ᠠᠯᠠᠱᠠ ᠠᠶᠢᠮᠠᠭ ᠤᠨ ᠤᠨᠴᠠᠯᠢᠬᠳᠤ ᠠᠵᠤ ᠦᠢᠯᠡᠰ ᠢ ᠭᠦᠭᠵᠢᠬᠦᠯᠬᠦ ᠲᠥᠪ ᠨᠢ 2023 ᠣᠨ ᠤ 12 | ᠰᠠᠷ᠎ᠠ ᠳᠤ ᠪᠠᠶᠢᠭᠤᠯᠤᠭᠳᠠᠵᠤ᠂ ᠲᠡᠭᠦᠨ ᠤ ᠡᠭᠦᠷᠭᠡ ᠴᠢᠳᠠᠮᠵᠢ ᠪᠠ ᠡᠭᠦᠷᠭᠡ ᠬᠠᠷᠢᠭᠤᠴᠠᠯᠭ᠎ᠠ ᠨᠢ ᠶᠠᠭᠤ ᠪᠤᠢ︖ | ᠭᠤᠤᠯᠳᠠᠯᠭ᠎ᠠ ᠲᠠᠢ ᠠᠵᠢᠯ ᠨᠢ ᠶᠠᠮᠠᠷ ᠶᠠᠮᠠᠷ ᠪᠣᠶ︖ ᠠᠯᠠᠱᠠ ᠠᠶᠢᠮᠠᠭ ᠤᠨ ᠤᠨᠴᠠᠯᠢᠬᠳᠤ ᠠᠵᠤ ᠦᠢᠯᠡᠰ ᠢ | ᠭᠦᠭᠵᠢᠬᠦᠯᠬᠦ ᠲᠥᠪ ᠤᠨ ᠨᠠᠮ ᠤᠨ ᠳᠤᠭᠤᠶᠢᠯᠠᠩ ᠤᠨ ᠭᠡᠰᠢᠬᠦᠨ᠂ ᠳᠡᠳ᠋ ᠡᠷᠬᠢᠯᠡᠭᠴᠢ ᠸᠠᠩ ᠰᠢᠨ ᠬᠤ᠋ ᠡᠨᠡ ᠳᠣᠬᠠᠢ | ᠰᠣᠷᠪᠣᠯᠵᠢᠯᠠᠭ᠎ᠠ ᠬᠦᠯᠢᠶᠡᠯ᠎ᠡ᠃ | ᠰᠣᠷᠪᠣᠯᠵᠢᠯᠠᠭᠴᠢ᠄ ᠠᠯᠠᠱᠠ ᠠᠶᠢᠮᠠᠭ ᠤᠨ ᠣᠨᠴᠠᠯᠢᠭᠲᠤ ᠠᠵᠤ ᠦᠢᠯᠡᠰ ᠢ ᠭᠦᠭᠵᠢᠬᠦᠯᠬᠦ ᠲᠥᠪ ᠤᠨ ᠡᠭᠦᠷᠭᠡ | ᠴᠢᠳᠠᠮᠵᠢ ᠡᠭᠦᠷᠭᠡ ᠬᠠᠷᠢᠭᠤᠴᠠᠯᠭ᠎ᠠ ᠨᠢ ᠶᠠᠭᠤ ᠪᠤᠢ︖ | ᠸᠠᠩ ᠰᠢᠨ ᠬᠤ᠋᠄ 1. ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠣᠨᠴᠠᠯᠢᠭᠲᠤ ᠡᠬᠢ | ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ | ᠣᠨᠴᠠᠯᠢᠭᠲᠤ ᠰᠣᠶᠣᠯ ᠤᠨ ᠰᠤᠳᠤᠯᠭᠠᠨ ᠢ ᠠᠬᠢᠭᠤᠯᠤᠨ᠎ᠠ︔ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ | ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ | ᠪᠣᠳᠣᠯᠭ᠎ᠠ ᠪᠠ ᠪᠠᠲᠤᠯᠠᠭ᠎ᠠ ᠶᠢᠨ ᠲᠣᠭᠲᠠᠴᠠ ᠶᠢᠨ ᠰᠤᠳᠤᠯᠭᠠᠨ ᠢ ᠥᠷᠨᠢᠭᠦᠯᠦᠨ᠎ᠡ᠃ | 2. ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠤᠨᠴᠠᠯᠢᠬᠳᠤ ᠠᠵᠤ ᠦᠢᠯᠡᠰ ᠤᠨ ᠲᠦᠷᠦᠯ | ᠵᠦᠢᠯ ᠢ ᠭᠤᠶᠤᠴᠢᠯᠠᠨ ᠮᠡᠳᠡᠭᠦᠯᠬᠦ ᠵᠢᠴᠢ ᠪᠡᠯᠡ ᠮᠥᠩᠭᠦ ᠶᠢᠨ ᠬᠠᠮᠢᠶᠠᠷᠤᠯᠲᠠ᠂ ᠰᠢᠨ᠎ᠡ ᠲᠦᠷᠦᠯ ᠵᠦᠢᠯ᠂ ᠰᠢᠨ᠎ᠡ | ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠶᠢ ᠬᠠᠷᠢᠭᠤᠴᠠᠨ᠎ᠠ︔ ᠦᠵᠡᠮᠦᠷᠢ ᠶᠢᠨ ᠴᠢᠯᠠᠭᠤ | ᠡᠷᠳᠡᠨᠢ ᠶᠢᠨ ᠬᠠᠰ ᠴᠢᠯᠠᠭᠤ ᠵᠡᠷᠭᠡ ᠤᠨᠴᠠᠯᠢᠬᠳᠤ ᠠᠵᠤ ᠦᠢᠯᠡᠰ ᠤᠨ ᠲᠠᠭᠠᠭᠤᠯᠤᠭᠴᠢ ᠠᠵᠤ ᠠᠬᠤᠶᠢᠯᠠᠯ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠤᠨᠴᠠᠯᠢᠬᠳᠤ | ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠤᠨ ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠦᠳᠦᠬᠡᠨ | ᠪᠠᠶᠢᠭᠤᠯᠤᠨ᠎ᠠ︔ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠤᠨᠴᠠᠯᠢᠬᠳᠤ ᠠᠵᠤ | ᠦᠢᠯᠡᠰ ᠡᠷᠬᠢᠯᠡᠭᠰᠡᠳ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯ ᠢ ᠥᠷᠨᠢᠭᠦᠯᠦᠨ᠎ᠡ᠃ | 3. ᠴᠠᠭᠠᠨ ᠭᠤᠶᠣᠣ᠂ ᠤᠯᠠᠭᠠᠨ ᠭᠤᠶᠣᠣ᠂ ᠠᠯᠠᠱᠠ ᠶᠢᠨ ᠬᠤᠣᠰ ᠪᠥᠬᠦᠲᠦ ᠲᠡᠮᠡᠭᠡ᠂ ᠲᠡᠮᠡᠭᠡᠨ ᠬᠢᠷᠭᠤᠤᠯ | ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠠᠰᠠᠭᠤᠳᠠᠯ ᠪᠠ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠢ ᠰᠤᠳᠤᠯᠵᠤ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠨ ᠠᠬᠢᠭᠤᠯᠬᠤ ᠰᠠᠨᠠᠯ | ᠰᠠᠨᠠᠭᠤᠯᠭ᠎ᠠ ᠳᠤᠷᠠᠳᠤᠨ᠎ᠠ᠃ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠰᠢᠨᠡᠴᠢᠯᠡᠵᠦ ᠬᠥᠭᠵᠢᠭᠦᠯᠵᠦ | ᠪᠤᠶᠢᠵᠢᠭᠤᠯᠬᠤ ᠠᠵᠢᠯ ᠢ ᠥᠷᠨᠢᠭᠦᠯᠵᠦ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢ ᠣᠯᠠᠷᠢᠭᠤᠯᠬᠤ ᠵᠢᠴᠢ ᠦᠢᠯᠡᠳᠬᠦᠨ ᠢ ᠳᠡᠯᠭᠡᠷᠡᠭᠦᠯᠬᠦ ᠶᠢ ᠠᠬᠢᠭᠤᠯᠤᠨ᠎ᠠ᠃ ᠣᠨᠴᠠᠯᠢᠭᠲᠤ ᠠᠵᠤ | ᠦᠢᠯᠡᠰ ᠤᠨ ᠦᠢᠯᠡᠳᠬᠦᠨ ᠤ ᠦᠵᠡᠰᠬᠦᠯᠡᠩ ᠴᠤᠭᠯᠠᠭᠠᠨ᠂ ᠣᠷᠣᠨ ᠪᠦᠰᠡ ᠶᠢᠨ ᠰᠣᠯᠢᠯᠴᠠᠭ᠎ᠠ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠦᠢᠯᠡᠳᠬᠦᠨ ᠤ ᠲᠠᠨᠢᠯᠴᠠᠭᠤᠯᠭ᠎ᠠ ᠵᠡᠷᠭᠡ ᠠᠵᠢᠯ ᠢ ᠥᠷᠨᠢᠭᠦᠯᠦᠨ᠎ᠡ᠃ | 4. ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠶᠤᠯ ᠦᠭᠡᠶ | ᠦᠢᠯᠡᠳᠪᠦᠷᠢᠯᠡᠯ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠶᠤᠯ ᠦᠭᠡᠶ ᠦᠢᠯᠡᠳᠪᠦᠷᠢᠯᠡᠯ ᠤᠨ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠎ᠠ᠃ | | | | | | | | | | | | | | | | ᠰᠣᠷᠪᠣᠯᠵᠢᠯᠠᠭᠴᠢ᠄ ᠪᠠᠶᠢᠭᠤᠯᠤᠭᠳᠠᠭᠰᠠᠨ ᠠᠴᠠ ᠨᠠᠰᠢᠬᠢ ᠠᠵᠢᠯ ᠤᠨ ᠠᠬᠢᠴᠠ ᠶᠠᠮᠠᠷ ᠪᠠᠶᠢᠨ᠎ᠠ︖ | ᠸᠠᠩ ᠰᠢᠨ ᠬᠤ᠋᠄ 1. ᠠᠶᠢᠮᠠᠭ ᠤᠨ ᠵᠠᠬᠢᠷᠭ᠎ᠠ ᠪᠣᠯᠤᠨ ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ | ᠨᠡᠶᠢᠭᠡᠮᠯᠢᠭ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ | ᠠᠯᠠᠱᠠ ᠶᠢᠨ ᠦᠵᠡᠮᠦᠷᠢ ᠶᠢᠨ ᠴᠢᠯᠠᠭᠤᠨ ᠤ ᠠᠵᠤ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠪᠠ᠃ | 2. 1 ᠰᠠᠷ᠎ᠠ ᠶᠢᠨ 30 ᠤ ᠡᠳᠦᠷ᠂ ︽ᠠᠯᠠᠱᠠ ᠶᠢ ᠵᠣᠷᠢᠨ ᠴᠢᠯᠠᠭᠤ ᠶᠢ ᠰᠤᠨᠢᠷᠬᠠᠨ ᠴᠠᠭᠠᠨ ᠰᠠᠷ᠎ᠠ ᠪᠠᠨ | ᠤᠬᠳᠤᠬᠤ︾ 2024 ᠤᠨ ᠤ ᠴᠢᠯᠠᠭᠤᠨ ᠤ ᠲᠡᠯᠭᠡᠨ ᠦᠵᠡᠬᠦᠯᠭᠡ ᠵᠢᠴᠢ ᠴᠢᠯᠠᠭᠤᠨ ᠤ ᠪᠠᠭ᠋ᠠᠳᠠᠳ ᠤᠨ | ᠨᠦᠬᠦᠷᠯᠡᠯ ᠤᠨ ᠠᠵᠢᠯᠯᠠᠭ᠎ᠠ ᠶᠢ ᠠᠮᠵᠢᠯᠳᠠ ᠲᠠᠢ ᠶᠠᠪᠤᠭᠳᠠᠭᠤᠯᠵᠤ᠂ ᠯᠤᠤ ᠶᠢᠨ ᠬᠡᠯᠪᠡᠷᠢ ᠪᠦᠬᠦᠢ ᠭᠤᠪᠢ ᠶᠢᠨ | ᠴᠢᠯᠠᠭᠤ ᠪᠤᠯᠤᠨ ᠬᠠᠰ ᠰᠡᠶᠢᠯᠤᠮᠡᠯ ᠤᠨ ᠪᠦᠳᠦᠭᠡᠯ ᠢ 300 ᠭᠠᠷᠤᠢ ᠬᠤᠪᠢ ᠲᠡᠯᠭᠡᠨ ᠦᠵᠡᠬᠦᠯᠪᠡ᠃ | 3. ᠠᠯᠠᠱᠠ ᠵᠡᠭᠦᠨ ᠬᠤᠰᠢᠭᠤ ᠲᠠᠢ ᠬᠠᠮᠲᠤ ᠪᠠᠷ ︽2024 ᠣᠨ ᠤ ᠬᠠᠪᠤᠷ ᠤᠨ ᠤᠯᠠᠷᠢᠯ ᠤᠨ ᠠᠯᠠᠱᠠ ᠶᠢᠨ | ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ︾ ᠢ ᠡᠷᠭᠢᠯᠡᠵᠦ᠂ ᠪᠥᠬᠦ ᠤᠯᠤᠰ ᠤᠨ | ᠡᠯ᠎ᠡ ᠭᠠᠵᠠᠷ ᠤᠨ ᠴᠢᠯᠠᠭᠤᠨ ᠤ ᠠᠷᠠᠯᠵᠢᠶᠠᠴᠢᠨ 1.4 ᠲᠦᠮᠡᠨ ᠬᠥᠮᠦᠨ ᠤᠳᠠᠭ᠎ᠠ ᠳᠤ ᠬᠦᠷᠴᠦ᠂ ᠰᠣᠯᠢᠯᠴᠠᠭᠠᠨ ᠤ | ᠬᠡᠮᠵᠢᠶ᠎ᠡ 5575 ᠲᠦᠮᠡᠨ ᠲᠥᠭᠦᠷᠢᠭ ᠲᠤ ᠬᠥᠷᠪᠡ᠃ 5 ᠰᠠᠷ᠎ᠠ ᠶᠢᠨ ᠰᠡᠭᠦᠯᠴᠢ ᠪᠣᠯᠲᠠᠯ᠎ᠠ᠂ ᠦᠵᠡᠮᠦᠷᠢ ᠶᠢᠨ | ᠴᠢᠯᠠᠭᠤ ᠡᠷᠳᠡᠨᠢ ᠶᠢᠨ ᠬᠠᠰ ᠴᠢᠯᠠᠭᠤ ᠶᠢᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ | ᠪᠣᠷᠣᠯᠠᠭᠤᠯᠣᠭᠰᠠᠨ ᠬᠡᠮᠵᠢᠶ᠎ᠡ ᠪᠠᠷᠤᠭ 4000 ᠲᠦᠮᠡᠨ ᠲᠥᠭᠦᠷᠢᠭ ᠢ ᠳᠠᠪᠠᠵᠤ᠂ ᠨᠡᠶᠢᠲᠡ ᠪᠣᠷᠣᠯᠠᠭᠤᠯᠭ᠎ᠠ ᠶᠢᠨ | ᠬᠡᠮᠵᠢᠶ᠎ᠡ 1.2 ᠳ᠋ᠦᠩᠰᠢᠭᠤᠷ ᠲᠥᠭᠦᠷᠢᠭ ᠢ ᠳᠠᠪᠠᠪᠠ᠃ | | | | | | | | | | | | | | | | | | | | | 4. 4 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠨᠡᠶᠢᠭᠡᠮᠯᠢᠭ ᠤᠨ | ᠭᠤᠪᠢ ᠶᠢᠨ ᠴᠢᠯᠠᠭᠤᠨ ᠤ ᠲᠤᠰᠬᠠᠶ ᠵᠥᠪᠯᠡᠯ ᠤᠨ ᠠᠵᠢᠯᠯᠠᠬᠤ ᠭᠠᠵᠠᠷ ᠢ ᠠᠯᠠᠱᠠ ᠳᠤ ᠪᠠᠶᠢᠭᠤᠯᠪᠠ᠃ | 5. ᠠᠩᠬᠠᠳᠠᠭᠴᠢ ᠭᠤᠪᠢ ᠶᠢᠨ ᠴᠢᠯᠠᠭᠤ ᠪᠠᠭ᠋ᠠᠷᠬᠠᠳᠠᠭ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ | ︽ᠭᠤᠪᠢ ᠶᠢᠨ ᠴᠢᠯᠠᠭᠤ ᠶᠢ ᠰᠢᠯᠭᠠᠨ ᠦᠨᠡᠯᠡᠬᠦ ᠪᠠᠷᠢᠮᠵᠢᠶ᠎ᠠ︾ ᠶᠢ ᠲᠣᠭᠲᠠᠭᠠᠵᠤ᠂ ᠭᠤᠪᠢ ᠶᠢᠨ ᠴᠢᠯᠠᠭᠤᠨ ᠤ | ᠲᠣᠮᠢᠶᠠᠯᠠᠯ ᠬᠢᠭᠡᠳ ᠲᠥᠷᠥᠯ ᠬᠤᠪᠢᠶᠠᠬᠤ᠂ ᠰᠢᠯᠭᠠᠨ ᠦᠨᠡᠯᠡᠬᠦ ᠠᠷᠭ᠎ᠠ ᠪᠠ ᠳᠡᠰ ᠢ ᠬᠤᠪᠢᠶᠠᠷᠢᠯᠠᠬᠤ ᠵᠡᠷᠭᠡ ᠶᠢ | ᠲᠣᠳᠣᠷᠬᠠᠶᠢᠯᠠᠵᠠᠢ᠃ ︽ᠠᠯᠠᠱᠠ ᠴᠢᠯᠠᠭᠤ︾ ᠶᠢ ᠨᠠᠶᠢᠷᠠᠭᠤᠯᠤᠨ ᠪᠢᠴᠢᠵᠦ᠂ ᠠᠯᠠᠱᠠ ᠶᠢᠨ ᠭᠠᠵᠠᠷ ᠣᠷᠣᠨ ᠤ | ᠴᠢᠯᠠᠭᠤᠨ ᠤ ᠬᠡᠯᠪᠡᠷᠢ ᠳᠦᠷᠰᠦ᠂ ᠥᠩᠭᠡ ᠢᠯᠭᠠᠷᠠᠭᠰᠠᠨ ᠭᠤᠪᠢ ᠶᠢᠨ ᠴᠢᠯᠠᠭᠤ ᠵᠢᠴᠢ ᠴᠢᠯᠠᠭᠤᠨ ᠤ ᠲᠡᠦᠬᠡ | ᠰᠣᠶᠣᠯ᠂ ᠣᠨᠣᠯ ᠤᠨ ᠰᠤᠳᠤᠯᠭᠠᠨ᠂ ᠠᠵᠤ ᠦᠢᠯᠡᠰ ᠤᠨ ᠬᠥᠭᠵᠢᠯᠲᠡ ᠵᠡᠷᠭᠡ ᠶᠢ ᠲᠠᠨᠢᠯᠴᠠᠭᠤᠯᠵᠤ᠂ ᠠᠯᠠᠱᠠ ᠶᠢᠨ | ᠭᠤᠪᠢ ᠶᠢᠨ ᠴᠢᠯᠠᠭᠤᠨ ᠤ ᠨᠠᠷᠠᠲᠤ ᠲᠡᠮᠳᠡᠭ ᠤᠨ ᠳᠠᠪᠠᠭᠤᠯᠢᠭ ᠢ ᠢᠯᠡᠷᠡᠭᠦᠯᠵᠦ᠂ ᠠᠯᠠᠱᠠ ᠶᠢᠨ ᠭᠤᠪᠢ ᠶᠢᠨ | ᠴᠢᠯᠠᠭᠤᠨ ᠤ ᠪᠥᠬᠦ ᠳᠡᠯᠡᠬᠡᠶ ᠶᠢᠨ ᠴᠢᠯᠠᠭᠤᠨ ᠤ ᠳᠦᠷᠦᠯ ᠳᠠᠬᠢ ᠨᠠᠷᠠᠲᠤ ᠲᠡᠮᠳᠡᠭ ᠳᠦᠷᠢ ᠲᠥᠷᠬᠦ ᠶᠢ | ᠳᠡᠭᠡᠭᠰᠢᠯᠡᠭᠦᠯᠪᠠ᠃ | 6. ᠥᠷᠭᠡᠨ ᠣᠯᠠᠨ ᠴᠢᠯᠠᠭᠤᠨ ᠤ ᠠᠷᠠᠯᠵᠢᠶᠠᠴᠢᠨ ᠴᠢᠯᠠᠭᠤᠨ ᠤ ᠪᠠᠭ᠋ᠠᠳᠠᠳ ᠢ ᠵᠣᠬᠢᠶᠠᠨ ᠪᠠᠶᠢᠭᠤᠯᠵᠦ ᠱᠢ ᠵᠢᠶᠠ | ᠵᠤᠸᠠᠩ᠂ ᠴᠢᠩᠳᠣᠤ᠂ ᠯᠦᠸᠧ ᠶᠠᠩ᠂ ᠢ ᠡᠦ᠂ ᠦᠬᠠᠨ ᠵᠡᠷᠭᠡ ᠭᠠᠵᠠᠷ ᠤᠨ ᠦᠵᠡᠰᠬᠦᠯᠡᠩ ᠴᠤᠭᠯᠠᠭᠠᠨ ᠳᠤ | ᠣᠷᠣᠯᠴᠠᠵᠤ᠂ ᠪᠣᠷᠣᠯᠠᠭᠤᠯᠤᠭᠰᠠᠨ ᠬᠡᠮᠵᠢᠶ᠎ᠡ ᠨᠢ 2000 ᠭᠠᠷᠤᠶ ᠲᠦᠮᠡᠨ ᠲᠥᠭᠦᠷᠢᠭ ᠲᠤ ᠬᠦᠷᠴᠡᠶ᠃ | | | | | | | | | | | | | | | | | | | | 7. ᠪᠦᠬᠦ ᠠᠶᠢᠮᠠᠭ ᠤᠨ 9 ᠦᠵᠡᠮᠦᠷᠢ ᠶᠢᠨ ᠴᠢᠯᠠᠭᠤ ᠶᠢᠨ ᠠᠵᠢᠯ ᠲᠥᠷᠥᠯ ᠤᠨ ᠬᠤᠳᠠᠯᠳᠤᠭᠠᠨ ᠤ | ᠨᠡᠶᠢᠭᠡᠮᠯᠢᠭ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠠᠯᠠᠱᠠ ᠪᠠᠷᠠᠭᠤᠨ ᠬᠤᠰᠢᠭᠤᠨ ᠤ ᠦᠵᠡᠮᠦᠷᠢ ᠶᠢᠨ | ᠴᠢᠯᠠᠭᠤ ᠡᠷᠳᠡᠨᠢ ᠶᠢᠨ ᠬᠠᠰ ᠴᠢᠯᠠᠭᠤᠨ ᠤ ᠨᠡᠶᠢᠭᠡᠮᠯᠢᠭ ᠢ ᠪᠠᠶᠢᠭᠤᠯᠬᠤ ᠶᠢ ᠵᠢᠯᠣᠭᠤᠳᠴᠤ᠂ ᠭᠤᠷᠪᠠᠨ ᠬᠤᠰᠢᠭᠤᠨ ᠤ | ᠠᠵᠢᠯ ᠲᠥᠷᠥᠯ ᠤᠨ ᠨᠡᠶᠢᠭᠡᠮᠯᠢᠭ ᠢ ᠪᠠᠶᠢᠭᠤᠯᠪᠠ᠃ | 8. ︽ᠭᠤᠪᠢ ᠶᠢᠨ ᠴᠢᠯᠠᠭᠤ ᠰᠣᠨᠢᠷᠬᠠᠬᠤ ᠤᠷᠠᠯᠢᠭ︾ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠣᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ | ᠂ ᠭᠤᠪᠢ ᠶᠢᠨ ᠴᠢᠯᠠᠭᠤ ᠰᠣᠨᠢᠷᠬᠠᠬᠤ ᠤᠷᠠᠯᠢᠭ ᠪᠣᠯᠤᠨ ᠠᠯᠠᠱᠠ ᠶᠢᠨ ᠦᠵᠡᠮᠦᠷᠢ ᠶᠢᠨ ᠴᠢᠯᠠᠭᠤ ᠶᠢᠨ ᠰᠤᠶᠤᠯ ᠤᠨ | ᠤᠯᠠᠮᠵᠢᠯᠠᠯ᠂ ᠬᠠᠮᠠᠭᠠᠯᠠᠯᠲᠠ ᠪᠣᠯᠤᠨ ᠬᠥᠭᠵᠢᠯ ᠢ ᠠᠬᠢᠭᠤᠯᠣᠨ᠎ᠠ᠃ | 9. ᠠᠯᠠᠱᠠ ᠠᠶᠢᠮᠠᠭ ᠤᠨ ᠠᠵᠢᠯᠴᠢᠨ ᠤ ᠡᠪᠯᠡᠯ ᠲᠠᠢ ᠬᠠᠮᠲᠤ ᠪᠠᠷ ︽2024 ᠣᠨ ᠤ ᠪᠥᠬᠦ ᠠᠶᠢᠮᠠᠭ ᠤᠨ | ᠡᠯᠧᠺᠲᠷᠣᠨ ᠬᠤᠳᠠᠯᠳᠤᠭ᠎ᠠ ᠡᠷᠬᠢᠯᠡᠭᠰᠡᠳ ᠤᠨ ᠪᠣᠯᠪᠠᠰᠤᠷᠠᠯ ᠤᠨ ᠠᠩᠭᠢ︾ ᠶᠢ ᠡᠷᠭᠢᠯᠡᠵᠦ᠂ ᠪᠠᠭᠰᠢ ᠨᠠᠷ | ᠲᠤᠬᠠᠶ ᠶᠢᠨ ᠲᠠᠯᠠᠪᠠᠶ ᠳᠤ ᠡᠷᠬᠢᠯᠡᠭᠰᠡᠳ ᠢ ᠳᠠᠭᠠᠭᠤᠯᠤᠨ ᠣᠬᠤᠷ ᠸᠢᠳᠢᠣ᠋ ᠶᠢ ᠬᠡᠷᠬᠢᠨ ᠪᠦᠳᠦᠭᠡᠬᠦ ᠵᠢᠴᠢ ᠡᠮᠬᠢᠳᠬᠡᠬᠦ | ᠮᠡᠷᠭᠡᠵᠢᠯ ᠢ ᠡᠵᠡᠮᠰᠢᠬᠦᠯᠦᠭᠰᠡᠨ ᠪᠠᠶᠢᠨ᠎ᠠ᠃ ᠮᠠᠨ ᠤ ᠠᠶᠢᠮᠠᠭ ᠤᠨ ᠦᠵᠡᠮᠦᠷᠢ ᠶᠢᠨ ᠴᠢᠯᠠᠭᠤᠨ ᠤ ᠠᠵᠤ ᠦᠢᠯᠡᠰ᠂ | ᠡᠯᠡᠰᠦᠨ ᠤ ᠠᠵᠤ ᠦᠢᠯᠡᠰ᠂ ᠲᠡᠮᠡᠭᠡᠨ ᠤ ᠠᠵᠤ ᠦᠢᠯᠡᠰ ᠵᠡᠷᠭᠡ ᠬᠠᠮᠢᠶ᠎ᠠ ᠪᠥᠬᠦᠶ ᠠᠵᠢᠯ ᠲᠥᠷᠥᠯ ᠤᠨ 65 | ᠰᠢᠨ᠎ᠡ ᠡᠵᠡᠩᠨᠡᠯᠲᠡ ᠶᠢᠨ ᠬᠥᠳᠡᠯᠮᠦᠷᠢᠴᠢᠨ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠣᠯᠪᠠᠰᠤᠷᠠᠯ ᠳᠤ | ᠣᠷᠣᠯᠴᠠᠪᠠ᠃ | 10. ᠬᠤᠶᠠᠳᠤᠭᠠᠷ ᠬᠤᠭᠤᠴᠠᠭᠠᠨ ᠤ ︽ᠳᠣᠮᠳᠠᠳᠣ ᠣᠯᠣᠰ ᠤᠨ ᠨᠠᠨᠵᠢᠩ ︵ᠣᠯᠠᠨ ᠤᠯᠤᠰ︶ ᠤᠨ | ᠡᠷᠦᠳᠡᠰᠦ ᠡᠷᠳᠡᠨᠢ ᠶᠢᠨ ᠴᠢᠯᠠᠭᠤᠵᠢᠮᠠᠯ ᠤᠨ ᠶᠠᠭᠠᠷᠮᠠᠭ︾ ᠲᠤ ᠤᠷᠤᠯᠴᠠᠪᠠ᠃ ᠴᠢᠯᠠᠭᠤ ᠪᠠᠷ ᠳᠦᠷᠢ ᠳᠦᠷᠬᠦ ᠪᠠᠨ | ᠳᠡᠯᠭᠡᠨ ᠦᠵᠡᠭᠦᠯᠵᠦ᠂ ︽ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠬᠤᠲᠠ︾ ᠶᠢᠨ ᠨᠡᠷ᠎ᠡ ᠶᠢᠨ | ᠬᠠᠭᠤᠳᠠᠰᠤ ᠶᠢ ᠠᠯᠳᠠᠷᠰᠢᠭᠤᠯᠵᠦ᠂ ᠭᠤᠪᠢ ᠶᠢᠨ ᠴᠢᠯᠠᠭᠤᠨ ᠤ ᠰᠣᠶᠣᠯ ᠢ ᠤᠬᠠᠭᠤᠯᠤᠨ ᠪᠠᠳᠠᠷᠠᠭᠤᠯᠵᠤ᠂ | ᠠᠯᠠᠱᠠ ᠶᠢᠨ ᠤᠨᠴᠠᠯᠢᠬᠳᠤ ᠠᠵᠤ ᠦᠢᠯᠡᠰ ᠢ ᠳᠡᠯᠭᠡᠨ ᠦᠵᠡᠬᠦᠯᠵᠦ ᠳᠡᠯᠭᠡᠷᠡᠭᠦᠯᠪᠡ᠃ | 11. ᠮᠠᠨ ᠤ ᠠᠶᠢᠮᠠᠭ ᠲᠤ ᠣᠲᠣ ᠬᠡᠪᠴᠢᠶᠡᠵᠢᠯ ᠠᠴᠠ ᠳᠡᠭᠡᠭᠰᠢᠬᠢ ᠠᠮᠢ ᠠᠬᠤᠶ ᠡᠯᠡᠰᠦᠨ ᠤ ᠠᠵᠤ | ᠦᠢᠯᠡᠰ ᠤᠨ ᠠᠵᠤ ᠠᠬᠤᠶᠢᠯᠠᠯ ︵ᠬᠤᠷᠰᠢᠶᠠᠵᠢᠯ︶ 38 ᠪᠠᠶᠢᠵᠤ᠂ ᠡᠭᠦᠨ ᠳᠤ ᠴᠠᠭᠠᠨ ᠭᠤᠶᠣᠣ ᠶᠢᠨ ᠠᠵᠤ | ᠦᠢᠯᠡᠰ ᠡᠷᠬᠢᠯᠡᠵᠦ ᠪᠠᠶᠢᠭ᠎ᠠ ᠠᠵᠦ ᠠᠬᠤᠶᠢᠯᠠᠯ 32 ᠪᠠᠶᠢᠨ᠎ᠠ︔ ᠣᠲᠣ ᠠᠮᠢ ᠠᠬᠤᠶ ᠡᠯᠡᠰᠦᠨ ᠤ ᠠᠵᠤ | ᠦᠢᠯᠡᠰ ᠤᠨ ᠦᠢᠯᠡᠳᠬᠦᠨ 114 ᠪᠠᠶᠢᠵᠤ᠂ ᠡᠭᠦᠨ ᠳᠤ ᠴᠠᠭᠠᠨ ᠭᠤᠶᠣᠣ ᠶᠢᠨ ᠦᠢᠯᠡᠳᠬᠦᠨ 90 ᠪᠠᠶᠢᠵᠤ᠂ | ᠴᠠᠭᠠᠨ ᠭᠤᠶᠣᠣ᠂ ᠤᠯᠠᠭᠠᠨ ᠭᠤᠶᠣᠣ᠂ ᠰᠢᠬᠢᠷ ᠡᠪᠡᠰᠦ ᠵᠡᠷᠭᠡ ᠡᠯᠡᠰᠦᠨ ᠤᠷᠭᠤᠮᠠᠯ ᠤᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠠᠵᠢᠯ ᠢ ᠦᠷᠭᠦᠯᠵᠢᠯᠡᠨ ᠬᠦᠨᠵᠡᠬᠡᠶᠢᠷᠡᠬᠦᠯᠵᠦ ᠪᠠᠶᠢᠨ᠎ᠠ᠃ | | | | | | | | | | | | | | | | 12. ︽ᠠᠯᠠᠱᠠ ᠠᠶᠢᠮᠠᠭ ᠤᠨ ᠴᠠᠭᠠᠨ ᠭᠤᠶᠣᠣ ᠶᠢᠨ ᠠᠵᠤ ᠦᠢᠯᠡᠰ ᠢ ᠬᠦᠭᠵᠢᠬᠦᠯᠬᠦ ᠰᠢᠰᠲ᠋ᠧᠮ ᠤᠨ | ᠪᠠᠶᠢᠭᠤᠯᠤᠯᠲᠠ ᠶᠢᠨ ᠪᠣᠷᠣ ᠲᠥᠯᠥᠪ︾ ᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ ᠠᠵᠤ ᠦᠢᠯᠡᠰ ᠤᠨ | ᠬᠥᠭᠵᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠪᠥᠬᠦ ᠠᠶᠢᠮᠠᠭ ᠤᠨ ᠴᠠᠭᠠᠨ ᠭᠤᠶᠣᠣ ᠶᠢᠨ ᠠᠵᠤ ᠦᠢᠯᠡᠰ ᠤᠨ | ᠡᠮᠬᠢ ᠵᠢᠷᠤᠮ ᠲᠠᠢ᠂ ᠡᠷᠡᠭᠦᠯ ᠢᠶᠠᠷ ᠬᠥᠭᠵᠢᠬᠦ ᠶᠢ ᠵᠢᠯᠣᠭᠤᠳᠪᠠ᠃ ᠬᠥᠲᠥᠴᠢ ᠠᠵᠤ ᠠᠬᠤᠶᠢᠯᠠᠯ ᠳ᠋ᠦᠩ ᠡᠸ᠋ | ᠴᠡᠷᠴᠡᠮᠠᠭ ᠬᠤᠪᠢ ᠣᠷᠣᠭᠤᠯᠤᠭᠰᠠᠨ ᠺᠣᠮᠫᠠᠨᠢ ᠶᠢ ᠣᠷᠢᠵᠦ ᠴᠠᠭᠠᠨ ᠭᠤᠶᠣᠣ ᠪᠦᠯᠦᠭᠯᠡᠯ ᠲᠠᠢ ᠬᠠᠮᠲᠤᠷᠠᠯᠴᠠᠵᠤ᠂ | ᠴᠠᠭᠠᠨ ᠭᠤᠶᠣᠣ ᠪᠦᠯᠦᠭᠯᠡᠯ ᠤᠨ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ | ᠠᠬᠢᠭᠤᠯᠵᠤ᠂ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠢ | ᠠᠬᠢᠴᠠ ᠲᠠᠢ ᠪᠣᠯᠭᠠᠪᠠ᠃ | 13. ᠠᠶᠢᠮᠠᠭ ᠤᠨ ᠳᠣᠲᠣᠷᠠᠬᠢ 19 ᠲᠡᠮᠡᠭᠡᠨ ᠤ ᠪᠦᠲᠦᠭᠡᠭᠳᠡᠬᠦᠨ ᠪᠣᠯᠪᠠᠰᠣᠷᠠᠭᠤᠯᠬᠤ ᠠᠵᠤ ᠠᠬᠤᠶᠢᠯᠠᠯ ᠳᠤ | ᠭᠦᠨᠵᠡᠭᠡᠶᠢᠷᠡᠵᠦ᠂ 40 ᠲᠥᠷᠥᠯ ᠤᠨ 160 ᠭᠠᠷᠤᠶ ᠵᠦᠢᠯ ᠤᠨ ᠲᠡᠮᠡᠭᠡᠨ ᠤ ᠬᠠᠮᠢᠶ᠎ᠠ ᠪᠥᠬᠦᠶ ᠪᠦᠲᠦᠭᠡᠭᠳᠡᠬᠦᠨ ᠢ | ᠡᠮᠬᠢᠯᠡᠵᠦ᠂ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠠᠬᠢᠭᠤᠯᠬᠤ ᠳᠤ | ᠰᠠᠭᠤᠷᠢ ᠲᠤᠯᠭᠠᠭᠤᠷᠢᠯᠠᠯ ᠬᠠᠩᠭᠠᠪᠠ᠃ | 14. ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ | ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ᠂ ᠲᠡᠮᠡᠭᠡᠨ ᠤ ᠠᠵᠤ ᠦᠢᠯᠡᠰ ᠤᠨ ᠲᠥᠪᠯᠡᠷᠡᠭᠦᠯᠦᠨ | ᠲᠠᠷᠬᠠᠭᠠᠬᠤ ᠲᠥᠪ ᠢ ᠬᠠᠮᠲᠤ ᠪᠠᠷ ᠪᠠᠶᠢᠭᠤᠯᠵᠤ᠂ ᠲᠡᠮᠡᠭᠡᠨ ᠤ ᠠᠵᠤ ᠦᠢᠯᠡᠰ ᠤᠨ ᠲᠥᠪᠯᠡᠷᠡᠭᠦᠯᠦᠨ ᠲᠠᠷᠬᠠᠭᠠᠬᠤ | ᠲᠥᠪ ᠤᠨ ᠭᠤᠤᠯᠳᠠᠯᠭ᠎ᠠ ᠲᠠᠢ 8 ᠲᠥᠷᠥᠯ ᠵᠦᠢᠯ ᠢ ᠬᠡᠷᠡᠭᠵᠢᠭᠦᠯᠪᠡ᠃ ᠣᠳᠣᠬᠠᠨ ᠪᠣᠯᠲᠠᠯ᠎ᠠ᠂ ᠠᠯᠠᠱᠠ ᠪᠠᠷᠠᠭᠤᠨ | ᠬᠤᠰᠢᠭᠤᠨ ᠤ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ 8 ᠵᠦᠢᠯ ᠤᠨ | ᠭᠤᠤᠯᠳᠠᠯᠭ᠎ᠠ ᠲᠠᠢ ᠲᠥᠷᠥᠯ ᠵᠦᠢᠯ ᠨᠢᠭᠡᠨᠲᠡ 6 ᠵᠦᠢᠯ ᠨᠢ ᠠᠵᠢᠯ ᠢᠶᠠᠨ ᠡᠬᠢᠯᠡᠭᠦᠯᠵᠦ᠂ ᠨᠡᠶᠢᠲᠡ 1.17 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ | | | | | | | | | | | | | | | | | | | | 15. ᠡᠨᠡ ᠵᠢᠯ 2700 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠲᠡᠮᠡᠭᠡᠨ | ᠬᠢᠷᠭᠤᠣᠯ ᠤᠨ ᠠᠵᠤ ᠦᠢᠯᠡᠰ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ | 16. ᠠᠶᠢᠮᠠᠭ ᠤᠨ ᠳᠣᠲᠣᠭᠠᠳᠤ ᠳᠤ ᠳᠠᠩᠰᠠᠯᠠᠭᠤᠯᠤᠨ ᠪᠦᠷᠢᠳᠬᠡᠭᠦᠯᠦᠭᠰᠡᠨ ᠬᠠᠰ ᠴᠢᠯᠠᠭᠤ᠂ ᠴᠠᠭᠠᠨ ᠭᠤᠶᠣᠣ᠂ | ᠲᠡᠮᠡᠭᠡᠨ ᠤ ᠠᠵᠤ ᠦᠢᠯᠡᠰ ᠵᠡᠷᠭᠡ ᠲᠠᠸᠠᠷ ᠤᠨ ᠲᠡᠮᠳᠡᠭ ᠢ ᠡᠮᠬᠢᠳᠬᠡᠨ ᠬᠤᠷᠢᠶᠠᠩᠭᠤᠶᠢᠯᠠᠪᠠ᠃ ᠣᠳᠣᠬᠠᠨ ᠪᠣᠯᠲᠠᠯ᠎ᠠ᠂ | ᠪᠥᠬᠦ ᠠᠶᠢᠮᠠᠭ ᠲᠤ ᠤᠯᠤᠰ ᠤᠨ ᠭᠠᠵᠠᠷ ᠵᠦᠶ ᠶᠢᠨ ᠲᠡᠮᠳᠡᠭ ᠢ ᠨᠡᠶᠢᠲᠡ 8 ᠣᠯᠪᠠ᠃ | 17. ᠪᠡᠭᠡᠵᠢᠩ᠂ ᠬᠥᠬᠡᠬᠤᠲᠠ ᠳᠤ ᠬᠦᠷᠴᠦ ︽ᠠᠯᠠᠱᠠ ᠶᠢ ᠵᠣᠷᠢᠵᠦ ᠠᠮᠳᠠᠳᠣ ᠢᠳᠡᠬᠡᠨ ᠵᠣᠭᠤᠭᠯᠠᠵᠦ | ᠴᠢᠯᠠᠭᠤ ᠰᠣᠨᠢᠷᠬᠠᠬᠤ︾ ᠪᠠᠷ ᠭᠤᠤᠯ ᠰᠡᠳᠦᠪ ᠪᠣᠯᠭᠠᠭᠰᠠᠨ ᠠᠯᠠᠱᠠ ᠶᠢᠨ ᠤᠨᠴᠠᠯᠢᠬᠳᠤ ᠠᠮᠲᠠᠲᠤ ᠢᠳᠡᠭᠡᠨ ᠤ ᠭᠠᠷᠠᠭ | ᠵᠢᠴᠢ ᠨᠠᠷᠠᠲᠤ ᠰᠢᠯᠢᠳᠡᠭ ᠲᠠᠷᠢᠶᠠᠯᠠᠩ ᠳᠤ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ | ᠠᠵᠢᠯᠯᠠᠭ᠎ᠠ ᠶᠢ ᠡᠷᠭᠢᠯᠡᠵᠦ᠂ ︽ᠠᠯᠠᠱᠠ ᠶᠢᠨ ᠪᠡᠯᠡᠭ︾ ᠣᠷᠣᠨ ᠪᠦᠰᠡ ᠶᠢᠨ ᠨᠠᠷᠠᠲᠤ ᠲᠡᠮᠳᠡᠭᠲᠦ ᠶᠢ ᠪᠥᠬᠦ | ᠲᠠᠯ᠎ᠠ ᠪᠠᠷ ᠳᠡᠯᠭᠡᠷᠡᠭᠦᠯᠵᠦ᠂ ᠠᠯᠠᠱᠠ ᠶᠢᠨ ᠤᠨᠴᠠᠯᠢᠬᠳᠤ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠥᠷᠭᠡᠳᠬᠡᠪᠡ᠃ | |