ᠬᠤᠸᠠᠩ ᠶᠠ ᠯᠢ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/6
     6 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠠᠶᠠᠨ ᠳᠠᠬᠢ ᠠᠯᠠᠱᠠ ᠶᠢᠨ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠰᠤᠳᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠸᠢ ᠬᠠᠶ ᠣᠷᠣᠯᠴᠠᠵᠠᠶ᠃
1.jpg
     ᠬᠤᠸᠠᠩ ᠶᠠ ᠯᠢ ᠨᠠᠮ ᠤᠨ ᠰᠤᠷᠭᠠᠭᠤᠯᠢ ᠶᠢᠨ ᠬᠦᠷᠢᠶᠡᠨ ᠤ ᠪᠠᠶᠢᠷᠢᠯᠠᠭᠤᠯᠤᠯᠲᠠ᠂ ᠴᠢᠳᠠᠮᠵᠢ ᠶᠢᠨ ᠲᠠᠰᠤᠭ ᠪᠠ ᠠᠵᠢᠯᠯᠠᠬᠤ ᠣᠷᠴᠢᠨ ᠲᠣᠭᠤᠷᠢᠨ ᠢ ᠪᠠᠶᠢᠴᠠᠭᠠᠨ ᠦᠵᠡᠭᠰᠡᠨ ᠪᠥᠭᠡᠳ ᠭᠤᠣᠯ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠺᠠᠳ᠋ᠷ ᠤᠨ ᠬᠥᠮᠦᠵᠢᠯ ᠪᠣᠯᠪᠠᠰᠤᠷᠠᠯ᠂ ᠰᠤᠷᠭᠠᠭᠤᠯᠢ ᠡᠷᠬᠢᠯᠡᠬᠦ ᠬᠠᠮᠢᠶᠠᠷᠤᠯᠲᠠ᠂ ᠬᠢᠴᠢᠶᠡᠯ ᠤᠨ ᠨᠡᠭᠡᠭᠡᠯᠲᠡ᠂ ᠪᠠᠭᠰᠢ ᠶᠢᠨ ᠡᠩᠨᠡᠭᠡ ᠪᠣᠯᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠰᠤᠷᠭᠠᠭᠤᠯᠢ ᠶᠢᠨ ᠪᠠᠶᠢᠭᠤᠯᠤᠯᠲᠠ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠠᠭᠰᠢ ᠶᠢ ᠬᠥᠮᠦᠵᠢᠭᠦᠯᠬᠦ ᠵᠡᠷᠭᠡ ᠲᠠᠯ᠎ᠠ ᠪᠠᠷ ᠢᠳᠡᠪᠬᠢᠲᠡᠢ ᠳᠡᠮᠵᠢᠯᠭᠡ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃
2.jpg
     ᠬᠤᠸᠠᠩ ᠶᠠ ᠯᠢ᠂ ᠨᠠᠮ ᠤᠨ ᠰᠤᠷᠭᠠᠭᠤᠯᠢ ᠪᠣᠯ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠤᠯ ᠭᠠᠵᠠᠷ ᠮᠥᠨ ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠪᠥᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠨᠠᠮ ᠤᠨ ᠰᠤᠷᠭᠠᠭᠤᠯᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠩ ᠣᠯᠠᠨ ᠪᠦᠲᠦᠮᠵᠢᠲᠡᠶ ᠰᠡᠳᠬᠢᠮᠵᠢ ᠶᠢ ᠲᠥᠯᠥᠪᠵᠢᠭᠦᠯᠵᠦ᠂ ᠨᠠᠩ ᠣᠯᠠᠨ ᠪᠣᠳᠠᠲᠠᠶ ᠶᠢ ᠡᠷᠬᠢᠮᠯᠡᠭᠰᠡᠨ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠴᠤ᠂ ᠨᠠᠮ ᠤᠨ ᠰᠤᠷᠭᠠᠭᠤᠯᠢ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ᠂ ᠨᠠᠮ ᠤᠨ ᠲᠥᠯᠥᠭᠡ ᠠᠷᠭ᠎ᠠ ᠤᠬᠠᠭᠠᠨ ᠭᠠᠷᠭᠠᠬᠤ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠡᠭᠦᠷᠭᠡᠯᠡᠬᠦ ᠬᠡᠷᠡᠭᠲᠡᠶ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠰᠤᠷᠭᠠᠭᠤᠯᠢ ᠡᠷᠬᠢᠯᠡᠬᠦ ᠵᠥᠪ ᠴᠢᠭᠯᠡᠯ ᠢ ᠪᠠᠲᠤ ᠡᠵᠡᠮᠳᠡᠵᠦ᠂ ᠰᠤᠷᠭᠠᠭᠤᠯᠢ ᠡᠷᠬᠢᠯᠡᠬᠦ ᠪᠠᠶᠢᠭᠤᠯᠣᠯ ᠤᠨ ᠥᠭᠡᠷᠡᠴᠢᠯᠡᠯᠲᠡ ᠪᠣᠯᠤᠨ ᠰᠤᠷᠭᠠᠭᠤᠯᠢ ᠡᠷᠬᠢᠯᠡᠬᠦ  ᠮᠠᠶ᠋ᠢᠭ ᠢ ᠰᠢᠨᠡᠴᠢᠯᠡᠬᠦ ᠶᠢ ᠭᠦᠨᠵᠡᠭᠡᠶᠢᠷᠡᠭᠦᠯᠵᠦ᠂ ᠬᠢᠴᠢᠶᠡᠯ ᠤᠨ ᠲᠥᠯᠥᠪᠯᠡᠭᠡ ᠶᠢ ᠰᠢᠯᠢᠳᠡᠭᠵᠢᠭᠦᠯᠵᠦ᠂ ᠵᠢᠭᠠᠨ ᠰᠤᠷᠭᠠᠯᠲᠠ ᠶᠢᠨ ᠲᠤᠬᠢᠷᠠᠭᠤᠯᠤᠯᠳᠠ ᠶᠢ ᠰᠠᠶᠢᠵᠢᠷᠠᠭᠤᠯᠵᠤ᠂ ᠪᠣᠯᠪᠠᠰᠤᠷᠠᠯ ᠬᠠᠮᠢᠶᠠᠷᠤᠯᠲᠠ ᠶᠢ ᠴᠢᠩᠭᠠᠳᠬᠠᠵᠤ᠂ ︽ᠬᠤᠤᠰ ᠪᠠᠭᠰᠢ︾ ᠶᠢᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠤᠨᠴᠠᠯᠢᠬᠳᠤ ᠰᠣᠳᠣᠨ ᠬᠢᠴᠢᠶᠡᠯ ᠢ ᠬᠦᠴᠦᠯᠡᠨ ᠨᠡᠭᠡᠭᠡᠨ ᠬᠥᠭᠵᠢᠭᠦᠯᠵᠦ᠂ ᠨᠠᠮ ᠤᠨ ᠭᠡᠰᠢᠭᠦᠨ ᠺᠠᠳ᠋ᠷ ᠤᠨ ᠦᠨᠳᠦᠰᠦᠨ ᠪᠣᠯᠪᠠᠰᠤᠷᠠᠯ ᠤᠨ ᠣᠨᠣᠪᠴᠢᠲᠤ ᠴᠢᠨᠠᠷ ᠪᠣᠯᠤᠨ ᠦᠷ᠎ᠡ ᠪᠦᠳᠦᠮᠵᠢᠳᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠤᠨᠤᠯ ᠤᠨ ᠰᠤᠳᠤᠯᠭᠠᠨ ᠳᠡᠭᠡᠷ᠎ᠡ ᠬᠦᠴᠦ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠭᠡᠷᠡᠭᠵᠢᠬᠦᠯᠬᠦ ᠲᠣᠭᠤᠷᠢᠨ ᠳᠤ ᠂ ᠤᠨᠤᠯ ᠤᠨ ᠰᠤᠳᠤᠯᠭᠠᠨ ᠪᠣᠯᠤᠨ ᠠᠷᠭᠠᠴᠠᠭᠠᠬᠤ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠠᠶᠢᠮᠠᠭ ᠤᠨ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠯᠠᠪᠯᠠᠯᠲᠠ ᠦᠨᠳᠦᠰᠦᠯᠡᠯ ᠬᠠᠩᠭᠠᠬᠤ ᠬᠡᠷᠡᠭᠲᠡᠢ᠃ ᠰᠤᠷᠭᠠᠭᠤᠯᠢ ᠶᠢ ᠴᠢᠩᠭ᠎ᠠ ᠵᠠᠰᠠᠬᠤ ᠳᠡᠭᠡᠷ᠎ᠡ ᠬᠦᠴᠦ ᠲᠠᠯᠪᠢᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠥᠮᠦᠵᠢᠯ ᠪᠠ ᠵᠢᠭᠠᠨ ᠰᠤᠷᠭᠠᠯᠲᠠ ᠶᠢᠨ ᠰᠤᠷᠲᠠᠯ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠤᠭᠴᠢᠳ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠭᠤᠤᠯ ᠴᠣᠭᠴᠠ ᠶᠢᠨ ᠠᠩᠭᠢ ᠶᠢᠨ ᠪᠢᠲᠡᠭᠦᠮᠵᠢᠯᠡᠭᠰᠡᠨ ᠮᠠᠶ᠋ᠢᠭ ᠤᠨ ᠪᠣᠯᠪᠠᠰᠤᠷᠠᠯ ᠢ ᠲᠦᠷᠬᠡᠨ ᠠᠬᠢᠭᠤᠯᠵᠤ᠂ ᠠᠵᠢᠯ ᠳᠤ ᠭᠠᠷᠬᠤ᠂ ᠬᠢᠴᠢᠶᠡᠯ ᠤᠨ ᠲᠠᠩᠬᠢᠮ᠂ ᠠᠮᠢᠳᠤᠷᠠᠯ ᠵᠡᠷᠭᠡ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠰᠤᠷᠤᠯᠴᠠᠬᠤ ᠰᠤᠷᠲᠠᠯ᠂ ᠪᠣᠷᠣᠭᠵᠢᠭᠤᠨ ᠰᠤᠷᠲᠠᠯ᠂ ᠠᠷᠢᠭᠤᠨ ᠴᠢᠬᠡᠴᠢ ᠰᠤᠷᠲᠠᠯ ᠢ ᠶᠡᠭᠡ ᠪᠠᠷ  ᠪᠣᠢ ᠪᠣᠯᠭᠠᠬᠤ ᠬᠡᠷᠡᠭᠲᠡᠶ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号