6 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ | ᠬᠥᠬᠡᠬᠤᠲᠠ ᠳᠤ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠧᠶ ᠰᠢᠶᠤᠤ | ᠳ᠋ᠦᠩ ᠲᠠᠢ ᠠᠭᠤᠯᠵᠠᠪᠠ᠃ | ᠰᠦᠨ ᠱᠤᠤ ᠴᠧᠩ ᠸᠧᠢ ᠰᠢᠶᠤᠤ ᠳ᠋ᠦᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠭᠰᠡᠨ ᠪᠥᠭᠡᠳ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠤᠯᠠᠨ ᠵᠢᠯ ᠤᠨ | ᠲᠤᠷᠰᠢ ᠪᠡᠭᠡᠵᠢᠩ ᠬᠤᠳᠠ ᠥᠪᠥᠷ ᠮᠣᠩᠭᠤᠯ ᠢ ᠠᠵᠢᠯ ᠲᠦᠷᠦᠯ ᠢᠶᠠᠷ ᠲᠤᠰᠠᠯᠠᠵᠤ᠂ ᠥᠪᠥᠷ ᠮᠣᠩᠭᠤᠯ ᠳᠤ | ᠬᠦᠴᠦᠲᠡᠢ ᠳᠡᠮᠵᠢᠯᠭᠡ ᠦᠵᠡᠭᠦᠯᠦᠭᠰᠡᠭᠡᠷ ᠢᠷᠡᠵᠠᠢ᠂ ᠡᠭᠦᠨ ᠳᠤ ᠪᠢᠳᠡ ᠭᠦᠨ ᠲᠠᠯᠠᠷᠬᠠᠵᠤ ᠪᠠᠶᠢᠨ᠎ᠠ᠃ ᠡᠨᠡ ᠬᠤᠶᠠᠷ | ᠵᠢᠯ ᠳᠤ᠂ ᠬᠤᠶᠠᠷ ᠭᠠᠵᠠᠷ ᠤᠷᠤᠨ ᠢᠶᠠᠷ ᠢᠶᠠᠨ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠢᠢ | ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠰᠢᠨ᠎ᠡ ᠦᠷ᠎ᠡ | ᠪᠦᠲᠦᠭᠡᠯ ᠤᠯᠬᠤ ᠶᠢ ᠠᠬᠢᠭᠤᠯᠪᠠ᠃ ᠪᠢᠳᠡ ᠳᠤᠷᠠᠲᠠᠶ᠎ᠠ ᠴᠢᠳᠠᠯ ᠤᠨ ᠬᠢᠷᠢ ᠪᠠᠷ ᠢᠶᠠᠨ ᠪᠡᠭᠡᠵᠢᠩ ᠬᠤᠳᠠ ᠳᠤ | ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠪᠡᠭᠡᠵᠢᠩ ᠬᠤᠳᠠ ᠯᠤᠭ᠎ᠠ ᠶᠢᠨ ᠡᠯ᠎ᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠭᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠨᠢ ᠪᠦᠬᠦ | ᠲᠠᠯ᠎ᠠ ᠶᠢᠨ ᠬᠠᠮᠲᠤᠷᠠᠯᠴᠠᠭ᠎ᠠ ᠲᠡᠶᠢᠰᠢ ᠬᠤᠪᠢᠷᠠᠬᠤ ᠶᠢ ᠠᠬᠢᠭᠤᠯᠤᠨ᠎ᠠ᠃ ᠪᠡᠭᠡᠵᠢᠩ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠰᠢᠰᠲ᠋ᠧᠮ ᠳᠤ ᠴᠢᠳᠠᠪᠤᠷᠢᠲᠠᠨ ᠶᠡᠭᠡ ᠪᠠᠷ ᠬᠤᠷᠠᠨ ᠲᠦᠪᠯᠡᠷᠡᠵᠦ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ᠂ ᠰᠤᠷᠭᠠᠨ ᠬᠥᠮᠦᠵᠢᠯ᠂ ᠡᠮ ᠡᠮᠨᠡᠯᠬᠡ᠂ ᠵᠢᠭᠤᠯᠴᠢᠯᠠᠯ ᠵᠡᠷᠭᠡ ᠬᠦᠷᠢᠶᠡᠨ ᠳᠤ ᠪᠢᠳᠡᠨ ᠳᠤ ᠢᠯᠡᠭᠦᠬᠡᠨ | ᠠᠷᠭ᠎ᠠ ᠤᠬᠠᠭᠠᠨ ᠭᠠᠷᠭᠠᠨ ᠦᠭᠴᠤ᠂ ᠰᠠᠶᠢᠨ ᠠᠷᠭ᠎ᠠ ᠬᠢᠳᠡᠯ ᠵᠢᠭᠠᠨ ᠦᠭᠴᠤ᠂ ᠪᠢᠳᠡᠨ ᠢ ᠬᠠᠪᠰᠤᠷᠤᠨ | ᠳᠤᠲᠠᠭᠤᠳᠠᠯ ᠢ ᠨᠠᠩ ᠰᠠᠶᠢᠳᠤᠷ ᠨᠥᠬᠦᠪᠥᠷᠢᠯᠡᠵᠦ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠦᠰᠡᠵᠦ | ᠪᠠᠶᠢᠨ᠎ᠠ ᠭᠡᠵᠠᠢ᠃ | ᠸᠧᠢ ᠰᠢᠶᠤᠤ ᠳ᠋ᠦᠩ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠪᠢᠳᠡ ᠥᠪᠥᠷ | ᠮᠣᠩᠭᠤᠯ ᠤᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠦᠨᠡᠨ ᠬᠦ ᠪᠡᠶᠡᠴᠢᠯᠡᠨ ᠣᠶᠢᠯᠠᠭᠠᠪᠠ᠃ ᠪᠡᠭᠡᠵᠢᠩ | ᠥᠪᠥᠷ ᠮᠣᠩᠭᠤᠯ ᠬᠤᠶᠠᠷ ᠭᠠᠵᠠᠷ ᠣᠯᠠᠨ ᠬᠦᠷᠢᠶᠡᠨ ᠳᠤ ᠬᠠᠷᠢᠯᠴᠠᠨ ᠬᠡᠷᠡᠭᠴᠡᠭᠡ ᠲᠠᠢ ᠪᠠᠶᠢᠵᠤ᠂ ᠬᠠᠮᠲᠤᠷᠠᠯᠴᠠᠭᠠᠨ ᠤ | ᠨᠡᠶᠢᠯᠡᠯ ᠴᠡᠭ ᠮᠠᠰᠢ ᠣᠯᠠᠨ ᠪᠠᠶᠢᠨ᠎ᠠ᠃ ᠣᠶᠢᠷ᠎ᠠ ᠶᠢᠨ ᠵᠢᠯ ᠳᠤ᠂ ᠪᠡᠭᠡᠵᠢᠩ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ | ᠴᠢᠳᠠᠯ ᠢ ᠨᠡᠮᠡᠷᠢᠯᠡᠬᠦ︾ ᠢᠢᠨ ᠲᠣᠭᠤᠷᠢᠨ ᠳᠤ ᠶᠡᠭᠡ ᠬᠡᠮᠵᠢᠶᠡᠨ ᠤ ᠦᠷ᠎ᠡ ᠪᠦᠲᠦᠮᠵᠢᠲᠡᠶ ᠠᠵᠢᠯ ᠢ ᠥᠷᠨᠢᠭᠦᠯᠵᠦ᠂ ︽ | ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠢᠢᠨ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠵᠢᠷᠭᠤᠭᠠᠨ | ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠢᠢᠨ ᠰᠠᠭᠤᠷᠢᠨ ᠳᠡᠭᠡᠷ᠎ᠡ᠂ ᠪᠡᠭᠡᠵᠢᠩ ᠥᠪᠥᠷ ᠮᠣᠩᠭᠤᠯ ᠤᠨ | ᠬᠠᠮᠲᠤᠷᠠᠯᠴᠠᠭᠠᠨ ᠤ ᠳᠠᠯᠳᠠ ᠬᠦᠴᠦᠨ ᠢ ᠢᠳᠡᠪᠬᠢᠲᠡᠶ ᠭᠦᠨ ᠠᠭᠤᠳᠠᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ | ᠥᠷᠭᠡᠳᠭᠡᠨ᠂ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠪᠡᠭᠡᠵᠢᠩ | ᠥᠪᠥᠷ ᠮᠣᠩᠭᠤᠯ ᠬᠤᠶᠠᠷ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ | ᠭᠡᠪᠡ᠃ | ᠸᠧᠶ ᠰᠢᠶᠤᠤ ᠳ᠋ᠦᠩ ᠨᠡᠷ ᠪᠠᠰᠠ ᠪᠠᠶᠠᠨᠨᠠᠭᠤᠷ ᠬᠤᠲᠠ᠂ ᠪᠤᠭᠤᠲᠤ ᠬᠤᠲᠠ᠂ ᠬᠥᠬᠡᠬᠤᠲᠠ ᠳᠤ ᠬᠦᠷᠴᠦ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠠᠵᠢᠯ ᠤᠨ ᠬᠤᠯᠪᠣᠭᠳᠠᠯ ᠪᠥᠬᠦᠶ ᠪᠠᠶᠢᠳᠠᠯ ᠢ ᠰᠢᠨᠵᠢᠯᠡᠨ | ᠪᠠᠶᠢᠴᠠᠭᠠᠪᠠ᠃ | ᠪᠡᠭᠡᠵᠢᠩ ᠬᠤᠳᠠ ᠶᠢᠨ ᠤᠳᠤᠷᠢᠳᠤᠯᠭ᠎ᠠ ᠼᠦᠢ ᠱᠤ ᠴᠢᠶᠠᠩ᠂ ᠯᠦ ᠶᠠᠨ᠂ ᠥᠪᠡᠷᠲᠡᠭᠡᠨ ᠵᠠᠰᠠᠬᠤ ᠣᠷᠣᠨ ᠤ | ᠤᠳᠤᠷᠢᠳᠤᠯᠭ᠎ᠠ ᠢᠦᠢ ᠯᠢ ᠰᠢᠨ᠂ ᠯᠦᠸᠧ ᡁᠢ ᠬᠤ᠋ ᠠᠭᠤᠯᠵᠠᠯᠲᠠ ᠳᠤ ᠣᠷᠣᠯᠴᠠᠪᠠ᠃ |