ᠠᠯᠠᠱᠠ ᠦᠬᠠᠢ ᠪᠠᠶᠠᠨᠨᠠᠭᠤᠷ ᠭᠤᠷᠪᠠᠨ ᠭᠠᠵᠠᠷ ᠬᠠᠮᠲᠤᠷᠠᠯᠴᠠᠭᠠᠨ ᠤ ᠬᠡᠯᠡᠯᠴᠡᠬᠡᠷ ᠲᠤ ᠭᠠᠷ ᠤᠨ ᠦᠰᠦᠭ ᠵᠢᠷᠤᠵᠠᠢ
ᠨᠡᠶᠢᠲᠡᠯᠡᠭᠰᠡᠨ ᠴᠠᠭ᠄
2024/6/3
    ᠣᠶᠢᠷ᠎ᠠ ᠶᠢᠨ ᠡᠳᠦᠷ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠦᠬᠠᠶ ᠬᠤᠲᠠ᠂ ᠪᠠᠶᠠᠨᠨᠠᠭᠤᠷ ᠬᠤᠲᠠ ᠢᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤ ᠪᠠᠷ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠬᠠᠮᠲᠤᠷᠠᠯᠴᠠᠭᠠᠨ ᠤ ᠪᠦᠲᠦᠬᠦᠪᠴᠢ ᠬᠡᠯᠡᠯᠴᠡᠬᠡᠷ︾ ᠲᠤ ᠭᠠᠷ ᠤᠨ ᠥᠰᠥᠭ ᠵᠢᠷᠤᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠡᠵᠡᠩᠨᠡᠯᠲᠡ ᠶᠢᠨ ᠣᠷᠴᠢᠨ ᠨᠦᠬᠦᠴᠠᠯ ᠢ ᠡᠬᠦᠳᠬᠦ ᠳᠤ ᠪᠠᠳᠤᠯᠠᠭ᠎ᠠ ᠬᠠᠨᠭ᠍ᠭᠠᠭᠰᠠᠨ ᠪᠠᠶᠢᠨ᠎ᠠ᠃    ᠬᠡᠯᠡᠯᠴᠡᠬᠡᠷ ᠲᠤ᠂ ᠭᠤᠷᠪᠠᠨ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠡᠯ᠎ᠡ ᠭᠠᠵᠠᠷ ᠤᠨ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠬᠠᠷᠢᠯᠴᠠᠭ᠎ᠠ ᠬᠤᠯᠪᠤᠭ᠎ᠠ ᠶᠢ ᠴᠢᠩᠭᠠᠳᠬᠠᠨ᠂ ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠬᠦ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠢᠯᠭᠠᠨ ᠪᠠᠶᠢᠴᠠᠭᠠᠵᠤ ᠬᠡᠮᠵᠢᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠤᠷᠢᠳᠠᠪᠠᠷ ᠬᠢᠵᠦ ᠤᠷᠢᠳᠠᠪᠠᠷ ᠲᠤᠷᠰᠢᠨ᠂ ᠨᠢᠭᠡ ᠴᠣᠭᠴᠠᠵᠢᠭᠤᠯᠵᠦ ᠵᠣᠬᠢᠴᠠᠯᠳᠤᠭᠰᠠᠨ ᠬᠠᠮᠢᠶᠠᠷᠤᠯᠲᠠ ᠶᠢᠨ ᠵᠠᠭᠪᠤᠷ ᠢ ᠬᠦᠴᠦᠯᠡᠨ ᠪᠠᠶᠢᠭᠤᠯᠤᠨ᠎ᠠ ᠬᠡᠵᠦ ᠲᠤᠳᠤᠷᠬᠠᠢ ᠲᠤᠷᠠᠳᠴᠠᠢ᠃ ᠬᠡᠯᠡᠯᠴᠡᠬᠡᠷ ᠲᠤ ᠪᠠᠰᠠ᠂ ᠭᠡᠷ᠎ᠡ ᠲᠣᠭᠲᠠᠭᠰᠠᠨ ᠡᠯ᠎ᠡ ᠠᠶᠢᠮᠠᠭ ᠬᠤᠲᠠ ᠶᠢᠨ ᠬᠢᠨ ᠣᠷᠣᠨ ᠪᠦᠰᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠵᠢᠯᠴᠠᠭ᠎ᠠ ᠬᠠᠮᠲᠤᠷᠠᠯᠴᠠᠨ ᠬᠥᠭᠵᠢᠬᠦ ᠪᠠᠷ ᠤᠳᠤᠷᠢᠳᠤᠮᠵᠢ ᠪᠣᠯᠭᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠳᠤᠷᠠᠯᠴᠠᠭ᠎ᠠ ᠶᠢ ᠬᠠᠮᠲᠤ ᠪᠠᠷ ᠡᠳ᠋ᠯᠡᠨ᠂ ‍ᠣᠷᠣᠨ ᠪᠦᠰᠡ ᠠᠯᠤᠰᠯᠠᠭᠰᠠᠨ ᠰᠢᠭᠤᠳ ᠭᠦᠢᠴᠡᠳᠭᠡᠬᠦ ᠦᠢᠯᠡᠴᠢᠯᠡᠭᠡ ᠶᠢ ᠬᠡᠷᠡᠭᠵᠢᠭᠦᠯᠵᠦ᠂ ᠡᠯ᠎ᠡ ᠠᠶᠢᠮᠠᠭ ᠬᠤᠳᠠ ᠶᠢᠨ ᠬᠤᠭᠤᠷᠣᠨᠳᠣᠬᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠪᠦᠷᠢᠳᠭᠡᠨ ᠳᠠᠩᠰᠠᠯᠠᠬᠤ ᠶᠢ ᠲᠦᠷᠭᠡᠨ ᠲᠤᠰᠬᠠᠬᠤ ᠠᠷᠭ᠎ᠠ ᠵᠠᠮ ᠵᠢᠴᠢ ᠣᠷᠣᠨ ᠪᠦᠰᠡ ᠠᠯᠤᠰᠯᠠᠭᠰᠠᠨ ᠲᠠᠩᠰᠠ ᠡᠪᠬᠡᠮᠡᠯ ᠢ ᠨᠡᠭᠦᠯᠭᠡᠬᠦ ᠶᠢ ᠳᠥᠭᠦᠮᠴᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠬᠤᠳᠠ ᠶᠢᠨ ᠬᠡᠪᠴᠢᠶᠡᠨ ᠳᠣᠲᠣᠷᠠᠬᠢ ᠰᠢᠯᠭᠠᠨ ᠪᠠᠶᠢᠴᠠᠭᠠᠵᠤ ᠬᠡᠮᠵᠢᠨ ᠭᠡᠷᠡᠴᠢᠯᠡᠬᠦ ᠮᠡᠷᠭᠡᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠰᠢᠯᠭᠠᠨ ᠪᠠᠶᠢᠴᠠᠭᠠᠨ ᠬᠡᠮᠵᠢᠭᠰᠡᠨ ᠪᠠ ᠭᠡᠷᠡᠴᠢᠯᠡᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠶᠠᠰᠤ ᠴᠢᠨᠠᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ᠂ ᠬᠤᠳᠠᠯ ᠬᠠᠭᠤᠷᠮᠠᠭ ᠴᠢᠨᠠᠷ ᠮᠠᠭᠤ ᠵᠡᠷᠭᠡ ᠬᠠᠤᠯᠢ ᠠᠴᠠ ᠵᠥᠷᠢᠴᠡᠭᠰᠡᠨ ᠬᠡᠷᠡᠭ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠥᠷᠨᠢᠭᠦᠯᠦᠨ᠎ᠡ︔ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠤᠨ ᠳᠠᠪᠠᠭᠤᠯᠢᠭ ᠢ ᠪᠠᠳᠠᠷᠠᠭᠤᠯᠵᠤ᠂ ᠢᠲᠡᠭᠡᠮᠵᠢ ᠪᠠᠷ ᠨᠡᠯᠢᠶᠡᠳ ᠰᠠᠶᠢᠨ ᠡᠵᠡᠩᠨᠡᠯᠲᠡ ᠶᠢᠨ ᠭᠤᠤᠯ ᠴᠣᠭᠴᠠ ᠳᠤ ︽ᠰᠠᠭᠠᠳ ᠥᠬᠡᠶ ᠨᠡᠪᠲᠡᠷᠡᠬᠦ ᠵᠠᠮ︾ ᠢ ᠨᠡᠪᠲᠡᠷᠡᠭᠦᠯᠦᠨ᠎ᠡ︔ ᠬᠠᠷ᠎ᠠ ᠲᠠᠩᠰᠠ ᠲᠠᠢ ᠠᠵᠦ ᠠᠬᠤᠶᠢᠯᠠᠯ ᠤᠨ ᠰᠤᠷᠠᠭ ᠵᠠᠩᠬᠢ ᠶᠢ ᠬᠠᠮᠲᠤ ᠪᠠᠷ ᠡᠳ᠋ᠯᠡᠵᠦ᠂ ᠢᠲᠡᠭᠡᠯ ᠠᠯᠳᠠᠭᠰᠠᠨ ᠠᠵᠤ ᠠᠬᠤᠶᠢᠯᠠᠯ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠳᠡᠭᠡᠭᠰᠢᠯᠡᠯᠲᠡ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠢᠢᠨ ᠢᠨᠵᠧᠨᠧᠷᠢᠩ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ ᠬᠡᠵᠦ ᠲᠤᠭᠳᠠᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠡᠯ᠎ᠡ ᠭᠡᠷ᠎ᠡ ᠲᠣᠭᠲᠠᠭᠰᠠᠨ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠡᠯᠡᠯᠴᠡᠬᠡᠷ ᠤᠨ ᠱᠠᠭᠠᠷᠳᠠᠯᠭ᠎ᠠ ᠶᠢ ᠦᠨᠳᠦᠰᠦᠯᠠᠨ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠰᠣᠯᠢᠯᠴᠠᠭ᠎ᠠ ᠥᠷᠨᠢᠭᠦᠯᠤᠨ᠂ ᠬᠠᠮᠢᠶ᠎ᠠ ᠪᠦᠬᠦᠢ ᠬᠠᠮᠲᠤᠷᠠᠯᠴᠠᠭᠠᠨ ᠤ ᠵᠦᠢᠯᠡᠰ ᠢ ᠰᠠᠶᠢᠳᠦᠷ ᠨᠠᠶᠢᠳᠠᠪᠤᠷᠢᠵᠢᠭᠤᠯᠵᠦ᠂ ᠬᠤᠯᠪᠣᠭᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠬᠦᠯᠳᠡᠷᠵᠢᠬᠦᠯᠦᠨ᠂ ᠨᠢᠭᠡᠳᠦᠯᠲᠡᠢ᠂ ᠡᠷᠬᠡ ᠲᠡᠭᠰᠢ᠂ ᠨᠡᠭᠡᠭᠡᠯᠲᠡᠲᠡᠢ᠂ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠦᠬᠦᠴᠠᠯ ᠪᠣᠯᠤᠨ ᠥᠨᠳᠥᠷ ᠪᠦᠲᠦᠮᠵᠢᠲᠡᠢ ᠴᠢᠨᠠᠷ ᠰᠠᠶᠢᠲᠠᠢ ᠦᠢᠯᠡᠴᠢᠯᠡᠭᠡᠨ ᠤ ᠣᠷᠴᠢᠨ ᠨᠦᠬᠦᠴᠠᠯ ᠢ ᠪᠤᠢ ᠪᠣᠯᠭᠠᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠠᠨ ᠠᠬᠢᠭᠤᠯᠬᠤ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号