ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠠᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠥ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/6/6
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ 6 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠠᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠥᠪᠥᠷ ᠮᠣᠩᠭᠤᠯ ᠤᠨ ᠮᠦᠽᠧᠢ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠤᠨ ᠦᠭᠡᠰ ᠢ  ᠳᠠᠬᠢᠨᠲᠠ ᠡᠷᠭᠢᠴᠡᠭᠦᠯᠪᠡ᠃    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠭᠡ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾  ᠢ ᠰᠤᠷᠤᠯᠴᠠᠨ ᠤᠬᠠᠭᠤᠯᠬᠤ ᠪᠠᠷ ᠭᠤᠣᠯ ᠰᠡᠳᠦᠪ ᠪᠤᠯᠭᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ  ᠦᠵᠡᠯ ᠰᠠᠨᠠᠭᠠᠨ ᠤ ᠲᠠᠯ᠎ᠠ ᠪᠠᠷ ᠤᠭ ᠦᠨᠳᠦᠰᠦ ᠠᠴᠠ ᠨᠢ ᠴᠡᠭᠴᠡᠯᠡᠨ ᠵᠠᠰᠠᠵᠤ᠂ ᠤᠭ ᠦᠨᠳᠦᠰᠦ ᠶᠢ ᠨᠢ ᠪᠠᠬᠢᠵᠢᠭᠦᠯᠦᠨ ᠬᠥᠮᠥᠵᠢᠭᠦᠯᠵᠦ᠂ ᠵᠥᠪ ᠤᠨᠤᠪᠴᠢᠳᠠᠢ ᠡᠷᠬᠡ ᠶᠢᠨ ᠦᠵᠡᠯᠲᠡ᠂ ᠪᠠᠶᠢᠷᠢ ᠰᠠᠭᠤᠷᠢ ᠶᠢᠨ ᠦᠵᠡᠯᠲᠡ᠂ ᠠᠰᠢᠭ ᠲᠤᠰᠠ ᠶᠢᠨ ᠦᠵᠡᠯᠲᠡ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠬᠢᠵᠦ ᠦᠢᠯᠡᠰ ᠪᠣᠰᠬᠠᠵᠤ᠂ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠡᠪᠦᠷᠯᠡᠨ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠡᠳᠦᠷ ᠲᠤᠲᠤᠮ ᠤᠨ ᠤᠬᠠᠮᠰᠠᠷ ᠢᠶᠠᠨ ᠪᠣᠯᠭᠠᠪᠠ᠃ ᠦᠵᠡᠭᠦᠯᠭᠡ ᠨᠢ ︽ᠰᠣᠩᠭᠤᠳᠠᠭ ᠠᠴᠠ ︿ᠰᠠᠬᠢᠯᠭ᠎ᠠ ᠪᠠᠲᠤ﹀ ᠶᠢ ᠣᠶᠢᠯᠠᠭᠠᠬᠤ ᠡᠷᠲᠡᠨ ᠤ ᠬᠢ ᠪᠠᠷ ᠡᠳᠦᠭᠡ ᠳᠤ ᠲᠣᠯᠢ ᠪᠤᠯᠭᠠᠬᠤ︾᠂ ︽ᠵᠠᠭᠤᠨ ᠵᠢᠯ ᠤᠨ ᠲᠣᠮᠣ ᠨᠠᠮ ᠲᠡᠮᠦᠷ ᠮᠡᠲᠦ ᠬᠠᠲᠠᠭᠤ ᠴᠢᠩᠭ᠎ᠠ ᠰᠠᠬᠢᠯᠭ᠎ᠠ ᠪᠠᠲᠤ ᠪᠠᠷ ᠠᠶᠠᠯᠠᠯ ᠢᠶᠠᠨ ᠬᠠᠮᠠᠭᠠᠯᠠᠬᠤ︾᠂ ︽ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ ︿ᠳᠦᠷᠢᠮ﹀ ᠳᠤ ᠵᠠᠰᠠᠪᠤᠷᠢ ᠤᠷᠤᠭᠤᠯᠬᠤ︾᠂ ︽ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ︾᠂ ︽ᠬᠥᠮᠥᠨ ᠤ ᠠᠮᠢᠳᠤᠷᠠᠯ ᠤᠨ ᠭᠤᠨᠢᠭᠲᠤ ᠵᠦᠴᠦᠭᠡ ᠥᠨᠢ ᠡᠭᠦᠷᠢᠳᠡ ᠶᠢᠨ ᠭᠡᠮᠰᠢᠯ︾᠂︽ᠠᠷᠠᠳ ᠤᠨ ᠠᠯᠪᠠᠨ ᠵᠠᠷᠤᠴᠠ ᠨᠠᠮ ᠤᠨ ᠭᠡᠰᠢᠭᠦᠨ ᠤ ᠵᠢᠱᠢᠶᠡᠴᠢ︾᠂︽ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠵᠤ ᠵᠣᠷᠢᠭᠲᠠᠢ ᠪᠠᠷ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠬᠡᠬᠦ︾ ᠵᠡᠷᠭᠡ ᠲᠤᠯᠤᠭᠠᠨ ᠬᠡᠰᠡᠭ ᠢᠶᠠᠷ ᠪᠦᠷᠢᠯᠳᠦᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠲᠠᠪᠴᠠᠩ ᠪᠣᠯᠣᠨ᠎ᠠ᠃ ᠰᠦᠨ ᠱᠤᠤ ᠴᠧᠩ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠡᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠡᠯ᠎ᠡ ᠦᠵᠡᠭᠦᠯᠭᠡ ᠶᠢᠨ ᠲᠣᠭᠤᠷᠢᠭ ᠢ ᠨᠢᠭᠡᠳ ᠨᠢᠭᠡ ᠪᠠᠷ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠶᠠᠷᠢᠬᠤ ᠶᠢ ᠨᠠᠷᠢᠨ ᠬᠢᠨᠠᠮᠠᠭᠠᠢ ᠰᠣᠨᠣᠰᠬᠤ ᠶᠢᠨ ᠳᠠᠭᠠᠤ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠦᠵᠡᠵᠦ᠂ ᠪᠠᠶᠢᠨ ᠪᠠᠶᠢᠨ ᠵᠣᠭᠰᠣᠵᠤ ᠲᠤᠩᠭᠠᠨ ᠰᠡᠳᠬᠢᠵᠦ  ᠪᠠᠶᠢᠯ᠎ᠠ᠃    ᠦᠨᠡᠨ ᠪᠣᠳᠠᠲᠠᠢ ᠠᠮᠢᠳᠤ ᠬᠡᠷᠡᠭ ᠤᠨ ᠵᠢᠱᠢᠶ᠎ᠡ ᠨᠢᠭᠡ ᠪᠦᠷᠢ᠂ ᠬᠥᠮᠥᠰ ᠢ ᠰᠣᠴᠢᠭᠠᠮ᠎ᠠ ᠲᠤᠭ᠎ᠠ ᠪᠠᠷᠢᠮᠲᠠ ᠨᠢᠭᠡ ᠪᠦᠷᠢ᠂ ᠬᠠᠷᠠᠮᠰᠠᠨ ᠲᠣᠭᠠᠴᠢᠭᠰᠠᠨ ᠭᠡᠮᠰᠢᠯ ᠨᠢᠭᠡ ᠪᠦᠷᠢ᠂ ᠲᠤᠰ ᠤᠳᠠᠭ᠎ᠠ ᠶᠢᠨ ᠦᠵᠡᠭᠦᠯᠭᠡ ᠨᠢ ᠨᠢᠭᠡᠨ ᠠᠮᠢᠳᠤᠯᠢᠭ ᠪᠣᠳᠠᠲᠠᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠢᠴᠢᠶᠡᠯ ᠪᠣᠯᠪᠠ᠃ ᠤᠯᠠᠨ ᠢᠶᠠᠷ ᠢᠶᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ ᠪᠣᠯᠣᠨ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠦᠨᠡᠨ ᠬᠦ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃    ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠡᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠬᠠᠮᠲᠤ ᠪᠠᠷ ᠲᠠᠩᠭᠠᠷᠢᠭᠯᠠᠬᠤ ᠶᠡᠭᠡ ᠲᠢᠩᠬᠢᠮ ᠳᠤ ᠠᠯᠬᠤᠨ ᠣᠷᠣᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠯ ᠤᠯᠠᠭᠠᠨ ᠲᠤᠭ ᠤᠨ ᠡᠮᠦᠨ᠎ᠡ᠂ ᠰᠦᠨ ᠱᠤᠤ ᠴᠧᠩ ᠲᠥᠪ ᠬᠢᠴᠢᠶᠡᠩᠭᠦᠢ ᠪᠠᠷ ᠪᠠᠷᠠᠭᠤᠨ ᠨᠢᠳᠤᠷᠭ᠎ᠠ ᠪᠠᠨ ᠡᠷᠭᠦᠵᠦ᠂ ᠤᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨᠲᠠ ᠡᠷᠭᠢᠴᠡᠭᠦᠯᠵᠦ᠂ ᠲᠥᠪ ᠴᠢᠩᠭ᠎ᠠ ᠲᠠᠩᠭᠠᠷᠢᠭᠯᠠᠬᠤ ᠲᠠᠭᠤᠨ ᠤᠳᠠᠲᠠᠯ᠎ᠠ ᠴᠤᠤᠷᠢᠶᠠᠲᠤᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠲᠡᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号