ᠠᠯᠠᠱᠠ᠄ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠵᠤ᠂ ᠦᠳᠡᠯᠦᠬᠡ ᠨᠠᠰᠣᠨ ᠤ ᠵᠣᠯ ᠵᠢᠷᠭᠠᠯ ᠢ ᠡᠳ᠋ᠯᠡᠬᠦᠯᠦᠨ᠎ᠡ
ᠨᠡᠶᠢᠲᠡᠯᠡᠭᠰᠡᠨ ᠴᠠᠭ᠄
2024/7/1
    ᠤᠢᠢᠷ᠎ᠠ ᠶᠢᠨ ᠵᠢᠯ ᠠᠴᠠ᠂ ᠪᠦᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠪᠦᠲᠦᠮᠵᠢᠲᠡᠢ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠪᠠᠷ ᠬᠥᠭᠵᠢᠯᠲᠡ ᠳᠤ ᠦᠢᠯᠡᠴᠢᠯᠡᠬᠦ ︽ᠠᠯᠠᠱᠠ ᠶᠢᠨ ᠵᠠᠭᠪᠤᠷ︾ ᠢ ᠪᠦᠷᠢᠯᠳᠦᠭᠦᠯᠵᠦ᠂ ᠵᠣᠯ ᠵᠢᠷᠭᠠᠯᠲᠤ ᠲᠦᠷᠦᠭᠳᠡᠯ ᠢ ᠪᠦᠬᠦ ᠬᠦᠴᠦᠨ ᠢᠶᠠᠷ ᠢᠶᠠᠨ ᠳᠡᠭᠡᠭᠰᠢᠯᠡᠬᠦᠯᠪᠡ᠃ ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠭᠡᠰᠢᠬᠦᠨ᠂ ᠳᠡᠳ᠋ ᠳᠠᠷᠤᠭ᠎ᠠ ᠵᠧᠤ ᠯᠸᠢ ᠸᠧᠨ ᠡᠨᠡ ᠳᠣᠬᠠᠢ ᠶᠠᠷᠢᠯᠴᠠᠵᠠᠢ᠃    ᠰᠣᠷᠪᠣᠯᠵᠢᠯᠠᠭᠴᠢ᠄  ᠡᠨᠡ ᠵᠢᠯ᠂ ᠮᠠᠨ ᠤ ᠠᠶᠢᠮᠠᠭ ᠤᠨ ᠠᠷᠠᠳ ᠤᠨ ᠶᠠᠪᠤᠳᠠᠯ ᠤᠨ ᠠᠵᠢᠯ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯ᠎ᠠ ᠪᠠᠷ ᠬᠦᠮᠦᠰ ᠤᠨ ᠠᠩᠬᠠᠷᠣᠯ ᠢ ᠳᠠᠳᠠᠵᠦ ᠪᠠᠶᠢᠭ᠎ᠠ ᠶᠠᠮᠠᠷ ᠶᠠᠮᠠᠷ ᠵᠦᠢᠯ ᠪᠠᠶᠢᠬᠤ ᠪᠣᠶ︖    ᠵᠧᠦ ᠯᠧᠢ ᠸᠧᠨ᠄ ᠨᠠᠰᠤᠲᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠪᠠ᠃ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠶᠢᠨ ᠪᠠᠯᠠ ᠮᠥᠩᠭᠦ 360.43 ᠲᠦᠮᠡᠨ ᠲᠥᠭᠦᠷᠢᠭ ᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠲᠠᠷᠬᠠᠭᠠᠵᠤ᠂ ᠨᠠᠰᠤᠲᠠᠶᠢᠴᠤᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ 2024 ᠣᠨ ᠳᠤ 4.1 ᠲᠦᠮᠡᠨ ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ ᠠᠵᠢᠯ ᠢ ᠪᠡᠶᠡᠯᠡᠭᠦᠯᠪᠡ᠃    ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠣᠨᠤᠭ ᠳᠦᠭᠦᠭᠡᠷᠦᠮᠵᠢ ᠶᠢ ᠲᠡᠭᠦᠯᠳᠡᠷᠵᠢᠭᠦᠯᠪᠡ᠃ ᠣᠳᠣᠬᠠᠨ ᠳᠤ᠂ ᠠᠶᠢᠮᠠᠭ ᠤᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠵᠡᠷᠭᠡ 4 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ ᠶᠠᠭ ᠰᠠᠶᠢᠬᠠᠨ ᠪᠠᠶᠢᠭᠤᠯᠵᠤ ᠪᠠᠶᠢᠨ᠎ᠠ᠂ ᠦᠷᠭᠦᠯᠵᠢᠯᠡᠨ ᠪᠠᠶᠢᠭᠤᠯᠵᠦ ᠪᠠᠶᠢᠭ᠎ᠠ ᠠᠶᠢᠮᠠᠭ ᠤᠨ ᠰᠢᠨ ᠲᠢᠶᠠᠨ ᠳ᠋ᠢ ᠡᠷᠡᠭᠦᠯᠵᠢᠬᠦ ᠰᠣᠪᠢᠯᠠᠬᠤ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠰᠢᠨ᠎ᠡ ᠪᠠᠷ ᠪᠠᠶᠢᠭᠤᠯᠤᠭᠰᠠᠨ ᠠᠶᠢᠮᠠᠭ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠲᠥᠷᠥᠯ ᠵᠦᠢᠯ ᠢ ᠶᠠᠭ ᠠᠬᠢᠴᠠ ᠶᠣᠰᠣᠭᠠᠷ ᠠᠬᠢᠭᠤᠯᠵᠤ ᠪᠠᠶᠢᠨ᠎ᠠ᠃    ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ 2024 ᠣᠨ ᠳᠤ ᠵᠢᠭᠰᠠᠭᠠᠭᠳᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢᠨ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ᠨᠢᠭᠡᠨᠲᠡ 1  ᠬᠤᠰᠢᠭᠤᠨ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ᠂ 2 ᠰᠤᠮᠤ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ 2 ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠ ᠨᠠᠰᠤᠲᠠᠨ ᠤ 22 ᠬᠤᠭᠤᠯᠠᠨ ᠭᠡᠷ ᠢ ᠪᠠᠶᠢᠭᠤᠯᠪᠠ᠃
1.jpg
    ᠵᠢᠭᠤᠯᠴᠢᠯᠠᠬᠤ ᠰᠠᠭᠤᠬᠤ ᠡᠷᠡᠭᠦᠯᠵᠢᠬᠦ ᠰᠣᠪᠢᠯᠠᠬᠤ ᠬᠥᠭᠵᠢᠯᠲᠡ ᠶᠢ ᠢᠳᠡᠪᠬᠢᠲᠡᠶ ᠠᠬᠢᠭᠤᠯᠪᠠ᠃ ᠭᠠᠳᠠᠨᠠᠬᠢ ᠵᠢᠭᠤᠯᠴᠢᠯᠠᠬᠤ ᠰᠠᠭᠤᠬᠤ ᠡᠷᠡᠭᠦᠯᠵᠢᠬᠦ ᠰᠣᠪᠢᠯᠠᠬᠤ  ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠡᠬᠢ ᠪᠠᠶᠠᠯᠢᠭ ᠢ ᠵᠣᠯᠭᠠᠭᠤᠯᠵᠦ᠂ ᠬᠠᠮᠲᠤᠷᠠᠯᠴᠠᠭᠠᠨ ᠤ ︽ᠨᠠᠶᠢᠵᠠ ᠶᠢᠨ ᠲᠣᠭᠤᠷᠢᠭ︾ ᠢ ᠥᠷᠭᠡᠳᠬᠡᠵᠦ᠂ ︽ᠤᠷᠢᠵᠤ ᠠᠪᠴᠢᠷᠠᠬᠤ︾ ᠪᠠ ︽ᠭᠠᠳᠠᠭᠰᠢ ᠭᠠᠷᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠲᠡ 8 ᠪᠦᠯᠦᠭ 168 ᠨᠠᠰᠤᠲᠠᠶᠢᠴᠤᠳ ᠢ ᠭᠠᠳᠠᠨ᠎ᠠ ᠣᠷᠣᠨ ᠳᠤ ᠰᠣᠪᠢᠯᠠᠭᠤᠯᠵᠦ᠂  2 ᠪᠦᠯᠦᠭ 302 ᠨᠠᠰᠤᠲᠠᠶᠢᠴᠤᠳ ᠢ ᠣᠷᠢᠨ ᠠᠪᠴᠢᠷᠠᠵᠦ᠂  ᠵᠢᠭᠤᠯᠴᠢᠯᠠᠬᠤ ᠰᠠᠭᠤᠬᠤ ᠡᠷᠡᠭᠦᠯᠵᠢᠬᠦ ᠰᠣᠪᠢᠯᠠᠬᠤ ᠠᠵᠢᠯᠯᠠᠭ᠎ᠠ ᠥᠷᠨᠢᠭᠦᠯᠪᠡ᠃    ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠠᠶᠢᠮᠠᠭ ᠤᠨ 42 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠠᠯᠠᠪᠤᠷ ᠭᠠᠵᠠᠷ ᠲᠤ ᠠᠶᠤᠯᠭᠦᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠨᠡᠶᠢᠲᠡ 128 ᠵᠦᠢᠯ ᠤᠨ ᠠᠰᠠᠭᠤᠳᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠪᠦᠬᠦᠨ ᠢ ᠴᠡᠭᠴᠡᠯᠡᠨ ᠰᠠᠶᠢᠵᠢᠷᠠᠭᠤᠯᠪᠠ︔ ᠨᠡᠶᠢᠲᠡ 66 ᠤᠳᠠᠭ᠎ᠠ ᠪᠣᠯᠪᠠᠰᠤᠷᠠᠯ ᠥᠷᠨᠢᠭᠦᠯᠵᠦ᠂ 2000 ᠭᠠᠷᠤᠶ ᠬᠥᠮᠦᠨ ︵ᠤᠳᠠᠭ᠎ᠠ︶ ᠢ ᠬᠠᠮᠤᠷᠪᠠ᠃    ᠰᠣᠷᠪᠣᠯᠵᠢᠯᠠᠭᠴᠢ᠄ ︽ᠶᠡᠭᠡ ᠨᠠᠰᠤᠵᠢᠯ ᠤᠨ ᠠᠰᠠᠷᠠᠮᠵᠢ︾ ᠶᠢᠨ ᠤᠢᠢᠯᠠᠭᠠᠭᠳᠠᠬᠤᠨ ᠢ ᠪᠤᠢ ᠪᠣᠯᠭᠠᠵᠤ᠂ ᠨᠠᠰᠤᠵᠢᠯ ᠤᠨ ᠠᠵᠢᠯ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠡᠰ ᠳᠡᠪᠰᠢᠭᠦᠯᠬᠦ ᠶᠢ ᠠᠬᠢᠭᠤᠯᠬᠤ ᠲᠤᠬᠠᠢ ᠮᠠᠨ ᠤ ᠠᠶᠢᠮᠠᠭ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ︖    ᠵᠧᠦ ᠯᠧᠢ ᠸᠧᠨ᠄  ᠨᠠᠰᠤᠵᠢᠯ ᠤᠨ ᠠᠵᠢᠯ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠷᠦᠩᠬᠡᠶᠢᠯᠡᠨ ᠵᠣᠬᠢᠴᠠᠭᠤᠯᠬᠤ᠂ ᠰᠢᠮᠳᠠᠭᠤᠯᠤᠨ ᠵᠢᠯᠣᠭᠤᠳᠬᠤ ᠪᠠ ᠵᠣᠬᠢᠶᠠᠨ ᠪᠠᠶᠢᠭᠤᠯᠤᠨ ᠠᠬᠢᠭᠤᠯᠬᠤ ᠡᠭᠦᠷᠭᠡ ᠴᠢᠳᠠᠮᠵᠢ ᠪᠠᠨ ᠭᠦᠢᠴᠡᠳ ᠪᠠᠳᠠᠷᠠᠭᠤᠯᠤᠨ᠂ ᠨᠠᠰᠤᠵᠢᠯ ᠤᠨ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃    ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠢ ᠲᠦᠷᠬᠡᠨ ᠪᠠᠶᠢᠭᠤᠯᠵᠤ᠂ ᠣᠯᠠᠨ ᠲᠠᠰ ᠪᠦᠬᠦᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠠᠩᠭᠠᠬᠤ ᠰᠢᠰᠲ᠋ᠧᠮᠵᠢ ᠶᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃    ︽ᠨᠢᠭᠡ ᠮᠦᠴᠡ ᠳᠤ ᠬᠦᠷᠴᠦ ᠢᠷᠡᠬᠦ︾ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠣᠭᠤᠷᠢᠭ ᠢ ᠲᠦᠷᠬᠡᠨ ᠪᠠᠶᠢᠭᠤᠯᠵᠤ᠂ ᠬᠤᠰᠢᠭᠤ ︵ᠣᠷᠣᠨ︶ ᠶᠢᠨ ᠵᠠᠰᠠᠭ ᠤᠨ ᠣᠷᠳᠣᠨ᠂ ᠬᠠᠮᠢᠶᠠᠷᠤᠯᠲᠠ ᠶᠢᠨ ᠵᠥᠪᠯᠡᠯ ᠤᠨ ᠪᠠᠶᠢᠭ᠎ᠠ ᠭᠠᠵᠠᠷ ᠤᠨ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠬᠡᠷ ᠲᠤ ᠪᠠᠨ ᠰᠠᠭᠤᠵᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠨᠡᠶᠢᠳᠡᠮ ᠬᠦᠷᠳᠡᠭᠡᠨ᠎ᠡ᠃ ᠬᠠᠷᠢᠯᠴᠠᠨ ᠬᠠᠪᠰᠣᠷᠣᠯᠴᠠᠬᠤ ᠨᠠᠰᠣᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠪᠢ ᠳᠡᠮᠳᠡᠭᠯᠡᠬᠦ ᠵᠬᠠᠪᠤᠷ ᠢ ᠰᠦᠪᠡᠭᠴᠢᠯᠡᠨ ᠭᠡᠷᠡᠭᠵᠢᠬᠦᠯᠵᠦ᠂ ︽ᠨᠠᠰᠣᠳᠡᠡ ᠢᠶᠠᠷ ᠨᠠᠰᠣᠳᠡᠡ ᠢ ᠠᠰᠠᠷᠡᠬᠤ᠂ ᠨᠠᠰᠣᠳᠡᠡ ᠢᠶᠠᠷ ᠨᠠᠰᠣᠳᠡᠡ ᠢ ᠬᠠᠪᠰᠣᠷᠬᠤ︾ ᠶᠢ ᠪᠠᠶᠠᠯᠠᠬᠦᠯᠥᠨ᠎ᠠ᠃ ᠨᠠᠰᠤᠲᠠᠶᠢᠴᠤᠳ ᠲᠤ ᠬᠤᠭᠤᠯᠠ ᠪᠡᠯᠡᠳᠭᠡᠬᠦ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠨᠠᠰᠤᠲᠠᠶᠢᠴᠤᠳ ᠤᠨ ᠬᠤᠭᠤᠯᠠᠨ ᠭᠡᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠣᠨ᠎ᠠ᠃
2.jpg
     ᠣᠳᠣ ᠶᠢᠨ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ  ᠳᠦᠭᠦᠭᠡᠷᠦᠮᠵᠢ ᠪᠠᠶᠢᠭᠤᠯᠬᠤ ᠶᠢ ᠳᠡᠳᠬᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠲᠠᠷᠠᠬᠠᠶ ᠰᠠᠭᠤᠷᠢᠰᠢᠭ᠎ᠠ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠵᠤ᠂ ᠣᠯᠠᠨ ᠡᠰᠢᠵᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠵᠠᠭᠪᠤᠷ ᠢ ᠪᠠᠶᠢᠭᠤᠯᠤᠨ᠎ᠠ᠃
3.jpg
    ︽ᠦᠳᠡᠯᠦᠭᠡ ᠨᠠᠰᠣᠨ ᠤ ᠵᠣᠯ ᠵᠢᠷᠭᠠᠯ ᠢ ᠡᠷᠬᠢᠮᠯᠡᠭᠰᠡᠨ ᠠᠯᠠᠱᠠ︾ ᠡᠷᠡᠭᠦᠯ ᠮᠡᠨᠳᠦ ᠶᠢ ᠬᠠᠮᠠᠭᠠᠯᠠᠬᠤ ᠲᠥᠷᠥᠯ ᠲᠡᠮᠳᠡᠭ ᠢ ᠤᠯᠠᠮ ᠨᠢᠭᠡ ᠠᠯᠬᠤᠮ ᠠᠯᠳᠠᠷᠰᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠡᠳᠡᠨ ᠣᠷᠣᠯᠴᠠᠭᠤᠯᠵᠤ᠂ ᠪᠥᠬᠦ ᠠᠶᠢᠮᠠᠭ ᠤᠨ ᠵᠢᠭᠤᠯᠴᠢᠯᠠᠬᠤ ᠰᠠᠭᠤᠬᠤ ᠡᠷᠡᠭᠦᠯᠵᠢᠬᠦ ᠰᠣᠪᠢᠯᠠᠬᠤ ᠶᠢ ᠴᠢᠨᠠᠷ ᠰᠠᠶᠢᠲᠠᠶ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠡᠯ᠎ᠡ ᠬᠤᠰᠢᠭᠤ ︵ᠣᠷᠣᠨ︶ ᠳᠤ ᠠᠳᠠᠯᠢ ᠪᠤᠰᠤ ᠲᠠᠰ ᠤᠨ ᠣᠨᠴᠠᠯᠢᠭᠲᠤ ᠵᠢᠭᠤᠯᠴᠢᠯᠠᠬᠤ ᠰᠠᠭᠤᠬᠤ ᠡᠷᠡᠭᠦᠯᠵᠢᠬᠦ ᠰᠣᠪᠢᠯᠠᠬᠤ ᠰᠠᠭᠤᠷᠢᠨ ᠭᠠᠵᠠᠷ ᠢ ᠪᠠᠶᠢᠭᠤᠯᠵᠤ᠂ ᠪᠣᠳᠠᠲᠤ ᠠᠵᠢᠯ ᠤᠨ ᠬᠡᠮᠵᠢᠶ᠎ᠡ ᠶᠢ ᠪᠦᠷᠢᠯᠳᠦᠭᠦᠯᠬᠦ ᠶᠢ ᠠᠬᠢᠭᠤᠯᠤᠨ᠂ ᠪᠣᠳᠠᠲᠠᠶ ᠶᠢ ᠡᠷᠬᠢᠮᠯᠡᠭᠰᠡᠨ ᠦᠷ᠎ᠡ ᠪᠦᠲᠦᠭᠡᠯ ᠣᠯᠤᠨ᠎ᠠ᠃    ᠮᠡᠷᠭᠡᠵᠢᠯ ᠴᠢᠳᠠᠪᠤᠷᠢ ᠶᠢ ᠠᠳᠠᠯᠢᠳᠬᠠᠨ ᠰᠢᠯᠭᠠᠷᠠᠭᠤᠯᠬᠤ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠬᠤ᠂ ᠫᠠᠶᠢᠰᠠ ᠡᠯᠭᠦᠨ ᠪᠣᠯᠪᠠᠰᠤᠷᠠᠭᠤᠯᠬᠤ ᠰᠠᠭᠤᠷᠢᠨ ᠭᠠᠵᠠᠷ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠮᠠᠭᠠᠳᠯᠠᠨ ᠲᠣᠭᠲᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号