ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2024/6/6
     6 ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢᠨ ᠲᠣᠭᠤᠷᠢᠨ  ᠳᠤ ᠲᠤᠰᠬᠠᠶ ᠰᠡᠳᠦᠪ  ᠢᠶᠠᠷ ᠰᠤᠷᠤᠯᠴᠠᠨ ᠰᠤᠳᠤᠯᠤᠨ ᠶᠠᠷᠢᠯᠴᠠᠪᠠ᠃ ᠠᠶᠢᠮᠠᠭ ᠤᠨ ᠨᠠᠮ  ᠤᠨ ᠬᠤᠷᠢᠶᠠᠨ  ᠤ ᠱᠦᠵᠢ ᠬᠤᠸᠠᠩ ᠶᠠ ᠯᠢ ᠬᠤᠷᠠᠯ  ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃     ᠬᠤᠷᠠᠯ ᠳᠡᠭᠡᠷ᠎ᠡ᠂ ᠪᠠᠢ ᠬᠠᠢ ᠯᠢᠨ᠂ ᠸᠠᠩ ᠸᠧᠢ ᠳ᠋ᠦᠩ᠂ ᠯᠢᠦ ᠳ᠋ᠧ ᠼᠦᠢ᠂ ᠬᠤ᠋ ᠲᠢᠶᠠᠨ ᠰᠢᠶᠠᠩ 4 ᠨᠥᠬᠦᠷ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠠᠨᠢᠯᠲᠠ ᠪᠣᠯᠤᠨ ᠣᠶᠢᠯᠠᠭᠠᠯᠲᠠ ᠪᠠᠨ ᠰᠣᠯᠢᠯᠴᠠᠪᠠ᠃     ᠬᠤᠸᠠᠩ ᠶᠠ ᠯᠢ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠡᠭᠦᠨ ᠳᠤ ᠠᠭᠤᠯᠤᠭᠳᠠᠵᠤ ᠪᠠᠶᠢᠭ᠎ᠠ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠬᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠨᠣᠪᠴᠢᠲᠠᠶ ᠣᠶᠢᠯᠠᠭᠠᠵᠤ᠂ ᠰᠠᠬᠢᠯᠭ᠎ᠠ ᠪᠠᠲᠤ ᠶᠢ  ᠣᠬᠠᠮᠰᠠᠷᠯᠠᠨ ᠪᠠᠷᠢᠮᠵᠢᠶᠠᠯᠠᠵᠦ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠶ ᠭᠡᠪᠡ᠃     ᠬᠤᠸᠠᠩ ᠶᠠ ᠯᠢ᠂ ᠰᠠᠬᠢᠯᠭ᠎ᠠ ᠪᠠᠲᠤ ᠶᠢ ᠴᠢᠩᠳᠠᠯᠠᠬᠤ ᠪᠣᠯ ᠠᠵᠢᠯ ᠦᠢᠯᠡᠰ ᠤᠨ ᠬᠥᠭᠵᠢᠯᠲᠡ ᠶᠢᠨ ᠴᠢᠬᠤᠯᠠ ᠪᠠᠲᠤᠯᠠᠭ᠎ᠠ ᠮᠥᠨ᠂ ᠢᠮᠠᠭᠲᠠ ᠴᠢᠩᠭ᠎ᠠ ᠬᠥᠭ ᠠᠶᠠᠰ ᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠥᠪᠡᠷ ᠢ ᠪᠠᠨ ᠴᠢᠩᠭ᠎ᠠ ᠱᠠᠭᠠᠷᠳᠠᠵᠤ᠂ ᠡᠯ᠎ᠡ ᠵᠦᠢᠯ ᠤᠨ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠵᠢᠷᠤᠮᠯᠠᠵᠤ᠂ ᠴᠢᠩᠭ᠎ᠠ ᠠᠷᠭ᠎ᠠ ᠬᠡᠮᠵᠢᠶ᠎ᠡ ᠪᠠᠷ ᠬᠠᠷᠢᠶ᠎ᠠ ᠣᠷᠣᠨ ᠢᠶᠠᠨ ᠰᠠᠶᠢᠲᠤᠷ ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠵᠤ ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠵᠢᠷᠤᠮᠯᠠᠨ ᠪᠡᠶ᠎ᠡ ᠪᠠᠨ ᠵᠠᠰᠠᠵᠤ ᠠᠵᠢᠯ ᠬᠢᠵᠦ᠂ ᠲᠦᠷᠢᠮ ᠲᠣᠭᠲᠠᠭᠠᠯ ᠢ ᠴᠢᠩᠭ᠎ᠠ ᠵᠢᠷᠤᠮᠯᠠᠬᠤ ᠤᠷᠢᠲᠠᠯ ᠳᠤᠤᠷ᠎ᠠ ᠰᠠᠨᠠᠭ᠎ᠠ ᠠᠮᠤᠷ ᠠᠵᠢᠯᠯᠠᠵᠤ᠂ ᠵᠣᠷᠢᠭᠲᠠᠶ ᠪᠠᠷ ᠠᠵᠢᠯ ᠬᠢᠵᠦ᠂ ᠠᠵᠢᠯ ᠢᠶᠠᠨ ᠠᠬᠢᠭᠤᠯᠬᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠶ᠃ ᠰᠠᠬᠢᠯᠭ᠎ᠠ ᠪᠠᠲᠤ ᠶᠢᠨ ᠠᠮᠢᠵᠢᠷᠠᠯ ᠤᠨ ᠬᠦᠴᠦᠨ ᠪᠣᠯ ᠬᠡᠷᠡᠭᠵᠢᠭᠦᠯᠬᠦ ᠳᠤ ᠪᠤᠢ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠡᠯ᠎ᠡ ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠩ ᠤᠨ ᠴᠠᠭ ᠲᠤ ᠬᠦᠴᠦ ᠣᠷᠣᠭᠤᠯᠵᠤ᠂ ᠡᠳᠦᠷ ᠲᠤᠳᠤᠮ ᠤᠨ ᠠᠵᠢᠯ ᠲᠠᠢ ᠪᠠᠨ ᠣᠶᠠᠯᠳᠣᠭᠤᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠮᠴᠢ ᠴᠢᠨᠠᠷ ᠤᠨ ᠬᠥᠮᠦᠵᠢᠯ᠂ ᠡᠳᠦᠷ ᠲᠤᠳᠤᠮ ᠤᠨ ᠬᠠᠮᠢᠶᠠᠷᠤᠯᠲᠠ᠂ ᠰᠡᠳᠬᠢᠯ ᠤᠨ ᠦᠭᠡ ᠪᠠᠨ ᠶᠠᠷᠢᠯᠴᠠᠬᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠵᠡᠷᠭᠡ ᠲᠠᠢ  ᠣᠶᠠᠯᠳᠣᠭᠤᠯᠬᠤ ᠶᠢ ᠠᠬᠢᠭᠤᠯᠵᠤ᠂ ᠪᠢᠰᠢᠷᠡᠨ ᠵᠢᠷᠦᠬᠡᠰᠢᠶᠡᠬᠦ᠂ ᠬᠤᠷᠢᠭ᠎ᠠ ᠴᠡᠭᠡᠷ ᠲᠠᠢ ᠪᠠᠶᠢᠬᠤ ᠶᠢ ᠦᠨᠡᠨᠬᠦ ᠡᠳᠦᠷ ᠲᠤᠳᠤᠮ ᠤᠨ ᠤᠬᠠᠮᠰᠠᠷ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠪᠡ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号