ᠠᠶᠢᠮᠠᠭ ᠤᠨ ᠣᠨᠴᠠᠯᠢᠭᠲᠤ ᠠᠵᠤ ᠦᠢᠯᠡᠰ ᠢ ᠭᠦᠭᠵᠢᠬᠦᠯᠬᠦ ᠲᠥᠪ᠄ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠵᠦ᠂ ︽ᠠᠯᠠᠱᠠ ᠶᠢᠨ ᠨᠡᠷᠡᠲᠦ ᠲᠡᠮᠳᠡᠭᠲᠦ︾ ᠶᠢ ᠠᠯᠳᠠᠷᠰᠢᠭᠤᠯᠣᠨ᠎ᠠ
ᠨᠡᠶᠢᠲᠡᠯᠡᠭᠰᠡᠨ ᠴᠠᠭ᠄
2024/6/5
    ᠠᠯᠠᠱᠠ ᠠᠶᠢᠮᠠᠭ ᠤᠨ ᠤᠨᠴᠠᠯᠢᠬᠳᠤ ᠠᠵᠤ ᠦᠢᠯᠡᠰ ᠢ ᠭᠦᠭᠵᠢᠬᠦᠯᠬᠦ ᠲᠥᠪ ᠨᠢ 2023 ᠣᠨ ᠤ 12 ᠰᠠᠷ᠎ᠠ ᠳᠤ ᠪᠠᠶᠢᠭᠤᠯᠤᠭᠳᠠᠵᠤ᠂ ᠲᠡᠭᠦᠨ ᠤ ᠡᠭᠦᠷᠭᠡ  ᠴᠢᠳᠠᠮᠵᠢ ᠪᠠ ᠡᠭᠦᠷᠭᠡ ᠬᠠᠷᠢᠭᠤᠴᠠᠯᠭ᠎ᠠ ᠨᠢ ᠶᠠᠭᠤ ᠪᠤᠢ︖ ᠭᠤᠤᠯᠳᠠᠯᠭ᠎ᠠ ᠲᠠᠢ ᠠᠵᠢᠯ ᠨᠢ ᠶᠠᠮᠠᠷ ᠶᠠᠮᠠᠷ ᠪᠣᠶ︖ ᠠᠯᠠᠱᠠ ᠠᠶᠢᠮᠠᠭ ᠤᠨ ᠤᠨᠴᠠᠯᠢᠬᠳᠤ ᠠᠵᠤ ᠦᠢᠯᠡᠰ ᠢ ᠭᠦᠭᠵᠢᠬᠦᠯᠬᠦ ᠲᠥᠪ ᠤᠨ ᠨᠠᠮ ᠤᠨ ᠳᠤᠭᠤᠶᠢᠯᠠᠩ ᠤᠨ ᠭᠡᠰᠢᠬᠦᠨ᠂ ᠳᠡᠳ᠋ ᠡᠷᠬᠢᠯᠡᠭᠴᠢ ᠸᠠᠩ ᠰᠢᠨ ᠬᠤ᠋ ᠡᠨᠡ ᠳᠣᠬᠠᠢ ᠰᠣᠷᠪᠣᠯᠵᠢᠯᠠᠭ᠎ᠠ ᠬᠦᠯᠢᠶᠡᠯ᠎ᠡ᠃    ᠰᠣᠷᠪᠣᠯᠵᠢᠯᠠᠭᠴᠢ᠄  ᠠᠯᠠᠱᠠ ᠠᠶᠢᠮᠠᠭ ᠤᠨ ᠣᠨᠴᠠᠯᠢᠭᠲᠤ ᠠᠵᠤ ᠦᠢᠯᠡᠰ ᠢ ᠭᠦᠭᠵᠢᠬᠦᠯᠬᠦ ᠲᠥᠪ ᠤᠨ ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠨᠢ ᠶᠠᠭᠤ ᠪᠤᠢ︖    ᠸᠠᠩ ᠰᠢᠨ ᠬᠤ᠋᠄ 1. ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠣᠨᠴᠠᠯᠢᠭᠲᠤ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠣᠨᠴᠠᠯᠢᠭᠲᠤ ᠰᠣᠶᠣᠯ ᠤᠨ ᠰᠤᠳᠤᠯᠭᠠᠨ ᠢ ᠠᠬᠢᠭᠤᠯᠤᠨ᠎ᠠ︔ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠪᠠᠲᠤᠯᠠᠭ᠎ᠠ ᠶᠢᠨ ᠲᠣᠭᠲᠠᠴᠠ ᠶᠢᠨ ᠰᠤᠳᠤᠯᠭᠠᠨ ᠢ ᠥᠷᠨᠢᠭᠦᠯᠦᠨ᠎ᠡ᠃    2. ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠤᠨᠴᠠᠯᠢᠬᠳᠤ ᠠᠵᠤ ᠦᠢᠯᠡᠰ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠵᠢᠴᠢ ᠪᠡᠯᠡ ᠮᠥᠩᠭᠦ ᠶᠢᠨ ᠬᠠᠮᠢᠶᠠᠷᠤᠯᠲᠠ᠂ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠶᠢ ᠬᠠᠷᠢᠭᠤᠴᠠᠨ᠎ᠠ︔ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠤᠨᠴᠠᠯᠢᠬᠳᠤ ᠠᠵᠤ ᠦᠢᠯᠡᠰ ᠤᠨ ᠲᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠤᠨ ᠡᠯᠧᠺᠲᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠤᠨ᠎ᠠ︔ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠵᠡᠷᠭᠡ ᠤᠨᠴᠠᠯᠢᠬᠳᠤ ᠠᠵᠤ ᠦᠢᠯᠡᠰ ᠡᠷᠬᠢᠯᠡᠭᠰᠡᠳ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯ ᠢ ᠥᠷᠨᠢᠭᠦᠯᠦᠨ᠎ᠡ᠃    3. ᠴᠠᠭᠠᠨ ᠭᠤᠶᠣᠣ᠂ ᠤᠯᠠᠭᠠᠨ ᠭᠤᠶᠣᠣ᠂ ᠠᠯᠠᠱᠠ ᠶᠢᠨ ᠬᠤᠣᠰ ᠪᠥᠬᠦᠲᠦ ᠲᠡᠮᠡᠭᠡ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠠᠰᠠᠭᠤᠳᠠᠯ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠰᠤᠳᠤᠯᠵᠤ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠨ ᠠᠬᠢᠭᠤᠯᠬᠤ ᠰᠠᠨᠠᠯ ᠰᠠᠨᠠᠭᠤᠯᠭ᠎ᠠ ᠳᠤᠷᠠᠳᠤᠨ᠎ᠠ᠃ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠰᠢᠨᠡᠴᠢᠯᠡᠵᠦ ᠬᠥᠭᠵᠢᠭᠦᠯᠵᠦ ᠪᠤᠶᠢᠵᠢᠭᠤᠯᠬᠤ ᠠᠵᠢᠯ ᠢ ᠥᠷᠨᠢᠭᠦᠯᠵᠦ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠯᠠᠷᠢᠭᠤᠯᠬᠤ ᠵᠢᠴᠢ ᠦᠢᠯᠡᠳᠬᠦᠨ ᠢ ᠳᠡᠯᠭᠡᠷᠡᠭᠦᠯᠬᠦ ᠶᠢ ᠠᠬᠢᠭᠤᠯᠤᠨ᠎ᠠ᠃ ᠣᠨᠴᠠᠯᠢᠭᠲᠤ ᠠᠵᠤ ᠦᠢᠯᠡᠰ ᠤᠨ ᠦᠢᠯᠡᠳᠬᠦᠨ ᠤ ᠦᠵᠡᠰᠬᠦᠯᠡᠩ ᠴᠤᠭᠯᠠᠭᠠᠨ᠂ ᠣᠷᠣᠨ ᠪᠦᠰᠡ ᠶᠢᠨ ᠰᠣᠯᠢᠯᠴᠠᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠦᠢᠯᠡᠳᠬᠦᠨ ᠤ ᠲᠠᠨᠢᠯᠴᠠᠭᠤᠯᠭ᠎ᠠ ᠵᠡᠷᠭᠡ ᠠᠵᠢᠯ ᠢ ᠥᠷᠨᠢᠭᠦᠯᠦᠨ᠎ᠡ᠃    4. ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠶᠤᠯ ᠦᠭᠡᠶ ᠦᠢᠯᠡᠳᠪᠦᠷᠢᠯᠡᠯ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠶᠤᠯ ᠦᠭᠡᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠎ᠠ᠃
1.jpg
    ᠰᠣᠷᠪᠣᠯᠵᠢᠯᠠᠭᠴᠢ᠄  ᠪᠠᠶᠢᠭᠤᠯᠤᠭᠳᠠᠭᠰᠠᠨ ᠠᠴᠠ ᠨᠠᠰᠢᠬᠢ ᠠᠵᠢᠯ ᠤᠨ ᠠᠬᠢᠴᠠ ᠶᠠᠮᠠᠷ ᠪᠠᠶᠢᠨ᠎ᠠ︖    ᠸᠠᠩ ᠰᠢᠨ ᠬᠤ᠋᠄  1. ᠠᠶᠢᠮᠠᠭ ᠤᠨ ᠵᠠᠬᠢᠷᠭ᠎ᠠ ᠪᠣᠯᠤᠨ ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠨᠡᠶᠢᠭᠡᠮᠯᠢᠭ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠠᠯᠠᠱᠠ ᠶᠢᠨ ᠦᠵᠡᠮᠦᠷᠢ ᠶᠢᠨ ᠴᠢᠯᠠᠭᠤᠨ ᠤ ᠠᠵᠤ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠪᠠ᠃    2. 1 ᠰᠠᠷ᠎ᠠ ᠶᠢᠨ 30 ᠤ ᠡᠳᠦᠷ᠂ ︽ᠠᠯᠠᠱᠠ ᠶᠢ ᠵᠣᠷᠢᠨ ᠴᠢᠯᠠᠭᠤ ᠶᠢ ᠰᠤᠨᠢᠷᠬᠠᠨ ᠴᠠᠭᠠᠨ ᠰᠠᠷ᠎ᠠ ᠪᠠᠨ ᠤᠬᠳᠤᠬᠤ︾ 2024 ᠤᠨ ᠤ ᠴᠢᠯᠠᠭᠤᠨ ᠤ ᠲᠡᠯᠭᠡᠨ ᠦᠵᠡᠬᠦᠯᠭᠡ ᠵᠢᠴᠢ ᠴᠢᠯᠠᠭᠤᠨ ᠤ ᠪᠠᠭ᠋ᠠᠳᠠᠳ ᠤᠨ ᠨᠦᠬᠦᠷᠯᠡᠯ ᠤᠨ ᠠᠵᠢᠯᠯᠠᠭ᠎ᠠ ᠶᠢ ᠠᠮᠵᠢᠯᠳᠠ ᠲᠠᠢ ᠶᠠᠪᠤᠭᠳᠠᠭᠤᠯᠵᠤ᠂ ᠯᠤᠤ ᠶᠢᠨ ᠬᠡᠯᠪᠡᠷᠢ ᠪᠦᠬᠦᠢ ᠭᠤᠪᠢ ᠶᠢᠨ ᠴᠢᠯᠠᠭᠤ ᠪᠤᠯᠤᠨ ᠬᠠᠰ ᠰᠡᠶᠢᠯᠤᠮᠡᠯ ᠤᠨ ᠪᠦᠳᠦᠭᠡᠯ ᠢ 300 ᠭᠠᠷᠤᠢ ᠬᠤᠪᠢ ᠲᠡᠯᠭᠡᠨ ᠦᠵᠡᠬᠦᠯᠪᠡ᠃    3. ᠠᠯᠠᠱᠠ ᠵᠡᠭᠦᠨ ᠬᠤᠰᠢᠭᠤ ᠲᠠᠢ ᠬᠠᠮᠲᠤ ᠪᠠᠷ ︽2024 ᠣᠨ ᠤ ᠬᠠᠪᠤᠷ ᠤᠨ ᠤᠯᠠᠷᠢᠯ ᠤᠨ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ︾ ᠢ ᠡᠷᠭᠢᠯᠡᠵᠦ᠂ ᠪᠥᠬᠦ ᠤᠯᠤᠰ ᠤᠨ ᠡᠯ᠎ᠡ ᠭᠠᠵᠠᠷ ᠤᠨ ᠴᠢᠯᠠᠭᠤᠨ ᠤ ᠠᠷᠠᠯᠵᠢᠶᠠᠴᠢᠨ 1.4 ᠲᠦᠮᠡᠨ ᠬᠥᠮᠦᠨ ᠤᠳᠠᠭ᠎ᠠ ᠳᠤ ᠬᠦᠷᠴᠦ᠂ ᠰᠣᠯᠢᠯᠴᠠᠭᠠᠨ ᠤ ᠬᠡᠮᠵᠢᠶ᠎ᠡ 5575 ᠲᠦᠮᠡᠨ ᠲᠥᠭᠦᠷᠢᠭ ᠲᠤ ᠬᠥᠷᠪᠡ᠃ 5 ᠰᠠᠷ᠎ᠠ ᠶᠢᠨ ᠰᠡᠭᠦᠯᠴᠢ ᠪᠣᠯᠲᠠᠯ᠎ᠠ᠂ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤ ᠶᠢᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠪᠣᠷᠣᠯᠠᠭᠤᠯᠣᠭᠰᠠᠨ ᠬᠡᠮᠵᠢᠶ᠎ᠡ ᠪᠠᠷᠤᠭ 4000 ᠲᠦᠮᠡᠨ ᠲᠥᠭᠦᠷᠢᠭ ᠢ ᠳᠠᠪᠠᠵᠤ᠂ ᠨᠡᠶᠢᠲᠡ ᠪᠣᠷᠣᠯᠠᠭᠤᠯᠭ᠎ᠠ ᠶᠢᠨ ᠬᠡᠮᠵᠢᠶ᠎ᠡ 1.2 ᠳ᠋ᠦᠩᠰᠢᠭᠤᠷ ᠲᠥᠭᠦᠷᠢᠭ ᠢ ᠳᠠᠪᠠᠪᠠ᠃
2.jpg
     4. 4 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠨᠡᠶᠢᠭᠡᠮᠯᠢᠭ ᠤᠨ ᠭᠤᠪᠢ ᠶᠢᠨ ᠴᠢᠯᠠᠭᠤᠨ ᠤ ᠲᠤᠰᠬᠠᠶ ᠵᠥᠪᠯᠡᠯ ᠤᠨ ᠠᠵᠢᠯᠯᠠᠬᠤ ᠭᠠᠵᠠᠷ ᠢ ᠠᠯᠠᠱᠠ ᠳᠤ ᠪᠠᠶᠢᠭᠤᠯᠪᠠ᠃    5. ᠠᠩᠬᠠᠳᠠᠭᠴᠢ ᠭᠤᠪᠢ ᠶᠢᠨ ᠴᠢᠯᠠᠭᠤ ᠪᠠᠭ᠋ᠠᠷᠬᠠᠳᠠᠭ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ︽ᠭᠤᠪᠢ ᠶᠢᠨ ᠴᠢᠯᠠᠭᠤ ᠶᠢ ᠰᠢᠯᠭᠠᠨ ᠦᠨᠡᠯᠡᠬᠦ ᠪᠠᠷᠢᠮᠵᠢᠶ᠎ᠠ︾ ᠶᠢ ᠲᠣᠭᠲᠠᠭᠠᠵᠤ᠂ ᠭᠤᠪᠢ ᠶᠢᠨ ᠴᠢᠯᠠᠭᠤᠨ ᠤ ᠲᠣᠮᠢᠶᠠᠯᠠᠯ ᠬᠢᠭᠡᠳ ᠲᠥᠷᠥᠯ ᠬᠤᠪᠢᠶᠠᠬᠤ᠂ ᠰᠢᠯᠭᠠᠨ ᠦᠨᠡᠯᠡᠬᠦ ᠠᠷᠭ᠎ᠠ ᠪᠠ ᠳᠡᠰ ᠢ ᠬᠤᠪᠢᠶᠠᠷᠢᠯᠠᠬᠤ ᠵᠡᠷᠭᠡ ᠶᠢ ᠲᠣᠳᠣᠷᠬᠠᠶᠢᠯᠠᠵᠠᠢ᠃ ︽ᠠᠯᠠᠱᠠ ᠴᠢᠯᠠᠭᠤ︾ ᠶᠢ ᠨᠠᠶᠢᠷᠠᠭᠤᠯᠤᠨ ᠪᠢᠴᠢᠵᠦ᠂ ᠠᠯᠠᠱᠠ ᠶᠢᠨ ᠭᠠᠵᠠᠷ ᠣᠷᠣᠨ ᠤ ᠴᠢᠯᠠᠭᠤᠨ ᠤ ᠬᠡᠯᠪᠡᠷᠢ ᠳᠦᠷᠰᠦ᠂ ᠥᠩᠭᠡ ᠢᠯᠭᠠᠷᠠᠭᠰᠠᠨ ᠭᠤᠪᠢ  ᠶᠢᠨ ᠴᠢᠯᠠᠭᠤ ᠵᠢᠴᠢ ᠴᠢᠯᠠᠭᠤᠨ ᠤ ᠲᠡᠦᠬᠡ ᠰᠣᠶᠣᠯ᠂ ᠣᠨᠣᠯ ᠤᠨ ᠰᠤᠳᠤᠯᠭᠠᠨ᠂ ᠠᠵᠤ ᠦᠢᠯᠡᠰ ᠤᠨ ᠬᠥᠭᠵᠢᠯᠲᠡ ᠵᠡᠷᠭᠡ ᠶᠢ ᠲᠠᠨᠢᠯᠴᠠᠭᠤᠯᠵᠤ᠂ ᠠᠯᠠᠱᠠ ᠶᠢᠨ ᠭᠤᠪᠢ ᠶᠢᠨ ᠴᠢᠯᠠᠭᠤᠨ ᠤ ᠨᠠᠷᠠᠲᠤ ᠲᠡᠮᠳᠡᠭ ᠤᠨ ᠳᠠᠪᠠᠭᠤᠯᠢᠭ ᠢ ᠢᠯᠡᠷᠡᠭᠦᠯᠵᠦ᠂ ᠠᠯᠠᠱᠠ ᠶᠢᠨ ᠭᠤᠪᠢ ᠶᠢᠨ ᠴᠢᠯᠠᠭᠤᠨ ᠤ ᠪᠥᠬᠦ ᠳᠡᠯᠡᠬᠡᠶ ᠶᠢᠨ ᠴᠢᠯᠠᠭᠤᠨ ᠤ ᠳᠦᠷᠦᠯ ᠳᠠᠬᠢ ᠨᠠᠷᠠᠲᠤ ᠲᠡᠮᠳᠡᠭ ᠳᠦᠷᠢ ᠲᠥᠷᠬᠦ ᠶᠢ ᠳᠡᠭᠡᠭᠰᠢᠯᠡᠭᠦᠯᠪᠠ᠃    6. ᠥᠷᠭᠡᠨ ᠣᠯᠠᠨ ᠴᠢᠯᠠᠭᠤᠨ ᠤ ᠠᠷᠠᠯᠵᠢᠶᠠᠴᠢᠨ ᠴᠢᠯᠠᠭᠤᠨ ᠤ ᠪᠠᠭ᠋ᠠᠳᠠᠳ ᠢ ᠵᠣᠬᠢᠶᠠᠨ ᠪᠠᠶᠢᠭᠤᠯᠵᠦ ᠱᠢ ᠵᠢᠶᠠ ᠵᠤᠸᠠᠩ᠂ ᠴᠢᠩᠳᠣᠤ᠂ ᠯᠦᠸᠧ ᠶᠠᠩ᠂ ᠢ ᠡᠦ᠂ ᠦᠬᠠᠨ ᠵᠡᠷᠭᠡ ᠭᠠᠵᠠᠷ ᠤᠨ ᠦᠵᠡᠰᠬᠦᠯᠡᠩ ᠴᠤᠭᠯᠠᠭᠠᠨ ᠳᠤ ᠣᠷᠣᠯᠴᠠᠵᠤ᠂ ᠪᠣᠷᠣᠯᠠᠭᠤᠯᠤᠭᠰᠠᠨ ᠬᠡᠮᠵᠢᠶ᠎ᠡ ᠨᠢ 2000 ᠭᠠᠷᠤᠶ ᠲᠦᠮᠡᠨ ᠲᠥᠭᠦᠷᠢᠭ ᠲᠤ ᠬᠦᠷᠴᠡᠶ᠃
3.jpg
     7. ᠪᠦᠬᠦ ᠠᠶᠢᠮᠠᠭ ᠤᠨ 9 ᠦᠵᠡᠮᠦᠷᠢ ᠶᠢᠨ ᠴᠢᠯᠠᠭᠤ ᠶᠢᠨ ᠠᠵᠢᠯ ᠲᠥᠷᠥᠯ ᠤᠨ ᠬᠤᠳᠠᠯᠳᠤᠭᠠᠨ ᠤ ᠨᠡᠶᠢᠭᠡᠮᠯᠢᠭ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠠᠯᠠᠱᠠ ᠪᠠᠷᠠᠭᠤᠨ ᠬᠤᠰᠢᠭᠤᠨ ᠤ ᠦᠵᠡᠮᠦᠷᠢ ᠶᠢᠨ ᠴᠢᠯᠠᠭᠤ ᠡᠷᠳᠡᠨᠢ ᠶᠢᠨ ᠬᠠᠰ ᠴᠢᠯᠠᠭᠤᠨ ᠤ ᠨᠡᠶᠢᠭᠡᠮᠯᠢᠭ ᠢ ᠪᠠᠶᠢᠭᠤᠯᠬᠤ ᠶᠢ ᠵᠢᠯᠣᠭᠤᠳᠴᠤ᠂ ᠭᠤᠷᠪᠠᠨ ᠬᠤᠰᠢᠭᠤᠨ ᠤ ᠠᠵᠢᠯ ᠲᠥᠷᠥᠯ ᠤᠨ ᠨᠡᠶᠢᠭᠡᠮᠯᠢᠭ ᠢ ᠪᠠᠶᠢᠭᠤᠯᠪᠠ᠃     8. ︽ᠭᠤᠪᠢ ᠶᠢᠨ ᠴᠢᠯᠠᠭᠤ ᠰᠣᠨᠢᠷᠬᠠᠬᠤ ᠤᠷᠠᠯᠢᠭ︾ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ ᠂ ᠭᠤᠪᠢ ᠶᠢᠨ ᠴᠢᠯᠠᠭᠤ ᠰᠣᠨᠢᠷᠬᠠᠬᠤ ᠤᠷᠠᠯᠢᠭ ᠪᠣᠯᠤᠨ ᠠᠯᠠᠱᠠ ᠶᠢᠨ ᠦᠵᠡᠮᠦᠷᠢ ᠶᠢᠨ ᠴᠢᠯᠠᠭᠤ ᠶᠢᠨ ᠰᠤᠶᠤᠯ ᠤᠨ ᠤᠯᠠᠮᠵᠢᠯᠠᠯ᠂ ᠬᠠᠮᠠᠭᠠᠯᠠᠯᠲᠠ ᠪᠣᠯᠤᠨ ᠬᠥᠭᠵᠢᠯ ᠢ ᠠᠬᠢᠭᠤᠯᠣᠨ᠎ᠠ᠃     9. ᠠᠯᠠᠱᠠ ᠠᠶᠢᠮᠠᠭ ᠤᠨ ᠠᠵᠢᠯᠴᠢᠨ ᠤ ᠡᠪᠯᠡᠯ ᠲᠠᠢ ᠬᠠᠮᠲᠤ ᠪᠠᠷ ︽2024 ᠣᠨ ᠤ ᠪᠥᠬᠦ ᠠᠶᠢᠮᠠᠭ ᠤᠨ ᠡᠯᠧᠺᠲᠷᠣᠨ ᠬᠤᠳᠠᠯᠳᠤᠭ᠎ᠠ ᠡᠷᠬᠢᠯᠡᠭᠰᠡᠳ ᠤᠨ  ᠪᠣᠯᠪᠠᠰᠤᠷᠠᠯ ᠤᠨ ᠠᠩᠭᠢ︾ ᠶᠢ ᠡᠷᠭᠢᠯᠡᠵᠦ᠂ ᠪᠠᠭᠰᠢ ᠨᠠᠷ ᠲᠤᠬᠠᠶ ᠶᠢᠨ ᠲᠠᠯᠠᠪᠠᠶ ᠳᠤ ᠡᠷᠬᠢᠯᠡᠭᠰᠡᠳ ᠢ ᠳᠠᠭᠠᠭᠤᠯᠤᠨ ᠣᠬᠤᠷ ᠸᠢᠳᠢᠣ᠋ ᠶᠢ ᠬᠡᠷᠬᠢᠨ ᠪᠦᠳᠦᠭᠡᠬᠦ ᠵᠢᠴᠢ ᠡᠮᠬᠢᠳᠬᠡᠬᠦ   ᠮᠡᠷᠭᠡᠵᠢᠯ ᠢ ᠡᠵᠡᠮᠰᠢᠬᠦᠯᠦᠭᠰᠡᠨ ᠪᠠᠶᠢᠨ᠎ᠠ᠃ ᠮᠠᠨ ᠤ ᠠᠶᠢᠮᠠᠭ ᠤᠨ ᠦᠵᠡᠮᠦᠷᠢ ᠶᠢᠨ ᠴᠢᠯᠠᠭᠤᠨ ᠤ ᠠᠵᠤ ᠦᠢᠯᠡᠰ᠂ ᠡᠯᠡᠰᠦᠨ  ᠤ ᠠᠵᠤ ᠦᠢᠯᠡᠰ᠂ ᠲᠡᠮᠡᠭᠡᠨ  ᠤ ᠠᠵᠤ ᠦᠢᠯᠡᠰ ᠵᠡᠷᠭᠡ ᠬᠠᠮᠢᠶ᠎ᠠ ᠪᠥᠬᠦᠶ ᠠᠵᠢᠯ ᠲᠥᠷᠥᠯ  ᠤᠨ 65 ᠰᠢᠨ᠎ᠡ ᠡᠵᠡᠩᠨᠡᠯᠲᠡ  ᠶᠢᠨ ᠬᠥᠳᠡᠯᠮᠦᠷᠢᠴᠢᠨ  ᠪᠠ ᠠᠵᠤ ᠠᠬᠤᠶᠢᠯᠠᠯ  ᠤᠨ ᠠᠵᠢᠯᠲᠠᠨ ᠠᠵᠢᠯᠴᠢᠨ ᠪᠣᠯᠪᠠᠰᠤᠷᠠᠯ  ᠳᠤ ᠣᠷᠣᠯᠴᠠᠪᠠ᠃     10. ᠬᠤᠶᠠᠳᠤᠭᠠᠷ ᠬᠤᠭᠤᠴᠠᠭᠠᠨ ᠤ ︽ᠳᠣᠮᠳᠠᠳᠣ ᠣᠯᠣᠰ ᠤᠨ ᠨᠠᠨᠵᠢᠩ ︵ᠣᠯᠠᠨ ᠤᠯᠤᠰ︶ ᠤᠨ ᠡᠷᠦᠳᠡᠰᠦ ᠡᠷᠳᠡᠨᠢ ᠶᠢᠨ ᠴᠢᠯᠠᠭᠤᠵᠢᠮᠠᠯ ᠤᠨ ᠶᠠᠭᠠᠷᠮᠠᠭ︾  ᠲᠤ ᠤᠷᠤᠯᠴᠠᠪᠠ᠃ ᠴᠢᠯᠠᠭᠤ ᠪᠠᠷ ᠳᠦᠷᠢ ᠳᠦᠷᠬᠦ ᠪᠠᠨ ᠳᠡᠯᠭᠡᠨ ᠦᠵᠡᠭᠦᠯᠵᠦ᠂ ︽ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠬᠤᠲᠠ︾ ᠶᠢᠨ ᠨᠡᠷ᠎ᠡ ᠶᠢᠨ ᠬᠠᠭᠤᠳᠠᠰᠤ ᠶᠢ ᠠᠯᠳᠠᠷᠰᠢᠭᠤᠯᠵᠦ᠂ ᠭᠤᠪᠢ ᠶᠢᠨ ᠴᠢᠯᠠᠭᠤᠨ ᠤ ᠰᠣᠶᠣᠯ ᠢ ᠤᠬᠠᠭᠤᠯᠤᠨ ᠪᠠᠳᠠᠷᠠᠭᠤᠯᠵᠤ᠂ ᠠᠯᠠᠱᠠ ᠶᠢᠨ ᠤᠨᠴᠠᠯᠢᠬᠳᠤ ᠠᠵᠤ ᠦᠢᠯᠡᠰ ᠢ ᠳᠡᠯᠭᠡᠨ ᠦᠵᠡᠬᠦᠯᠵᠦ ᠳᠡᠯᠭᠡᠷᠡᠭᠦᠯᠪᠡ᠃     11. ᠮᠠᠨ ᠤ ᠠᠶᠢᠮᠠᠭ ᠲᠤ ᠣᠲᠣ ᠬᠡᠪᠴᠢᠶᠡᠵᠢᠯ ᠠᠴᠠ ᠳᠡᠭᠡᠭᠰᠢᠬᠢ ᠠᠮᠢ ᠠᠬᠤᠶ ᠡᠯᠡᠰᠦᠨ ᠤ ᠠᠵᠤ ᠦᠢᠯᠡᠰ ᠤᠨ ᠠᠵᠤ ᠠᠬᠤᠶᠢᠯᠠᠯ ︵ᠬᠤᠷᠰᠢᠶᠠᠵᠢᠯ︶ 38 ᠪᠠᠶᠢᠵᠤ᠂ ᠡᠭᠦᠨ ᠳᠤ ᠴᠠᠭᠠᠨ ᠭᠤᠶᠣᠣ ᠶᠢᠨ ᠠᠵᠤ ᠦᠢᠯᠡᠰ ᠡᠷᠬᠢᠯᠡᠵᠦ ᠪᠠᠶᠢᠭ᠎ᠠ ᠠᠵᠦ ᠠᠬᠤᠶᠢᠯᠠᠯ 32 ᠪᠠᠶᠢᠨ᠎ᠠ︔ ᠣᠲᠣ ᠠᠮᠢ ᠠᠬᠤᠶ ᠡᠯᠡᠰᠦᠨ ᠤ ᠠᠵᠤ ᠦᠢᠯᠡᠰ ᠤᠨ ᠦᠢᠯᠡᠳᠬᠦᠨ 114 ᠪᠠᠶᠢᠵᠤ᠂ ᠡᠭᠦᠨ ᠳᠤ ᠴᠠᠭᠠᠨ ᠭᠤᠶᠣᠣ ᠶᠢᠨ ᠦᠢᠯᠡᠳᠬᠦᠨ 90 ᠪᠠᠶᠢᠵᠤ᠂ ᠴᠠᠭᠠᠨ ᠭᠤᠶᠣᠣ᠂ ᠤᠯᠠᠭᠠᠨ ᠭᠤᠶᠣᠣ᠂ ᠰᠢᠬᠢᠷ ᠡᠪᠡᠰᠦ ᠵᠡᠷᠭᠡ ᠡᠯᠡᠰᠦᠨ ᠤᠷᠭᠤᠮᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠦᠷᠭᠦᠯᠵᠢᠯᠡᠨ ᠬᠦᠨᠵᠡᠬᠡᠶᠢᠷᠡᠬᠦᠯᠵᠦ ᠪᠠᠶᠢᠨ᠎ᠠ᠃
4.jpg
     12. ︽ᠠᠯᠠᠱᠠ ᠠᠶᠢᠮᠠᠭ ᠤᠨ ᠴᠠᠭᠠᠨ ᠭᠤᠶᠣᠣ ᠶᠢᠨ ᠠᠵᠤ ᠦᠢᠯᠡᠰ ᠢ ᠬᠦᠭᠵᠢᠬᠦᠯᠬᠦ ᠰᠢᠰᠲ᠋ᠧᠮ ᠤᠨ ᠪᠠᠶᠢᠭᠤᠯᠤᠯᠲᠠ ᠶᠢᠨ ᠪᠣᠷᠣ ᠲᠥᠯᠥᠪ︾ ᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠪᠥᠬᠦ ᠠᠶᠢᠮᠠᠭ ᠤᠨ ᠴᠠᠭᠠᠨ ᠭᠤᠶᠣᠣ ᠶᠢᠨ ᠠᠵᠤ ᠦᠢᠯᠡᠰ ᠤᠨ ᠡᠮᠬᠢ ᠵᠢᠷᠤᠮ ᠲᠠᠢ᠂ ᠡᠷᠡᠭᠦᠯ ᠢᠶᠠᠷ ᠬᠥᠭᠵᠢᠬᠦ ᠶᠢ ᠵᠢᠯᠣᠭᠤᠳᠪᠠ᠃ ᠬᠥᠲᠥᠴᠢ ᠠᠵᠤ ᠠᠬᠤᠶᠢᠯᠠᠯ ᠳ᠋ᠦᠩ ᠡᠸ᠋ ᠴᠡᠷᠴᠡᠮᠠᠭ ᠬᠤᠪᠢ ᠣᠷᠣᠭᠤᠯᠤᠭᠰᠠᠨ ᠺᠣᠮᠫᠠᠨᠢ ᠶᠢ ᠣᠷᠢᠵᠦ ᠴᠠᠭᠠᠨ ᠭᠤᠶᠣᠣ ᠪᠦᠯᠦᠭᠯᠡᠯ ᠲᠠᠢ ᠬᠠᠮᠲᠤᠷᠠᠯᠴᠠᠵᠤ᠂ ᠴᠠᠭᠠᠨ ᠭᠤᠶᠣᠣ ᠪᠦᠯᠦᠭᠯᠡᠯ ᠤᠨ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠢ ᠠᠬᠢᠴᠠ ᠲᠠᠢ ᠪᠣᠯᠭᠠᠪᠠ᠃     13. ᠠᠶᠢᠮᠠᠭ ᠤᠨ ᠳᠣᠲᠣᠷᠠᠬᠢ 19 ᠲᠡᠮᠡᠭᠡᠨ ᠤ ᠪᠦᠲᠦᠭᠡᠭᠳᠡᠬᠦᠨ ᠪᠣᠯᠪᠠᠰᠣᠷᠠᠭᠤᠯᠬᠤ ᠠᠵᠤ ᠠᠬᠤᠶᠢᠯᠠᠯ ᠳᠤ ᠭᠦᠨᠵᠡᠭᠡᠶᠢᠷᠡᠵᠦ᠂ 40 ᠲᠥᠷᠥᠯ ᠤᠨ 160 ᠭᠠᠷᠤᠶ ᠵᠦᠢᠯ ᠤᠨ ᠲᠡᠮᠡᠭᠡᠨ ᠤ ᠬᠠᠮᠢᠶ᠎ᠠ ᠪᠥᠬᠦᠶ ᠪᠦᠲᠦᠭᠡᠭᠳᠡᠬᠦᠨ ᠢ ᠡᠮᠬᠢᠯᠡᠵᠦ᠂ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠠᠬᠢᠭᠤᠯᠬᠤ ᠳᠤ ᠰᠠᠭᠤᠷᠢ ᠲᠤᠯᠭᠠᠭᠤᠷᠢᠯᠠᠯ ᠬᠠᠩᠭᠠᠪᠠ᠃     14. ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ᠂ ᠲᠡᠮᠡᠭᠡᠨ ᠤ ᠠᠵᠤ ᠦᠢᠯᠡᠰ ᠤᠨ ᠲᠥᠪᠯᠡᠷᠡᠭᠦᠯᠦᠨ ᠲᠠᠷᠬᠠᠭᠠᠬᠤ ᠲᠥᠪ ᠢ ᠬᠠᠮᠲᠤ ᠪᠠᠷ ᠪᠠᠶᠢᠭᠤᠯᠵᠤ᠂ ᠲᠡᠮᠡᠭᠡᠨ ᠤ ᠠᠵᠤ ᠦᠢᠯᠡᠰ ᠤᠨ ᠲᠥᠪᠯᠡᠷᠡᠭᠦᠯᠦᠨ ᠲᠠᠷᠬᠠᠭᠠᠬᠤ ᠲᠥᠪ ᠤᠨ ᠭᠤᠤᠯᠳᠠᠯᠭ᠎ᠠ ᠲᠠᠢ 8 ᠲᠥᠷᠥᠯ ᠵᠦᠢᠯ ᠢ ᠬᠡᠷᠡᠭᠵᠢᠭᠦᠯᠪᠡ᠃ ᠣᠳᠣᠬᠠᠨ ᠪᠣᠯᠲᠠᠯ᠎ᠠ᠂ ᠠᠯᠠᠱᠠ ᠪᠠᠷᠠᠭᠤᠨ ᠬᠤᠰᠢᠭᠤᠨ ᠤ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ 8 ᠵᠦᠢᠯ ᠤᠨ ᠭᠤᠤᠯᠳᠠᠯᠭ᠎ᠠ ᠲᠠᠢ ᠲᠥᠷᠥᠯ ᠵᠦᠢᠯ ᠨᠢᠭᠡᠨᠲᠡ 6 ᠵᠦᠢᠯ ᠨᠢ ᠠᠵᠢᠯ ᠢᠶᠠᠨ ᠡᠬᠢᠯᠡᠭᠦᠯᠵᠦ᠂ ᠨᠡᠶᠢᠲᠡ 1.17 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃
5.jpg
    15. ᠡᠨᠡ ᠵᠢᠯ 2700 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠲᠡᠮᠡᠭᠡᠨ ᠬᠢᠷᠭᠤᠣᠯ ᠤᠨ ᠠᠵᠤ ᠦᠢᠯᠡᠰ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃    16. ᠠᠶᠢᠮᠠᠭ ᠤᠨ ᠳᠣᠲᠣᠭᠠᠳᠤ ᠳᠤ ᠳᠠᠩᠰᠠᠯᠠᠭᠤᠯᠤᠨ ᠪᠦᠷᠢᠳᠬᠡᠭᠦᠯᠦᠭᠰᠡᠨ ᠬᠠᠰ ᠴᠢᠯᠠᠭᠤ᠂ ᠴᠠᠭᠠᠨ ᠭᠤᠶᠣᠣ᠂ ᠲᠡᠮᠡᠭᠡᠨ ᠤ ᠠᠵᠤ ᠦᠢᠯᠡᠰ ᠵᠡᠷᠭᠡ ᠲᠠᠸᠠᠷ ᠤᠨ ᠲᠡᠮᠳᠡᠭ ᠢ ᠡᠮᠬᠢᠳᠬᠡᠨ ᠬᠤᠷᠢᠶᠠᠩᠭᠤᠶᠢᠯᠠᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠲᠤ ᠤᠯᠤᠰ ᠤᠨ ᠭᠠᠵᠠᠷ ᠵᠦᠶ ᠶᠢᠨ ᠲᠡᠮᠳᠡᠭ ᠢ ᠨᠡᠶᠢᠲᠡ 8 ᠣᠯᠪᠠ᠃    17. ᠪᠡᠭᠡᠵᠢᠩ᠂ ᠬᠥᠬᠡᠬᠤᠲᠠ ᠳᠤ ᠬᠦᠷᠴᠦ ︽ᠠᠯᠠᠱᠠ ᠶᠢ ᠵᠣᠷᠢᠵᠦ ᠠᠮᠳᠠᠳᠣ ᠢᠳᠡᠬᠡᠨ ᠵᠣᠭᠤᠭᠯᠠᠵᠦ ᠴᠢᠯᠠᠭᠤ ᠰᠣᠨᠢᠷᠬᠠᠬᠤ︾ ᠪᠠᠷ ᠭᠤᠤᠯ ᠰᠡᠳᠦᠪ ᠪᠣᠯᠭᠠᠭᠰᠠᠨ ᠠᠯᠠᠱᠠ ᠶᠢᠨ ᠤᠨᠴᠠᠯᠢᠬᠳᠤ ᠠᠮᠲᠠᠲᠤ ᠢᠳᠡᠭᠡᠨ ᠤ ᠭᠠᠷᠠᠭ ᠵᠢᠴᠢ ᠨᠠᠷᠠᠲᠤ ᠰᠢᠯᠢᠳᠡᠭ ᠲᠠᠷᠢᠶᠠᠯᠠᠩ ᠳᠤ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠡᠷᠭᠢᠯᠡᠵᠦ᠂ ︽ᠠᠯᠠᠱᠠ ᠶᠢᠨ ᠪᠡᠯᠡᠭ︾ ᠣᠷᠣᠨ ᠪᠦᠰᠡ ᠶᠢᠨ ᠨᠠᠷᠠᠲᠤ ᠲᠡᠮᠳᠡᠭᠲᠦ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠠᠯᠠᠱᠠ ᠶᠢᠨ ᠤᠨᠴᠠᠯᠢᠬᠳᠤ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠥᠷᠭᠡᠳᠬᠡᠪᠡ᠃       
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号