᠢᠯᠭᠠᠨ ᠲᠠᠨᠢᠬᠤ ᠂ ᠣᠶᠤᠨᠴᠢ ᠠᠰᠠᠭᠤᠯᠲᠠ ᠬᠠᠷᠢᠭᠤᠯᠲᠠ᠂ ᠮᠡᠳᠡᠭᠡ ᠵᠠᠩᠭᠢ ᠶᠢ ᠲᠦᠷᠭᠡᠨ ᠳᠠᠮᠵᠢᠭᠤᠯᠬᠤ᠂ ᠭᠡᠨᠡᠳᠲᠡ ᠶᠢᠨ ᠬᠡᠷᠡᠭ ᠤᠨ ᠳᠣᠬᠠᠢ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠮᠡᠳᠡᠭᠡ ᠵᠠᠩᠭᠢ ᠶᠢᠨ ᠢᠷᠡᠯᠲᠡ ᠶᠢ ᠡᠷᠢᠬᠦ ᠵᠡᠷᠭᠡ ᠲᠣᠭᠠᠴᠢᠯᠠᠭᠰᠠᠨ ᠤᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭᠯᠡᠭᠡᠨ ᠤ ᠰᠢᠰᠲ᠋ᠧᠮ ᠢ ᠳᠦᠯᠦᠪᠯᠡᠬᠦ᠂ ᠨᠡᠭᠡᠭᠡᠨ ᠬᠥᠭᠵᠢᠭᠦᠯᠬᠦ᠂ ᠠᠵᠢᠯᠯᠠᠭᠤᠯᠬᠤ  ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠭᠡᠭᠡᠨ ᠬᠥᠭᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠴᠠᠭ ᠬᠤᠭᠤᠴᠠᠭ᠎ᠠ ᠪᠠ ᠣᠷᠣᠨ ᠵᠠᠶ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠡᠯ᠎ᠡ ᠲᠥᠷᠥᠯ ᠤᠨ ᠴᠠᠭ ᠪᠠ ᠣᠷᠣᠨ ᠵᠠᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡ ᠴᠣᠭᠴᠠᠵᠢᠭᠤᠯᠤᠭᠰᠠᠨ ᠴᠠᠭ ᠪᠠ ᠣᠷᠣᠨ ᠵᠠᠶ ᠶᠢᠨ ᠲᠤᠭ᠎ᠠ ᠪᠠᠷᠢᠮᠲᠠ ᠶᠢ ᠬᠠᠮᠢᠶᠠᠷᠬᠤ ᠦᠢᠯᠡᠴᠢᠯᠡᠬᠦ ᠬᠥᠳᠡᠯᠭᠡᠭᠦᠷ ᠢ ᠪᠠᠶᠢᠭᠤᠯᠵᠤ᠂ ᠤᠶᠤᠨᠲᠤ ᠬᠤᠲᠠ᠂ ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ ᠵᠢᠴᠢ ᠬᠤᠲᠠ ᠶᠢᠨ ᠬᠠᠮᠢᠶᠠᠷᠤᠯᠲᠠ᠂ ᠣᠷᠴᠢᠨ ᠠᠬᠤᠶ ᠶᠢᠨ ᠬᠠᠮᠠᠭᠠᠯᠠᠯᠲᠠ᠂ ᠤᠰᠤᠨ ᠠᠰᠢᠭᠯᠠᠯᠲᠠ᠂ ᠴᠠᠭ ᠠᠭᠤᠷ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ ᠵᠡᠷᠭᠡ ᠠᠵᠢᠯ ᠲᠥᠷᠥᠯ ᠤᠨ ᠬᠡᠷᠡᠭᠯᠡᠯᠲᠡ ᠳᠤ ᠨᠢᠭᠡᠳᠦᠯᠲᠡᠶ ᠴᠠᠭ ᠪᠠ ᠣᠷᠣᠨ ᠵᠠᠶ ᠶᠢᠨ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ᠂ ᠠᠵᠤ ᠠᠬᠤᠶᠢᠯᠠᠯ ᠵᠢᠴᠢ ᠨᠡᠶᠢᠭᠡᠮ ᠨᠡᠶᠢᠲᠡ ᠳᠤ ᠥᠨᠳᠥᠷ ᠪᠦᠲᠦᠮᠵᠢᠲᠡᠶ ᠳᠥᠭᠦᠮ ᠳᠥᠲᠡ ᠴᠠᠭ ᠪᠠ ᠣᠷᠣᠨ ᠵᠠᠶ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ᠳᠣᠭᠠᠴᠢᠯᠠᠭᠰᠠᠨ ᠲᠤᠯᠭᠠᠭᠤᠷᠢᠯᠠᠬᠤ ᠲᠠᠪᠴᠠᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠪᠡᠶ᠎ᠡ ᠶᠢᠨ ᠭᠠᠷᠤᠯ ᠤᠨ ᠨᠢᠭᠡᠳᠦᠯᠲᠡᠶ ᠭᠡᠷᠡᠴᠢᠯᠡᠯ᠂ ᠲᠣᠭᠠᠴᠢᠯᠠᠭᠰᠠᠨ ᠲᠠᠩᠰᠠ ᠡᠪᠬᠡᠮᠡᠯ ᠤᠨ ᠡᠬᠢ ᠪᠠᠶᠠᠯᠢᠭ᠂ ᠡᠳ᠋ ᠤᠨ ᠵᠠᠰᠠᠭ ᠤᠨ ᠡᠯᠧᠺᠲᠷᠣᠨ ᠪᠠᠷᠢᠮᠲᠠ ᠶᠢᠨ ᠦᠢᠯᠡᠴᠢᠯᠡᠭᠡ᠂ ᠨᠢᠭᠡᠳᠦᠯᠲᠡᠶ ᠣᠯᠠᠨ ᠨᠡᠶᠢᠲᠡ ᠶᠢᠨ ᠲᠣᠭᠠᠴᠠᠭ᠎ᠠ ᠬᠢᠬᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ᠂ ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ᠂ ᠡᠯᠧᠺᠲᠷᠣᠨ ᠲᠠᠮᠠᠭ᠎ᠠ ᠵᠡᠷᠭᠡ ᠪᠥᠬᠦ ᠣᠷᠣᠨ ᠤ ᠨᠢᠭᠡᠳᠦᠯᠲᠡᠶ ᠪᠠᠶᠢᠭᠤᠯᠤᠭᠰᠠᠨ ᠨᠡᠶᠢᠲᠡᠯᠢᠭ ᠴᠢᠨᠠᠷᠲᠠᠶ ᠬᠡᠷᠡᠭᠯᠡᠭᠡᠨ ᠤ ᠲᠤᠯᠭᠠᠭᠤᠷᠢᠯᠠᠬᠤ ᠲᠠᠪᠴᠠᠩ ᠬᠢᠭᠡᠳ ᠡᠯ᠎ᠡ ᠰᠠᠯᠠᠭ᠎ᠠ ᠮᠥᠴᠢᠷ ᠤᠨ ᠥᠪᠡᠰᠦᠪᠡᠨ ᠪᠠᠶᠢᠭᠤᠯᠤᠭᠰᠠᠨ ᠰᠢᠰᠲ᠋ᠧᠮ ᠢ ᠬᠡᠷᠡᠭᠴᠡᠭᠡ ᠶᠣᠰᠣᠭᠠᠷ ᠵᠣᠯᠭᠠᠭᠤᠯᠬᠤ ᠶᠢ ᠠᠬᠢᠭᠤᠯᠵᠤ᠂ ᠰᠢᠰᠲ᠋ᠧᠮ ᠤᠨ ᠡᠷᠴᠢᠮᠵᠢᠭᠦᠯᠦᠭᠰᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶ ᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ︵ᠲᠠᠪᠤ︶ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ     37. ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠣᠭᠳᠠᠯᠴᠠᠭ᠎ᠠ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠦᠯᠵᠢᠶᠡᠨ ᠤ ᠠᠮᠤᠷ ᠲᠦᠪᠰᠢᠨ᠂ ᠳᠤᠭ᠎ᠠ ᠪᠠᠷᠢᠮᠳᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠭᠤᠷᠢ ᠳᠦᠭᠦᠭᠡᠷᠦᠮᠵᠢ ᠂ ᠮᠡᠳᠡᠭᠡ ᠵᠠᠩᠭᠢ ᠶᠢᠨ ᠰᠢᠰᠲ᠋ᠧᠮ ᠪᠠ ᠳ᠋ᠠᠶᠢᠲ᠋ᠠ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠳᠣᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠵᠠᠷ ᠣᠷᠣᠨ᠂ ᠰᠠᠯᠠᠭ᠎ᠠ ᠮᠥᠴᠢᠷ᠂ ᠱᠠᠲᠤ ᠳᠠᠪᠬᠤᠷᠭ᠎ᠠ ᠠᠯᠤᠰᠯᠠᠭᠰᠠᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠳ᠋ᠤᠭᠠᠷ ᠰᠠᠷ᠎ᠠ︶    38. ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠲᠣᠭᠠᠴᠢᠯᠠᠭᠰᠠᠨ ᠵᠠᠰᠠᠭ ᠤᠨ ᠣᠷᠳᠣᠨ ᠤ ᠠᠮᠤᠷ ᠲᠦᠪᠰᠢᠨ ᠢ ᠦᠨᠡᠯᠡᠨ ᠵᠢᠱᠢᠬᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠴᠢᠬᠤᠯᠠ ᠶᠡᠭᠡ ᠬᠡᠷᠡᠭ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠰᠦᠯᠵᠢᠶᠡᠨ ᠤ ᠠᠮᠤᠷ ᠲᠦᠪᠰᠢᠨ᠂ ᠳᠤᠭ᠎ᠠ ᠪᠠᠷᠢᠮᠳᠠ ᠶᠢᠨ ᠠᠮᠤᠷ ᠲᠦᠪᠰᠢᠨ ᠢ ᠬᠢᠨᠠᠠ ᠬᠠᠮᠢᠶᠠᠷᠬᠤ ᠶᠢ ᠴᠢᠩᠭᠠᠷᠠᠭᠤᠯᠤᠨ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠦᠭᠡᠷᠡᠴᠢᠯᠡᠬᠦ᠂ ᠵᠠᠳᠠᠷᠠᠭᠤᠯᠬᠤ ᠪᠠ ᠳᠤᠷ᠎ᠠ ᠪᠠᠷ ᠢᠶᠠᠨ ᠬᠡᠷᠡᠭᠯᠡᠬᠦ ᠶᠢ ᠦᠨᠡᠨ ᠬᠦ ᠰᠡᠷᠭᠡᠶᠢᠯᠡᠨ᠎ᠡ᠃ ᠤᠯᠤᠰ ᠤᠨ ︽ᠠᠵᠤ ᠠᠬᠤᠶᠢᠯᠠᠯ  ᠤᠨ ᠬᠢᠨ ᠤ ᠵᠠᠰᠠᠭ ᠤᠨ ᠣᠷᠳᠣᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠳᠤ ᠣᠷᠣᠯᠴᠠᠬᠤ ᠶᠢ ᠵᠢᠷᠤᠮᠵᠢᠭᠤᠯᠵᠤ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠠᠮᠤᠷ ᠲᠦᠪᠰᠢᠨ ᠢ ᠬᠠᠮᠢᠶᠠᠷᠬᠤ ᠠᠷᠭ᠎ᠠ︾ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠠᠵᠢᠯᠯᠠᠭᠤᠯᠵᠤ ᠬᠠᠮᠠᠭᠠᠯᠠᠬᠤ ᠳᠤ ᠣᠷᠣᠯᠴᠠᠭᠰᠠᠨ ᠠᠵᠤ ᠠᠬᠤᠶᠢᠯᠠᠯ ᠢ ᠵᠢᠷᠣᠮᠵᠢᠭᠤᠯᠣᠨ ᠬᠠᠮᠢᠶᠠᠷᠬᠤ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠰᠢᠰᠲ᠋ᠧᠮ ᠪᠠ ᠳᠤᠭ᠎ᠠ ᠪᠠᠷᠢᠮᠳᠠ ᠶᠢᠨ ᠠᠮᠤᠷ ᠲᠦᠪᠰᠢᠨ ᠢ ᠬᠠᠮᠢᠶᠠᠷᠬᠤ ᠬᠡᠪᠴᠢᠶ᠎ᠡ᠂ ᠡᠭᠦᠷᠭᠡ ᠬᠠᠷᠢᠭᠤᠴᠠᠯᠭ᠎ᠠ ᠲᠣᠳᠣᠷᠬᠠᠶ ᠪᠠᠶᠢᠵᠦ᠂ ᠬᠠᠷᠢᠭᠤᠴᠠᠯᠭ᠎ᠠ ᠶᠢ  ᠨᠠᠶᠢᠳᠠᠪᠣᠷᠢᠵᠢᠭᠤᠯᠬᠤ ᠶᠢ ᠦᠨᠡᠨᠬᠦ ᠪᠠᠲᠤᠯᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠳ᠋ᠤᠭᠠᠷ ᠰᠠᠷ᠎ᠠ︶    39. ᠤᠯᠤᠰ ᠤᠨ ᠨᠢᠭᠤᠴᠠ ᠳᠤ ᠬᠤᠯᠪᠣᠭᠳᠠᠬᠤ ᠰᠢᠰᠲ᠋ᠧᠮ ᠢ ᠱᠠᠳᠣ ᠬᠤᠪᠢᠶᠠᠨ ᠬᠠᠮᠠᠭᠠᠯᠠᠬᠤ᠂ ᠪᠠᠶᠢᠴᠠᠭᠠᠨ ᠦᠨᠡᠯᠡᠬᠦ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠳᠦᠷᠢᠮ ᠢ ᠨᠠᠶᠢᠳᠠᠪᠣᠷᠢᠵᠢᠭᠤᠯᠣᠨ᠎ᠠ᠃ ᠨᠢᠭᠤᠴᠠ ᠳᠤ ᠬᠤᠯᠪᠣᠭᠳᠠᠬᠤ ᠰᠦᠯᠵᠢᠶ᠎ᠡ ᠪᠠ ᠮᠡᠳᠡᠭᠡ ᠵᠠᠩᠭᠢ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠨᠢᠭᠤᠴᠠ ᠳᠤ ᠬᠤᠯᠪᠣᠭᠳᠠᠬᠤ ᠰᠢᠰᠲ᠋ᠧᠮ ᠢ ᠱᠠᠲᠤ ᠬᠤᠪᠢᠶᠠᠨ ᠬᠠᠮᠠᠭᠠᠯᠠᠵᠤ ᠰᠢᠯᠭᠠᠨ ᠦᠨᠡᠯᠡᠬᠦ ᠪᠠ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠴᠢᠩᠭᠠᠳᠬᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠴᠢᠬᠤᠯᠠ ᠨᠢᠭᠤᠴᠠ ᠶᠢᠨ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶    40. ᠤᠯᠤᠰ ᠤᠨ ᠰᠦᠯᠵᠢᠶᠡᠨ ᠤ ᠠᠮᠤᠷ ᠲᠦᠪᠰᠢᠨ ᠤ ᠳᠡᠰ ᠢ ᠬᠠᠮᠠᠭᠠᠯᠠᠬᠤ᠂ ᠨᠢᠭᠤᠴᠠ ᠨᠣᠮᠧᠷ ᠢ ᠬᠡᠷᠡᠭᠯᠡᠬᠦ ᠵᠡᠷᠭᠡ ᠳᠦᠷᠢᠮ ᠢ ᠨᠠᠶᠢᠳᠠᠪᠤᠷᠢᠵᠢᠭᠤᠯᠤᠨ᠎ᠠ᠃ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠳᠦᠭᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠪᠠ ᠰᠦᠯᠵᠢᠶᠡᠨ ᠤ ᠠᠮᠤᠷ ᠲᠦᠪᠰᠢᠨ ᠤ ᠳᠡᠰ ᠢ ᠬᠠᠮᠠᠭᠠᠯᠠᠬᠤ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠪᠠ ᠨᠢᠭᠤᠴᠠ ᠨᠣᠮᠧᠷ ᠢ ᠬᠡᠷᠡᠭᠯᠡᠬᠦ ᠠᠮᠤᠷ ᠲᠦᠪᠰᠢᠨ ᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶᠡᠨ ᠤ ᠠᠮᠤᠷ ᠲᠦᠪᠰᠢᠨ᠂ ᠨᠢᠭᠤᠴᠠ ᠨᠣᠮᠧᠷ ᠢ ᠬᠡᠷᠡᠭᠯᠡᠬᠦ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠬᠦᠷᠢᠶᠡᠨ ᠳᠠᠬᠢ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠳᠦᠭᠦᠭᠡᠷᠦᠮᠵᠢ ᠶᠢ ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠤᠰ ᠤᠨ ᠨᠢᠭᠤᠴᠠ ᠨᠣᠮᠧᠷ ᠢ ᠬᠠᠮᠢᠶᠠᠷᠬᠤ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶    41. ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠳᠣᠭᠳᠠᠯᠴᠠᠭ᠎ᠠ ᠶᠢ ᠪᠠᠶᠢᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠠᠮᠤᠷ ᠲᠦᠪᠰᠢᠨ ᠢ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠨᠢᠭᠤᠴᠠ ᠮᠡᠳᠡᠭᠡ ᠶᠢ ᠬᠠᠮᠳᠣ ᠪᠠᠷ ᠬᠦᠷᠲᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠳᠤ ᠬᠤᠯᠪᠣᠭᠠᠯᠠᠨ ᠬᠥᠳᠡᠯᠦᠯᠴᠡᠵᠦ᠂ ᠰᠦᠯᠵᠢᠶ᠎ᠡ ᠶᠢ ᠭᠠᠳᠠᠭᠰᠢ ᠨᠡᠪᠳᠡᠷᠡᠬᠦᠯᠬᠦ᠂ Web ᠬᠡᠷᠡᠭᠯᠡᠬᠦ ᠠᠮᠤᠷ ᠲᠦᠪᠰᠢᠨ ᠢ ᠬᠢᠨᠠᠨ ᠬᠡᠮᠵᠢᠬᠦ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠡᠭᠦᠯᠡᠨ ᠠᠮᠤᠷ ᠲᠦᠪᠰᠢᠨ ᠤ ᠡᠬᠢ ᠪᠠᠶᠠᠯᠢᠭ ᠤᠨ ᠰᠠᠩ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠡᠭᠦᠯᠡᠨ ᠳᠣᠲᠣᠭᠠᠳᠤ ᠶᠢᠨ ᠡᠯ᠎ᠡ ᠬᠡᠷᠡᠭᠯᠡᠭᠡᠨ ᠤ ᠰᠢᠰᠲ᠋ᠧᠮ ᠤᠨ ᠠᠮᠤᠷ ᠲᠦᠪᠰᠢᠨ ᠤ ᠠᠷᠭ᠎ᠠ ᠪᠣᠳᠣᠯᠭ᠎ᠠ᠂ ᠰᠤᠷᠪᠤᠯᠵᠢᠯᠠᠬᠤ ᠡᠷᠬᠡ ᠮᠡᠳᠡᠯ ᠤᠨ ᠬᠡᠪᠴᠢᠶ᠎ᠡ ᠶᠢ ᠪᠥᠬᠦ ᠲᠠᠯ᠎ᠠ ᠪᠠᠷ ᠡᠮᠬᠢᠯᠡᠨ ᠰᠢᠯᠢᠳᠡᠭᠵᠢᠭᠦᠯᠵᠦ᠂ ᠬᠢᠯᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠂ ᠬᠡᠪ ᠤᠨ ᠪᠤᠰᠤ ᠣᠷᠣᠨ ᠠᠯᠤᠰᠯᠠᠨ ᠰᠤᠷᠪᠤᠯᠵᠢᠯᠠᠬᠤ᠂ ᠬᠠᠤᠯᠢ ᠪᠤᠰᠤ ᠪᠠᠷ ᠭᠠᠳᠠᠭᠰᠢ ᠬᠤᠯᠪᠣᠭᠠᠯᠠᠨ ᠬᠢᠨᠠᠨ ᠬᠡᠮᠵᠢᠬᠦ ᠲᠠᠪᠴᠠᠩ ᠢ ᠪᠠᠶᠢᠭᠤᠯᠬᠤ ᠶᠢ ᠬᠤᠷᠢᠭᠯᠠᠵᠦ᠂ ᠲᠣᠭᠲᠠᠭᠠᠯ ᠠᠴᠠ ᠵᠥᠷᠢᠴᠡᠨ ᠭᠠᠳᠠᠭᠰᠢ ᠵᠠᠯᠭᠠᠬᠤ ᠶᠢ  ᠬᠤᠷᠢᠭᠯᠠᠵᠦ᠂ ᠰᠦᠯᠵᠢᠶᠡᠨ ᠤ ᠠᠮᠤᠷ ᠲᠦᠪᠰᠢᠨ ᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠬᠠᠮᠵᠢᠯᠴᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠨᠢᠭᠤᠴᠠ ᠲᠣᠭᠠᠴᠠᠭᠠᠨ ᠤ ᠬᠠᠤᠯᠢ ᠳᠤ ᠰᠠᠭᠤᠷᠢᠯᠠᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠠᠮᠤᠷ ᠲᠦᠪᠰᠢᠨ ᠢᠶᠠᠷ ᠵᠠᠯᠭᠠᠨ ᠣᠷᠣᠭᠤᠯᠬᠤ ᠲᠠᠪᠴᠠᠩ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠰᠦᠯᠵᠢᠶ᠎ᠡ᠂ ᠢᠨᠲ᠋ᠧᠷ ᠰᠦᠯᠵᠢᠶ᠎ᠡ ︵ᠰᠢᠯᠵᠢᠮᠡᠯ ᠢᠨᠲ᠋ᠧᠷ ᠰᠦᠯᠵᠢᠶ᠎ᠡ︶᠂ ᠪᠣᠳᠠᠰᠯᠢᠭ ᠬᠤᠯᠪᠣᠭᠠᠲᠤ ᠰᠦᠯᠵᠢᠶ᠎ᠡ ᠪᠠ ᠳᠣᠬᠢᠭᠤᠷ ᠳᠣᠯᠤᠭ᠎ᠠ ᠳᠠᠭᠠᠭᠤᠯᠢ ᠣᠳᠣᠨ ᠤ ᠬᠡᠯᠬᠢᠶᠡᠨ ᠤ ᠵᠠᠮ ᠵᠡᠷᠭᠡ ᠣᠯᠠᠨ ᠰᠦᠯᠵᠢᠶ᠎ᠡ ᠪᠠᠷ ᠠᠮᠤᠷ ᠲᠦᠪᠰᠢᠨ ᠢᠶᠠᠷ ᠵᠠᠯᠭᠠᠨ ᠣᠷᠣᠭᠤᠯᠬᠤ ᠪᠠ ᠠᠭᠤᠰᠤᠯᠴᠠᠭᠤᠯᠤᠨ ᠬᠡᠷᠡᠭᠯᠡᠬᠦ ᠬᠡᠷᠡᠭᠴᠡᠭᠡ ᠶᠢ ᠬᠠᠩᠭᠠᠨ᠎ᠠ᠃ ᠠᠯᠠᠱᠠ ᠠᠶᠢᠮᠠᠭ ᠤᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ︽ᠨᠢᠭᠡ ᠮᠠᠰᠢᠨ ᠬᠤᠶᠠᠷ ᠬᠡᠷᠡᠭᠯᠡᠯᠲᠡ︾ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠭᠠᠳᠠᠷ ᠰᠦᠯᠵᠢᠶᠡᠨ ᠤ ᠣᠷᠣᠨ ᠪᠠ ᠢᠨᠲ᠋ᠧᠷ ᠰᠦᠯᠵᠢᠶᠡᠨ ᠤ ᠣᠷᠣᠨ ᠤ ᠲᠤᠰᠠᠭᠠᠷᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠂ IP ᠤᠨ ᠬᠡᠷᠡᠭᠯᠡᠯᠲᠡ ᠶᠢ ᠵᠢᠷᠤᠮᠵᠢᠭᠤᠯᠵᠤ᠂ IP ᠬᠠᠶ᠋ᠢᠭ ᠢ ᠲᠠᠰ ᠬᠤᠪᠢᠶᠠᠨ ᠬᠠᠮᠢᠶᠠᠷᠬᠤ ᠶᠢ ᠨᠠᠶᠢᠳᠠᠪᠤᠷᠢᠵᠢᠭᠤᠯᠤᠨ᠂ 59 ᠬᠡᠰᠡᠭ ᠪᠠ 10 ᠬᠡᠰᠡᠭ IP ᠬᠠᠶ᠋ᠢᠭ ᠤᠨ ᠬᠡᠷᠡᠭᠯᠡᠯᠲᠡ ᠶᠢ ᠵᠢᠷᠤᠮᠵᠢᠭᠤᠯᠵᠤ᠂ ᠲᠤᠬᠠᠶ ᠶᠢᠨ ᠭᠠᠵᠠᠷ ᠤᠨ ᠬᠠᠶ᠋ᠢᠭ ᠢ ᠬᠡᠷᠡᠭᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠡᠷᠡᠭ ᠢ ᠪᠠᠶᠢᠷᠢ ᠲᠣᠭᠲᠠᠭᠠᠵᠤ ᠪᠣᠯᠬᠤ ᠂ ᠨᠡᠬᠡᠮᠵᠢᠯᠡᠵᠦ ᠪᠣᠯᠬᠤ ᠶᠢ ᠪᠡᠶᠡᠯᠡᠭᠦᠯᠵᠦ᠂ ᠡᠭᠦᠯᠡ᠂ ᠰᠦᠯᠵᠢᠶ᠎ᠡ᠂ ᠦᠵᠦᠭᠦᠷ᠂ ᠳ᠋ᠠᠶᠢᠲ᠋ᠠ᠂ ᠬᠡᠷᠡᠭᠯᠡᠭᠡᠨ ᠤ ᠰᠡᠷᠭᠡᠶᠢᠯᠡᠨ ᠬᠠᠮᠠᠭᠠᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    42. ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠠᠮᠠᠭᠠᠯᠠᠬᠤ ᠳᠣᠭᠳᠠᠯᠴᠠᠭ᠎ᠠ ᠶᠢ ᠪᠠᠶᠢᠭᠤᠯᠤᠨ᠎ᠠ᠃ ᠳᠤᠭ᠎ᠠ ᠪᠠᠷᠢᠮᠳᠠ ᠶᠢᠨ ᠪᠦᠬᠦ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠪᠠ ᠮᠡᠷᠭᠡᠵᠢᠯ ᠤᠨ ᠰᠡᠷᠭᠡᠶᠢᠯᠡᠯᠲᠡ ᠬᠠᠮᠠᠭᠠᠯᠠᠯᠲᠠ ᠶᠢ ᠴᠢᠩᠭᠠᠳᠬᠠᠵᠤ᠂ ᠳᠤᠭ᠎ᠠ ᠪᠠᠷᠢᠮᠳᠠ ᠶᠢᠨ ᠠᠮᠤᠷ ᠲᠦᠪᠰᠢᠨ ᠢ ᠬᠠᠮᠠᠭᠠᠯᠠᠬᠤ ᠳᠣᠭᠳᠠᠯᠴᠠᠭ᠎ᠠ ᠶᠢ ᠪᠠᠶᠢᠭᠤᠯᠬᠤ ᠶᠢ ᠴᠢᠩᠭᠠᠳᠬᠠᠨ᠂ ᠳᠤᠭ᠎ᠠ ᠪᠠᠷᠢᠮᠳᠠ ᠶᠢ ᠨᠢᠭᠲᠠᠯᠠᠬᠤ᠂ ᠳᠤᠭ᠎ᠠ ᠪᠠᠷᠢᠮᠳᠠ ᠶᠢᠨ ᠨᠠᠵᠠᠭᠠᠢ ᠳᠠᠯ᠎ᠠ ᠶᠢ ᠳᠡᠪᠴᠢᠬᠦ᠂ ᠳᠤᠭ᠎ᠠ ᠪᠠᠷᠢᠮᠳᠠ ᠶᠢᠨ ᠲᠠᠮᠠᠭ᠎ᠠ ᠳᠠᠷᠤᠬᠤ᠂ ᠳᠤᠭ᠎ᠠ ᠪᠠᠷᠢᠮᠳᠠ ᠶᠢᠨ ᠢᠷᠡᠯᠲᠡ ᠶᠢ ᠡᠷᠢᠬᠦ᠂ ᠬᠤᠪᠢ ᠶᠢᠨ ᠨᠡᠷ᠎ᠡ ᠪᠠᠷ ᠪᠤᠳᠤᠬᠤ ᠮᠡᠷᠭᠡᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠬᠡᠷᠡᠭᠯᠡᠬᠦ ᠶᠢ ᠠᠬᠢᠭᠤᠯᠤᠨ᠎ᠠ᠃ ᠴᠢᠬᠤᠯᠠ ᠳᠤᠭ᠎ᠠ ᠪᠠᠷᠢᠮᠳᠠ ᠶᠢᠨ ᠬᠢᠯᠢ ᠠᠴᠠ ᠭᠠᠷᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠠᠶᠢᠮᠠᠭ ᠤᠨ ᠨᠢᠭᠤᠴᠠ ᠨᠤᠮᠧᠷ ᠢ ᠬᠡᠷᠡᠭᠯᠡᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠨᠢᠭᠤᠴᠠ ᠨᠤᠮᠧᠷ ᠢ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠨ᠎ᠠ᠃ ᠳᠤᠭ᠎ᠠ ᠪᠠᠷᠢᠮᠳᠠ ᠶᠢᠨ ᠠᠮᠤᠷ ᠲᠦᠪᠰᠢᠨ ᠢ ᠲᠥᠷᠥᠯ ᠬᠤᠪᠢᠶᠠᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠤᠨ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠳᠤᠭ᠎ᠠ ᠪᠠᠷᠢᠮᠳᠠ ᠶᠢᠨ ᠪᠣᠳᠠᠲᠠᠶ ᠭᠠᠷᠴᠠᠭ ᠢ ᠲᠣᠭᠲᠠᠭᠠᠨ᠂ ᠰᠦᠯᠵᠢᠶᠡᠨ ᠤ ᠳᠤᠭ᠎ᠠ ᠪᠠᠷᠢᠮᠳᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠡᠶᠢᠲᠡᠯᠡᠵᠦ᠂ ᠳᠤᠭ᠎ᠠ ᠪᠠᠷᠢᠮᠳᠠ ᠶᠢᠨ ᠠᠮᠤᠷ ᠲᠦᠪᠰᠢᠨ ᠪᠠ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠵᠤ ᠦᠨᠡᠯᠡᠨ ᠵᠢᠱᠢᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠦᠯᠵᠢᠶᠡᠨ ᠤ ᠳᠤᠭ᠎ᠠ ᠪᠠᠷᠢᠮᠳᠠ ᠶᠢᠨ ᠠᠮᠤᠷ ᠲᠦᠪᠰᠢᠨ ᠤ ᠲᠦᠭᠰᠢᠭᠦᠷᠢ  ᠪᠠ ᠬᠡᠷᠡᠭ  ᠲᠤ ᠬᠢᠨᠠᠯᠲᠠ ᠲᠠᠯᠪᠢᠵᠤ ᠤᠷᠢᠳᠴᠢᠯᠠᠨ ᠰᠡᠷᠡᠮᠵᠢᠯᠡᠭᠦᠯᠬᠦ᠂ ᠵᠠᠷᠯᠠᠨ ᠮᠡᠳᠡᠭᠳᠡᠬᠦ᠂ ᠪᠠᠴᠢᠮ ᠪᠠᠶᠢᠳᠠᠯ  ᠢ ᠠᠷᠭᠠᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ  ᠶᠢᠨ ᠬᠠᠮᠢᠶᠠᠷᠣᠯᠳᠠ  ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ  ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ  ᠤᠨ ᠬᠢᠵᠠᠭᠠᠷ᠄ 2025 ᠣᠨ  ᠤ 12 ᠳ᠋ᠤᠭᠠᠷ ᠰᠠᠷ᠎ᠠ︶    43. ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠲᠣᠭᠠᠴᠢᠯᠠᠭᠰᠠᠨ ᠵᠠᠰᠠᠭ ᠤᠨ ᠣᠷᠳᠣᠨ  ᠢ ᠪᠠᠶᠢᠭᠤᠯᠬᠤ ᠬᠦᠷᠢᠶᠡᠨ ᠳᠠᠬᠢ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠰᠢᠪᠲᠤᠯᠬᠤ ᠶᠢ ᠳᠡᠮᠵᠢᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠤᠨ᠂ ᠠᠮᠤᠷ ᠲᠦᠪᠰᠢᠨ ᠨᠠᠶᠢᠳᠠᠪᠤᠷᠢᠲᠠᠶ ᠮᠡᠷᠭᠡᠵᠢᠯ ᠪᠠ ᠦᠢᠯᠡᠳᠬᠦᠨ ᠤ ᠬᠡᠷᠡᠭᠯᠡᠯᠲᠡ ᠶᠢ ᠴᠢᠩᠭᠠᠳᠬᠠᠵᠤ ᠂ ᠭᠤᠤᠯᠯᠠᠬᠤ ᠮᠡᠷᠭᠡᠵᠢᠯ ᠤᠨ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ  ᠤᠨ ᠰᠢᠨᠵᠢᠯᠡᠬᠦ ᠤᠬᠠᠭᠠᠨ ᠮᠡᠷᠭᠡᠵᠢᠯ  ᠤᠨ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ  ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ  ᠤᠨ ᠬᠢᠵᠠᠭᠠᠷ᠄ 2025 ᠣᠨ  ᠤ 12 ᠳ᠋ᠤᠭᠠᠷ ᠰᠠᠷ᠎ᠠ︶    44. ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠳᠦᠭᠦᠭᠡᠷᠦᠮᠵᠢ ᠶᠢ ᠬᠠᠮᠠᠭᠠᠯᠠᠬᠤ ᠶᠢ ᠴᠢᠩᠭᠠᠳᠬᠠᠨ᠎ᠠ᠃ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠳᠦᠭᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠳᠣᠭᠳᠠᠯᠴᠠᠭ᠎ᠠ ᠶᠢ ᠲᠦᠷᠬᠡᠨ ᠪᠠᠶᠢᠭᠤᠯᠵᠤ᠂ ᠹᠢᠽᠢᠺ ᠤᠨ ᠳᠦᠭᠦᠭᠡᠷᠦᠮᠵᠢ᠂ ᠰᠦᠯᠵᠢᠶ᠎ᠡ᠂ ᠲᠠᠪᠴᠠᠩ᠂ ᠬᠡᠷᠡᠭᠯᠡᠯᠲᠡ᠂ ᠲᠤᠭ᠎ᠠ ᠪᠠᠷᠢᠮᠲᠠ ᠶᠢ ᠬᠠᠮᠤᠷᠤᠭᠰᠠᠨ ᠡᠵᠡᠨ ᠮᠡᠳᠡᠵᠦ ᠡᠵᠡᠮᠳᠡᠵᠦ ᠪᠣᠯᠬᠤ ᠠᠮᠤᠷ ᠲᠦᠪᠰᠢᠨ ᠤ ᠮᠡᠷᠭᠡᠵᠢᠯ ᠤᠨ ᠰᠡᠷᠭᠡᠶᠢᠯᠡᠨ ᠬᠠᠮᠠᠭᠠᠯᠠᠬᠤ ᠳᠣᠭᠳᠠᠯᠴᠠᠭ᠎ᠠ ᠶᠢ ᠪᠠᠶᠢᠭᠤᠯᠤᠨ᠎ᠠ᠃ ᠠᠵᠢᠯᠯᠠᠭᠤᠯᠵᠤ ᠪᠠᠲᠤᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠳᠦᠭᠦᠭᠡᠷᠦᠮᠵᠢ ᠶᠢ ᠬᠠᠮᠠᠭᠠᠯᠠᠬᠤ  ᠬᠡᠪᠴᠢᠶ᠎ᠡ᠂ ᠡᠭᠦᠷᠭᠡ ᠬᠠᠷᠢᠭᠤᠴᠠᠯᠭ᠎ᠠ ᠲᠣᠳᠣᠷᠬᠠᠢ ᠪᠠᠶᠢᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠵᠢᠯᠳᠠ ᠶᠢᠨ ᠬᠤᠷᠢᠶᠠᠨ ᠤ ᠠᠯᠪᠠᠨ ᠬᠡᠷ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠳ᠋ᠤᠭᠠᠷ ᠰᠠᠷ᠎ᠠ︶    45. ᠠᠮᠤᠷ ᠲᠦᠪᠰᠢᠨ ᠢ ᠦᠨᠡᠯᠡᠨ ᠵᠢᠱᠢᠬᠦ ᠶᠢ ᠴᠢᠩᠭᠠᠳᠬᠠᠨ᠎ᠠ᠃ ᠰᠢᠨ᠎ᠡ ᠮᠡᠷᠭᠡᠵᠢᠯ ᠰᠢᠨ᠎ᠡ ᠬᠡᠷᠡᠭᠯᠡᠭᠡᠨ ᠤ ᠠᠮᠤᠷ ᠲᠦᠪᠰᠢᠨ ᠢ ᠦᠨᠡᠯᠡᠨ ᠵᠢᠱᠢᠵᠦ᠂ ᠵᠥᠭᠡᠯᠡᠨ ᠬᠡᠷᠡᠭᠰᠡᠯ ᠤᠨ ᠴᠢᠳᠠᠮᠵᠢ᠂ ᠪᠣᠳᠣᠬᠤ ᠠᠷᠭ᠎ᠠ ᠶᠢ ᠬᠢᠨᠠᠨ ᠬᠠᠷᠭᠤᠭᠤᠯᠬᠤ᠂ ᠬᠡᠷᠡᠭᠯᠡᠬᠦ ᠵᠡᠷᠭᠡ ᠲᠠᠯ᠎ᠠ ᠶᠢ ᠬᠢᠨᠠᠯᠲᠠ ᠬᠠᠮᠢᠶᠠᠷᠬᠤ ᠶᠢ ᠴᠢᠩᠭᠠᠳᠬᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠵᠢᠯᠳᠠ ᠶᠢᠨ ᠬᠤᠷᠢᠶᠠᠨ ᠤ ᠠᠯᠪᠠᠨ ᠬᠡᠷ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠄ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶     ︵ᠵᠢᠷᠭᠤᠭ᠎ᠠ︶ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠣᠨ᠎ᠠ    46. ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠣᠭᠠᠴᠢᠯᠠᠭᠰᠠᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ ᠲᠣᠰ ᠭᠠᠵᠠᠷ ᠣᠷᠣᠨ ᠤ ᠡᠨᠧᠷᠭᠢ᠂ ᠭᠠᠵᠠᠷ ᠰᠢᠷᠣᠶ᠂ ᠪᠠᠶᠢᠭᠠᠯᠢ ᠶᠢᠨ ᠣᠷᠴᠢᠨ ᠲᠣᠭᠤᠷᠢᠨ ᠵᠡᠷᠭᠡ ᠳᠠᠪᠠᠭᠤᠯᠢᠭ ᠢᠶᠠᠨ ᠭᠦᠢᠴᠡᠳ ᠠᠰᠢᠭᠯᠠᠨ᠂ ᠨᠡᠶᠢᠭᠡᠮ ᠤᠨ ᠪᠠᠯᠠ ᠣᠷᠣᠭᠤᠯᠤᠯᠲᠠ ᠶᠢ ᠣᠷᠣᠭᠤᠯᠤᠨ ᠠᠪᠴᠢᠷᠠᠵᠤ᠂ ᠴᠡᠪᠡᠷ ᠡᠨᠧᠷᠭᠢ ᠶᠢᠨ ᠣᠶᠤᠨᠴᠢ ᠪᠤᠳᠤᠬᠤ ᠲᠥᠪ ᠢ ᠪᠥᠲᠥᠭᠡᠨ ᠪᠠᠶᠢᠭᠤᠯᠤᠨ᠎ᠠ᠃ ᠤᠶᠤᠨ ᠢᠶᠠᠷ ᠪᠤᠳᠤᠬᠤ ᠡᠬᠢ ᠪᠠᠶᠠᠯᠢᠭ ᠲᠤ ᠲᠦᠰᠢᠭᠯᠡᠨ᠂ AI ᠳᠣᠮᠣ ᠵᠠᠭᠪᠤᠷ ᠤᠨ ᠮᠠᠲ᠋ᠧᠷᠢᠶᠠᠯ ᠪᠡᠯᠡᠳᠬᠡᠬᠦ᠂ ᠠᠭᠤᠯᠭ᠎ᠠ ᠶᠢ ᠪᠣᠶ ᠪᠣᠯᠭᠠᠬᠤ᠂ ᠣᠶᠤᠨᠴᠢ ᠪᠠᠷ ᠰᠣᠯᠢᠯᠴᠠᠬᠤ ᠵᠡᠷᠭᠡ ᠲᠠᠯ᠎ᠠ ᠪᠠᠷ ᠬᠢ ᠬᠡᠷᠡᠭᠯᠡᠯᠲᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠠᠵᠢᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠤᠨᠴᠢᠯᠠᠭᠰᠠᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠣᠮᠣ ᠵᠠᠭᠪᠤᠷ ᠢ ᠬᠤᠲᠠ ᠶᠢᠨ ᠵᠠᠰᠠᠯᠲᠠ᠂ ᠠᠶᠤᠯ ᠦᠭᠡᠶ ᠦᠢᠯᠡᠳᠪᠦᠷᠢᠯᠡᠯ᠂ ᠡᠮᠴᠢᠯᠡᠭᠡ ᠡᠷᠡᠭᠦᠯ ᠮᠡᠨᠳᠦ᠂ ᠰᠣᠶᠣᠯ ᠵᠢᠭᠤᠯᠴᠢᠯᠠᠯ᠂ ᠬᠥᠮᠦᠵᠢᠯ ᠪᠣᠯᠪᠠᠰᠤᠷᠠᠯ ᠵᠡᠷᠭᠡ ᠬᠦᠷᠢᠶᠡᠨ ᠳᠠᠬᠢ ᠬᠡᠷᠡᠭᠯᠡᠭᠡᠨ ᠤ ᠪᠠᠶᠢᠳᠠᠯ ᠢ ᠰᠦᠪᠡᠭᠴᠢᠯᠡᠨ᠎ᠠ᠃ ᠤᠶᠤᠨᠴᠢᠯᠠᠭᠰᠠᠨ ᠠᠵᠤ ᠦᠢᠯᠡᠰ  ᠢᠶᠠᠷ ᠲᠤᠰ ᠭᠠᠵᠠᠷ ᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠰᠢᠰᠲ᠋ᠧᠮ ᠢ ᠲᠥᠪᠯᠡᠷᠡᠭᠦᠯᠦᠨ ᠠᠵᠢᠯᠯᠠᠭᠤᠯᠵᠤ ᠬᠠᠮᠠᠭᠠᠯᠠᠬᠤ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠳᠤ ᠦᠢᠯᠡᠴᠢᠯᠡᠬᠦ᠂ ᠲᠣᠭᠠᠴᠢᠯᠠᠭᠰᠠᠨ ᠠᠰᠠᠭᠤᠨ ᠯᠠᠪᠯᠠᠬᠤ ᠦᠢᠯᠡᠴᠢᠯᠡᠭᠡ ᠵᠡᠷᠭᠡ ᠲᠣᠭᠠᠴᠢᠯᠠᠭᠰᠠᠨ ᠦᠢᠯᠡᠴᠢᠯᠡᠭᠡᠨ ᠤ ᠦᠢᠯᠡᠰ ᠢ ᠬᠦᠭᠵᠢᠬᠦᠯᠬᠦ ᠲᠣᠭᠤᠷᠢᠨ ᠳᠤ᠂ ᠲᠤᠰ ᠭᠠᠵᠠᠷ ᠣᠷᠣᠨ ᠤ ᠲᠣᠭᠠᠴᠢᠯᠠᠭᠰᠠᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠵᠤ᠂ ᠲᠣᠭᠠᠴᠢᠯᠠᠭᠰᠠᠨ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠤᠷᠲᠤᠳᠬᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶ ᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶    ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠡᠵᠡᠩᠨᠡᠯᠲᠡ ᠶᠢᠨ ᠪᠠᠶᠢᠳᠠᠯ ᠢ ᠶᠡᠬᠡᠪᠡᠷ ᠬᠥᠭᠵᠢᠭᠦᠯᠦᠨ ᠪᠤᠶᠢᠵᠢᠭᠤᠯᠵᠤ᠂ ᠲᠤᠰ ᠭᠠᠵᠠᠷ ᠤᠨ ᠬᠠᠴᠢᠨ ᠴᠢᠯᠠᠭᠤᠨ ᠤ ᠠᠵᠤ ᠦᠢᠯᠡᠰ᠂ ᠲᠡᠮᠡᠭᠡᠨ ᠤ ᠠᠵᠤ ᠦᠢᠯᠡᠰ᠂ ᠡᠯᠡᠰᠦᠨ ᠤ ᠠᠵᠤ ᠦᠢᠯᠡᠰ ᠵᠡᠷᠭᠡ ᠣᠨᠴᠠᠯᠢᠭᠲᠤ ᠠᠵᠤ ᠦᠢᠯᠡᠰ ᠲᠠᠢ ᠤᠶᠠᠯᠳᠤᠭᠤᠯᠤᠨ᠂ ᠲᠣᠭᠠᠴᠢᠯᠠᠭᠰᠠᠨ ᠠᠵᠤ ᠠᠬᠤᠢ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠤᠰ ᠭᠠᠵᠠᠷ ᠤᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠲᠦᠷᠭᠡᠳᠬᠡᠬᠦ ᠠᠷᠭ᠎ᠠ ᠬᠡᠮᠵᠢᠶ᠎ᠡ ᠶᠢ ᠰᠦᠪᠡᠭᠴᠢᠯᠡᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠨᠴᠠᠯᠢᠭᠲᠤ ᠠᠵᠤ ᠦᠢᠯᠡᠰ ᠢ ᠬᠦᠭᠵᠢᠬᠦᠯᠬᠦ ᠲᠥᠪ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶    47. ᠲᠣᠭᠠᠴᠢᠯᠠᠭᠰᠠᠨ ᠠᠵᠤ ᠠᠬᠤᠶ ᠶᠢᠨ ᠵᠠᠰᠠᠯᠲᠠ ᠶᠢᠨ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠥᠬᠦ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠶᠡᠭᠡ ᠣᠷᠴᠢᠯ ᠳᠤ ᠠᠭᠤᠰᠤᠯᠴᠠᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢ ᠬᠠᠮᠲᠤ ᠪᠠᠷ ᠬᠤᠪᠢᠶᠠᠯᠴᠠᠬᠤ᠂ ᠲᠤᠭ᠎ᠠ ᠪᠠᠷᠢᠮᠲᠠ ᠶᠢ ᠠᠷᠠᠯᠵᠢᠶᠠᠯᠠᠬᠤ᠂ ᠲᠤᠭ᠎ᠠ ᠪᠠᠷᠢᠮᠲᠠ ᠶᠢᠨ ᠡᠷᠬᠡ ᠶᠢ ᠨᠤᠲᠠᠯᠠᠨ ᠲᠣᠭᠲᠠᠭᠠᠬᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠭ᠎ᠠ ᠪᠠᠷᠢᠮᠲᠠ ᠶᠢᠨ ᠲᠥᠪ ᠵᠡᠷᠭᠡ ᠪᠠᠷᠢᠮᠵᠢᠶ᠎ᠠ ᠶᠢ ᠳᠣᠣᠱᠯᠠᠭᠤᠯᠵᠦ᠂ ᠪᠣᠳᠠᠲᠠᠶ ᠲᠠᠢ ᠪᠠᠨ ᠤᠶᠠᠯᠳᠤᠭᠤᠯᠤᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠨ᠎ᠡ᠃ ᠲᠣᠭᠠᠴᠢᠯᠠᠭᠰᠠᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠲᠠᠢ ᠬᠠᠷᠢᠯᠴᠠᠨ ᠲᠣᠬᠢᠷᠠᠯᠴᠠᠭᠰᠠᠨ ᠵᠠᠰᠠᠬᠤ ᠠᠷᠭ᠎ᠠ ᠮᠠᠶ᠋ᠢᠭ ᠢ ᠰᠦᠪᠡᠭᠴᠢᠯᠡᠨ ᠂ ᠨᠠᠩ ᠠᠮᠢᠳᠤᠯᠢᠭ ᠪᠥᠭᠡᠳ ᠪᠦᠲᠦᠮᠵᠢᠲᠡᠶ᠂ ᠪᠠᠭᠲᠠᠭᠠᠮᠵᠢᠲᠠᠶ ᠮᠥᠷᠲᠡᠭᠡᠨ ᠪᠣᠯᠭᠤᠮᠵᠢᠲᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠲᠣᠭᠠᠴᠢᠯᠠᠭᠰᠠᠨ ᠠᠵᠤ ᠦᠢᠯᠡᠰ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ ᠪᠠᠯᠠ ᠣᠷᠣᠭᠤᠯᠤᠯᠲᠠ᠂ ᠦᠢᠯᠡᠳᠪᠦᠷᠢᠯᠡᠯ᠂ ᠡᠵᠡᠩᠨᠡᠯᠲᠡ᠂ ᠭᠦᠢᠯᠭᠡᠭᠡ᠂ ᠬᠡᠷᠡᠭᠯᠡᠭᠡᠨ ᠤ ᠪᠥᠬᠦ ᠶᠠᠪᠤᠴᠠ ᠶᠢ ᠬᠢᠨᠠᠨ ᠬᠠᠮᠢᠶᠠᠷᠬᠤ ᠪᠠ ᠵᠠᠰᠠᠬᠤ ᠶᠢ ᠴᠢᠩᠭᠠᠳᠬᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶    ︵ᠳᠤᠯᠤᠭ᠎ᠠ︶ ᠲᠣᠭᠠᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢ ᠬᠦᠲᠦᠯᠦᠨ ᠳᠠᠭᠠᠭᠤᠯᠣᠨ᠎ᠠ    48. ᠲᠣᠭᠠᠴᠢᠯᠠᠭᠰᠠᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠬᠡᠷᠡᠭᠯᠡᠯᠲᠡ ᠶᠢ ᠠᠬᠢᠭᠤᠯᠤᠨ᠎ᠠ᠃ ︽ᠪᠠᠶᠠᠰᠣᠩᠭᠤᠢ ᠪᠠᠷ ᠭᠦᠢᠴᠡᠳᠭᠡᠬᠦ ᠳᠤ ᠴᠢᠳᠠᠮᠠᠭᠠᠢ ᠪᠠᠶᠢᠬᠤ︾ ᠶᠢ ᠪᠠᠶᠢᠭᠤᠯᠬᠤ ᠪᠠ ᠭᠡᠷᠡᠭᠯᠡᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠤᠷᠠᠮᠳᠤᠭᠤᠯᠤᠨ ᠬᠠᠮᠳᠣ ᠪᠠᠷ ᠬᠤᠪᠢᠶᠠᠯᠴᠠᠬᠤ ᠪᠠ ᠨᠡᠭᠡᠭᠡᠨ ᠠᠰᠢᠭᠯᠠᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ ᠶᠢᠨ ᠣᠨ ᠤ ᠪᠠᠶᠢᠴᠠᠭᠠᠯᠲᠠ᠂  ᠡᠯᠧᠺᠲᠷᠣᠨ ᠡᠮᠴᠢᠯᠡᠬᠡᠨ ᠤ ᠳᠠᠭᠠᠳᠬᠠᠯ᠂ ᠪᠡᠶ᠎ᠡ  ᠪᠠᠨ ᠪᠠᠶᠢᠴᠠᠭᠠᠭᠰᠠᠨ ᠮᠡᠳᠡᠭᠦᠯᠦᠯᠲᠡ᠂ ᠲᠦᠷᠢᠮ ᠠᠴᠠ ᠵᠦᠷᠢᠴᠡᠭᠰᠡᠨ ᠡᠰᠡᠬᠦ ᠶᠢ ᠪᠠᠶᠢᠴᠠᠭᠠᠨ ᠯᠠᠪᠯᠠᠬᠤ ᠵᠡᠷᠭᠡ ᠡᠯ᠎ᠡ ᠲᠥᠷᠥᠯ ᠤᠨ ᠦᠢᠯᠡᠴᠢᠯᠡᠭᠡ ᠶᠢ ᠨᠡᠶᠢᠳᠡᠮ ᠪᠠᠶᠢᠴᠠᠭᠠᠵᠤ ᠨᠡᠶᠢᠳᠡᠮ ᠬᠡᠷᠡᠭᠯᠡᠵᠦ᠂ ᠪᠠᠷᠠᠭ᠎ᠠ ᠬᠤᠳᠠᠯᠳᠤᠨ ᠠᠪᠬᠤ᠂ ᠭᠡᠷ ᠤᠨ ᠠᠮᠢᠳᠣᠷᠠᠯ᠂ ᠵᠢᠭᠤᠯᠴᠢᠯᠠᠯ ᠰᠡᠯᠡᠭᠦᠴᠡᠯ᠂ ᠵᠠᠮ ᠬᠠᠷᠢᠯᠴᠠᠭ᠎ᠠ ᠶᠠᠪᠤᠵᠤ ᠰᠠᠭᠤᠬᠤ ᠵᠡᠷᠭᠡ ᠡᠯ᠎ᠡ ᠲᠥᠷᠥᠯ ᠤᠨ ᠲᠣᠭᠠᠴᠢᠯᠠᠭᠰᠠᠨ ᠬᠡᠷᠡᠭᠯᠡᠭᠡᠨ ᠤ ᠪᠠᠶᠢᠳᠠᠯ ᠢ ᠥᠷᠭᠡᠳᠬᠡᠨ᠎ᠡ᠃ ᠵᠠᠷᠴᠢᠮ ᠳᠡᠭᠡᠷ᠎ᠡ ᠪᠠᠨ ᠡᠯ᠎ᠡ ᠰᠠᠯᠠᠭ᠎ᠠ ᠮᠥᠴᠢᠷ ᠤᠳ ᠲᠣᠭᠠᠴᠢᠯᠠᠭᠰᠠᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠬᠡᠷᠡᠭᠯᠡᠭᠡᠨ ᠤ APP ᠶᠢ ᠲᠤᠰᠠᠭᠠᠷ ᠪᠠᠶᠢᠭᠤᠯᠬᠤ ᠥᠬᠡᠶ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ  ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠮᠴᠢᠯᠡᠬᠡᠨ ᠤ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠵᠡᠷᠭᠡ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ ᠄ 2025 ᠣᠨ ᠤ 12 ᠳ᠋ᠤᠭᠠᠷ ᠰᠠᠷ᠎ᠠ︶    49. ᠣᠷᠣᠰᠢᠨ ᠰᠠᠭᠤᠬᠤ ᠳᠤ ᠲᠣᠬᠢᠷᠠᠮᠵᠢᠲᠠᠶ ᠤᠶᠠᠨ ᠴᠢᠨᠠᠷᠲᠠᠶ ᠤᠶᠤᠨᠲᠤ ᠬᠤᠲᠠ ᠶᠢ ᠴᠣᠭᠴᠠᠯᠠᠨ ᠪᠠᠶᠢᠭᠤᠯᠤᠨ᠎ᠠ᠃ ᠬᠤᠲᠠ ᠶᠢᠨ ᠪᠠᠶᠢᠴᠠᠭᠠᠯᠲᠠ ᠶᠢ ᠥᠷᠨᠢᠭᠦᠯᠵᠦ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠶᠢᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠ ᠬᠤᠲᠠ ᠶᠢᠨ ᠰᠠᠭᠤᠷᠢ  ᠳᠦᠭᠦᠭᠡᠷᠦᠮᠵᠢ ᠶᠢᠨ ᠠᠮᠤᠷ ᠲᠦᠪᠰᠢᠨ ᠤ ᠢᠨᠵᠧᠨᠧᠷᠢᠩ ᠢ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠠᠬᠢᠭᠤᠯᠤᠨ᠂ ᠬᠤᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠴᠢᠨᠠᠷᠲᠠᠶ ᠤᠶᠤᠨᠲᠤ ᠬᠤᠲᠠ ᠶᠢ ᠪᠣᠶ ᠪᠣᠯᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠰᠠᠷ᠎ᠠ︶    50. ᠲᠣᠭᠠᠴᠢᠯᠠᠭᠰᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢ ᠶᠢᠨ ᠰᠠᠭᠤᠷᠢ ᠳᠦᠭᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ 5G᠂ ᠭᠡᠷᠡᠯ ᠰᠢᠷᠬᠡᠭ ᠤᠨ ᠥᠷᠭᠡᠨ ᠪᠦᠰᠡ ᠵᠡᠷᠭᠡ ᠮᠡᠳᠡᠭᠡ ᠵᠠᠩᠭᠢ ᠶᠢᠨ ᠰᠠᠭᠤᠷᠢ ᠳᠦᠭᠦᠭᠡᠷᠦᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠪᠥᠬᠦ ᠠᠶᠢᠮᠠᠭ ᠤᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠥᠬᠦ ᠠᠶᠢᠮᠠᠭ ᠤᠨ ︽ᠲᠠᠷᠢᠶᠠᠯᠠᠩ ᠮᠠᠯ ᠠᠵᠤ ᠠᠬᠤᠶ︾ ᠶᠢᠨ ᠲᠣᠮᠣ ᠳ᠋ᠠᠶᠢᠲ᠋ᠠ ᠲᠠᠪᠴᠠᠩ ᠢ ᠰᠦᠪᠡᠭᠴᠢᠯᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠪᠦᠷᠢᠳᠬᠡᠬᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠬᠠᠮᠢᠶᠠᠷᠬᠤ᠂ ᠭᠤᠷᠪᠠᠨ ᠪᠠᠯᠠ ᠬᠥᠷᠥᠩᠭᠡ ᠶᠢ  ᠬᠠᠮᠢᠶᠠᠷᠬᠤ᠂ ᠥᠮᠴᠢᠯᠡᠬᠦ ᠡᠷᠬᠡ ᠶᠢᠨ ᠲᠦᠷᠢᠮ ᠢ ᠦᠭᠡᠷᠡᠴᠢᠯᠡᠬᠦ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ ᠠᠷᠠᠯᠵᠢᠶᠠᠯᠠᠬᠤ᠂ ᠲᠠᠷᠢᠶᠠᠯᠠᠩ ᠤᠨ ᠠᠵᠤ ᠠᠬᠤᠶ ᠶᠢᠨ ᠲᠤᠭ᠎ᠠ ᠪᠦᠷᠢᠳᠬᠡᠯ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠵᠢᠴᠢ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠡᠷᠡᠭᠯᠡᠯᠲᠡ ᠵᠢᠴᠢ ᠲᠤᠭ᠎ᠠ ᠪᠠᠷᠢᠮᠲᠠ ᠶᠢ ᠠᠯᠬᠤᠮ ᠠᠯᠬᠤᠮ ᠢᠶᠠᠷ ᠬᠤᠷᠠᠮᠳᠤᠭᠤᠯᠵᠤ᠂ ᠠᠶᠢᠮᠠᠭ᠂ ᠬᠤᠰᠢᠭᠤ ︵ᠣᠷᠣᠨ︶᠂ ᠰᠤᠮᠤ ︵ᠪᠠᠯᠭᠠᠰᠤ︶ ᠭᠤᠷᠪᠠᠨ ᠱᠠᠲᠤᠨ ᠤ ᠬᠠᠷᠢᠯᠴᠠᠨ ᠬᠤᠯᠪᠣᠭᠠᠯᠠᠵᠤ ᠬᠠᠮᠲᠤ ᠪᠠᠷ ᠬᠤᠪᠢᠶᠠᠯᠴᠠᠬᠤ ︽ᠢᠨᠲ᠋ᠧᠷ ᠰᠦᠯᠵᠢᠶ᠎ᠡ +ᠲᠠᠷᠢᠶᠠᠯᠠᠩ ᠮᠠᠯ ᠠᠵᠤ ᠠᠬᠤᠶ︾ ᠮᠡᠳᠡᠭᠡ ᠵᠠᠩᠭᠢ ᠶᠢᠨ  ᠦᠢᠯᠡᠴᠢᠯᠡᠬᠦ ᠳᠣᠭᠳᠠᠯᠴᠠᠭ᠎ᠠ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠠᠪᠴᠠᠩ ᠲᠠᠢ ᠵᠣᠯᠭᠠᠭᠤᠯᠵᠤ᠂ ᠡᠯ᠎ᠡ ᠱᠠᠲᠤᠨ ᠤ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠶᠡᠷᠦᠩᠬᠡᠶᠢᠯᠡᠨ ᠬᠡᠷᠡᠭᠯᠡᠬᠦ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ ᠳᠤ ᠬᠠᠨᠳᠤᠭᠤᠯᠤᠭᠰᠠᠨ ᠮᠡᠳᠡᠭᠡ ᠵᠠᠩᠭᠢ ᠶᠢᠨ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠯᠠᠱᠠ ᠵᠡᠭᠦᠨ ᠬᠤᠰᠢᠭᠤ ᠪᠥᠬᠦ ᠣᠷᠣᠨ ᠤ ᠲᠣᠭᠠᠴᠢᠯᠠᠭᠰᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠲᠤᠷᠰᠢᠯᠲᠠ ᠶᠢᠨ ᠴᠡᠭ ᠢᠶᠠᠷ ᠭᠠᠷᠳᠠᠴᠠ ᠪᠣᠯᠭᠠᠵᠤ᠂ ᠬᠠᠮᠢᠶ᠎ᠠ ᠪᠥᠬᠦᠶ ᠠᠵᠢᠯ ᠢ ᠲᠦᠷᠭᠡᠳᠬᠡᠨ ᠠᠬᠢᠭᠤᠯᠵᠤ᠂ ᠲᠤᠷᠰᠢᠯᠲᠠ ᠶᠢᠨ ᠬᠡᠪᠴᠢᠶ᠎ᠡ ᠶᠢ ᠥᠷᠭᠡᠳᠬᠡᠬᠦ ᠪᠠᠷ ᠴᠢᠷᠮᠠᠶᠢᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠴᠢᠮᠡᠭᠡ ᠬᠤᠯᠪᠣᠭ᠎ᠠ ᠶᠢ ᠬᠠᠮᠢᠶᠠᠷᠬᠤ ᠠᠯᠪᠠᠨ ᠬᠡᠷ᠂ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ  ᠶᠢᠨ ᠳᠣᠪᠴᠢᠶ᠎ᠠ᠂ ᠡᠯ᠎ᠡ ᠬᠤᠰᠢᠭᠤ ︵ᠣᠷᠣᠨ︶᠂ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ︶    ︵ᠨᠠᠢᠮᠠ︶ ᠰᠠᠶᠢᠨ ᠰᠠᠶᠢᠬᠠᠨ ᠲᠣᠭᠠᠴᠢᠯᠠᠭᠰᠠᠨ ᠣᠷᠴᠢᠨ ᠢ ᠪᠤᠢ ᠪᠣᠯᠭᠠᠨ᠎ᠠ    51. ᠳᠤᠭ᠎ᠠ ᠪᠠᠷᠢᠮᠳᠠ ᠶᠢᠨ ᠦᠨᠳᠦᠰᠦᠨ ᠳᠦᠷᠢᠮ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠤᠭ᠎ᠠ ᠪᠠᠷᠢᠮᠳᠠ ᠶᠢᠨ ᠥᠮᠴᠢᠯᠡᠬᠦ ᠡᠷᠬᠡ᠂ ᠳᠤᠭ᠎ᠠ ᠪᠠᠷᠢᠮᠳᠠ ᠶᠢᠨ ᠭᠦᠢᠯᠭᠡᠭᠡᠨ ᠪᠠ ᠠᠷᠠᠯᠵᠢᠶ᠎ᠠ᠂ ᠳᠤᠭ᠎ᠠ ᠪᠠᠷᠢᠮᠳᠠ ᠶᠢᠨ ᠬᠦᠴᠦᠨ ᠵᠦᠢᠯ ᠤᠨ ᠠᠰᠢᠭ ᠣᠯᠵᠠᠪᠤᠷᠢ ᠶᠢ ᠬᠤᠪᠢᠶᠠᠷᠢᠯᠠᠬᠤ᠂ ᠳᠤᠭ᠎ᠠ ᠪᠠᠷᠢᠮᠳᠠ ᠶᠢᠨ ᠵᠠᠰᠠᠯᠲᠠ ᠵᠡᠷᠭᠡ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠲᠠᠢ ᠤᠶᠠᠯᠳᠤᠭᠤᠯᠤᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠡᠶᠢᠲᠡᠯᠡᠨ᠂  ᠳᠤᠭ᠎ᠠ ᠪᠠᠷᠢᠮᠳᠠ ᠶᠢᠨ ᠬᠦᠴᠦᠨ ᠵᠦᠢᠯ ᠤᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠭ᠎ᠠ ᠪᠠᠷᠢᠮᠳᠠ  ᠶᠢ ᠦᠢᠯᠡᠳᠪᠦᠷᠢᠯᠡᠬᠦ᠂ ᠬᠤᠪᠢᠶᠠᠷᠢᠯᠠᠬᠤ᠂ ᠰᠣᠯᠢᠯᠴᠠᠭᠤᠯᠬᠤ᠂ ᠬᠡᠷᠡᠭᠯᠡᠭᠡ ᠪᠠ ᠨᠡᠶᠢᠭᠡᠮ ᠤᠨ ᠦᠢᠯᠡᠴᠢᠯᠡᠭᠡ ᠬᠠᠮᠢᠶᠠᠷᠤᠯᠲᠠ ᠵᠡᠷᠭᠡ ᠡᠯ᠎ᠡ ᠭᠤᠭᠴᠤᠭ᠎ᠠ ᠳᠤ ᠪᠦᠬᠦ ᠲᠠᠯ᠎ᠠ ᠪᠠᠷ ᠠᠭᠤᠰᠤᠯᠴᠠᠬᠤ ᠶᠢ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶     52. ᠳᠤᠭ᠎ᠠ ᠪᠠᠷᠢᠮᠳᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷ ᠢ ᠪᠠᠶᠢᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢᠨ ᠠᠷᠠᠯᠵᠢᠶᠠᠨ ᠤ ᠲᠥᠪ ᠵᠢᠴᠢ ᠭᠤᠷᠪᠠᠳᠠᠬᠢ ᠡᠲᠡᠭᠡᠳ ᠤᠨ ᠲᠤᠭ᠎ᠠ ᠪᠠᠷᠢᠮᠲᠠ ᠶᠢ ᠰᠣᠯᠢᠯᠴᠠᠭᠤᠯᠬᠤ ᠠᠷᠠᠯᠵᠢᠶᠠᠨ ᠤ ᠲᠠᠪᠴᠠᠩ ᠳᠤ ᠲᠦᠰᠢᠭᠯᠡᠨ᠂ ᠪᠥᠬᠦ ᠠᠶᠢᠮᠠᠭ ᠤᠨ ᠤᠨᠴᠠᠯᠢᠬᠳᠤ ᠠᠵᠤ ᠦᠢᠯᠡᠰ᠂ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠭ᠎ᠠ ᠪᠠᠷᠢᠮᠲᠠ ᠶᠢᠨ ᠠᠷᠠᠯᠵᠢᠶᠠᠨ ᠤ ᠲᠤᠷᠰᠢᠯᠲᠠ ᠶᠢᠨ ᠭᠠᠵᠠᠷ ᠣᠷᠣᠨ ᠢ ᠪᠥᠲᠥᠭᠡᠨ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠳᠤᠭ᠎ᠠ ᠪᠠᠷᠢᠮᠳᠠ ᠶᠢᠨ ᠬᠦᠴᠦᠨ ᠵᠦᠢᠯ ᠢ ᠰᠣᠯᠢᠯᠴᠠᠭᠤᠯᠬᠤ ᠠᠷᠠᠯᠵᠢᠶ᠎ᠠ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠤᠭᠴᠠ ᠶᠢ ᠵᠣᠷᠢᠬᠵᠢᠭᠤᠯᠵᠤ ᠪᠠᠶᠢᠭᠠᠳ ᠳᠤᠭ᠎ᠠ ᠪᠠᠷᠢᠮᠳᠠ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ ᠪᠦᠬᠦ ᠨᠡᠢᠭᠡᠮ ᠤᠨ ᠳᠤᠭ᠎ᠠ ᠪᠠᠷᠢᠮᠳᠠ ᠶᠢᠨ ᠠᠭᠤᠰᠤᠯᠴᠠᠯ᠂ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠨᠢ ᠠᠬᠢᠭᠤᠯᠵᠤ᠂ ᠪᠣᠯᠪᠠᠰᠣᠷᠠᠭᠤᠯᠬᠤ ᠪᠠ ᠰᠢᠨ᠎ᠡ ᠶᠢ ᠡᠭᠦᠳᠬᠦ ᠴᠢᠨᠠᠷᠲᠠᠢ ᠬᠥᠳᠡᠯᠮᠦᠷᠢ ᠪᠠᠷ ᠳᠠᠮᠵᠢᠨ ᠳᠤᠭ᠎ᠠ ᠪᠠᠷᠢᠮᠳᠠ ᠶᠢᠨ ᠦᠢᠯᠡᠳᠬᠦᠨ ᠪᠠ ᠦᠢᠯᠡᠴᠢᠯᠡᠭᠡ ᠶᠢ ᠪᠦᠷᠢᠯᠳᠦᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶     ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ    ᠠᠶᠢᠮᠠᠭ ᠤᠨ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢ ᠬᠤᠪᠢᠷᠠᠭᠤᠯᠬᠤ ᠪᠠ ᠳᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠤᠳᠤᠷᠢᠳᠬᠤ ᠳᠤᠭᠤᠶᠢᠯᠠᠩ ᠨᠢ ᠪᠥᠬᠦ ᠠᠶᠢᠮᠠᠭ ᠤᠨ ᠳᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠳᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠬᠤ ᠬᠡᠷᠡᠭᠲᠡᠶ︔ ᠡᠯ᠎ᠡ ᠰᠠᠯᠠᠭ᠎ᠠ ᠮᠥᠴᠢᠷ ᠤᠳ ᠭᠤᠣᠯ ᠤᠳᠤᠷᠢᠳᠤᠯᠭ᠎ᠠ ᠬᠠᠷᠢᠭᠤᠴᠠᠬᠤ ᠲᠦᠷᠢᠮ ᠢ ᠪᠠᠶᠢᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠶᠢᠨ ᠬᠠᠮᠲᠤ ᠬᠡᠷᠡᠭᠵᠢᠭᠦᠯᠬᠦ ᠶᠢ ᠰᠠᠶᠢᠲᠤᠷ ᠠᠳᠬᠤᠨ᠎ᠠ᠃    ︵ᠬᠤᠶᠠᠷ︶ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ    ᠡᠯ᠎ᠡ ᠬᠤᠰᠢᠭᠤ ︵ᠣᠷᠣᠨ︶᠂ ᠡᠯ᠎ᠡ ᠰᠠᠯᠠᠭ᠎ᠠ ᠮᠥᠴᠢᠷ ᠤᠳ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠶᠢ ᠤᠳᠤᠷᠢᠳᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠲᠦᠷᠦᠭᠦᠯᠡᠨ ᠬᠢᠬᠦ ᠰᠠᠯᠠᠭ᠎ᠠ ᠮᠥᠴᠢᠷ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠨ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ ᠴᠢᠬᠤᠯᠠ ᠶᠡᠭᠡ ᠵᠦᠢᠯᠡᠰ ᠢ ᠴᠠᠭ ᠲᠤᠬᠠᠶ ᠳᠤᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ ᠤᠳ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ  ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠬᠡᠪᠴᠢᠶ᠎ᠡ ᠳᠤ ᠣᠷᠣᠭᠤᠯᠤᠨ᠎ᠠ᠃    ︵ᠭᠤᠷᠪᠠ︶ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠳᠬᠠᠨ᠎ᠡ    ᠡᠯ᠎ᠡ ᠱᠠᠲᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠪᠠᠶᠢᠩᠭᠤ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠠᠵᠢᠯ ᠢ ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠴᠢᠬᠤᠯᠠ ᠠᠭᠤᠯᠭ᠎ᠠ ᠪᠣᠯᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠤᠳᠤᠷᠢᠳᠬᠤ ᠪᠠᠭ ᠪᠣᠯᠤᠨ ᠬᠤᠯᠪᠣᠭᠳᠠᠯ ᠪᠦᠬᠦᠢ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠴᠢᠬᠤᠯᠠ ᠯᠠᠪᠯᠠᠯᠲᠠ ᠪᠣᠯᠭᠠᠨ᠎ᠠ᠃ ᠪᠥᠬᠦ ᠠᠶᠢᠮᠠᠭ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠳᠣᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠷᠪᠠᠳᠠᠬᠢ ᠡᠲᠡᠭᠡᠳ ᠠᠴᠠ ᠦᠨᠡᠯᠡᠨ ᠵᠢᠱᠢᠬᠦ᠂ ᠨᠡᠶᠢᠭᠡᠮ ᠤᠨ ᠬᠢᠨᠠᠯᠲᠠ ᠲᠠᠯᠪᠢᠵᠤ ᠦᠨᠡᠯᠡᠬᠦ ᠶᠢ ᠴᠢᠩᠭᠠᠳᠬᠠᠨ᠂ ᠨᠢᠭᠡᠳᠦᠯᠲᠡᠶ ᠲᠥᠯᠥᠪᠯᠡᠨ ᠬᠠᠮᠢᠶᠠᠷᠬᠤ᠂ ᠲᠥᠷᠥᠯ ᠵᠦᠢᠯ ᠢ ᠪᠥᠲᠥᠭᠡᠨ  ᠪᠠᠶᠢᠭᠤᠯᠬᠤ᠂ ᠲᠤᠭ᠎ᠠ ᠪᠠᠷᠢᠮᠲᠠ ᠶᠢ ᠬᠠᠮᠲᠤ ᠪᠠᠷ ᠬᠤᠪᠢᠶᠠᠯᠴᠠᠵᠦ ᠨᠡᠭᠡᠭᠡᠯᠲᠡ ᠬᠢᠬᠦ᠂ ᠠᠮᠤᠷ ᠲᠦᠪᠰᠢᠨ ᠢ ᠪᠠᠳᠣᠯᠠᠬᠤ᠂ ᠬᠡᠷᠡᠭᠯᠡᠭᠡᠨ ᠤ ᠦᠷ᠎ᠡ ᠪᠦᠲᠦᠮᠵᠢ ᠵᠡᠷᠭᠡ ᠪᠠᠶᠢᠳᠠᠯ ᠢ ᠭᠤᠤᠯᠳᠠᠯᠭ᠎ᠠ ᠲᠠᠢ ᠦᠨᠡᠯᠡᠨ ᠵᠢᠱᠢᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠬᠡᠷᠡᠭᠯᠡᠭᠡᠨ ᠤ ᠦᠷ᠎ᠡ ᠪᠦᠳᠦᠮᠵᠢ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ  ᠳᠡᠭᠡᠭᠰᠢᠯᠡᠬᠦᠯᠦᠨ᠎ᠠ᠃    ︵ᠲᠦᠷᠪᠡ︶ ᠣᠶᠤᠨ ᠤ ᠳᠡᠮᠵᠢᠯᠭᠡ ᠬᠠᠩᠭᠠᠨ᠎ᠠ    ᠠᠯᠠᠱᠠ ᠠᠶᠢᠮᠠᠭ ᠤᠨ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠮᠡᠷᠭᠡᠵᠢᠯ᠂ ᠬᠠᠮᠢᠶᠠᠷᠤᠯᠲᠠ᠂ ᠡᠵᠡᠩᠨᠡᠯᠲᠡ ᠵᠡᠷᠭᠡ ᠲᠠᠯ᠎ᠠ ᠪᠠᠷ ᠨᠡᠷ᠎ᠡ ᠲᠥᠷᠥ ᠲᠠᠢ ᠲᠤᠰᠬᠠᠶ ᠮᠡᠷᠭᠡᠵᠢᠯᠲᠡᠨ ᠢ ᠣᠷᠢᠵᠦ᠂ ᠲᠥᠷᠥᠯ ᠵᠦᠢᠯ ᠳᠤ ᠯᠠᠪᠯᠠᠭ᠎ᠠ ᠬᠠᠩᠭᠠᠨ ᠰᠢᠢᠳᠪᠦᠷᠢᠲᠦ ᠪᠣᠳᠣᠯᠭ᠎ᠠ ᠳᠣᠭᠳᠠᠭᠠᠬᠤ᠂ ᠲᠥᠰᠦᠯ ᠢ ᠬᠢᠨᠠᠨ ᠲᠣᠭᠲᠠᠭᠠᠬᠤ᠂ ᠲᠥᠷᠥᠯ ᠵᠦᠢᠯ ᠢ ᠬᠤᠳᠠᠯᠳᠤᠨ ᠠᠪᠬᠤ᠂ ᠲᠥᠷᠥᠯ ᠵᠦᠢᠯ ᠢ ᠰᠢᠯᠭᠠᠨ ᠠᠪᠬᠤ᠂ ᠦᠷ᠎ᠡ ᠪᠦᠲᠦᠮᠵᠢ ᠶᠢ ᠦᠨᠡᠯᠡᠬᠦ ᠵᠡᠷᠭᠡ ᠳᠤ ᠣᠶᠤᠨ ᠤ ᠳᠡᠮᠵᠢᠯᠭᠡ ᠬᠠᠩᠭᠠᠨ᠎ᠠ᠃    ︵ᠲᠠᠪᠤ︶ ᠳᠣᠭᠠᠴᠢᠯᠠᠭᠰᠠᠨ ᠬᠡᠪ ᠪᠣᠯᠪᠠᠰᠤᠷᠠᠯ ᠢ ᠳᠡᠭᠡᠭᠰᠢᠯᠡᠬᠦᠯᠦᠨ᠎ᠡ    ᠤᠳᠤᠷᠢᠳᠬᠤ ᠺᠠᠳ᠋ᠷ ᠤᠨ ᠲᠣᠭᠠᠴᠢᠯᠠᠭᠰᠠᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠴᠢᠬᠤᠯᠠ ᠵᠢᠭᠠᠨ ᠰᠤᠷᠭᠠᠯᠲᠠ ᠪᠣᠯᠪᠠᠰᠤᠷᠠᠯ ᠤᠨ ᠠᠭᠤᠯᠭ᠎ᠠ ᠪᠣᠯᠭᠠᠵᠤ᠂ ᠺᠠᠳ᠋ᠷ ᠤᠨ ᠡᠩᠨᠡᠭᠡᠨ ᠤ ᠲᠣᠭᠠᠴᠢᠯᠠᠭᠰᠠᠨ ᠰᠡᠳᠬᠢᠬᠦᠶ᠂ ᠲᠣᠭᠠᠴᠢᠯᠠᠭᠰᠠᠨ ᠤᠷ᠎ᠠ ᠴᠢᠳᠠᠪᠤᠷᠢ ᠪᠠ ᠲᠣᠭᠠᠴᠢᠯᠠᠭᠰᠠᠨ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠦᠨ ᠬᠡᠷᠡᠭᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠳᠣ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠮᠡᠷᠭᠡᠵᠢᠯ ᠢ ᠣᠶᠢᠯᠠᠭᠠᠳᠠᠭ ᠶᠡᠷᠦᠩᠬᠡᠶᠢᠯᠡᠭᠰᠡᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠪᠥᠬᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠬᠢᠭᠡᠳ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠰᠠᠷ᠎ᠠ ᠶᠢᠨ ᠠᠵᠢᠯᠯᠠᠭ᠎ᠠ᠂ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠵᠡᠷᠭᠡ ᠪᠠᠷ ᠠᠵᠠ ᠲᠣᠬᠢᠶᠠᠯ ᠪᠣᠯᠭᠠᠵᠤ᠂ ᠲᠣᠭᠠᠴᠢᠯᠠᠭᠰᠠᠨ ᠮᠡᠳᠡᠯᠭᠡ ᠪᠠ ᠮᠡᠷᠭᠡᠵᠢᠯ ᠴᠢᠳᠠᠪᠤᠷᠢ ᠶᠢᠨ ᠰᠤᠷᠤᠯᠴᠠᠯᠭ᠎ᠠ ᠶᠢ ᠭᠦᠨᠵᠡᠭᠡᠶ ᠥᠷᠨᠢᠭᠦᠯᠵᠦ᠂ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃    ︵ᠵᠢᠷᠭᠤᠭ᠎ᠠ︶ ᠤᠬᠠᠭᠤᠯᠵᠤ ᠬᠦᠲᠦᠯᠦᠨ ᠵᠢᠯᠤᠭᠤᠳᠬᠤ ᠶᠢ ᠭᠦᠨᠵᠡᠭᠡᠶᠢᠷᠡᠭᠦᠯᠦᠨ᠎ᠡ    ᠨᠡᠶᠢᠲᠡᠯᠢᠭ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠤᠯᠤᠰ ᠥᠪᠡᠷᠲᠡᠭᠡᠨ ᠵᠠᠰᠠᠬᠤ ᠣᠷᠣᠨ ᠠᠶᠢᠮᠠᠭ ᠤᠨ ᠱᠠᠲᠤᠨ ᠤ ᠭᠤᠤᠯ ᠵᠠᠭᠤᠴᠢᠯᠠᠭᠤᠷ ᠤᠨ ᠲᠠᠪᠴᠠᠩ ᠵᠢᠴᠢ ︽ᠸᠢᠴᠠᠲ ᠪᠦᠷᠭᠡ ᠦᠵᠦᠭᠦᠷ︾ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ  ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠠᠬᠢᠴᠠ ᠦᠷ᠎ᠡ ᠪᠦᠲᠦᠮᠵᠢ ᠶᠢ ᠤᠬᠠᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠶᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠬᠠᠮᠲᠤ ᠶᠢᠨ ᠲᠠᠨᠢᠯᠲᠠ ᠲᠠᠢ ᠪᠠᠶᠢᠵᠦ᠂ ᠬᠦᠴᠦᠨ ᠴᠢᠳᠠᠯ ᠢ ᠨᠢᠭᠲᠠᠷᠠᠭᠤᠯᠵᠦ᠂ ᠪᠥᠬᠦ ᠠᠶᠢᠮᠠᠭ ᠢᠶᠠᠷ ᠢᠶᠠᠨ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠶᠢ ᠬᠠᠯᠠᠮᠵᠢᠯᠠᠬᠤ᠂ ᠳᠡᠬᠦᠨ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号