ᠴᠡᠭᠡ ᠪᠣᠭᠤᠮᠲᠠ ᠪᠠᠷ ᠦᠩᠭᠡᠷᠡᠭᠰᠡᠨ ᠪᠠᠷᠠᠭᠠᠨ ᠤ ᠬᠡᠮᠵᠢᠶ᠎ᠡ 900 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/6/3
    5 ᠰᠠᠷ᠎ᠠ ᠶᠢᠨ 28 ᠤ ᠡᠳᠦᠷ ᠪᠣᠯᠲᠠᠯ᠎ᠠ᠂ ᠴᠡᠭᠡ ᠪᠣᠭᠤᠮᠲᠠ ᠪᠠᠷ ᠦᠩᠭᠡᠷᠡᠭᠰᠡᠨ ᠪᠠᠷᠠᠭᠠᠨ ᠤ ᠬᠡᠮᠵᠢᠶ᠎ᠡ ᠨᠡᠶᠢᠲᠡ 906.63 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 62.05% ᠪᠠᠷ ᠨᠡᠮᠡᠭᠳᠡᠨ᠂ 2023 ᠣᠨ ᠤ ᠬᠢ ᠠᠴᠠ 63 ᠡᠳᠦᠷ ᠤᠷᠢᠳᠴᠢᠯᠠᠨ 900 ᠲᠦᠮᠡᠨ ᠲᠣᠨ ᠢ ᠳᠠᠪᠠᠪᠠ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ 56.66 ᠳ᠋ᠦᠩᠰᠢᠭᠤᠷ ᠲᠥᠭᠦᠷᠢᠭ ᠲᠤ ᠬᠦᠷᠴᠡᠶ︔ ᠬᠢᠯᠢ ᠪᠠᠷ ᠣᠷᠣᠵᠤ ᠭᠠᠷᠬᠤ ᠲᠡᠷᠭᠡ 12.96 ᠲᠦᠮᠡᠨ ᠤᠳᠠᠭ᠎ᠠ ᠳᠤ ᠬᠦᠷᠴᠦ᠂ ᠬᠢᠯᠢ ᠪᠠᠷ ᠣᠷᠣᠵᠤ ᠭᠠᠷᠬᠤ ᠬᠥᠮᠦᠰ 14.65 ᠲᠦᠮᠡᠨ ᠬᠥᠮᠦᠨ ᠤᠳᠠᠭ᠎ᠠ ᠳᠤ ᠬᠦᠷᠴᠡᠢ᠃ ᠣᠳᠣᠬᠠᠨ ᠪᠣᠯᠲᠠᠯ᠎ᠠ᠂ ᠡᠨᠡ ᠵᠢᠯ ᠨᠡᠶᠢᠲᠡ 5952 ᠤᠳᠠᠭ᠎ᠠ ᠪᠣᠭᠤᠮᠲᠠ ᠪᠠᠷ ᠥᠩᠭᠡᠷᠡᠵᠦ᠂ 42.7 ᠲᠦᠮᠡᠨ ᠲᠣᠨ ᠨᠡᠭᠦᠷᠡᠰᠦ ᠲᠡᠭᠡᠭᠡᠪᠦᠷᠢᠯᠡᠪᠡ︔ ᠤᠶᠤᠨᠲᠤ ᠬᠦᠨᠳᠦ ᠠᠴᠢᠶᠠᠨ ᠤ ᠮᠠᠰᠢᠨ ᠨᠡᠶᠢᠲᠡ 430 ᠤᠳᠠᠭ᠎ᠠ ᠪᠣᠭᠤᠮᠲᠠ ᠪᠠᠷ ᠥᠩᠭᠡᠷᠡᠵᠦ᠂ 6.32 ᠲᠦᠮᠡᠨ ᠲᠣᠨ ᠨᠡᠭᠦᠷᠡᠰᠦ ᠲᠡᠭᠡᠭᠡᠪᠦᠷᠢᠯᠡᠵᠦ᠂ ᠨᠢᠭᠡ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ ᠨᠢᠭᠡᠨᠲᠡ 7.68 ᠲᠦᠮᠡᠨ ᠲᠣᠨ ᠳᠤ ᠬᠦᠷᠴᠡᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号