︽ᠠᠯᠠᠱᠠ ᠠᠶᠢᠮᠠᠭ ᠤᠨ ᠴᠢᠳᠠᠪᠤᠷᠢᠲᠠᠨ ᠰᠢᠨᠵᠢᠯᠡᠭᠡ ᠮᠡᠷᠭᠡᠵᠢᠯ ᠤᠨ ᠰᠢᠪᠳᠣᠯᠣᠯᠳᠠ ᠶᠢᠨ ᠢᠨᠵᠧᠨᠧᠷᠢᠩ ᠢ ᠬᠡᠷᠡᠭᠵᠢᠬᠦᠯᠵᠦ ᠴᠢᠨᠠᠷ ᠰᠠᠶᠢᠲᠠᠶ ᠬᠥᠭᠵᠢᠯᠲᠡ ᠳᠤ ᠬᠦᠴᠦᠨ ᠣᠯᠭᠤᠬᠤ ᠳᠣᠬᠠᠢ ᠠᠷᠭ᠎ᠠ ᠬᠡᠮᠵᠢᠶ᠎ᠡ ᠨᠦᠭᠦᠳ︾  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/7
    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠤᠳᠤᠯᠭ᠎ᠠ ᠶᠢᠨ ᠤᠷᠮᠠᠰᠢᠭᠤᠯᠬᠤ ᠦᠢᠯᠡᠳᠦᠯ ᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ 2024 ᠣᠨ  ᠤ 2 ᠰᠠᠷ᠎ᠠ  ᠶᠢᠨ 20 ᠤ ᠡᠳᠦᠷ᠂ ᠠᠯᠠᠱᠠ ᠠᠶᠢᠮᠠᠭ  ᠤᠨ ᠵᠠᠬᠢᠷᠭ᠎ᠠ ︽ᠠᠯᠠᠱᠠ ᠠᠶᠢᠮᠠᠭ  ᠤᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ   ᠤᠨ ᠰᠢᠪᠳᠣᠯᠣᠯᠳᠠ   ᠶᠢᠨ ᠢᠨᠵᠧᠨᠧᠷᠢᠩ  ᠢ ᠬᠡᠷᠡᠭᠵᠢᠭᠦᠯᠵᠦ ᠴᠢᠨᠠᠷ ᠰᠠᠶᠢᠲᠠᠢ ᠬᠥᠭᠵᠢᠯᠲᠡ  ᠳᠤ ᠬᠦᠴᠦᠨ ᠣᠯᠭᠤᠬᠤ ᠳᠣᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶  ᠢ ᠨᠡᠶᠢᠲᠡᠯᠡᠪᠡ᠃    ᠨᠢᠭᠡ᠂ ᠨᠡᠶᠢᠲᠡᠯᠡᠭᠰᠡᠨ ᠠᠬᠤᠶ ᠪᠠᠶᠢᠳᠠᠯ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠭᠦᠨᠵᠡᠭᠡᠢ ᠬᠡᠷᠡᠭᠵᠢᠭᠦᠯᠦᠨ᠂ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠥᠬᠦ ᠠᠶᠢᠮᠠᠭ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠯᠠᠷᠢᠭᠤᠯᠬᠤ ᠶᠢ ᠠᠬᠢᠭᠤᠯᠵᠤ᠂ ᠪᠥᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠶᠢᠨ ᠳᠣᠯᠠᠳᠠ᠂ 2024 ᠣᠨ ᠤ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠳᠤ ᠳᠣᠷᠠᠳᠣᠭᠰᠠᠨ ︽ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠬᠡᠷᠡᠭᠵᠢᠬᠦᠯᠬᠦ︾ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠰ ︽ᠠᠷᠭ᠎ᠠ ᠬᠡᠮᠵᠢᠶ᠎ᠡ ᠨᠦᠭᠦᠳ︾ ᠢ ᠨᠠᠷᠢᠨ ᠬᠢᠨᠠᠮᠠᠭᠠᠢ ᠰᠤᠳᠤᠯᠤᠨ ᠲᠤᠭᠤᠷᠪᠢᠪᠠ᠃    ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ    ︽︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠳᠦᠷᠭᠡᠨ ᠠᠬᠢᠭᠤᠯᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ︵ᠥᠪᠥᠷ ᠨᠠᠮ ᠲᠠᠷᠬᠠᠭᠠᠭᠰᠠᠨ ﹇2020﹈ 17 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠨ ᠬᠥᠭᠵᠢᠭᠦᠯᠬᠦ ᠳᠤ ᠡᠳ᠋ ᠤᠨ ᠵᠠᠰᠠᠭ ᠠᠴᠠ ᠬᠤᠶᠢᠨ᠎ᠠ ᠨᠢ ᠨᠥᠬᠦᠪᠥᠷᠢ ᠦᠭᠭᠦ ᠠᠷᠭ᠎ᠠ︾ ︵ᠥᠪᠥᠷ ᠰᠢᠨᠵᠢᠯᠡᠭᠡ ᠬᠦᠭᠵᠢᠬᠦᠯᠦᠯᠳᠡ ᠵᠠᠰᠠᠭ ᠥᠰᠥᠭ ﹇2021﹈ 15 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠲᠤᠰᠢᠶᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠎ᠠ ᠪᠠᠷ ᠬᠡᠷᠡᠭᠯᠡᠬᠦ ᠡᠷᠬᠡ ᠦᠭᠭᠦ ᠲᠤᠷᠰᠢᠯᠲᠠ ᠶᠢᠨ ᠠᠵᠢᠯ ᠤᠨ ᠲᠥᠰᠦᠯ︾ ︵ᠥᠪᠥᠷ  ᠰᠢᠨᠵᠢᠯᠡᠭᠡ ᠬᠦᠭᠵᠢᠬᠦᠯᠦᠯᠳᠡ ᠪᠦᠷᠢᠯᠳᠦᠬᠦᠨ ᠲᠠᠷᠬᠠᠭᠠᠭᠰᠠᠨ ᠥᠰᠥᠭ ﹇2020﹈ 13 ᠳ᠋ᠤᠭᠠᠷ ᠲᠣᠭᠠᠲᠤ︶᠂ ︽︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ᠠᠵᠢᠯᠯᠠᠭ᠎ᠠ ᠶᠢ ᠲᠦᠷᠬᠡᠨ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠠᠯᠠᠱᠠ ᠠᠶᠢᠮᠠᠭ ᠤᠨ ᠬᠡᠷᠡᠭᠵᠢᠭᠦᠯᠬᠦ ᠰᠠᠨᠠᠯ︾ ︵ᠠᠯᠠᠱᠠ ᠨᠠᠮ ᠲᠠᠷᠬᠠᠭᠠᠭᠰᠠᠨ ﹇2020﹈ 15 ᠳ᠋ᠤᠭᠠᠷ ᠲᠣᠭᠠᠲᠤ︶᠂ ︽ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠠᠬᠢᠭᠤᠯᠵᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠶ ᠠᠯᠠᠱᠠ ᠠᠶᠢᠮᠠᠭ ᠤᠨ ᠬᠡᠷᠡᠭᠵᠢᠭᠦᠯᠬᠦ ᠰᠠᠨᠠᠯ︾ ᠵᠡᠷᠭᠡ ᠬᠠᠮᠢᠶ᠎ᠠ ᠪᠥᠬᠦᠶ ᠲᠣᠭᠲᠠᠭᠠᠯ ᠪᠣᠯᠤᠨ᠎ᠠ᠃    ᠭᠤᠷᠪᠠ᠂ ᠭᠤᠣᠯ ᠠᠭᠤᠯᠭ᠎ᠠ    ︽ᠠᠷᠭ᠎ᠠ ᠬᠡᠮᠵᠢᠶ᠎ᠡ ᠨᠦᠭᠦᠳ︾ ᠪᠣᠯ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠬᠤ ᠰᠠᠭᠤᠷᠢᠨ ᠳᠡᠭᠡᠷ᠎ᠡ ᠪᠦᠷᠢᠯᠳᠦᠭᠰᠡᠨ ᠶᠤᠮ᠃ 7 ᠲᠠᠯ᠎ᠠ ᠶᠢᠨ 27 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠠᠭᠳᠠᠨ᠎ᠠ᠃    ᠨᠢᠭᠡᠳᠦᠭᠡᠷ ᠬᠡᠰᠡᠭ ᠨᠢ ᠰᠢᠨ᠎ᠡ ᠶᠢ ᠡᠭᠦᠳᠬᠦ ᠭᠤᠣᠯ ᠴᠣᠭᠴᠠ ᠶᠢ ᠶᠡᠭᠡ ᠪᠠᠷ ᠪᠤᠶᠢᠵᠢᠭᠤᠯᠤᠨ᠎ᠠ᠂ ᠭᠤᠣᠯᠳᠠᠭᠤ 5 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠂ ᠨᠢᠭᠡ ᠳᠤ᠂ ᠭᠤᠣᠯᠳᠠᠯᠭ᠎ᠠ ᠲᠠᠢ ᠬᠦᠷᠢᠶᠡᠨ ᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠠᠬᠢᠭᠤᠯᠤᠨ᠎ᠠ᠂ ᠬᠤᠶᠠᠷ ᠲᠤ ᠴᠢᠬᠤᠯᠠ ᠶᠡᠭᠡ ᠰᠠᠭᠤᠷᠢ ᠰᠤᠳᠤᠯᠭᠠᠨ ᠪᠠ ᠠᠩᠬᠠᠨ ᠤ ᠰᠢᠨ᠎ᠡ ᠶᠢ ᠡᠭᠦᠳᠬᠦ ᠶᠢ ᠳᠡᠮᠵᠢᠨ᠎ᠡ᠂ ᠭᠤᠷᠪᠠ ᠳᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠂ ᠲᠦᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠂ ᠲᠠᠪᠤ ᠳᠤ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃    ᠬᠤᠶᠠᠳᠤᠭᠠᠷ ᠬᠡᠰᠡᠭ ᠨᠢ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠂ ᠡᠭᠦᠨ ᠳᠤ ᠭᠤᠣᠯᠳᠠᠭᠤ 4 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠂ ᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢᠨ ᠪᠠᠶᠢᠭᠤᠯᠤᠯᠲᠠ ᠶᠢ ᠳᠡᠮᠵᠢᠨ᠎ᠡ᠂ ᠬᠤᠶᠠᠷ ᠲᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠂ ᠭᠤᠷᠪᠠ ᠳᠤ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠶᠡᠬᠡᠪᠡᠷ ᠪᠤᠶᠢᠵᠢᠭᠤᠯᠤᠨ᠎ᠠ᠂ ᠲᠦᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃    ᠭᠤᠷᠪᠠᠳᠤᠭᠠᠷ ᠬᠡᠰᠡᠭ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠎ᠠ᠂ ᠡᠭᠦᠨ ᠳᠤ ᠭᠤᠣᠯᠳᠠᠭᠤ 5 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠂ ᠨᠢᠭᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ ᠤᠨ ᠰᠢᠰᠲ᠋ᠧᠮ ᠢ ᠪᠠᠶᠢᠭᠤᠯᠤᠨ᠎ᠠ᠂ ᠬᠤᠶᠠᠷ ᠲᠤ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠶᠡᠭᠡ ᠪᠠᠷ ᠪᠤᠶᠢᠵᠢᠭᠤᠯᠤᠨ᠎ᠠ᠂ ᠭᠤᠷᠪᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠤᠨ ᠠᠷᠠᠯᠵᠢᠶ᠎ᠠ ᠶᠢ ᠠᠬᠢᠭᠤᠯᠤᠨ᠎ᠠ᠂ ᠲᠦᠷᠪᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠱᠠᠩᠨᠠᠨ ᠬᠥᠬᠢᠭᠦᠯᠦᠨ᠎ᠡ᠃    ᠳᠥᠷᠪᠡᠳᠦᠭᠡᠷ ᠬᠡᠰᠡᠭ ᠨᠢ ᠨᠡᠭᠡᠭᠡᠯᠲᠡ ᠬᠢᠵᠦ ᠰᠣᠯᠢᠯᠴᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠂ ᠭᠤᠣᠯᠳᠠᠭᠤ 3 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠂ ᠨᠢᠭᠡ ᠳᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠲᠣᠭᠲᠠᠴᠠ ᠶᠢ ᠪᠠᠶᠢᠭᠤᠯᠤᠨ᠎ᠠ᠂ ᠬᠤᠶᠠᠷ ᠲᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠨ᠎ᠠ᠂ ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠷᠢᠵᠤ ᠠᠪᠴᠢᠷᠠᠬᠤ ᠲᠣᠭᠲᠠᠴᠠ ᠶᠢ ᠪᠦᠷᠢᠨᠰᠢᠭᠦᠯᠦᠨ᠎ᠡ᠃    ᠲᠠᠪᠤᠳᠤᠭᠠᠷ ᠬᠡᠰᠡᠭ ᠨᠢ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠂ ᠡᠭᠦᠨ ᠳᠤ ᠭᠤᠣᠯᠳᠠᠭᠤ 2 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠂ ᠨᠢᠭᠡ ᠳᠤ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠶᠡᠭᠡ ᠪᠠᠷ ᠣᠷᠣᠭᠤᠯᠤᠨ ᠬᠥᠮᠦᠵᠢᠭᠦᠯᠦᠨ᠎ᠡ᠂ ᠬᠤᠶᠠᠷ ᠲᠤ᠂ ᠲᠣᠰ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃    ᠵᠢᠷᠭᠤᠳᠤᠭᠠᠷ ᠬᠡᠰᠡᠭ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠂ ᠭᠤᠣᠯᠳᠠᠭᠤ 5 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠂ ᠨᠢᠭᠡ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠨᠡᠩ ᠶᠡᠭᠡ ᠡᠵᠡᠨ ᠮᠡᠳᠡᠬᠦ ᠡᠷᠬᠡ ᠣᠯᠭᠤᠨ᠎ᠠ᠂ ᠬᠤᠶᠠᠷ ᠲᠤ᠂ ᠲᠦᠷᠦᠯ ᠵᠦᠢᠯ ᠤᠨ ᠪᠡᠯᠡ ᠮᠥᠩᠭᠦ ᠶᠢ ᠰᠢᠯᠵᠢᠭᠦᠯᠦᠨ ᠥᠭᠬᠦ ᠠᠷᠭ᠎ᠠ ᠬᠡᠯᠪᠡᠷᠢ ᠶᠢ ᠰᠠᠶᠢᠵᠢᠷᠠᠭᠤᠯᠤᠨ᠎ᠠ᠂ ᠭᠤᠷᠪᠠ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢ ᠰᠠᠶᠢᠵᠢᠷᠠᠭᠤᠯᠤᠨ᠎ᠠ᠂ ᠲᠦᠷᠪᠡ ᠳᠤ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ ᠂ ᠲᠠᠪᠤ ᠳᠤ᠂ ᠪᠤᠷᠤᠭᠤ ᠶᠢ ᠠᠭᠤᠴᠢᠯᠠᠨ ᠪᠠᠭᠲᠠᠭᠠᠬᠤ ᠲᠣᠭᠲᠠᠴᠠ ᠶᠢ ᠪᠠᠶᠢᠭᠤᠯᠤᠨ᠎ᠠ᠃    ᠳᠣᠯᠣᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠂ ᠭᠤᠤᠯᠳᠠᠭᠤ 3 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠂ ᠨᠢᠭᠡ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠂ ᠬᠤᠶᠠᠷ ᠲᠤ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠂ ᠭᠤᠷᠪᠠ ᠳᠤ ᠰᠢᠮᠳᠠᠭᠤᠯᠤᠨ ᠬᠢᠨᠠᠨ ᠰᠢᠯᠭᠠᠬᠤ ᠶᠢ ᠴᠢᠩᠭᠠᠳᠬᠠᠨ᠎ᠠ᠃       ᠬᠠᠮᠢᠶ᠎ᠠ ᠪᠦᠬᠦᠢ ᠪᠢᠴᠢᠭ ᠮᠠᠲ᠋ᠧᠷᠢᠶᠠᠯ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号