ᠡᠵᠡᠨ᠎ᠡ ᠬᠤᠰᠢᠭᠤᠨ ᠤ ᠠᠩᠬᠠᠳᠠᠭᠴᠢ ᠰᠤᠮᠤ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/6/6
    ᠣᠶᠢᠷ᠎ᠠ ᠳᠤ ᠡᠵᠡᠨ᠎ᠡ ᠬᠤᠰᠢᠭᠤᠨ ᠤ ᠠᠩᠬᠠᠳᠠᠭᠴᠢ ᠰᠤᠮᠤ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠠᠰᠢᠭᠯᠠᠯᠲᠠ ᠳᠤ ᠣᠷᠣᠪᠠ᠃    ᠡᠵᠡᠨ᠎ᠡ ᠬᠤᠰᠢᠭᠤᠨ ᠤ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠬᠦ ᠳᠤ ᠵᠠᠭᠤ ᠰᠢᠬᠠᠮ ᠨᠠᠰᠣᠳᠠᠶᠢᠴᠣᠳ ᠨᠢᠭᠡ ᠳᠣᠣᠷ᠎ᠠ ᠴᠤᠭᠯᠠᠷᠠᠨ᠂ ᠢᠯᠢᠯᠭᠡ᠂ ᠡᠷᠡᠭᠦᠯᠵᠢᠯ ᠤᠨ ᠲᠠᠮᠢᠷ᠂ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠵᠡᠷᠭᠡ ᠦᠢᠯᠡᠴᠢᠯᠡᠭᠡ ᠶᠢ ᠬᠦᠷᠳᠡᠵᠣ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠪᠠᠶᠠᠷ ᠬᠦᠷ ᠨᠡᠮᠡᠭᠰᠡᠨ ᠪᠠᠶᠢᠯ᠎ᠠ᠃    ᠡᠵᠡᠨ᠎ᠡ ᠬᠤᠰᠢᠭᠤᠨ ᠤ ᠰᠤᠮᠤ ᠪᠠᠯᠭᠠᠰᠣᠨ ᠤ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠡᠯᠡ ᠣᠷᠣᠭᠤᠯᠤᠯᠲᠠ ᠨᠢ ᠪᠠᠷᠤᠭ 120 ᠲᠦᠮᠡᠨ ᠲᠥᠭᠦᠷᠢᠭ ᠲᠤ ᠬᠦᠷᠴᠣ᠂ ᠲᠠᠯᠠᠪᠠᠶ ᠨᠢ 880 ᠲᠡᠭᠰᠢ ᠳᠥᠷᠪᠡᠯᠵᠢᠨ  ᠮᠧᠲᠷ ᠪᠠᠶᠢᠵᠤ᠂ ᠬᠤᠭᠤᠯᠠᠨ ᠭᠡᠷ᠂ ᠠᠵᠢᠯᠯᠠᠭᠠᠨ ᠤ ᠥᠷᠥᠭᠡ᠂ ᠰᠢᠲᠠᠷ᠎ᠠ ᠶᠢᠨ ᠥᠷᠥᠭᠡ᠂ ᠨᠣᠮ ᠪᠢᠴᠢᠭ ᠤᠨ ᠥᠷᠥᠭᠡ᠂ ᠦᠵᠡᠬᠦᠯᠭᠡ ᠶᠢᠨ ᠲᠢᠩᠬᠢᠮ ᠵᠡᠷᠭᠡ ᠴᠢᠳᠠᠮᠵᠢᠲᠤ ᠣᠷᠣᠨ ᠭᠠᠷᠭᠠᠵᠤ᠂ ᠨᠠᠰᠤᠲᠠᠶᠢᠴᠤᠳ ᠲᠤ ᠲᠣᠬᠢᠷᠠᠬᠤ ᠪᠦᠷᠢᠨ ᠲᠡᠭᠦᠯᠳᠡᠷ ᠳᠦᠬᠦᠭᠡᠷᠣᠮᠵᠢ ᠲᠣᠬᠢᠷᠠᠭᠤᠯᠤᠨ᠂ 30 ᠣᠷᠣ ᠲᠣᠬᠢᠷᠠᠭᠤᠯᠵᠤ᠂ ᠨᠠᠰᠤᠲᠠᠶᠢᠴᠤᠳ ᠲᠤ ᠬᠤᠭᠤᠯᠠ ᠤᠮᠳᠠ᠂ ᠡᠮᠴᠢᠯᠡᠭᠡ᠂ ᠴᠡᠪᠡᠷᠯᠡᠭᠡ᠂ ᠪᠠᠴᠢᠮ ᠪᠠᠶᠢᠳᠠᠯ ᠢ ᠰᠶᠢᠳᠪᠤᠷᠢᠯᠡᠬᠦ᠂ ᠤᠬᠢᠶᠠᠯᠭ᠎ᠠ᠂ ᠲᠤᠰᠠᠯᠠᠬᠤ ᠵᠡᠷᠭᠡ ︽ᠵᠢᠷᠭᠤᠭ᠎ᠠ ᠶᠢ ᠲᠤᠰᠠᠯᠠᠬᠤ︾ ᠦᠢᠯᠡᠴᠢᠯᠡᠭᠡ ᠶᠢ ᠬᠠᠩᠭᠠᠵᠣ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠲᠤ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠰᠣᠶᠣᠯ ᠴᠡᠩᠭᠡᠯ ᠪᠠ ᠰᠡᠳᠭᠢᠯ ᠤᠨ ᠲᠠᠶᠢᠳᠬᠤᠷᠠᠭᠤᠯᠤᠯ ᠢ ᠨᠢᠭᠡ ᠴᠣᠭᠴᠠᠵᠢᠭᠤᠯᠤᠭᠰᠠᠨ ᠬᠠᠯᠠᠭᠤᠨ ᠳᠤᠯᠠᠭᠠᠨ ᠭᠡᠷ ᠣᠷᠣᠨ ᠢ ᠪᠠᠶᠢᠭᠤᠯᠤᠨ ᠥᠭᠴᠦ᠂ ᠨᠠᠰᠤᠲᠠᠶᠢᠴᠤᠳ ᠲᠤ ᠣᠶᠢᠷ᠎ᠠ ᠣᠷᠴᠢᠮ ᠳᠠᠬᠢ ᠨᠢᠭᠡ ᠯᠡ ᠥᠷᠲᠡᠭᠡᠨ ᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠪᠠ ᠦᠢᠯᠡᠴᠢᠯᠡᠭᠡ ᠶᠢ ᠬᠦᠷᠳᠡᠭᠡᠵᠡᠢ᠃ ︽ᠪᠢᠳᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ  ᠤ ᠲᠥᠪ  ᠲᠤ ᠰᠤᠪᠢᠯᠠᠯᠲᠠ ᠬᠢᠬᠦ  ᠶᠢᠨ ᠳᠠᠭᠠᠣ ᠳᠠᠭᠤᠤ ᠳᠠᠭᠤᠯᠠᠵᠤ ᠪᠦᠵᠢᠭᠯᠡᠨ᠂ ᠰᠡᠳᠭᠢᠯ ᠰᠠᠨᠠᠭ᠎ᠠ ᠬᠠᠩᠬᠤᠯᠣᠭᠤᠨ ᠪᠠᠶᠠᠷ ᠬᠦᠷ  ᠲᠠᠢ ᠪᠠᠶᠢᠨ᠎ᠠ᠃ ᠡ᠊ᠡᠳᠡᠬᠢ ᠦᠢᠯᠡᠴᠢᠯᠡᠭᠡ ᠨᠢ ᠪᠢᠳᠠᠨ  ᠳᠤ ᠮᠠᠰᠢ ᠳᠠᠭᠠᠯᠠᠭᠳᠠᠵᠣ ᠪᠠᠶᠢᠨ᠎ᠠ︾ ᠭᠡᠵᠦ ᠰᠠᠭᠤᠭᠠᠯᠢ ᠠᠷᠠᠳ ᠯᠦ ᠼᠦᠢ ᠴᠢᠨ ᠶᠠᠷᠢᠨ᠎ᠠ᠃    ᠬᠤᠲᠠ ᠬᠥᠳᠡᠭᠡ ᠶᠢᠨ ᠲᠡᠩᠴᠡᠭᠦᠷᠢᠲᠡᠢ᠂ ᠴᠢᠨᠠᠷ ᠰᠠᠶᠢᠲᠠᠢ ᠬᠠᠮᠲᠤ ᠪᠠᠷ ᠡᠳ᠋ᠯᠡᠬᠦ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠡᠵᠡᠨ᠎ᠡ ᠬᠤᠰᠢᠭᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠥᠭᠡᠷᠡᠴᠢᠯᠡᠬᠦ + ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠭᠡᠵᠦ᠂ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠬᠦᠯᠵᠤ ᠪᠠᠶᠢᠨ᠎ᠠ᠃    ᠰᠤᠮᠤ ᠪᠠᠯᠭᠠᠰᠤᠨ ᠤ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠᠰᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠲᠤ ᠦᠰᠦ ᠵᠠᠰᠠᠬᠤ᠂ ᠴᠢᠰᠤᠨ ᠳᠠᠷᠤᠯᠲᠠ ᠶᠢ ᠬᠡᠮᠵᠢᠬᠦ᠂ ᠴᠡᠪᠡᠷᠯᠡᠭᠡ ᠬᠢᠬᠦ ᠶᠢ ᠬᠦᠢᠴᠡᠳᠭᠡᠵᠡᠢ᠃ ᠬᠥᠳᠡᠯᠵᠦ ᠪᠠᠷᠢᠬᠤ ᠳᠤ ᠳᠥᠭᠦᠮ ᠦᠭᠡᠢ᠂ ᠭᠠᠳᠠᠭᠰᠢ ᠭᠠᠷᠬᠤ ᠳᠤ ᠬᠦᠴᠢᠷᠲᠡᠢ ᠨᠠᠰᠤᠲᠠᠶᠢᠴᠤᠳ ᠲᠤ ᠬᠥᠯ ᠤᠬᠢᠶᠠᠬᠤ᠂ ᠢᠯᠢᠵᠦ ᠨᠤᠬᠤᠯᠠᠬᠤ ᠵᠡᠷᠭᠡ ᠦᠢᠯᠡᠴᠢᠯᠡᠭᠡ ᠶᠢ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠳᠡᠭᠡᠨ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠣ ᠶᠠᠪᠣᠨ᠎ᠠ᠃    ᠡᠵᠡᠨ᠎ᠡ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠽᠥᠩ ᠵᠦ᠂ ᠡᠵᠡᠨ᠎ᠡ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠠᠬᠢᠭᠤᠯᠵᠤ᠂ ᠨᠠᠰᠤᠲᠠᠶᠢᠴᠤᠳ ᠢ ᠬᠦᠨᠳᠦᠯᠡᠬᠦ᠂ ᠬᠠᠶᠢᠷᠠᠯᠠᠬᠤ᠂ ᠲᠤᠰᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠣᠯᠠᠨ ᠲᠠᠯ᠎ᠠ ᠶᠢᠨ ᠦᠢᠯᠡᠴᠢᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠨᠭ᠍ᠭᠠᠬᠤ ᠪᠤᠯᠤᠨ᠎ᠠ ᠬᠡᠵᠤ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号