ᠦᠷᠡᠵᠢᠯ ᠤᠨ ᠨᠥᠬᠦᠪᠦᠷᠢ ᠮᠥᠩᠭᠦ ᠶᠢ ᠳᠠᠷᠤᠢ ᠳᠤᠨᠢ ᠣᠯᠭᠤᠨ᠎ᠠ
ᠨᠡᠶᠢᠲᠡᠯᠡᠭᠰᠡᠨ ᠴᠠᠭ᠄
2024/6/5
    ᠡᠨᠡ ᠵᠢᠯ ᠤᠨ 5 ᠰᠠᠷ᠎ᠠ ᠠᠴᠠ ᠡᠬᠢᠯᠡᠨ᠂ ᠮᠠᠨ ᠤ ᠣᠷᠣᠨ ᠦᠷᠡᠵᠢᠯ ᠤᠨ ᠨᠥᠬᠦᠪᠦᠷᠢ ᠮᠥᠩᠭᠦ ᠶᠢ ︽ᠭᠤᠶᠤᠴᠢᠯᠠᠬᠤ ᠦᠭᠡᠢ ᠪᠠᠷ ᠣᠯᠭᠤᠬᠤ︾᠎ ᠶᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠬᠰᠠᠨ ᠠᠵᠢᠯᠲᠠᠨ ᠠᠵᠢᠯᠴᠢᠨ ᠤ ᠬᠦᠴᠢᠷᠳᠡᠯ ᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ︽ᠭᠤᠶᠤᠴᠢᠯᠠᠬᠤ ᠦᠭᠡᠢ ᠪᠠᠷ ᠣᠯᠭᠤᠬᠤ︾᠎ ᠠᠴᠠ ᠡᠮᠦᠨ᠎ᠡ᠂ ᠳᠠᠭᠠᠳᠬᠠᠯ ᠳᠤ ᠣᠷᠣᠯᠴᠠᠬᠰᠠᠨ ᠮᠠᠰᠢ ᠣᠯᠠᠨ ᠠᠵᠢᠯᠲᠠᠨ ᠠᠵᠢᠯᠴᠢᠨ ᠦᠷᠡᠵᠢᠯ ᠤᠨ ᠨᠥᠬᠦᠪᠦᠷᠢ ᠮᠥᠩᠭᠦ ᠬᠦᠷᠲᠡᠵᠦ ᠳᠡᠶᠢᠯᠭᠦ ᠡᠰᠡᠬᠦ᠂ ᠶᠠᠮᠠᠷ ᠶᠠᠮᠠᠷ ᠭᠤᠶᠤᠴᠢᠯᠠᠬᠤ ᠮᠠᠲ᠋ᠧᠷᠢᠶᠠᠯ ᠬᠡᠷᠡᠭᠰᠡᠬᠦ᠂ ᠬᠤᠪᠢ ᠬᠥᠮᠥᠨ ᠪᠤᠶᠤ ᠪᠠᠶᠢᠭᠤᠯᠭ᠎ᠠ ᠨᠢᠭᠡᠴᠢ ᠠᠴᠠ ᠭᠤᠶᠤᠴᠢᠯᠠᠬᠤ ᠵᠡᠷᠭᠡ ᠠᠰᠠᠭᠤᠳᠠᠯ ᠢ ᠮᠡᠳᠡᠬᠦ ᠦᠭᠡᠢ ᠮᠥᠷᠲᠡᠭᠡᠨ ᠶᠡᠷᠦ ᠶᠢᠨ ᠪᠠᠶᠢᠳᠠᠯ ᠳᠤ ᠭᠤᠶᠤᠴᠢᠯᠠᠬᠤ ᠴᠠᠭ ᠨᠢ ᠨᠡᠯᠢᠶᠡᠳ ᠣᠷᠳᠣ ᠪᠠᠶᠢᠪᠠ᠃ ︽ᠭᠤᠶᠤᠴᠢᠯᠠᠬᠤ ᠦᠭᠡᠢ ᠪᠠᠷ ᠣᠯᠭᠤᠬᠤ︾᠎ ᠶᠢ ᠪᠡᠶᠡᠯᠡᠭᠦᠯᠦᠭᠰᠡᠨ ᠤ ᠳᠠᠷᠠᠭ᠎ᠠ᠂ ᠳᠠᠭᠠᠳᠬᠠᠯ ᠳᠤ ᠣᠷᠣᠯᠴᠠᠬᠰᠠᠨ ᠠᠵᠢᠯᠲᠠᠨ ᠠᠵᠢᠯᠴᠢᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠥᠩᠭᠡᠵᠢᠵᠦ ᠡᠮᠨᠡᠯᠭᠡ ᠠᠴᠠ ᠭᠠᠷᠬᠤ ᠦᠶ᠎ᠡ ᠳᠤ᠂ ᠮᠡᠳᠡᠭᠡ ᠵᠠᠩᠭᠢ ᠶᠢᠨ ᠰᠢᠰᠲ᠋ᠧᠮ ᠨᠢ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠮᠡᠳᠡᠭᠡ ᠵᠠᠩᠭᠢ᠂ ᠦᠷᠡᠵᠢᠯ ᠤᠨ ᠮᠡᠳᠡᠭᠡ ᠵᠠᠩᠭᠢ ᠪᠠ ᠦᠷᠡᠵᠢᠯ ᠤᠨ ᠨᠥᠬᠦᠪᠦᠷᠢ ᠮᠥᠩᠭᠦ ᠣᠯᠭᠤᠬᠤ ᠳᠤ ᠬᠡᠷᠡᠭᠰᠡᠬᠦ ᠪᠣᠯᠵᠣᠯᠲᠤ ᠲᠤᠭ᠎ᠠ ᠶᠢ ᠴᠠᠭ ᠲᠤᠬᠠᠢ ᠳᠤᠨᠢ ᠡᠮᠬᠢᠯᠡᠨ ᠨᠡᠶᠢᠯᠡᠭᠦᠯᠵᠦ᠂ ᠨᠥᠬᠦᠴᠡᠯ ᠳᠤ ᠨᠡᠶᠢᠴᠡᠬᠦ ᠠᠶᠠᠨᠳᠠᠭᠠᠨ ᠪᠤᠶ ᠪᠣᠯᠤᠭᠰᠠᠨ ᠦᠷᠡᠵᠢᠯ ᠤᠨ ᠨᠥᠬᠦᠪᠦᠷᠢ ᠮᠥᠩᠭᠦ ᠶᠢ ᠭᠥᠯᠢᠶᠡᠨ ᠠᠪᠴᠤ ᠰᠢᠢᠳᠪᠦᠷᠢᠯᠡᠬᠦ ᠲᠤᠬᠠᠶᠢᠯᠠᠭᠰᠠᠨ ᠠᠵᠢᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠳᠠᠭᠠᠳᠬᠠᠯ ᠳᠤ ᠣᠷᠣᠯᠴᠠᠬᠰᠠᠨ ᠠᠵᠢᠯᠲᠠᠨ ᠠᠵᠢᠯᠴᠢᠨ ᠤ ᠪᠠᠩᠬᠢ ᠶᠢᠨ ᠲᠠᠩᠰᠠᠨ ᠡᠷᠦᠭᠡ ᠳᠤ ᠲᠠᠷᠬᠠᠭᠠᠬᠤ ᠪᠣᠯᠵᠠᠢ᠃    ᠡᠭᠦᠨ ᠠᠴᠠ ᠭᠠᠳᠠᠨ᠎ᠠ᠂ ᠮᠠᠨ ᠤ ᠣᠷᠣᠨ ᠪᠠᠰᠠ ᠳᠠᠭᠠᠳᠬᠠᠯ ᠳᠤ ᠣᠷᠤᠯᠴᠠᠬᠤ ᠬᠠᠷᠢᠯᠴᠠᠭᠠᠨ ᠤ ᠣᠷᠣᠨ ᠤ ᠳᠣᠲᠣᠷ᠎ᠠ ︽ᠭᠤᠶᠤᠴᠢᠯᠠᠬᠤ ᠦᠭᠡᠢ ᠪᠠᠷ ᠰᠢᠯᠵᠢᠭᠦᠯᠬᠦ︾᠎ ᠶᠢ ᠪᠡᠶᠡᠯᠡᠭᠦᠯᠵᠦ᠂ ᠠᠶᠢᠮᠠᠭ ᠬᠤᠲᠠ ᠠᠯᠤᠰᠯᠠᠨ ᠰᠢᠯᠵᠢᠭᠦᠯᠬᠦ ᠳᠤ ᠲᠥᠭᠦᠮ ᠦᠵᠡᠭᠦᠯᠪᠡ᠃ ︽ᠭᠤᠶᠤᠴᠢᠯᠠᠬᠤ ᠦᠭᠡᠢ ᠪᠠᠷ ᠰᠢᠯᠵᠢᠭᠦᠯᠬᠦ︾᠎ ᠶᠢ ᠪᠡᠶᠡᠯᠡᠭᠦᠯᠬᠦ ᠠᠴᠠ ᠡᠮᠦᠨ᠎ᠡ᠂ ᠳᠠᠭᠠᠳᠬᠠᠯ ᠳᠤ ᠣᠷᠣᠯᠴᠠᠭᠴᠢ ᠰᠢᠯᠵᠢᠭᠦᠯᠦᠨ ᠭᠠᠷᠭᠠᠬᠤ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤᠨ ᠳᠤ ᠣᠴᠢᠵᠤ ᠪᠠᠲᠤᠯᠠᠭ᠎ᠠ ᠶᠢᠨ ᠬᠠᠭᠤᠳᠠᠰᠤ ᠶᠢ ᠭᠠᠷᠭᠠᠨ ᠠᠪᠤᠭᠰᠠᠨ ᠤ ᠳᠠᠷᠠᠭ᠎ᠠ ᠳᠠᠭᠢᠨ ᠰᠢᠯᠵᠢᠭᠦᠯᠦᠨ ᠣᠷᠣᠭᠤᠯᠬᠤ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠴᠣᠩᠬᠤᠨ ᠳᠤ ᠬᠦᠷᠭᠡᠵᠦ᠂ ᠴᠠᠭ ᠪᠠ ᠠᠵᠤ ᠠᠬᠤᠢ ᠶᠢᠨ ᠥᠪᠡᠷ ᠤᠨ ᠥᠷᠲᠡᠭ ᠢᠶᠠᠷ ᠥᠨᠳᠥᠷ ᠪᠠᠶᠢᠪᠠ᠃ ︽ᠭᠤᠶᠤᠴᠢᠯᠠᠬᠤ ᠦᠭᠡᠢ ᠪᠠᠷ ᠰᠢᠯᠵᠢᠭᠦᠯᠬᠦ︾ ᠪᠣᠯᠤᠭᠰᠠᠨ ᠤ ᠳᠠᠷᠠᠭ᠎ᠠ ᠳᠠᠭᠠᠳᠬᠠᠯ ᠳᠤ ᠣᠷᠣᠯᠴᠠᠭᠴᠢ ᠰᠢᠨ᠎ᠡ ᠳᠠᠭᠠᠳᠬᠠᠯ ᠳᠤ ᠣᠷᠣᠭᠰᠠᠨ ᠭᠠᠵᠠᠷ ᠲᠠᠭᠠᠨ ᠭᠠᠷ ᠭᠦᠢᠴᠡᠳᠬᠡᠯ ᠭᠦᠢᠴᠡᠳᠬᠡᠭᠰᠡᠨ ᠤ ᠳᠠᠷᠠᠭ᠎ᠠ᠂ ᠤᠤᠯ ᠤᠨ ᠳᠠᠭᠠᠳᠬᠠᠯ ᠳᠤ ᠣᠷᠣᠯᠴᠠᠬᠰᠠᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠠᠶᠠᠨᠳᠠᠭᠠᠨ ᠰᠢᠨ᠎ᠡ ᠳᠠᠭᠠᠳᠬᠠᠯ ᠳᠤ ᠣᠷᠣᠯᠴᠠᠬᠰᠠᠨ ᠭᠠᠵᠠᠷ ᠲᠤ ᠰᠢᠯᠵᠢᠭᠦᠯᠵᠦ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠴᠤ ᠠᠶᠠᠨᠳᠠᠭᠠᠨ ᠨᠡᠶᠢᠯᠡᠭᠦᠯᠵᠦ᠂ ᠤᠤᠯ ᠤᠨ ᠳᠠᠭᠠᠳᠬᠠᠯ ᠳᠤ ᠣᠷᠣᠯᠴᠠᠬᠰᠠᠨ ᠭᠠᠵᠠᠷ ᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠳᠤ ᠦᠯᠡᠳᠡᠪᠦᠷᠢ ᠪᠡᠯᠡ ᠮᠥᠩᠭᠦ ᠲᠠᠢ ᠪᠠᠶᠢᠪᠠᠯ ᠰᠢᠰᠲ᠋ᠧᠮ ᠨᠢ ᠪᠡᠯᠡ ᠮᠥᠩᠭᠦ ᠶᠢ ᠠᠶᠠᠨᠳᠠᠭᠠᠨ ᠰᠢᠨ᠎ᠡ ᠳᠠᠭᠠᠳᠬᠠᠯ ᠳᠤ ᠣᠷᠣᠯᠴᠠᠬᠰᠠᠨ ᠭᠠᠵᠠᠷ ᠲᠤ ᠰᠢᠯᠵᠢᠭᠦᠯᠬᠦ ᠶᠢ ᠪᠡᠶᠡᠯᠡᠭᠦᠯᠪᠡ᠃    ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾᠎ ᠶᠢ ᠦᠷᠭᠦᠯᠵᠢᠯᠡᠨ ᠠᠬᠢᠭᠤᠯᠵᠤ᠂ ᠲᠤᠬᠠᠶᠢᠯᠠᠭᠰᠠᠨ ᠠᠵᠢᠯ ᠤᠨ ᠭᠦᠢᠴᠡᠳᠬᠡᠯ ᠢ ᠴᠣᠩᠬᠤᠪᠴᠢ ᠪᠠᠷ ᠭᠦᠢᠴᠡᠳᠬᠡᠬᠦ ᠠᠴᠠ ᠰᠦᠯᠵᠢᠶᠡᠨ ᠳᠡᠭᠡᠷ᠎ᠡ ᠭᠦᠢᠴᠡᠳᠬᠡᠬᠦ ᠶᠢ ᠠᠬᠢᠭᠤᠯᠪᠠ᠃ ᠦᠷᠡᠵᠢᠯ ᠤᠨ ᠨᠥᠬᠦᠪᠦᠷᠢ ᠮᠥᠩᠭᠦ ᠭᠤᠶᠤᠴᠢᠯᠠᠨ ᠠᠪᠬᠤ᠂ ᠳᠠᠭᠠᠳᠬᠠᠯ ᠳᠤ ᠣᠷᠤᠯᠴᠠᠬᠤ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠨᠢ ᠥᠩᠭᠡᠷᠡᠭᠰᠡᠨ ᠤ ︽ᠬᠥᠮᠥᠨ ᠨᠢ ᠬᠠᠷᠠᠭᠠᠯᠵᠠᠯ ᠡᠷᠢᠬᠦ︾ ᠪᠠᠶᠢᠭᠰᠠᠨ ᠠᠴᠠ ᠣᠳᠣ ᠶᠢᠨ ︽ᠬᠠᠷᠠᠭᠠᠯᠵᠠᠯ ᠎ ᠨᠢ ᠬᠥᠮᠥᠨ ᠡᠷᠢᠬᠦ︾ ᠪᠣᠯᠵᠤ ᠬᠤᠪᠢᠷᠠᠭᠰᠠᠨ ᠪᠥᠭᠡᠳ ᠬᠤᠪᠢ ᠬᠥᠮᠥᠨ  ᠤ ᠪᠦᠭᠦ ᠶᠠᠪᠤᠴᠠ ᠎ ᠳᠤ ︽ᠮᠠᠲ᠋ᠧᠷᠢᠶᠠᠯ ᠠᠪᠬᠤ ᠦᠭᠡᠢ︾ ᠪᠣᠯᠵᠤ᠂ ᠳᠠᠭᠠᠳᠬᠠᠯ ᠎ ᠳᠤ ᠣᠷᠣᠯᠴᠠᠬᠰᠠᠨ ᠣᠯᠠᠨ ᠲᠦᠮᠡᠨ ᠎ ᠳᠤ ᠲᠤᠶᠢᠯ  ᠤᠨ ᠶᠡᠭᠡ ᠳᠥᠭᠦᠮ ᠦᠵᠡᠭᠦᠯᠪᠡ᠃    ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠬᠤᠤ ᠮᠧᠩ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠬᠥᠩᠭᠡᠵᠢᠬᠦ ᠪᠠ ᠠᠵᠢᠯ ᠤᠨ ᠠᠮᠠᠷᠠᠯᠲᠠ ᠠᠪᠬᠤ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠣᠯᠠᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠪᠦᠭᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠣᠶᠤᠨᠴᠢᠯᠠᠭᠰᠠᠨ ᠠᠵᠢᠯ ᠶᠠᠪᠤᠳᠠᠯ ᠭᠦᠢᠴᠡᠳᠬᠡᠬᠦ ᠵᠢᠯᠣᠭᠤᠳᠤᠮᠵᠢ ᠬᠠᠩᠭᠠᠵᠤ᠂ ᠨᠠᠩ ᠣᠯᠠᠨ ᠵᠦᠢᠯᠡᠰ ᠢ ︽ᠭᠤᠶᠤᠴᠢᠯᠠᠬᠤ ᠦᠭᠡᠢ ᠪᠠᠷ ᠣᠯᠭᠤᠬᠤ︾᠎ ᠶᠢ ᠪᠡᠶᠡᠯᠡᠭᠦᠯᠵᠦ᠂ ᠨᠠᠩ ᠣᠯᠠᠨ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠳᠤ ᠠᠰᠢᠭ ᠬᠦᠷᠲᠡᠭᠡᠨ᠎ᠡ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号