ᠣᠨᠳᠣᠷᠣᠯᠳᠣ ᠪᠠᠯᠭᠠᠰᠣᠨ ᠳᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠣᠷᠠᠯ ᠢ ᠶᠠᠪᠣᠭᠳᠠᠭᠤᠯᠵᠡᠢ
ᠨᠡᠶᠢᠲᠡᠯᠡᠭᠰᠡᠨ ᠴᠠᠭ᠄
2024/6/7
    ᠣᠶᠢᠷ᠎ᠠ ᠶᠢᠨ ᠡᠳᠣᠷ᠂ ᠠᠯᠠᠱᠠ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠣᠷᠠᠯ ᠢ ᠣᠨᠳᠣᠷᠣᠯᠳᠣ ᠪᠠᠯᠭᠠᠰᠣᠨ ᠳᠤ ᠡᠷᠬᠢᠯᠡᠯ᠎ᠡ᠃ ᠳᠣᠰ ᠪᠣᠯᠪᠠᠰᠣᠷᠠᠯ ᠨᠢ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠬᠥᠳᠡᠯᠮᠦᠷᠢ ᠶᠢᠨ ᠮᠡᠷᠭᠡᠵᠢᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠣᠨ᠂ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠬᠤ ᠶᠢᠨ ᠲᠥᠯᠥᠭᠡ ᠮᠡᠷᠭᠡᠵᠢᠯ ᠴᠢᠳᠠᠪᠣᠷᠢ ᠵᠢᠭᠠᠵᠣ᠂ ᠡᠬᠦᠨ ᠤ ᠬᠠᠮᠳᠣ ᠦᠢᠯᠡᠳᠪᠦᠷᠢᠯᠡᠯ ᠢ ᠬᠥᠭᠵᠢᠭᠦᠯᠵᠦ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠵᠣᠷᠢᠯᠭ᠎ᠠ ᠲᠠᠢ ᠶᠤᠮ᠃ᠪᠣᠯᠪᠠᠰᠣᠷᠠᠯ ᠳᠤ ᠠᠯᠠᠱᠠ ᠵᠡᠭᠦᠨ ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠲᠦᠭᠡᠮᠡᠯᠵᠢᠬᠦᠯᠬᠦ ᠲᠥᠪ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠤᠳᠤᠯᠭᠠᠲᠠᠨ ᠶᠤᠸᠠᠨ ᠶᠦᠩ ᠨᠢᠶᠠᠨ ᠢ ᠤᠷᠢᠵᠤ ᠬᠢᠴᠢᠶᠡᠯᠯᠡᠨ᠂ ᠠᠵᠢᠯ ᠣᠯᠬᠤ ᠨᠠᠰᠤᠨ ᠤ 21 ᠵᠡᠮᠳᠡᠭ ᠬᠥᠮᠥᠨ ᠪᠣᠯᠣᠨ ᠵᠡᠮᠳᠡᠭᠴᠦᠳ ᠤᠨ ᠲᠦᠷᠦᠯ ᠰᠠᠳᠤᠨ ᠳᠤ ᠪᠣᠯᠪᠠᠰᠤᠷᠠᠯ ᠬᠦᠷᠳᠡᠭᠡᠵᠡᠢ᠃    ᠲᠤᠰ ᠤᠳᠠᠭᠠᠨ ᠤ ᠪᠣᠯᠪᠠᠰᠤᠷᠠᠯ ᠤᠨ ᠭᠤᠣᠯ ᠰᠡᠳᠦᠪ ᠪᠣᠯ ᠡᠷᠳᠡᠨᠢ ᠰᠢᠰᠢ ᠶᠢᠨ ᠦᠢᠯᠡᠳᠪᠦᠷᠢᠯᠡᠯ ᠤᠨ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠬᠡᠮᠵᠢᠶ᠎ᠡ᠂ ᠡᠷᠳᠡᠨᠢ ᠰᠢᠰᠢ ᠶᠢᠨ ᠬᠥᠭᠵᠢᠯᠲᠡ ᠶᠢᠨ ᠴᠢᠭᠯᠡᠯ ᠪᠠᠶᠢᠵᠣ᠂ ᠬᠢᠴᠢᠶᠡᠯᠯᠡᠬᠦ ᠪᠠᠭᠰᠢ ᠠᠴᠠ ᠡᠷᠳᠡᠨᠢ ᠰᠢᠰᠢ ᠶᠢᠨ ᠲᠦᠷᠦᠯ ᠵᠦᠢᠯ ᠢ ᠰᠣᠩᠭᠤᠬᠤ᠂ ᠦᠢᠯᠡᠳᠪᠦᠷᠢᠯᠡᠯ ᠬᠠᠮᠢᠶᠠᠷᠤᠯᠲᠠ ᠶᠢᠨ ᠮᠡᠷᠭᠡᠵᠢᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠵᠡᠷᠭᠡ ᠤᠯᠠᠨ ᠲᠠᠯ᠎ᠠ ᠶᠢᠨ ᠬᠠᠮᠢᠶ᠎ᠠ ᠪᠦᠬᠦᠢ ᠮᠡᠳᠡᠯᠭᠡ ᠶᠢ ᠳᠥᠭᠦᠮ ᠣᠶᠢᠯᠠᠭᠠᠮᠵᠢᠲᠠᠢ ᠵᠢᠭᠠᠵᠣ ᠲᠠᠶᠢᠯᠪᠤᠷᠢᠯᠠᠬᠤ ᠶᠢᠨ ᠬᠠᠮᠲᠤ ᠵᠡᠮᠳᠡᠭᠴᠦᠳ ᠪᠣᠯᠣᠨ ᠵᠡᠮᠳᠡᠭᠴᠦᠳ ᠤᠨ ᠲᠦᠷᠦᠯ ᠰᠠᠳᠤᠨ ᠳᠤ ᠳᠠᠷᠢᠵᠤ ᠲᠡᠵᠢᠭᠡᠨ ᠦᠷᠡᠵᠢᠭᠦᠯᠬᠦ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠳᠤ ᠬᠠᠷᠢᠭᠤᠯᠲᠠ ᠥᠭᠴᠦ᠂ ᠵᠡᠮᠳᠡᠭᠴᠦᠳ ᠤᠨ ᠳᠠᠷᠢᠵᠤ ᠲᠡᠵᠢᠭᠡᠨ ᠦᠷᠡᠵᠢᠭᠦᠯᠬᠦ ᠤᠷ᠎ᠠ ᠴᠢᠳᠠᠪᠤᠷᠢ ᠶᠢ ᠦᠨᠡᠨ ᠬᠦ ᠪᠠᠶᠠᠯᠢᠭᠵᠢᠭᠤᠯᠤᠨ ᠳᠡᠭᠡᠭᠰᠢᠯᠡᠭᠦᠯᠵᠡᠢ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠠᠯᠠᠱᠠ ᠵᠡᠭᠦᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠢ ᠨᠡᠩ ᠰᠠᠶᠢᠲᠤᠷ ᠬᠠᠯᠠᠮᠵᠢᠯᠠᠨ ᠲᠡᠳᠬᠦᠬᠦ ᠶᠢᠨ ᠲᠥᠯᠥᠭᠡ᠂ ᠪᠣᠯᠪᠠᠰᠤᠷᠠᠯ  ᠳᠤ ᠣᠷᠣᠯᠴᠠᠭᠰᠠᠨ ᠵᠡᠮᠳᠡᠭᠴᠦᠳ ᠪᠣᠯᠣᠨ ᠵᠡᠮᠳᠡᠭᠴᠦᠳ  ᠤᠨ ᠲᠦᠷᠦᠯ ᠰᠠᠳᠤᠨ  ᠳᠤ ᠬᠢᠮᠢ ᠶᠢᠨ ᠪᠣᠷᠳᠣᠭᠤᠷ ᠪᠣᠯᠣᠨ ᠡᠪᠡᠰᠦ ᠪᠣᠷᠳᠤᠭ᠎ᠠ ᠲᠦᠭᠡᠭᠡᠪᠡ᠃    ᠲᠣᠰ ᠤᠳᠠᠭᠠᠨ ᠤ ᠪᠣᠯᠪᠠᠰᠣᠷᠠᠯ ᠢᠶᠠᠷ ᠳᠠᠮᠵᠢᠨ ᠵᠡᠮᠳᠡᠭᠴᠦᠳ ᠲᠤ ᠳᠠᠷᠢᠵᠤ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠡᠷᠭᠢᠯᠡᠬᠦ ᠳᠤ ᠵᠠᠪᠠᠯ ᠱᠠᠭᠠᠷᠳᠠᠭᠳᠠᠬᠤ ᠲᠤᠰᠬᠠᠢ ᠮᠡᠷᠭᠡᠵᠢᠯ ᠤᠨ ᠮᠡᠳᠡᠯᠭᠡ ᠪᠠ ᠦᠨᠳᠦᠰᠦᠨ ᠮᠡᠷᠭᠡᠵᠢᠯ ᠴᠢᠳᠠᠪᠤᠷᠢ ᠶᠢ ᠡᠵᠡᠮᠰᠢᠭᠦᠯᠵᠦ᠂ ᠵᠡᠮᠳᠡᠭᠴᠦᠳ ᠤᠨ ᠥᠪᠡᠷ ᠢ ᠪᠠᠨ ᠬᠥᠭᠵᠢᠭᠦᠯᠬᠦ ᠪᠠ ᠣᠷᠣᠯᠭ᠎ᠠ ᠪᠠᠨ ᠨᠡᠮᠡᠭᠳᠡᠭᠦᠯᠬᠦ ᠴᠢᠳᠠᠪᠤᠷᠢ ᠶᠢ ᠦᠨᠡᠨ ᠬᠦ ᠳᠡᠭᠡᠭᠰᠢᠯᠡᠬᠦᠯᠵᠡᠢ᠃ ᠳᠠᠷᠠᠭᠠᠴᠢ ᠶᠢᠨ ᠠᠯᠬᠤᠮ ᠳᠤ᠂ ᠣᠨᠳᠣᠷᠣᠯᠳᠣ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠵᠡᠮᠳᠡᠭᠴᠦᠳ ᠤᠨ ᠪᠣᠯᠪᠠᠰᠤᠷᠠᠯ ᠤᠨ ᠳᠠᠷᠠᠭᠠᠬᠢ ᠦᠢᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠵᠡᠮᠳᠡᠭᠴᠦᠳ ᠤᠨ ᠰᠤᠷᠤᠭᠰᠠᠨ ᠢᠶᠠᠨ ᠬᠡᠷᠡᠭᠯᠡᠬᠦ ᠶᠢ ᠪᠠᠲᠤᠯᠠᠵᠤ᠂ ᠤᠨᠤᠯ ᠤᠨ ᠮᠡᠳᠡᠯᠭᠡ ᠶᠢ ᠦᠢᠯᠡᠳᠦᠯᠭᠡ ᠳᠤ ᠭᠡᠷᠡᠭᠯᠡᠨ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠬᠦᠯᠬᠦ ᠪᠠᠷ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号