ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ
ᠨᠡᠶᠢᠲᠡᠯᠡᠭᠰᠡᠨ ᠴᠠᠭ᠄
2024/6/7
    6 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠭᠦᠭᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠵᠠᠬᠢᠷᠤᠯ ᠵᠠᠩ ᠯᠢ ᠴᠢᠶᠦ᠋ᠨ ᠨᠠᠷ ᠲᠠᠢ ᠠᠭᠤᠯᠵᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃    ᠸᠠᠩ ᠯᠢ ᠰᠢᠶᠠ ᠵᠠᠩ ᠯᠢ ᠴᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠥᠪᠥᠷ ᠮᠣᠩᠭᠤᠯ ᠶᠠᠭ ︽ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠡᠯ᠎ᠡ ᠲᠠᠯ᠎ᠠ ᠶᠢᠨ ᠴᠢᠳᠠᠪᠤᠷᠢᠲᠠᠨ ᠤ ᠳᠡᠮᠵᠢᠯᠭᠡ ᠱᠠᠭᠠᠷᠳᠠᠭᠳᠠᠵᠤ ᠪᠠᠶᠢᠨ᠎ᠠ᠃ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠪᠣᠯ ᠤᠯᠤᠰ ᠤᠨ ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠮᠥᠨ᠂ ᠡᠨᠧᠷᠭᠢ᠂ ᠤᠰᠤᠲᠥ᠋ᠷᠥᠭᠴᠢᠵᠢᠭᠤᠯᠤᠨ ᠬᠠᠳᠠᠭᠠᠯᠠᠬᠤ᠂ ᠵᠣᠬᠢᠶᠠᠮᠠᠯ ᠣᠶᠤᠨ ᠴᠢᠳᠠᠪᠤᠷᠢ ᠵᠡᠷᠭᠡ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠡᠯᠪᠡᠭ ᠪᠠᠶᠠᠯᠢᠭ ᠪᠠᠶᠢᠵᠤ᠂ ᠥᠪᠥᠷ ᠮᠣᠩᠭᠤᠯ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ︽ᠪᠦᠰᠡᠯᠡᠯᠲᠡ ᠰᠢᠪᠲᠤᠯᠬᠤ︾ ᠢᠨᠵᠧᠨᠧᠷᠢᠩ ᠢᠶᠠᠷ ᠵᠢᠯᠣᠭᠤᠳᠤᠮᠵᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠤᠨ ᠵᠦᠢᠯᠡᠰ ᠢ ᠠᠯᠢ ᠲᠦᠷᠭᠡᠨ ᠢᠶᠠᠷ ᠬᠠᠮᠲᠤᠷᠠᠯᠴᠠᠭᠠᠨ ᠤ ᠲᠥᠷᠥᠯ ᠵᠦᠢᠯ ᠪᠣᠯᠭᠠᠨ ᠨᠢᠭᠡᠳ ᠨᠢᠭᠡ ᠪᠠᠷ ᠪᠣᠳᠠᠲᠠᠶᠢᠵᠢᠭᠤᠯᠵᠤ᠂ ᠢᠯᠠᠩᠭᠤᠶ᠎ᠠ ᠨᠠᠩ ᠣᠯᠠᠨ ᠡᠨᠧᠷᠭᠢ ᠶᠢᠨ ᠬᠦᠷᠢᠶᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠤᠨ᠎ᠠ ᠭᠡᠪᠡ᠃    ᠵᠠᠩ ᠯᠢ ᠴᠢᠶᠦ᠋ᠨ᠂ ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ᠬᠥᠭᠵᠢᠯᠲᠡ ᠶᠢᠨ ᠪᠠᠶᠢᠳᠠᠯ ᠬᠥᠮᠥᠰ ᠲᠤ ᠭᠦᠨ ᠰᠠᠭᠤᠭᠳᠠᠯ ᠥᠭᠴᠡᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠶᠤᠮ᠃ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠡᠬᠢ ᠪᠠᠶᠠᠯᠢᠭ ᠡᠯᠪᠡᠭ ᠶᠤᠮ᠂ ᠪᠢᠳᠡ ᠳᠤᠷᠠᠲᠠᠶ᠎ᠠ ᠥᠪᠥᠷ ᠮᠣᠩᠭᠤᠯ  ᠯᠤᠭ᠎ᠠ ᠬᠤᠯᠪᠣᠭᠳᠠᠯ ᠪᠦᠬᠦᠢ ᠬᠦᠷᠢᠶᠡᠨ ᠳᠠᠬᠢ  ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠰᠤᠳᠤᠯᠭᠠᠨ ᠤ ᠪᠠᠶᠢᠭᠤᠯᠤᠮᠵᠢ ᠶᠢ ᠬᠠᠮᠲᠤ ᠪᠠᠷ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃    ᠪᠦᠦ ᠰᠢᠶᠠᠨ ᠬᠤᠸᠠ᠂ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号