ᠣᠶᠢᠷ᠎ᠠ ᠳᠤ᠂ ᠰᠤᠷᠪᠤᠯᠵᠢᠯᠠᠭᠴᠢ ᠥᠯᠵᠡᠶ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠵᠢᠴᠢ | ᠪᠠᠷᠠᠭᠠᠨ ᠤ ᠭᠦᠢᠯᠭᠡᠭᠡᠨ ᠤ ᠢᠵᠢ ᠪᠥᠷᠢᠳᠦᠭᠦᠯᠬᠦ ᠦᠢᠯᠡᠴᠢᠯᠡᠭᠡᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠶᠠᠭ ᠴᠠᠭ ᠨᠡᠮᠡᠵᠦ ᠠᠵᠢᠯᠯᠠᠨ ᠮᠡᠳᠡᠭᠡ ᠵᠠᠩᠭᠢᠵᠢᠯᠲᠠ ᠶᠢᠨ | ᠲᠥᠬᠦᠭᠡᠷᠦᠮᠵᠢ ᠶᠢ ᠤᠭᠰᠠᠷᠠᠬᠤ᠂ ᠲᠠᠯᠠᠪᠤᠷ ᠢ ᠲᠡᠭᠰᠢᠯᠡᠬᠦ᠂ ᠪᠣᠭᠤᠮᠲᠠ ᠶᠢ ᠵᠠᠰᠠᠨ ᠴᠢᠮᠡᠭᠯᠡᠬᠦ ᠠᠵᠢᠯ ᠢ ᠪᠠᠴᠢᠮ | ᠶᠠᠭᠠᠷᠠᠯᠲᠠᠶ ᠪᠥᠭᠡᠳ ᠡᠮᠬᠢ ᠵᠢᠷᠤᠮ ᠲᠠᠢ ᠬᠢᠵᠦ ᠪᠠᠶᠢᠬᠤ ᠶᠢ ᠣᠯᠵᠤ ᠬᠠᠷᠠᠪᠠ᠃ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭᠠᠨ ᠤ | ᠬᠠᠷᠢᠭᠤᠴᠠᠯᠭᠠᠲᠠᠨ ᠰᠠᠷᠠᠭᠤᠯ ᠤᠨ ᠲᠠᠨᠢᠯᠴᠠᠭᠤᠯᠤᠭᠰᠠᠨ ᠢᠶᠠᠷ᠂ ᠡᠨᠡ ᠵᠢᠯ ᠥᠯᠵᠡᠶ ᠬᠢᠯᠢ ᠶᠢᠨ ᠪᠣᠭᠤᠮᠲᠠ ᠬᠤᠶᠠᠷ | ᠶᠡᠭᠡ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠬᠦᠯᠵᠦ᠂ ᠲᠤᠬᠠᠶᠢᠯᠠᠪᠠᠯ ᠬᠢᠨᠠᠯᠲᠠ ᠬᠠᠮᠢᠶᠠᠷᠤᠯᠲᠠ ᠶᠢᠨ ᠣᠷᠣᠨ | ᠵᠢᠴᠢ ᠪᠠᠷᠠᠭᠠᠨ ᠤ ᠭᠦᠢᠯᠭᠡᠭᠡᠨ ᠤ ᠢᠵᠢ ᠪᠥᠷᠢᠳᠦᠭᠦᠯᠬᠦ ᠦᠢᠯᠡᠴᠢᠯᠡᠭᠡᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠪᠤᠯᠤᠨ ᠪᠣᠭᠤᠮᠲᠠ ᠪᠠᠷ ᠥᠩᠭᠡᠷᠡᠬᠦ ᠪᠠᠷᠠᠭ᠎ᠠ ᠶᠢ ᠪᠠᠶᠢᠴᠠᠭᠠᠨ ᠰᠢᠯᠭᠠᠬᠤ ᠲᠥᠬᠦᠭᠡᠷᠦᠮᠵᠢ ᠵᠢᠴᠢ ᠢᠵᠢ | ᠪᠥᠷᠢᠳᠦᠭᠦᠯᠬᠦ ᠲᠥᠷᠥᠯ ᠵᠦᠢᠯ ᠪᠤᠯᠤᠨ᠎ᠠ᠃ ᠲᠤᠰ ᠬᠤᠶᠠᠷ ᠲᠦᠷᠦᠯ ᠵᠦᠢᠯ ᠳᠤ ᠨᠡᠶᠢᠲᠡ 16.1 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠵᠤ᠂ ᠡᠨᠡ ᠵᠢᠯ 7560 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ | ᠲᠥᠯᠥᠪᠯᠡᠵᠦ ᠪᠣᠶ᠃ ᠣᠳᠣᠬᠠᠨ ᠳᠤ᠂ ᠪᠣᠭᠤᠮᠲᠠ ᠪᠠᠷ ᠦᠡᠭᠭᠡᠷᠡᠬᠦ ᠪᠠᠷᠠᠭ᠎ᠠ ᠶᠢ ᠪᠠᠶᠢᠴᠠᠭᠠᠨ ᠰᠢᠯᠭᠠᠬᠤ | ᠲᠦᠬᠦᠭᠡᠷᠦᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠤᠶᠤᠨᠲᠤ | ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠢ ᠯᠠᠪᠳᠠᠭᠤᠨ ᠢᠶᠠᠷ | ᠠᠬᠢᠭᠤᠯᠤᠨ᠂ ᠪᠣᠭᠤᠮᠲᠠ ᠶᠢᠨ ᠡᠷᠬᠢᠨ ᠲᠣᠭᠤᠷᠢᠨ ᠤ ᠰᠡᠷᠭᠡᠶᠢᠯᠡᠨ ᠬᠠᠮᠠᠭᠠᠯᠠᠵᠤ ᠬᠠᠮᠢᠶᠠᠷᠤᠨ ᠡᠵᠡᠮᠳᠡᠬᠦ | ᠲᠦᠬᠦᠭᠡᠷᠦᠮᠵᠢ ᠨᠢ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠠᠪᠤᠴᠠ ᠳᠤ ᠣᠷᠣᠵᠤ᠂ | ᠬᠤᠲᠠ ᠶᠢᠨ ᠵᠠᠮ ᠤᠨ ᠪᠣᠳᠠᠰ ᠦᠩᠭᠡᠷᠡᠬᠦᠯᠬᠦ ᠬᠤᠶᠠᠳᠤᠭᠠᠷ ᠵᠠᠮ ᠤᠨ ᠢᠨᠵᠧᠨᠧᠷᠢᠩ 6 ᠰᠠᠷ᠎ᠠ ᠳᠤ ᠠᠵᠢᠯ ᠢᠶᠠᠨ | ᠰᠡᠷᠭᠦᠭᠡᠵᠦ ᠪᠥᠲᠥᠭᠡᠨ ᠪᠠᠶᠢᠭᠤᠯᠬᠤ ᠪᠠᠷ ᠲᠦᠯᠦᠪᠯᠡᠵᠤ ᠪᠤᠢ᠃ | ᠣᠶᠢᠯᠠᠭᠠᠭᠰᠠᠨ ᠢᠶᠠᠷ᠂ ᠥᠯᠵᠡᠶ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠵᠢᠴᠢ ᠪᠠᠷᠠᠭᠠᠨ ᠤ | ᠭᠦᠢᠯᠭᠡᠭᠡᠨ ᠤ ᠢᠵᠢ ᠪᠥᠷᠢᠳᠦᠭᠦᠯᠬᠦ ᠦᠢᠯᠡᠴᠢᠯᠡᠭᠡᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠶᠡᠷᠦᠩᠬᠡᠶ ᠪᠠᠯᠠ ᠣᠷᠣᠭᠤᠯᠤᠯᠲᠠ 15 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 4.7 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠵᠢᠯ ᠳᠤ 3000 ᠲᠦᠮᠡᠨ ᠲᠥᠭᠦᠷᠢᠭ ᠤᠨ | ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠤᠨ | ᠦᠢᠯᠡᠳᠬᠦᠨ ᠤ ᠥᠷᠲᠡᠭ ᠪᠠᠷᠤᠭ 35 ᠳ᠋ᠦᠩᠰᠢᠭᠤᠷ ᠲᠥᠭᠦᠷᠢᠭ᠂ ᠠᠰᠢᠭ ᠭᠠᠶᠢᠯᠢ ᠪᠠᠷᠤᠭ 5 ᠳ᠋ᠦᠩᠰᠢᠭᠤᠷ | ᠲᠥᠭᠦᠷᠢᠭ ᠲᠤ ᠬᠦᠷᠴᠦ᠂ 2000 ᠬᠥᠮᠦᠨ ᠤ ᠠᠵᠢᠯ ᠣᠯᠭᠤᠯᠲᠠ ᠶᠢ ᠳᠠᠶᠢᠴᠢᠯᠠᠨ᠂ ᠪᠣᠭᠤᠮᠲᠠ ᠶᠢᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠥᠭᠵᠢᠯᠲᠡ ᠳᠤ ᠠᠰᠢᠭᠲᠠᠶ ᠪᠠᠶᠢᠵᠤ᠂ | ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠲᠡᠳᠡᠨ ᠣᠷᠣᠭᠤᠯᠵᠤ᠂ ᠪᠣᠭᠤᠮᠲᠠ ᠶᠢᠨ | ᠪᠠᠷᠠᠭᠠᠨ ᠤ ᠭᠦᠢᠯᠭᠡᠭᠡᠨ ᠤ ᠶᠡᠷᠦᠩᠬᠡᠶ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃ | ᠥᠯᠵᠡᠶ ᠪᠣᠭᠤᠮᠲᠠ ᠪᠠᠷ ᠥᠩᠭᠡᠷᠡᠬᠦ ᠪᠠᠶᠢᠴᠠᠭᠠᠨ ᠰᠢᠯᠭᠠᠬᠤ ᠲᠦᠬᠦᠭᠡᠷᠦᠮᠵᠢ ᠵᠢᠴᠢ ᠢᠵᠢ ᠪᠥᠷᠢᠳᠦᠭᠦᠯᠬᠦ | ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1.13 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ | 4660 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠤᠨ᠂ ᠵᠢᠯ ᠳᠤ 4560 ᠲᠦᠮᠡᠨ | ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠤᠳᠤᠬᠠᠨ ᠳᠤ 440 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠵᠢᠯ ᠤᠨ ᠲᠥᠯᠥᠪᠯᠡᠭᠡ ᠪᠠᠨ 9.8 % ᠪᠠᠷ ᠪᠡᠶᠡᠯᠡᠭᠦᠯᠪᠡ᠃ ᠲᠣᠰ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ᠂ ᠳᠤᠮᠳᠠᠳᠤ ᠮᠣᠩᠭᠤᠯ ᠤᠨ ᠥᠯᠵᠡᠶ ᠴᠠᠭᠠᠨ ᠳᠡᠯ ᠬᠢᠯᠢ ᠶᠢᠨ ᠪᠣᠭᠤᠮᠲᠠ ᠶᠢ | ᠵᠢᠩᠬᠢᠨᠢ ᠪᠠᠷ ᠨᠡᠭᠡᠭᠡᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠭᠡᠵᠦ᠂ ᠪᠣᠭᠤᠮᠲᠠ᠂ ᠬᠢᠯᠢ ᠶᠢᠨ | ᠪᠠᠶᠢᠴᠠᠭᠠᠯᠲᠠ ᠶᠢᠨ ᠨᠢᠭᠡᠴᠢ ᠶᠢᠨ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠢᠶᠠᠨ ᠴᠢᠨᠠᠷ ᠰᠠᠶᠢᠲᠠᠶ ᠥᠨᠳᠥᠷ | ᠪᠦᠲᠦᠮᠵᠢᠲᠡᠶ ᠪᠡᠶᠡᠯᠡᠬᠦᠯᠵᠤ᠂ ᠪᠣᠭᠤᠮᠲᠠ ᠶᠢᠨ ᠡᠯ᠎ᠡ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠨ | ᠰᠢᠯᠭᠠᠬᠤ ᠲᠥᠬᠦᠭᠡᠷᠦᠮᠵᠢ ᠶᠢ ᠰᠦᠯᠵᠢᠶᠡᠨ ᠳᠡᠭᠡᠷ᠎ᠡ ᠬᠤᠯᠪᠣᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ᠂ ᠲᠤᠭ᠎ᠠ ᠪᠠᠷᠢᠮᠲᠠ ᠶᠢ ᠲᠠᠰ ᠬᠤᠪᠢᠶᠠᠨ ᠬᠠᠮᠲᠤ ᠪᠠᠷ ᠡᠳ᠋ᠯᠡᠬᠦ ᠪᠠ ᠶᠡᠷᠦᠩᠬᠡᠶᠢᠯᠡᠨ ᠬᠡᠷᠡᠭᠯᠡᠬᠦ ᠶᠢ | ᠪᠦᠲᠦᠮᠵᠢᠲᠡᠶ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠂ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠶ ᠪᠤᠯᠬᠤ | ᠶᠤᠮ᠃ | ᠥᠯᠵᠡᠶ ᠬᠢᠯᠢ ᠶᠢᠨ ᠪᠣᠭᠤᠮᠲᠠ ᠶᠢ 2016 ᠣᠨ ᠳᠤ ᠡᠬᠢᠯᠡᠨ ᠪᠠᠶᠢᠭᠤᠯᠤᠭᠰᠠᠨ ᠠᠴᠠ ᠨᠠᠭᠠᠰᠢ᠂ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ 21 ᠲᠥᠷᠥᠯ ᠵᠦᠢᠯ ᠢ ᠪᠡᠶᠡᠯᠡᠬᠦᠯᠵᠤ᠂ ᠶᠡᠷᠦᠩᠬᠡᠶ ᠪᠠᠯᠠ | ᠣᠷᠣᠭᠤᠯᠤᠯᠲᠠ 26.6 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 17.6 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠤᠯᠲᠠ ᠶᠢ ᠪᠡᠶᠡᠯᠡᠭᠦᠯᠵᠡᠶ᠃ ᠣᠳᠣᠬᠠᠨ ᠳᠤ᠂ ᠪᠣᠭᠤᠮᠲᠠ ᠶᠢᠨ ᠤᠰᠤ᠂ ᠴᠠᠬᠢᠯᠭᠠᠨ᠂ ᠵᠠᠮ᠂ | ᠮᠡᠳᠡᠭᠡᠯᠡᠯ ᠵᠡᠷᠭᠡ ᠰᠠᠭᠤᠷᠢ ᠲᠥᠬᠦᠭᠡᠷᠦᠮᠵᠢ ᠪᠠ ᠬᠠᠮᠲᠤᠷᠠᠨ ᠪᠠᠶᠢᠴᠠᠭᠠᠬᠤ ᠠᠰᠠᠷ᠂ ᠬᠠᠮᠲᠤᠷᠠᠨ ᠪᠠᠶᠢᠴᠠᠭᠠᠬᠤ | ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠬᠢᠯᠢ ᠶᠢᠨ ᠪᠠᠶᠢᠴᠠᠭᠠᠯᠲᠠ ᠶᠢᠨ ᠬᠤᠸᠠᠷᠠᠨ | ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠵᠡᠷᠭᠡ ᠬᠠᠮᠲᠤᠷᠠᠨ ᠪᠠᠶᠢᠴᠠᠭᠠᠬᠤ ᠪᠣᠭᠤᠮᠲᠠ ᠪᠠᠷ ᠥᠩᠭᠡᠷᠡᠬᠦ | ᠲᠥᠬᠦᠭᠡᠷᠦᠮᠵᠢ ᠶᠢ ᠨᠢᠭᠡᠨᠲᠡ ᠪᠠᠶᠢᠭᠤᠯᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠤᠬᠰᠠᠨ ᠪᠠᠶᠢᠨ᠎ᠠ᠃ | | | |