ᠡᠳ᠋ ᠤᠨ ᠵᠠᠰᠠᠭ ᠤᠨ ᠶᠠᠮᠤᠨ ᠠᠴᠠ ᠣᠶᠢᠯᠠᠭᠠᠭᠰᠠᠨ ᠢᠶᠠᠷ᠂ ᠲᠥᠪ ᠤᠨ ᠡᠳ᠋ ᠤᠨ ᠵᠠᠰᠠᠭ ᠠᠴᠠ ᠡᠬᠢ ᠪᠠᠶᠠᠯᠢᠭ ᠢ | ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠨᠥᠬᠦᠪᠦᠷᠢ ᠪᠡᠯᠡ ᠮᠥᠩᠭᠦ ᠶᠢ ᠪᠠᠶᠢᠭᠤᠯᠵᠤ᠂ ᠣᠶ ᠰᠢᠭᠤᠢ | ᠨᠤᠲᠤᠭ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ᠂ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ | ᠴᠠᠭᠠᠵᠠᠯᠠᠵᠤ ᠬᠠᠮᠠᠭᠠᠯᠠᠭᠰᠠᠨ ᠨᠥᠬᠦᠪᠦᠷᠢ᠂ ︽ᠠᠵᠤ ᠦᠢᠯᠡᠰ ᠢ ᠠᠮᠢ ᠠᠬᠤᠶᠢᠵᠢᠭᠤᠯᠬᠤ᠂ ᠠᠮᠢ ᠠᠬᠤᠢ ᠶᠢ ᠠᠵᠤ | ᠦᠢᠯᠡᠰᠵᠢᠭᠦᠯᠬᠦ︾ ᠵᠢᠱᠢᠶ᠎ᠡ ᠦᠵᠡᠭᠦᠯᠭᠦ ᠵᠡᠷᠭᠡ ᠶᠢ ᠳᠡᠮᠵᠢᠨ᠎ᠡ᠃ | ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ | ᠬᠠᠮᠲᠤᠷᠠᠨ ︽ᠡᠳ᠋ ᠤᠨ ᠵᠠᠰᠠᠭ ᠠᠴᠠ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠳᠡᠭᠡᠷ᠎ᠡ ᠳᠤᠷᠠᠳᠤᠭᠰᠠᠨ | ᠲᠣᠬᠢᠷᠠᠭᠤᠯᠤᠯᠲᠠ ᠶᠢ ᠲᠣᠳᠣᠷᠬᠠᠶᠢᠯᠠᠪᠠ᠃ | ᠰᠠᠨᠠᠯ ᠳᠤ ᠲᠠᠪᠤᠨ ᠬᠡᠰᠡᠭ ᠬᠤᠪᠢᠶᠠᠵᠤ᠂ ᠨᠢᠭᠡᠳᠦᠭᠡᠷ ᠬᠡᠰᠡᠭ ᠨᠢ ᠶᠡᠷᠦᠩᠬᠡᠢ ᠱᠠᠭᠠᠷᠳᠠᠯᠭ᠎ᠠ᠂ ᠬᠤᠶᠠᠳᠤᠭᠠᠷ ᠠᠴᠠ | ᠲᠠᠪᠤᠳᠤᠭᠠᠷ ᠬᠡᠰᠡᠭ ᠨᠢ ᠲᠥᠷᠥ ᠶᠢᠨ ᠪᠣᠳᠣᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠲᠣᠭᠲᠠᠭᠤᠨ | ᠪᠥᠭᠡᠳ ᠦᠷᠭᠦᠯᠵᠢᠯᠡᠬᠦ᠂ ᠪᠠᠲᠤᠯᠠᠭ᠎ᠠ ᠨᠢ ᠪᠣᠳᠠᠲᠠᠢ᠂ ᠠᠷᠭ᠎ᠠ ᠵᠠᠮ ᠨᠢ ᠣᠯᠠᠨ ᠡᠰᠢᠵᠢᠭᠰᠡᠨ ᠪᠡᠯᠡ ᠮᠥᠩᠭᠦ ᠶᠢᠨ | ᠳᠡᠮᠵᠢᠯᠭᠡ ᠪᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ | ᠬᠢᠬᠦ ᠶᠢ ᠪᠦᠭᠦ ᠬᠦᠴᠦᠨ ᠢᠶᠠᠷ ᠢᠶᠠᠨ ᠳᠡᠮᠵᠢᠬᠦ ᠪᠣᠯᠣᠨ᠎ᠠ᠃ | ᠡᠳ᠋ ᠤᠨ ᠵᠠᠰᠠᠭ ᠤᠨ ᠶᠠᠮᠤᠨ ᠤ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠣᠷᠴᠢᠨ ᠲᠣᠭᠤᠷᠢᠨ ᠤ | ᠵᠤᠷᠭᠠᠨ ᠤ ᠬᠠᠷᠢᠭᠤᠴᠠᠯᠭᠠᠲᠠᠨ᠂ ᠲᠥᠪ ᠤᠨ ᠡᠳ᠋ ᠤᠨ ᠵᠠᠰᠠᠭ ᠤᠨ ᠶᠠᠮᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ | ᠵᠠᠰᠠᠬᠤ ᠪᠠᠷ ᠭᠤᠣᠯ ᠰᠢᠪᠲᠤᠯᠬᠤ ᠴᠢᠭᠯᠡᠯ ᠪᠤᠯᠭᠠᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠢ ᠰᠠᠶᠢᠲᠤᠷ ᠬᠢᠬᠦ ᠪᠠᠷ ᠭᠤᠣᠯᠳᠠᠯᠭ᠎ᠠ ᠪᠤᠯᠭᠠᠵᠤ᠂ ᠨᠥᠭᠡᠴᠡ ᠬᠡᠮᠵᠢᠶ᠎ᠡ ᠪᠠ ᠨᠡᠮᠡᠭᠳᠡᠯ ᠤᠨ ᠪᠡᠯᠡ | ᠮᠥᠩᠭᠦ ᠶᠢ ᠨᠢᠭᠡᠳᠦᠯᠲᠡᠢ ᠲᠥᠯᠥᠪᠵᠢᠭᠦᠯᠬᠦ ᠪᠠᠷ ᠳᠠᠮᠵᠢᠭᠤᠯᠤᠨ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠨᠥᠬᠦᠪᠦᠷᠢ ᠪᠡᠯᠡ ᠮᠥᠩᠭᠦ ᠶᠢ ᠰᠢᠨ᠎ᠡ ᠪᠠᠷ ᠭᠠᠷᠭᠠᠭᠰᠠᠨ ᠪᠥᠭᠡᠳ | 2024 ᠣᠨ ᠤ ᠲᠥᠰᠥᠪ ᠲᠤ 120 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠬᠤᠶᠢᠰᠢᠳᠠ ᠶᠢᠨ ᠣᠨ ᠤ | ᠠᠵᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠴᠢᠬᠤᠯᠠᠲᠠᠢ ᠪᠠᠶᠢᠨ᠎ᠠ ᠭᠡᠵᠦ ᠲᠠᠨᠢᠯᠴᠠᠭᠤᠯᠵᠠᠢ᠃ | ᠰᠠᠨᠠᠯ ᠢ ᠦᠨᠳᠦᠰᠦᠯᠡᠪᠡᠯ᠂︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠨᠥᠬᠦᠪᠦᠷᠢ ᠪᠡᠯᠡ | ᠮᠥᠩᠭᠦ ᠪᠠᠶᠢᠭᠤᠯᠬᠤ ᠠᠴᠠ ᠭᠠᠳᠠᠨ᠎ᠠ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠡᠳ᠋ ᠤᠨ ᠵᠠᠰᠠᠭ ᠤᠨ ᠭᠤᠣᠯ ᠲᠥᠷᠥ ᠶᠢᠨ ᠪᠣᠳᠣᠯᠭ᠎ᠠ ᠳᠤ ᠪᠠᠰᠠ ᠣᠲᠣ ᠶᠢᠨ ᠪᠠᠶᠢᠭ᠎ᠠ | ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ᠂ ᠵᠠᠬ᠎ᠠ ᠳᠡᠯᠭᠡᠭᠦᠷᠴᠢᠯᠡᠭᠰᠡᠨ | ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ | ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ | ᠪᠠᠭᠲᠠᠨ᠎ᠠ᠃ |