ᠠᠯᠠᠱᠠ ︽30 · 60︾ ᠰᠢᠨ᠎ᠡ ᠶᠢ ᠡᠭᠦᠳᠬᠦ ᠮᠡᠷᠭᠡᠵᠢᠯ ᠢ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2024/7/1
    6 ᠰᠠᠷ᠎ᠠ ᠶᠢᠨ 28 ᠤ ᠡᠳᠦᠷ᠂ ᠠᠶᠢᠮᠠᠭ ᠤᠨ ᠵᠠᠬᠢᠷᠭ᠎ᠠ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠵᠦᠪᠯᠡᠬᠦ ᠪᠦᠯᠦᠭᠯᠡᠯ ᠤᠨ ᠬᠤᠸᠠ ᠳ᠋ᠦᠩ ᠴᠠᠬᠢᠯᠭᠠᠨ ᠬᠦᠴᠦᠨ ᠤ ᠵᠢᠷᠤᠭ ᠲᠥᠯᠥᠪᠯᠡᠭᠡᠨ ᠤ ᠬᠦᠷᠢᠶᠡᠯᠡᠩ ᠬᠢᠵᠠᠭᠠᠷᠲᠤ ᠺᠣᠮᠫᠠᠨᠢ ᠬᠠᠮᠳᠣᠷᠠᠨ ︽ᠰᠠᠯᠬᠢ ᠭᠡᠷᠡᠯ ᠤᠨ ᠡᠨᠧᠷᠬᠢ ᠶᠢ ᠬᠦᠭᠵᠢᠬᠦᠯᠬᠦ ᠪᠠᠷ ᠰᠠᠶᠢᠬᠠᠨ ᠨᠣᠳᠤᠭ ᠠᠯᠠᠱᠠ ᠶᠢ ᠵᠣᠷᠢᠶ᠎ᠠ︾ ᠠᠯᠠᠱᠠ ︽30 · 60︾ ᠰᠢᠨ᠎ᠡ ᠶᠢ ᠡᠭᠦᠳᠬᠦ ᠮᠡᠷᠭᠡᠵᠢᠯ ᠢ ᠨᠡᠶᠢᠲᠡᠯᠡᠬᠦ ᠬᠤᠷᠠᠯ ᠢ ᠡᠷᠭᠢᠯᠡᠪᠡ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ  ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ᠂ ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶᠡᠨ ᠤ 38 ᠲᠤᠮᠤ ᠬᠡᠯᠪᠡᠷᠢ ᠶᠢᠨ ᠲᠥᠪ ᠤᠨ ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
1.jpg
     ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠵᠦᠪᠯᠡᠬᠦ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ᠂ ᠴᠠᠬᠢᠯᠭᠠᠨ ᠬᠦᠴᠦᠨ ᠤ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠶᠡᠷᠦᠩᠬᠡᠶ ᠬᠦᠷᠢᠶᠡᠯᠡᠩ ᠤᠨ ᠳᠠᠷᠤᠭ᠎ᠠ ᠯᠦᠸᠧ ᠪᠢ ᠰᠢᠶᠦ᠋ᠩ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠵᠦᠪᠯᠡᠬᠦ ᠪᠦᠯᠦᠭᠯᠡᠯ ᠤᠨ ᠬᠤᠸᠠ ᠳ᠋ᠦᠩ ᠴᠠᠬᠢᠯᠭᠠᠨ ᠬᠦᠴᠦᠨ ᠤ ᠵᠢᠷᠤᠭ ᠲᠥᠯᠥᠪᠯᠡᠭᠡᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠧᠤ ᠢ ᠠᠵᠢᠯᠯᠠᠭ᠎ᠠ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠳᠤ ᠣᠷᠣᠯᠴᠠᠵᠤ᠂ ᠠᠶᠢᠮᠠᠭ ᠤᠨ ᠳᠡᠳ᠋ ᠳᠠᠷᠤᠭ᠎ᠠ ᠪᠦᠦ ᠶᠧ ᠬᠤᠷᠠᠯ ᠢ ᠡᠷᠭᠢᠯᠡᠪᠡ᠃
2.jpg
     ᠬᠤᠸᠠᠩ ᠶᠠ ᠯᠢ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠨᠡᠶᠢᠲᠡᠯᠡᠬᠦ ᠬᠤᠷᠠᠯ ᠤᠨ ᠶᠠᠪᠣᠭᠳᠠᠭᠰᠠᠨ ᠳᠤ ᠬᠠᠯᠠᠭᠤᠨ ᠪᠠᠶᠠᠷ ᠬᠦᠷᠭᠡᠵᠦ᠂ ᠬᠤᠯᠠ ᠠᠴᠠ ᠢᠷᠡᠭᠰᠡᠨ ᠬᠦᠨᠳᠦᠲᠦ ᠵᠣᠴᠢᠳ ᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠠᠯᠠᠱᠠ ᠶᠢᠨ ᠬᠥᠭᠵᠢᠯᠲᠡ ᠶᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠪᠡ᠃ ᠲᠡᠷᠡ᠂ ᠠᠯᠠᠱᠠ ᠶᠢᠨ ᠨᠤᠲᠤᠭ ᠳᠡᠪᠢᠰᠬᠡᠷ ᠤᠨ ᠣᠷᠣᠨ ᠵᠠᠶ  ᠠᠭᠤᠳᠠᠮ ᠪᠠᠶᠢᠵᠤ᠂ ᠰᠠᠯᠬᠢ ᠬᠡᠷᠡᠯ ᠤᠨ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ ᠮᠠᠨ ᠤ ᠤᠯᠤᠰ ᠤᠨ ︽ᠰᠠᠯᠬᠢ ᠭᠡᠷᠡᠯ ᠤᠨ ᠡᠨᠧᠷᠬᠢ ᠶᠢ ᠬᠦᠭᠵᠢᠬᠦᠯᠬᠦ︾ ᠳᠠᠯᠳᠠ ᠬᠦᠴᠦᠨ ᠢ ᠪᠠᠳᠠᠷᠠᠭᠤᠯᠬᠤ ᠬᠦᠰᠡᠯᠡᠩᠳᠦ ᠭᠠᠵᠠᠷ ᠪᠣᠯᠤᠨ᠎ᠠ᠃ ᠣᠶᠢᠷ᠎ᠠ ᠶᠢᠨ ᠵᠢᠯ ᠤᠨ ᠲᠤᠷᠰᠢ᠂ ᠠᠯᠠᠱᠠ ᠠᠶᠢᠮᠠᠭ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠡᠨᠧᠷᠭᠢ ᠶᠢᠨ ᠬᠤᠪᠢᠰᠬᠠᠯ ᠢ ᠠᠬᠢᠭᠤᠯᠬᠤ ᠪᠠ ︽ᠭᠤᠪᠢ ᠴᠦᠯ︾ ᠤᠨ ᠣᠷᠣᠨ ᠳᠤ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠢ ᠪᠠᠶᠢᠷᠢᠰᠢᠭᠤᠯᠤᠨ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ︽ᠲᠣᠮᠣ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ᠂ ᠲᠣᠮᠣ ᠠᠵᠤ ᠦᠢᠯᠡᠰ ᠢ ᠪᠤᠶᠢᠵᠢᠭᠤᠯᠬᠤ᠂ ᠶᠡᠭᠡ ᠬᠥᠭᠵᠢᠯᠲᠡ ᠶᠢ ᠠᠬᠢᠭᠤᠯᠬᠤ︾ ᠬᠠᠷᠠᠯᠲᠠ ᠶᠢ ᠲᠣᠭᠲᠠᠭᠠᠵᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽  ᠪᠡᠷᠭᠡ ᠶᠢ ᠳᠠᠪᠠᠭ᠋ᠣ︾ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ᠪᠥᠬᠦ ᠤᠯᠤᠰ ᠤᠨ ᠳ᠋ᠦᠩᠰᠢᠭᠤᠷ ᠺᠢᠯᠣᠸᠠᠲ ᠤᠨ ᠰᠢᠨ᠎ᠡ ᠡᠨᠧᠷᠭᠢ ᠶᠢᠨ ᠴᠢᠬᠤᠯᠠ ᠲᠣᠮᠣ ᠰᠠᠭᠤᠷᠢᠨ ᠭᠠᠵᠠᠷ ᠢ ᠪᠠᠶᠢᠭᠤᠯᠵᠤ᠂ ᠡᠯ᠎ᠡ ᠵᠦᠢᠯ ᠤᠨ ᠠᠵᠢᠯ ᠳᠤ ᠢᠯᠡᠳᠲᠡ ᠦᠷ᠎ᠡ ᠪᠦᠲᠦᠮᠵᠢ ᠤᠯᠪᠠ᠃ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠪᠣᠯ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠯᠭᠠᠮ᠎ᠠ ᠬᠡᠷᠡᠭᠴᠡᠭᠡ ᠪᠣᠯᠬᠤ ᠪᠠᠷ ᠪᠠᠷᠠᠬᠤ ᠦᠭᠡᠢ᠂ ᠪᠠᠰᠠ ᠴᠤ ᠠᠯᠠᠱᠠ ᠶᠢᠨ ᠤᠯᠤᠰ ᠤᠨ ᠡᠨᠧᠷᠭᠢ ᠶᠢᠨ ᠠᠮᠤᠷ ᠲᠦᠪᠰᠢᠨ ᠳᠤ ᠦᠢᠯᠡᠴᠢᠯᠡᠵᠦ ᠪᠠᠲᠤᠯᠠᠬᠤ ᠡᠭᠦᠷᠭᠡ ᠮᠥᠨ᠂ ᠠᠵᠤ ᠠᠬᠤᠶᠢᠯᠠᠯᠲᠠᠨ ᠲᠠᠢ ᠬᠠᠮᠲᠤ ᠪᠠᠷ ᠰᠢᠨ᠎ᠡ ᠡᠨᠧᠷᠭᠢ ᠶᠢᠨ ᠬᠦᠷᠢᠶᠡᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠵᠦ᠂ ᠨᠡᠩ ᠤᠯᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠵᠤ᠂ ᠪᠦᠬᠦ ᠣᠷᠣᠨ ᠤ ᠰᠢᠨ᠎ᠡ ᠵᠠᠮ ᠢ ᠨᠡᠭᠡᠭᠡᠬᠦ᠂ ᠳᠤᠮᠳᠠᠳᠤ ᠳᠦᠪᠰᠢᠨ ᠳᠤ ᠣᠷᠣᠬᠤ ᠳᠤ ᠨᠡᠩ ᠶᠡᠭᠡ ᠦᠢᠯᠡᠳᠦᠯ ᠦᠵᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠠᠯᠠᠱᠠ ᠨᠠᠩ ᠨᠡᠭᠡᠭᠡᠯᠲᠡᠲᠡᠶ ᠣᠪᠣᠷ ᠪᠠᠶᠢᠳᠠᠯ᠂ ᠨᠠᠩ ᠪᠣᠳᠠᠲᠠᠶ ᠶᠢ ᠡᠷᠬᠢᠮᠯᠡᠬᠦ ᠲᠥᠷᠥ ᠶᠢᠨ ᠪᠣᠳᠣᠯᠭ᠎ᠠ᠂ ᠨᠠᠩ ᠰᠠᠶᠢᠨ ᠰᠠᠶᠢᠬᠠᠨ ᠣᠷᠴᠢᠨ ᠲᠣᠭᠤᠷᠢᠨ ᠢᠶᠠᠷ ᠠᠵᠤ ᠠᠬᠤᠶᠢᠯᠠᠯ ᠳᠤ ᠳᠣᠲᠣᠨᠣ ᠦᠢᠯᠡᠴᠢᠯᠡᠭᠡ ᠬᠠᠩᠭᠠᠵᠤ᠂ ᠨᠠᠩ ᠣᠯᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠯᠠᠱᠠ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠪᠡ᠃
3.jpg
    ᠯᠦᠸᠧ ᠪᠢ ᠰᠢᠶᠦ᠋ᠩ ᠪᠠᠶᠠᠷ ᠤᠨ ᠦᠭᠡᠨ ᠳᠡᠭᠡᠨ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠵᠦᠪᠯᠡᠬᠦ ᠪᠦᠯᠦᠭᠯᠡᠯ ᠤᠨ ᠬᠤᠸᠠ ᠳ᠋ᠦᠩ ᠴᠠᠬᠢᠯᠭᠠᠨ ᠬᠦᠴᠦᠨ ᠤ ᠵᠢᠷᠤᠭ ᠲᠥᠯᠥᠪᠯᠡᠭᠡᠨ ᠤ ᠬᠦᠷᠢᠶᠡᠯᠡᠩ ᠪᠣᠯᠤᠨ ᠠᠯᠠᠱᠠ ᠠᠶᠢᠮᠠᠭ ᠤᠨ ᠬᠤᠭᠤᠷᠣᠨᠳᠣᠬᠢ ᠭᠠᠷ ᠬᠤᠯᠪᠣᠨ ᠬᠠᠮᠵᠢᠯᠴᠠᠬᠤ ᠪᠣᠯ ᠡᠬᠢ ᠪᠠᠶᠠᠯᠢᠭ ᠤᠨ ᠵᠠᠬ᠎ᠠ ᠳᠡᠯᠭᠡᠭᠦᠷ ᠪᠣᠯᠤᠨ ᠮᠡᠷᠭᠡᠵᠢᠯ ᠤᠨ ᠪᠣᠳᠠᠲᠤ ᠬᠦᠴᠦᠨ ᠤ ᠬᠤᠣᠰ ᠴᠢᠭᠯᠡᠯ ᠢᠶᠠᠷ ᠤᠷᠤᠭᠰᠢᠯᠠᠬᠤ ᠶᠠᠪᠤᠳᠠᠯ ᠮᠥᠨ᠂ ᠲᠥᠪ ᠤᠨ ᠠᠵᠦ ᠠᠬᠤᠶᠢᠯᠠᠯ ᠣᠷᠣᠨ ᠨᠣᠳᠤᠭ ᠤᠨ ᠬᠠᠮᠲᠤᠷᠠᠯᠴᠠᠭ᠎ᠠ ᠳᠤ ᠬᠠᠷᠢᠯᠴᠠᠨ ᠬᠦᠴᠦᠨ ᠣᠯᠭᠤᠬᠤ ᠶᠠᠪᠤᠳᠠᠯ ᠮᠥᠨ᠂ ︽30 · 60︾ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢᠨ ᠲᠤᠬᠠᠢ ᠬᠠᠮᠲᠤ ᠶᠢᠨ ᠬᠥᠭᠡᠭᠡᠴᠡᠯᠳᠦᠯ ᠮᠥᠨ᠃ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠨᠢ ᠬᠤᠸᠠ ᠳ᠋ᠦᠩ ᠴᠠᠬᠢᠯᠭᠠᠨ ᠬᠦᠴᠦᠨ ᠤ ᠵᠢᠷᠤᠭ ᠲᠥᠯᠥᠪᠯᠡᠭᠡᠨ ᠤ ᠬᠦᠷᠢᠶᠡᠯᠡᠩ ᠤᠨ ᠠᠯᠠᠱᠠ ᠠᠶᠢᠮᠠᠭ ᠲᠠᠬᠢ ᠬᠠᠮᠢᠶ᠎ᠠ ᠪᠥᠬᠦᠶ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠳᠡᠮᠵᠢᠵᠦ᠂ ᠠᠯᠠᠱᠠ ᠠᠶᠢᠮᠠᠭ ᠵᠢᠴᠢ ᠬᠠᠮᠲᠤᠷᠠᠯᠴᠠᠭᠠᠨ ᠤ ᠬᠠᠨᠢᠲᠠᠨ ᠲᠠᠢ ᠲᠣᠭᠲᠠᠭᠰᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠷ ᠳᠡᠮᠵᠢᠨ᠂ ᠡᠬᠢ ᠪᠠᠶᠠᠯᠢᠭ᠂ ᠮᠡᠷᠭᠡᠵᠢᠯ᠂ ᠬᠠᠮᠢᠶᠠᠷᠤᠯᠲᠠ᠂ ᠪᠠᠯᠠ ᠮᠥᠩᠭᠦ ᠵᠡᠷᠭᠡ ᠲᠠᠯ᠎ᠠ ᠪᠠᠷ ᠬᠢ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠤ᠂ ᠠᠯᠠᠱᠠ ᠠᠶᠢᠮᠠᠭ ᠤᠨ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠ ᠬᠤᠲᠠ ᠶᠢᠨ ᠴᠢᠨᠠᠷ ᠰᠠᠶᠢᠲᠠᠶ᠂ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃ ᠬᠤᠶᠢᠰᠢᠳᠠ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠴᠦ ᠠᠯᠠᠱᠠ ᠠᠶᠢᠮᠠᠭ ᠢ ᠴᠡᠪᠡᠷ ᠡᠨᠧᠷᠭᠢ ᠶᠢᠨ ᠭᠤᠤᠯᠳᠠᠯᠭ᠎ᠠ ᠲᠠᠢ ᠪᠠᠯᠠ ᠣᠷᠣᠭᠤᠯᠬᠤ᠂ ᠨᠡᠭᠡᠭᠡᠨ ᠬᠥᠭᠵᠢᠭᠦᠯᠬᠦ ᠣᠷᠣᠨ ᠪᠦᠰᠡ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠬᠡᠷᠡᠭᠯᠡᠬᠦ ᠡᠷᠴᠢᠮ ᠢᠶᠠᠨ ᠴᠢᠩᠭᠠᠷᠠᠭᠤᠯᠤᠨ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠠᠯᠠᠱᠠ ᠠᠶᠢᠮᠠᠭ ᠲᠤ ᠪᠥᠬᠦ ᠶᠠᠪᠤᠴᠠ᠂ ᠪᠥᠬᠦ ᠠᠵᠢᠯ ᠤᠨ ᠬᠤᠭᠤᠴᠠᠭᠠᠨ ᠤ ᠨᠢᠭᠡ ᠴᠤᠭᠴᠠᠵᠢᠭᠰᠠᠨ ᠦᠢᠯᠡᠴᠢᠯᠡᠭᠡ ᠬᠠᠩᠭᠠᠨ᠎ᠠ ᠭᠡᠪᠡ᠃
4.jpg
    ᠵᠧᠦ ᠢ ᠪᠠᠶᠠᠷ ᠤᠨ ᠦᠭᠡ ᠳᠡᠭᠡᠨ᠂ ᠠᠯᠠᠱᠠ ᠲᠠᠢ ᠬᠠᠮᠲᠤᠷᠠᠯᠴᠠᠭ᠎ᠠ ᠬᠢᠬᠦ ᠪᠣᠯ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ ᠬᠠᠮᠳᠣᠷᠠᠯᠴᠠᠬᠤ ᠶᠠᠪᠣᠳᠠᠯ  ᠢᠶᠠᠷ ᠪᠠᠷᠠᠬᠤ ᠦᠬᠡᠢ᠂ ᠨᠡᠩ ᠴᠤ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠤ ᠲᠤᠬᠠᠢ ᠬᠠᠮᠲᠤ ᠶᠢᠨ ᠬᠥᠭᠡᠭᠡᠴᠡᠯᠳᠦᠯ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠲᠤᠬᠠᠢ ᠱᠠᠭᠠᠷᠳᠠᠯᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠵᠦᠪᠯᠡᠬᠦ ᠪᠦᠯᠦᠭᠯᠡᠯ ᠤᠨ ᠬᠤᠸᠠ ᠳ᠋ᠦᠩ ᠴᠠᠬᠢᠯᠭᠠᠨ ᠬᠦᠴᠦᠨ ᠤ ᠵᠢᠷᠤᠭ ᠲᠥᠯᠥᠪᠯᠡᠭᠡᠨ ᠤ ᠬᠦᠷᠢᠶᠡᠯᠡᠩ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠤ ᠡᠩᠨᠡᠭᠡ᠂ ᠪᠡᠯᠡ ᠣᠷᠣᠭᠤᠯᠤᠯᠲᠠ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠯᠠᠱᠠ ᠠᠶᠢᠮᠠᠭ ᠤᠨ ᠤᠯᠠᠨ ᠡᠰᠢᠵᠢᠭᠰᠡᠨ᠂ ᠴᠡᠪᠡᠷ ᠣᠶᠤᠨᠴᠢ ᠡᠨᠧᠷᠭᠢ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠥᠨᠳᠦᠷᠯᠢᠭ ᠢ ᠴᠣᠭᠴᠠᠯᠠᠵᠤ᠂ ᠬᠤᠶᠠᠷ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠳᠣ ᠪᠠᠷ ᠪᠡᠶᠡᠯᠡᠭᠦᠯᠵᠦ᠂ ︽ᠲᠥᠪ ᠤᠨ ᠠᠵᠦ ᠠᠬᠤᠶᠢᠯᠠᠯ ᠪᠠ ᠣᠷᠣᠨ ᠨᠤᠲᠤᠭ ᠤᠨ ᠬᠠᠮᠲᠤᠷᠠᠯᠴᠠᠭ᠎ᠠ︾ ᠶᠢᠨ ᠰᠢᠨ᠎ᠡ ᠬᠡᠪ ᠳᠠᠭᠤᠷᠢᠶᠠᠯ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ ᠭᠡᠪᠡ᠃    ᠨᠡᠶᠢᠲᠡᠯᠡᠬᠦ ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠡᠷᠳᠡᠮᠲᠡᠳ ᠤᠨ ᠲᠥᠯᠥᠭᠡᠯᠡᠭᠴᠢ ᠭᠤᠤᠯ ᠰᠡᠳᠦᠪᠲᠦ ᠶᠠᠷᠢᠶ᠎ᠠ ᠲᠠᠯᠪᠢᠪᠠ᠃
5.jpg
    ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠵᠦᠪᠯᠡᠬᠦ ᠪᠦᠯᠦᠭᠯᠡᠯ ᠤᠨ ᠬᠤᠸᠠ ᠳ᠋ᠦᠩ ᠴᠠᠬᠢᠯᠭᠠᠨ ᠬᠦᠴᠦᠨ ᠤ ᠵᠢᠷᠤᠭ ᠲᠥᠯᠥᠪᠯᠡᠭᠡᠨ ᠤ ᠬᠦᠷᠢᠶᠡᠯᠡᠩ ᠪᠣᠯᠤᠨ ᠠᠯᠠᠱᠠ ᠠᠶᠢᠮᠠᠭ ᠤᠨ ᠵᠠᠬᠢᠷᠭ᠎ᠠ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠳᠤᠮᠳᠠᠳᠤ ᠤᠯᠤᠰ ᠤᠨ ᠳᠠᠪᠤᠰᠤᠨ ᠤ ᠥᠪᠥᠷ ᠮᠣᠩᠭᠤᠯ ᠤᠨ ᠺᠣᠮᠫᠠᠨᠢ᠂ ᠬᠤᠸᠠ ᠳ᠋ᠢᠶᠠᠨ ᠳᠡᠭᠷᠢ ᠴᠡᠪᠡᠷ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠮᠧᠩ ᠰᠢ ᠲᠥᠪ ᠲᠠᠢ ᠲᠤᠰ ᠲᠤᠰ ᠪᠠᠶᠢᠯᠳᠤᠬᠤ ᠪᠣᠳᠣᠯᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠣᠵᠦ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠵᠦᠪᠯᠡᠬᠦ ᠪᠦᠯᠦᠭᠯᠡᠯ ᠤᠨ ᠬᠤᠸᠠ ᠳ᠋ᠦᠩ ᠴᠠᠬᠢᠯᠭᠠᠨ ᠬᠦᠴᠦᠨ ᠤ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠥᠪᠥᠷ ᠮᠣᠩᠭᠤᠯ ᠤᠨ ᠺᠣᠮᠫᠠᠨᠢ᠂ ᠠᠯᠠᠱᠠ ᠶᠢᠨ ᠡᠨᠧᠷᠭᠢ ᠶᠢ ᠳᠦᠯᠦᠪᠵᠢᠬᠦᠯᠬᠦ ᠰᠣᠳᠣᠯᠬᠤ ᠲᠥᠪ ᠫᠠᠶᠢᠰᠠ ᠰᠡᠬᠦᠵᠦ᠂ ᠮᠠᠨ ᠤ ᠠᠶᠢᠮᠠᠭ ᠤᠨ ᠰᠢᠨ᠎ᠡ ᠡᠨᠧᠷᠭᠢ ᠶᠢᠨ ᠠᠵᠤ ᠦᠢᠯᠡᠰ ᠬᠡᠯᠪᠡᠷᠢ ᠪᠠᠨ ᠬᠤᠪᠢᠷᠠᠭᠤᠯᠤᠨ ᠲᠦᠷᠭᠡᠨ ᠭᠦᠭᠵᠢᠬᠦ ᠱᠠᠳᠣᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号