ᠡᠨᠡ ᠵᠢᠯ ᠤᠨ ᠦᠨᠳᠦᠷ ᠳᠤᠮᠳᠠᠳᠤ᠂ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠠᠯᠠᠱᠠ ᠠᠶᠢᠮᠠᠭ ᠬᠦᠢᠴᠡᠳ ᠪᠡᠯᠡᠳᠭᠡᠵᠦ ᠪᠠᠶᠢᠨ᠎ᠠ
ᠨᠡᠶᠢᠲᠡᠯᠡᠭᠰᠡᠨ ᠴᠠᠭ᠄
2024/6/4
    ᠵᠢᠯ ᠳᠤ ᠨᠢᠭᠡ ᠤᠳᠠᠭ᠎ᠠ ᠶᠠᠪᠤᠭᠳᠠᠳᠠᠭ ᠦᠨᠳᠦᠷ ᠳᠤᠮᠳᠠᠳᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠢ ᠰᠢᠯᠭᠠᠯᠲᠠ ᠣᠶᠢᠷᠠᠳᠣᠯ᠎ᠠ᠃ ᠡᠨᠡ ᠵᠢᠯ᠂ ᠮᠠᠨ ᠤ ᠠᠶᠢᠮᠠᠭ ᠬᠡᠳᠦᠶ ᠰᠢᠯᠭᠠᠭᠤᠯᠤᠭᠴᠢ ᠰᠢᠯᠭᠠᠯᠲᠠ ᠳᠤ ᠣᠷᠣᠯᠴᠠᠬᠤ ᠪᠣᠶ︖ ᠰᠤᠷᠭᠠᠨ ᠬᠥᠮᠦᠵᠢᠯ ᠪᠡᠶ᠎ᠡ  ᠶᠢᠨ ᠲᠠᠮᠢᠷ ᠤᠨ ᠰᠠᠯᠠᠭ᠎ᠠ ᠮᠥᠴᠢᠷ ᠭᠦᠢᠴᠡᠳ ᠪᠡᠯᠡᠳᠬᠡᠯ ᠬᠢᠭᠰᠡᠨ ᠦᠦ︖ ᠶᠠᠮᠠᠷ ᠶᠠᠮᠠᠷ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠯᠠᠱᠠ ᠠᠶᠢᠮᠠᠭ  ᠤᠨ ᠵᠢᠭᠠᠨ ᠰᠤᠷᠭᠠᠯᠲᠠ  ᠶᠢᠨ ᠶᠠᠰᠤ ᠴᠢᠨᠠᠷ  ᠢ ᠳᠡᠭᠡᠭᠰᠢᠯᠡᠭᠦᠯᠬᠦ ᠪᠣᠶ︖ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ  ᠶᠢᠨ ᠲᠠᠮᠢᠷ  ᠤᠨ ᠲᠣᠪᠴᠢᠶ᠎ᠠ  ᠶᠢᠨ ᠳᠡᠳ᠋ ᠳᠠᠷᠤᠭ᠎ᠠ ᠳ᠋ᠦ᠋ ᠱᠠ ᠱᠠ ᠡᠨᠡ ᠳᠣᠬᠠᠢ ᠰᠣᠷᠪᠣᠯᠵᠢᠯᠠᠭ᠎ᠠ  ᠶᠢ ᠬᠦᠯᠢᠶᠡᠯ᠎ᠡ᠃    ᠰᠣᠷᠪᠣᠯᠵᠢᠯᠠᠭᠴᠢ᠄ ᠡᠨᠡ ᠵᠢᠯ᠂ ᠮᠠᠨ ᠤ ᠠᠶᠢᠮᠠᠭ ᠲᠤ ᠬᠡᠳᠦᠶ ᠰᠢᠯᠭᠠᠭᠤᠯᠤᠭᠴᠢ ᠦᠨᠳᠦᠷ ᠳᠤᠮᠳᠠᠳᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠬᠤ ᠪᠣᠶ︖ ᠬᠤᠯᠪᠣᠭᠳᠠᠯ ᠪᠦᠬᠦᠢ ᠠᠵᠢᠯ ᠤᠨ ᠠᠬᠢᠴᠠ ᠶᠠᠮᠠᠷ ᠪᠠᠶᠢᠨ᠎ᠠ︖    ᠳ᠋ᠦ᠋ ᠱᠠ ᠱᠠ᠄  ᠪᠢᠳᠡ ︽ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠬᠥᠮᠦᠵᠢᠯ ᠤᠨ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠵᠦ᠂ ᠤᠬᠠᠭᠤᠯᠭ᠎ᠠ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠰᠢᠯᠭᠠᠯᠲᠠ ᠠᠴᠠ ᠡᠮᠦᠨᠡᠬᠢ ᠪᠣᠯᠪᠠᠰᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠯᠭᠠᠯᠲᠠ ᠳᠤ ᠬᠤᠯᠪᠣᠭᠳᠠᠭᠰᠠᠨ ᠬᠥᠮᠦᠰ ᠪᠠ ᠥᠷᠭᠡᠨ ᠣᠯᠠᠨ ᠰᠢᠯᠭᠠᠭᠤᠯᠤᠭᠴᠢ ᠶᠢᠨ ᠬᠥᠮᠦᠵᠢᠯ ᠪᠣᠯᠪᠠᠰᠤᠷᠠᠯ ᠢ ᠴᠢᠩᠭᠠᠳᠬᠠᠪᠠ︔ 2024 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ᠂ ᠰᠢᠯᠭᠠᠯᠲᠠ ᠶᠢᠨ ᠪᠥᠬᠦ ᠶᠠᠪᠤᠴᠠ ᠶᠢᠨ ᠬᠠᠮᠢᠶᠠᠷᠤᠯᠲᠠ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠳᠤ ᠴᠢᠭᠯᠡᠭᠦᠯᠦᠨ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃    ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠲᠠᠯ᠎ᠠ ᠪᠠᠷ    ᠡᠨᠡ ᠵᠢᠯ᠂ ᠮᠠᠨ ᠤ ᠠᠶᠢᠮᠠᠭ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ 1736 ᠬᠥᠮᠦᠨ᠂ ᠪᠡᠶ᠎ᠡ ᠪᠠᠨ ᠳᠠᠭᠠᠭᠠᠵᠤ ᠰᠣᠷᠣᠭᠴᠢ ᠡᠯᠰᠡᠬᠦ᠂ ᠪᠡᠶ᠎ᠡ ᠶᠢᠨ ᠲᠠᠮᠢᠷ ᠤᠨ ᠲᠤᠰᠬᠠᠶ ᠰᠣᠷᠣᠭᠴᠢ ᠡᠯᠰᠡᠬᠦ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠰᠣᠷᠣᠭᠴᠢ ᠡᠯᠰᠡᠬᠦ ᠵᠡᠷᠭᠡ ᠶᠢ ᠭᠠᠷᠭᠠᠪᠠᠯ ᠂ ᠨᠢᠭᠡᠳᠦᠯᠲᠡᠶ ᠰᠢᠯᠭᠠᠯᠲᠠ ᠳᠤ ᠣᠷᠣᠯᠴᠠᠬᠤ ᠰᠢᠯᠭᠠᠭᠤᠯᠤᠭᠴᠢ 1373᠂ ᠪᠥᠬᠦ ᠠᠶᠢᠮᠠᠭ ᠲᠤ 3 ᠰᠢᠯᠭᠠᠯᠲᠠ ᠶᠢᠨ ᠲᠣᠭᠤᠷᠢᠭ᠂ 3 ᠰᠢᠯᠭᠠᠯᠲᠠ ᠶᠢᠨ ᠴᠡᠭ ᠭᠠᠷᠭᠠᠵᠤ᠂ ᠨᠡᠶᠢᠲᠡ 51 ᠰᠢᠯᠭᠠᠯᠲᠠ ᠶᠢᠨ ᠲᠠᠯᠠᠪᠤᠷ ᠭᠠᠷᠭᠠᠪᠠ᠃ ᠣᠳᠣᠬᠠᠨ ᠳᠤ᠂ ᠡᠯ᠎ᠡ ᠱᠠᠲᠤᠨ ᠤ ᠰᠤᠷᠤᠭᠴᠢ ᠡᠯᠰᠡᠬᠦ ᠵᠥᠪᠯᠡᠯ ᠶᠠᠭ ᠰᠢᠯᠭᠠᠯᠲᠠ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠲᠦᠷᠭᠡᠨ ᠠᠮᠵᠢᠭᠤᠯᠵᠦ ᠪᠠᠶᠢᠨ᠎ᠠ᠃    ᠦᠨᠳᠦᠷ ᠳᠤᠮᠳᠠᠳᠤ ᠳᠤ ᠡᠯᠰᠡᠬᠦ ᠰᠢᠯᠭᠠᠯᠲᠠ ᠶᠢᠨ ᠲᠠᠯ᠎ᠠ ᠪᠠᠷ    ᠣᠶᠢᠷ᠎ᠠ ᠶᠢᠨ ᠬᠤᠭᠤᠴᠠᠭᠠᠨ ᠳᠤ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ︽ᠠᠯᠠᠱᠠ ᠠᠶᠢᠮᠠᠭ ᠤᠨ 2024 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠳᠦᠪᠰᠢᠨ ᠤ ᠰᠢᠯᠭᠠᠯᠳᠠ ᠪᠣᠯᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠤᠭᠴᠢ ᠡᠯᠰᠡᠬᠦ ᠠᠵᠢᠯ ᠤᠨ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠭᠡᠵᠦ᠂ ᠡᠯᠰᠡᠨ ᠠᠪᠬᠤ ᠬᠠᠷᠠᠭᠠᠯᠵᠠᠯ ᠤᠨ ᠨᠥᠬᠦᠴᠡᠯ ᠳᠤ ᠲᠣᠬᠢᠷᠠᠭᠤᠯᠤᠯᠲᠠ ᠬᠢᠵᠦ᠂ ᠨᠠᠢᠮᠠᠳᠤᠭᠠᠷ ᠣᠨ ᠤ ᠰᠢᠯᠭᠠᠭᠤᠯᠣᠭᠰᠠᠳ ᠲᠤ ᠬᠠᠨᠳᠤᠭᠤᠯᠤᠨ ᠬᠤᠶᠠᠷ ᠵᠦᠢᠯ ᠤᠨ ᠰᠢᠯᠭᠠᠬᠤ ᠬᠢᠴᠢᠶᠡᠯ ᠨᠡᠮᠡᠵᠡᠢ᠃ 2024 ᠣᠨ ᠳᠤ᠂ ᠮᠠᠨ ᠤ ᠠᠶᠢᠮᠠᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ 6 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ ᠶᠠᠪᠤᠭᠳᠠᠨ᠎ᠠ᠃ ᠨᠡᠶᠢᠳᠡ ᠰᠢᠯᠭᠠᠭᠤᠯᠣᠭᠴᠢ 1653 ᠬᠦᠮᠦᠨ ᠪᠣᠢ᠃    ᠰᠣᠷᠪᠣᠯᠵᠢᠯᠠᠭᠴᠢ᠄  ᠴᠢᠨᠠᠷ ᠰᠠᠶᠢᠲᠠᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠬᠦ ᠲᠠᠯ᠎ᠠ ᠪᠠᠷ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖    ᠳ᠋ᠦ᠋ ᠱᠠ ᠱᠠ᠄ 2024 ᠣᠨ ᠳᠤ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 1.71 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠰᠠᠭᠤᠷᠢ ᠰᠤᠷᠭᠠᠨ ᠬᠥᠮᠦᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ 2 ᠬᠡᠤᠬᠡᠳ ᠤᠨ ᠴᠡᠴᠡᠷᠯᠢᠭ᠂ 6 ᠳᠤᠮᠳᠠᠳᠤ ᠪᠠᠭ᠎ᠠ ᠰᠤᠷᠭᠠᠭᠤᠯᠢ ᠶᠢ ᠦᠷᠭᠦᠯᠵᠢᠯᠡᠨ ᠪᠠᠶᠢᠭᠤᠯᠵᠤ ᠥᠷᠭᠡᠳᠬᠡᠨ ᠪᠠᠶᠢᠭᠤᠯᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠭᠤᠯᠢ ᠡᠷᠭᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃    ᠰᠤᠷᠭᠠᠭᠤᠯᠢ ᠶᠢᠨ ᠵᠠᠬᠢᠷᠤᠯ ᠢᠶᠠᠷ ᠬᠥᠮᠦᠵᠢᠭᠦᠯᠬᠦ ᠡᠲᠡᠭᠡᠳ᠂ ᠬᠡᠰᠡᠭ ᠰᠤᠷᠭᠠᠭᠤᠯᠢ ᠶᠢᠨ ᠵᠠᠩᠭᠢᠯᠠᠭ᠎ᠠ ᠶᠢᠨ ᠺᠠᠳ᠋ᠷ ᠢ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠴᠢᠦᠶ ᠵᠢᠶᠠᠨ ᠬᠤᠸᠠ ᠵᠠᠬᠢᠷᠤᠯ ᠤᠨ ᠠᠵᠢᠯᠯᠠᠬᠤ ᠲᠠᠰᠤᠭ ᠲᠤ ᠣᠷᠣᠭᠤᠯᠵᠤ᠂ ᠪᠥᠬᠦ ᠲᠠᠯ᠎ᠠ ᠪᠠᠷ ᠰᠤᠷᠤᠯᠴᠠᠨ ᠳᠡᠭᠡᠭᠰᠢᠯᠡᠭᠦᠯᠪᠡ︔ 20 ᠰᠢᠯᠢᠳᠡᠭ ᠵᠠᠯᠠᠭᠤ ᠪᠠᠭᠰᠢ ᠶᠢ ᠰᠣᠩᠭᠤᠨ ᠲᠣᠮᠢᠯᠠᠵᠤ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠳᠤ ᠣᠴᠢᠭᠤᠯᠤᠨ ᠨᠢᠭᠡ ᠰᠣᠷᠣᠯᠭ᠎ᠠ  ᠶᠢᠨ ᠬᠤᠭᠤᠴᠠᠭᠠᠨ ᠤ ᠠᠵᠢᠯ ᠤᠨ ᠪᠠᠶᠢᠷᠢ ᠲᠡᠭᠡᠷ᠎ᠡ ᠰᠤᠷᠤᠯᠴᠠᠭᠤᠯᠵᠤ᠂ ᠨᠡᠶᠢᠰᠯᠡᠯ  ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ᠂ ᠪᠠᠭᠰᠢ  ᠶᠢ ᠬᠥᠮᠦᠵᠢᠭᠦᠯᠬᠦ᠂ ᠰᠤᠷᠤᠭᠴᠢᠳ  ᠢ ᠬᠥᠮᠦᠵᠢᠭᠦᠯᠬᠦ᠂ ᠲᠤᠰᠬᠠᠶ ᠵᠢᠭᠠᠨ ᠰᠤᠳᠤᠯᠬᠤ ᠵᠡᠷᠭᠡ ᠲᠠᠯ᠎ᠠ  ᠪᠠᠷ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠴᠢᠨᠠᠷ ᠰᠠᠶᠢᠲᠠᠶ ᠰᠤᠷᠭᠠᠨ ᠬᠥᠮᠦᠵᠢᠯ  ᠤᠨ ᠡᠬᠢ ᠪᠠᠶᠠᠯᠢᠭ  ᠤᠨ ᠬᠠᠩᠭᠠᠯᠭ᠎ᠠ  ᠶᠢ ᠲᠠᠰᠤᠷᠠᠯᠲᠠ ᠥᠬᠡᠶ ᠪᠠᠶᠠᠯᠢᠭᠵᠢᠭᠤᠯᠪᠠ᠃    ᠮᠠᠨ ᠤ ᠠᠶᠢᠮᠠᠭ ᠪᠠᠰᠠ ᠦᠬᠠᠶ ᠬᠤᠲᠠ᠂ ᠬᠥᠬᠡᠬᠤᠲᠠ ᠶᠢᠨ ᠰᠠᠶᠢᠬᠠᠨ ᠲᠣᠭᠤᠷᠢᠭ ᠲᠠᠢ ᠠᠩᠬ᠎ᠠ ᠠᠯᠬᠤᠮ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠵᠣ᠂ ᠴᠢᠨᠠᠷ ᠰᠠᠶᠢᠲᠠᠶ ᠰᠤᠷᠭᠠᠭᠤᠯᠢ ᠲᠠᠢ ︽ᠨᠢᠭᠡ ᠬᠠᠷᠢᠴᠠᠬᠤ ᠨᠢᠭᠡ︾ ᠶᠢᠨ ᠬᠠᠪᠰᠤᠷᠤᠯᠴᠠᠭ᠎ᠠ ᠪᠠᠷ ᠳᠠᠮᠵᠢᠭᠤᠯᠤᠨ ᠬᠠᠮᠲᠤ ᠪᠠᠷ ᠪᠠᠶᠢᠭᠤᠯᠵᠤ᠂ ᠣᠯᠠᠨ ᠲᠠᠯ᠎ᠠ ᠶᠢᠨ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ ᠪᠠᠷ ᠲᠥᠯᠥᠪᠯᠡᠵᠦ ᠪᠣᠶ᠃
1.jpg
      ᠰᠣᠷᠪᠣᠯᠵᠢᠯᠠᠭᠴᠢ᠄ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠠᠯ᠎ᠠ ᠪᠠᠷ᠂ ᠶᠠᠮᠠᠷ ᠶᠠᠮᠠᠷ ᠠᠵᠢᠯ ᠬᠢᠭᠰᠡᠨ ᠪᠣᠶ︖     ᠳ᠋ᠦ᠋ ᠱᠠ ᠱᠠ᠄ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠨᠡᠶᠢᠳᠡᠮ ᠠᠰᠢᠭ ᠬᠦᠷᠲᠡᠭᠡᠬᠦ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠡᠨᠡ ᠵᠢᠯ᠂ 790 ᠲᠦᠮᠡᠨ ᠲᠥᠭᠦᠷᠢᠭ ᠤᠨ ᠪᠡᠯᠡ ᠣᠷᠣᠭᠤᠯᠵᠤ᠂ 9 ᠬᠡᠦᠬᠡᠳ ᠤᠨ ᠴᠡᠴᠡᠷᠯᠢᠭ ᠲᠤ ᠵᠢᠭᠠᠨ ᠰᠤᠷᠭᠠᠬᠤ ᠲᠥᠬᠦᠭᠡᠷᠦᠮᠵᠢ ᠲᠣᠬᠢᠷᠠᠭᠤᠯᠪᠠ᠃ ᠪᠥᠬᠦ ᠠᠶᠢᠮᠠᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠬᠠᠮᠣᠷᠬᠤ ᠨᠣᠷᠮ᠎ᠠ ᠪᠠ ᠠᠯᠪᠠᠨ ᠠᠴᠠ ᠡᠷᠭᠢᠯᠡᠭᠰᠡᠨ ᠬᠡᠦᠬᠡᠳ  ᠤᠨ ᠴᠡᠴᠡᠷᠯᠢᠭ  ᠲᠤ ᠪᠠᠶᠢᠭ᠎ᠠ ᠬᠡᠦᠬᠡᠳ  ᠤᠨ ᠡᠵᠡᠯᠡᠬᠦ ᠬᠠᠷᠢᠴᠠᠯ  ᠨᠢ ᠲᠣᠰ ᠲᠣᠰ 91.77%  ᠪᠠ 66.55%  ᠳᠤ ᠬᠦᠷᠴᠦ᠂ ᠪᠥᠬᠦ ᠣᠷᠣᠨ  ᠤ ᠳᠤᠮᠳᠠᠴᠢ ᠬᠢᠷᠢ ᠲᠦᠪᠰᠢᠨ  ᠠᠴᠠ ᠥᠨᠳᠥᠷ ᠪᠣᠯᠪᠠ︔     ︽ᠢᠯᠡ ᠪᠠᠷ ᠰᠣᠷᠣᠭᠴᠢ ᠡᠯᠰᠡᠬᠦ᠂ ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠨᠢᠭᠡ ᠳᠠᠷᠤᠪᠴᠢ ᠪᠠᠷ ᠰᠤᠷᠭᠠᠭᠤᠯᠢ ᠳᠤ ᠣᠷᠣᠬᠤ᠂ ᠨᠢᠭᠡ ᠳᠠᠷᠤᠪᠴᠢ ᠪᠠᠷ ᠴᠡᠴᠡᠷᠯᠢᠭ ᠲᠤ ᠰᠠᠭᠤᠬᠤ ᠰᠢᠰᠲ᠋ᠧᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠭᠤᠯᠢ ᠳᠤ ᠣᠷᠣᠬᠤ ᠶᠠᠪᠤᠴᠠ ᠪᠠ ᠭᠡᠷᠡᠴᠢᠯᠡᠬᠦ ᠱᠠᠭᠠᠷᠳᠠᠯᠭ᠎ᠠ ᠶᠢ ᠦᠨᠡᠨ ᠬᠦ ᠳᠦᠬᠦᠮᠴᠢᠯᠡᠪᠡ︔     2024 ᠣᠨ ᠳᠤ 2885 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠨ᠂ 2 ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠶ ᠤᠨᠴᠠᠯᠢᠬᠳᠤ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠤᠨ᠎ᠠ︔     ᠠᠶᠢᠮᠠᠭ ᠤᠨ ᠱᠠᠲᠤᠨ ᠤ ᠲᠣᠭᠠᠴᠢᠯᠠᠭᠰᠠᠨ ᠰᠤᠷᠭᠠᠨ ᠬᠥᠮᠦᠵᠢᠯ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠦᠢᠳᠬᠡᠯ ᠬᠤᠷᠢᠶᠠᠬᠤ ᠥᠬᠡᠶ ᠡᠬᠢ ᠪᠠᠶᠠᠯᠢᠭ ᠤᠨ ᠪᠠᠶᠢᠭᠤᠯᠤᠯᠲᠠ ᠪᠠ ᠬᠡᠷᠡᠭᠯᠡᠯᠲᠡ ᠶᠢ ᠢᠳᠡᠪᠬᠢᠲᠡᠶ ᠥᠷᠭᠡᠳᠬᠡᠨ᠂ ᠰᠠᠭᠤᠷᠢ ᠰᠤᠷᠭᠠᠨ ᠬᠥᠮᠦᠵᠢᠯ ᠤᠨ ᠰᠣᠳᠣᠨ ᠬᠢᠴᠢᠶᠡᠯ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠮᠡᠳᠡᠭᠡ ᠵᠠᠩᠭᠢ ᠶᠢᠨ ᠬᠡᠪ ᠪᠣᠯᠪᠠᠰᠤᠷᠠᠯ᠂ ᠪᠠᠭᠰᠢ ᠶᠢᠨ ᠰᠢᠨ᠎ᠡ ᠶᠢ ᠡᠭᠦᠳᠦᠨ ᠬᠡᠷᠡᠭᠯᠡᠬᠦ ᠵᠡᠷᠭᠡ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠦᠨ᠎ᠡ︔     ᠪᠥᠬᠦ ᠠᠶᠢᠮᠠᠭ  ᠤᠨ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠶ ᠪᠠᠭᠰᠢ ᠶᠢᠨ ᠡᠩ ᠤᠨ ᠬᠢᠴᠢᠶᠡᠯ ᠪᠡᠯᠡᠳᠭᠡᠬᠦ ᠨᠣᠷᠮ᠎ᠠ  ᠶᠢ 100% ᠳᠤ ᠬᠦᠷᠦᠭᠦᠯᠵᠦ᠂ ᠣᠶᠤᠨᠴᠢ ᠰᠤᠷᠭᠠᠨ ᠬᠥᠮᠦᠵᠢᠯ  ᠤᠨ ᠲᠠᠪᠴᠠᠩ  ᠤᠨ ᠰᠤᠷᠭᠠᠭᠤᠯᠢ  ᠶᠢᠨ ᠬᠠᠮᠢᠶᠠᠷᠤᠭᠴᠢ  ᠶᠢ ᠢᠳᠡᠪᠬᠢᠵᠢᠭᠦᠯᠬᠦ ᠨᠣᠷᠮ᠎ᠠ ᠪᠠ ᠠᠩᠭᠢ ᠡᠷᠬᠢᠯᠡᠬᠦ ᠨᠣᠷᠮ᠎ᠠ  ᠶᠢ ᠳᠣᠰ ᠪᠦᠷᠢ 100% ᠳᠤ ᠬᠦᠷᠭᠡᠪᠡ᠃     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠮᠠᠭᠠᠳᠯᠠᠨ ᠲᠣᠭᠲᠠᠭᠠᠬᠤ ᠠᠵᠢᠯ ᠤᠨ ᠬᠡᠷᠡᠭᠵᠢᠭᠦᠯᠬᠦ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠮᠠᠭᠠᠳᠯᠠᠨ ᠲᠣᠭᠲᠠᠭᠠᠬᠤ ᠠᠵᠢᠯ ᠢ ᠡᠮᠬᠢ ᠵᠢᠷᠤᠮ ᠲᠠᠢ ᠦᠷᠨᠢᠬᠦᠯᠪᠡ᠃ ᠡᠨᠡ ᠵᠢᠯ ᠤᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ 4451 ᠬᠥᠮᠦᠨ ᠢ ᠬᠢᠨᠠᠨ ᠮᠠᠭᠠᠳᠯᠠᠨ ᠲᠣᠭᠲᠠᠭᠠᠵᠤ᠂ 3443.11 ᠲᠦᠮᠡᠨ ᠲᠥᠭᠦᠷᠢᠭ ᠤᠨ ᠲᠤᠰᠠᠯᠠᠮᠵᠢ ᠶᠢᠨ ᠨᠥᠬᠦᠪᠥᠷᠢ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠪᠠᠭᠤᠯᠭᠠᠵᠤ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠤᠨ ᠲᠤᠰᠠᠯᠠᠪᠠᠰᠤ ᠵᠣᠬᠢᠬᠤ ᠶᠢ ᠨᠢ ᠪᠦᠬᠦᠨ ᠢ ᠲᠤᠰᠠᠯᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号