ᠠᠯᠠᠱᠠ ᠪᠠᠷᠠᠭᠤᠨ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠣᠬᠠᠭᠤᠯᠭ᠎ᠠ ᠰᠤᠷᠲᠠᠯᠴᠢᠯᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠦᠷᠨᠢᠬᠦᠯᠤᠯ᠎ᠡ
ᠨᠡᠶᠢᠲᠡᠯᠡᠭᠰᠡᠨ ᠴᠠᠭ᠄
2024/6/7
    ᠣᠶᠢᠷ᠎ᠠ ᠶᠢᠨ ᠡᠳᠦᠷ᠂ ᠠᠯᠠᠱᠠ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠤᠰᠢᠭᠤᠨ ᠤ ᠨᠢᠭᠡᠳᠦᠭᠡᠷ ᠬᠡᠦᠬᠡᠳ ᠤᠨ ᠴᠡᠴᠡᠷᠯᠢᠭ ᠲᠤ ᠬᠦᠷᠴᠦ᠂ ︽ᠠᠨᠠᠷ ᠤᠨ ᠴᠡᠴᠡᠭ ᠡᠯᠡᠰᠦᠨ ᠳᠤ ᠳᠡᠯᠭᠡᠷᠡᠨ ᠳᠡᠮᠡᠭᠡᠳᠣ ᠨᠣᠳᠤᠭ ᠢ ᠴᠡᠴᠡᠭᠯᠡᠬᠦᠯᠦᠨ᠎ᠡ︾ ᠭᠡᠬᠦ ᠭᠤᠣᠯ ᠰᠡᠳᠦᠪ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠲᠠᠪᠤ ᠶᠢ ᠮᠡᠳᠡᠷᠡᠬᠦ︾ ᠶᠢᠨ ᠲᠤᠬᠠᠢ ᠭᠦᠨᠵᠡᠭᠡᠢ ᠣᠶᠢᠯᠠᠭᠠᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠲᠥᠯᠥᠭᠡ᠂ ︽ᠭᠠᠷ ᠭᠠᠷ ᠢᠶᠠᠨ ᠬᠤᠯᠪᠣᠯᠴᠠᠨ︾ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠬᠦᠷᠢᠶᠡᠨ ᠠᠴᠠ ᠭᠡᠷ ᠪᠦᠯᠢ ᠳᠤ ᠣᠷᠣᠭᠤᠯᠬᠤ ᠶᠢ ᠠᠬᠢᠭᠤᠯᠬᠤ ᠬᠡᠪ ᠤᠨ ᠲᠣᠭᠲᠠᠴᠠ ᠶᠢ ᠪᠣᠶ ᠪᠣᠯᠭᠠᠬᠤ ᠶᠢ ᠵᠣᠷᠢᠵᠡᠢ᠃    ᠠᠵᠢᠯᠯᠠᠭ᠎ᠠ ᠳᠤ᠂ ᠪᠠᠭᠰᠢ ᠠᠴᠠ ᠪᠢᠴᠢᠬᠠᠨ ᠭᠡᠣᠭᠡᠳ ᠲᠤ ᠤᠯᠤᠰ ᠤᠨ ᠨᠡᠷ᠎ᠡ ᠠᠴᠠ ᠡᠬᠢᠯᠡᠨ ᠵᠢᠭᠠᠵᠣ᠂ ᠡᠬᠡ ᠤᠯᠤᠰ ᠢᠶᠠᠨ ᠳᠠᠨᠢᠯᠴᠠᠭᠤᠯᠣᠨ ᠠᠯᠠᠱᠠ ᠨᠣᠳᠤᠭ ᠢ ᠣᠶᠢᠯᠠᠭᠠᠭᠤᠯᠵᠣ᠂ ᠭᠡᠣᠭᠡᠳ ᠤᠨ ᠦᠨᠳᠦᠰᠦᠲᠡᠨ ᠤ ᠰᠣᠶᠣᠯ ᠮᠡᠳᠡᠯᠭᠡ᠂ ᠵᠠᠩ ᠳᠠᠳᠬᠠᠯ᠂ ᠬᠤᠪᠴᠠᠰᠤ ᠵᠠᠰᠠᠯ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠬᠥᠲᠥᠯᠥᠨ ᠵᠢᠯᠤᠭᠤᠳᠬᠤ ᠪᠠᠷ ᠳᠠᠮᠵᠢᠭᠤᠯᠤᠨ᠂ ᠬᠡᠦᠬᠡᠳ ᠤᠳ ᠤᠨ ᠡᠬᠡ ᠤᠯᠤᠰ ᠤᠨ ᠢᠶᠠᠨ ᠲᠤᠬᠠᠢ ᠲᠠᠨᠢᠯᠲᠠ ᠶᠢ ᠴᠢᠩᠭᠠᠳᠬᠠᠵᠤ᠂ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ ᠮᠡᠳᠡᠷᠡᠮᠵᠢ︾ ᠵᠡᠷᠭᠡ ᠣᠶᠢᠯᠠᠭᠠᠭᠳᠠᠬᠤᠨ ᠢ ᠰᠡᠳᠭᠢᠯ ᠳᠤᠨᠢ ᠭᠦᠨ ᠬᠠᠳᠠᠩᠰᠢᠭᠤᠯᠵᠤ᠂ ᠬᠡᠦᠬᠡᠳ ᠤᠳ ᠤᠨ ᠡᠬᠡ ᠤᠯᠤᠰ ᠢᠶᠠᠨ ᠬᠠᠶᠢᠷᠠᠯᠠᠬᠤ᠂ ᠳᠤᠮᠳᠠᠳᠤ ᠶᠢᠨ ᠦᠨᠳᠦᠰᠦᠲᠡᠨ ᠤ ᠰᠣᠶᠣᠯ ᠢᠶᠠᠨ ᠬᠠᠶᠢᠷᠠᠯᠠᠬᠤ ᠰᠡᠳᠭᠢᠯᠭᠡ ᠶᠢ ᠤᠯᠠᠮ ᠨᠢᠭᠡ ᠠᠯᠬᠤᠮ ᠨᠡᠮᠡᠭᠳᠡᠬᠦᠯᠵᠡᠢ᠃ ᠠᠯᠠᠱᠠ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠯᠢ ᠰᠢᠶᠣᠣ ᠶᠠ᠄ ︽ᠭᠡᠣᠭᠡᠳ ᠢᠶᠠᠷ ᠣᠶᠢᠯᠠᠭᠠᠯᠳᠠ ᠳᠦᠷᠦᠭᠳᠡᠯ ᠢ ᠨᠢ ᠶᠠᠷᠢᠭᠤᠯᠵᠣ᠂ ᠲᠡᠦᠬᠡ ᠶᠢ ᠣᠶᠢᠯᠠᠭᠠᠭᠤᠯᠣᠨ᠂ ᠬᠠᠶᠢᠷ᠎ᠠ ᠪᠠ ᠪᠦᠯᠬᠦᠮᠳᠡᠯ ᠤᠨ ᠬᠦᠴᠦᠨ ᠢ ᠮᠡᠳᠡᠷᠡᠭᠦᠯᠬᠦ ᠪᠠᠷ ᠳᠠᠮᠵᠢᠭᠤᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠨ᠂ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠲᠤᠬᠠᠢ ᠲᠠᠨᠢᠯᠲᠠ ᠪᠠ ᠣᠶᠢᠯᠠᠭᠠᠯᠲᠠ ᠶᠢ ᠤᠯᠠᠮ ᠴᠢᠩᠭᠠᠳᠬᠠᠵᠡᠢ︾ ᠭᠡᠪᠡ᠃    ᠡᠬᠦᠨ ᠤ ᠳᠠᠭᠠᠣ ᠤᠯᠠᠨ ᠢᠶᠠᠷ ᠢᠶᠠᠨ ᠲᠣᠮᠣ ᠬᠡᠯᠪᠡᠷᠢ ᠶᠢᠨ ᠬᠡᠦᠬᠡᠳ ᠤᠨ ᠲᠠᠶᠢᠰᠠᠨ ᠤ ᠵᠦᠴᠦᠭᠡ ︽ᠤᠯᠤᠰ ᠤᠨ ᠬᠡᠦᠬᠡᠳ︾ ᠢ ᠰᠣᠨᠢᠷᠬᠠᠵᠣ᠂ ᠵᠦᠴᠦᠭᠡ ᠳᠤ ᠢᠯᠡᠷᠡᠭᠰᠡᠨ ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠠᠰᠠᠷᠠᠭᠳᠠᠭᠰᠠᠨ ᠦᠯᠢᠭᠡᠷ ᠤᠳ ᠨᠢ ᠥᠪᠥᠷ ᠮᠣᠩᠭᠤᠯ ᠤᠨ ᠠᠷᠠᠳ ᠲᠦᠮᠡᠨ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠦᠨᠳᠦᠰᠦᠲᠡᠨ ᠨᠦᠭᠦᠳ ᠤᠨ ᠠᠬ᠎ᠠ ᠳᠡᠭᠦᠦ ᠨᠠᠷ ᠤᠨ ᠬᠠᠷᠢᠯᠴᠠᠨ ᠬᠠᠪᠰᠤᠷᠤᠯᠴᠠᠬᠤ ᠦᠨᠳᠦᠰᠦᠲᠡᠨ ᠤ ᠶᠡᠭᠡ ᠶᠣᠰᠣ ᠶᠢ ᠦᠢᠯᠡᠳᠦᠯᠭᠡᠵᠢᠭᠦᠯᠵᠦ᠂ ᠦᠨᠳᠦᠰᠦᠲᠡᠨ ᠨᠦᠭᠦᠳ ᠰᠠᠬᠢᠨ ᠪᠠᠷᠠᠯᠠᠵᠦ ᠬᠠᠷᠢᠯᠴᠠᠨ ᠬᠠᠪᠰᠣᠷᠣᠯᠴᠠᠨ ᠨᠢᠭᠲᠠᠷᠠᠨ ᠪᠦᠯᠬᠦᠮᠳᠡᠬᠦ ᠳᠤ ᠯᠡ ᠬᠦᠷᠪᠡᠯ ᠳᠠᠪᠠᠵᠤ ᠳᠡᠶᠢᠯᠦᠰᠢ ᠦᠭᠡᠢ ᠬᠦᠴᠢᠷ ᠪᠡᠷᠬᠡᠰᠢᠶᠡᠯ ᠪᠠᠶᠢᠬᠤ ᠦᠭᠡᠢ ᠭᠡᠳᠡᠭ ᠢ ᠳᠠᠶᠢᠯᠪᠣᠷᠢᠯᠠᠵᠣ ᠣᠶᠢᠯᠠᠭᠠᠭᠤᠯᠣᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号