ᠳᠣᠩᠭᠠᠯᠠᠭ ᠨᠠᠭᠤᠷ ᠭᠠᠴᠠᠭ᠎ᠠ᠄ ᠮᠠᠯ ᠠᠵᠤ ᠠᠬᠤᠢ ᠪᠠᠷ ᠰᠠᠭᠤᠷᠢ ᠪᠣᠯᠭᠠᠨ ᠰᠤᠶᠤᠯ ᠢᠶᠠᠷ ᠵᠢᠭᠤᠯᠴᠢᠯᠠᠯ ᠢ ᠬᠦᠭᠵᠢᠬᠦᠯᠣᠨ᠎ᠠ
ᠨᠡᠶᠢᠲᠡᠯᠡᠭᠰᠡᠨ ᠴᠠᠭ᠄
2024/7/11
    ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠲᠤᠩᠭᠠᠯᠠᠭ ᠨᠠᠭᠤᠷ ᠭᠠᠴᠠᠭ᠎ᠠ ᠦᠪᠡᠷᠮᠢᠴᠡ ᠣᠨᠴᠠᠯᠢᠭ ᠲᠠᠢ ᠠᠮᠢ ᠠᠬᠤᠢ ᠶᠢᠨ ᠵᠢᠭᠤᠯᠴᠢᠯᠠᠯ ᠤᠨ ᠡᠬᠢ ᠪᠠᠶᠠᠯᠢᠭ ᠲᠠᠭᠠᠨ ᠲᠦᠰᠢᠭᠯᠡᠨ᠂ ︽ᠨᠠᠮ ᠤᠨ ᠪᠠᠶᠢᠭᠤᠯᠤᠯᠲᠠ + ᠵᠢᠭᠤᠯᠴᠢᠯᠠᠯ︾ ᠢᠶᠠᠷ ᠵᠢᠯᠣᠭᠤᠳᠤᠯᠭ᠎ᠠ ᠪᠣᠯᠭᠠᠵᠤ᠂ ᠮᠠᠯ ᠠᠵᠤ ᠠᠬᠤᠢ ᠪᠠᠷ ᠰᠠᠭᠤᠷᠢ ᠪᠣᠯᠭᠠᠨ᠂ ᠰᠣᠶᠣᠯ ᠢᠶᠠᠷ ᠵᠢᠭᠤᠯᠴᠢᠯᠠᠯ ᠢ ᠪᠤᠶᠢᠵᠢᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠤᠨ᠂ ᠥᠪᠡᠷᠮᠢᠴᠡ ᠣᠨᠴᠠᠯᠢᠭ ᠲᠠᠢ ᠪᠠᠶᠠᠵᠢᠯ ᠤᠨ ᠵᠠᠮ ᠢᠶᠠᠷ ᠵᠠᠮᠨᠠᠵᠣ ᠪᠠᠶᠢᠨ᠎ᠠ᠃    ᠲᠤᠩᠭᠠᠯᠠᠭ ᠨᠠᠭᠤᠷ ᠭᠠᠴᠠᠭ᠎ᠠ ᠶᠢᠨ ᠬᠡᠪᠴᠢᠶᠡᠨ ᠳᠠᠬᠢ 26 ᠶᠡᠭᠡ ᠪᠠᠭ᠎ᠠ ᠨᠠᠭᠤᠷ ᠨᠢ ᠨᠡᠯᠦᠭᠡᠷ ᠶᠡᠭᠡ ᠡᠯᠡᠰᠣ ᠶᠢ ᠴᠢᠮᠡᠭᠯᠡᠨ᠂ ᠡᠨᠡ ᠬᠦ ᠨᠣᠳᠤᠭ ᠣᠰᠣ ᠶᠢ ᠥᠪᠡᠷᠮᠢᠴᠡ ᠣᠨᠴᠠᠯᠢᠭ ᠲᠠᠢ ᠪᠣᠯᠭᠠᠭᠰᠠᠨ ᠪᠠᠶᠢᠨ᠎ᠠ᠃ ᠭᠠᠴᠠᠭᠠᠨ ᠤ ᠬᠠᠷᠢᠶᠠᠨ ᠳᠠᠬᠢ ᠡᠯᠡᠰᠦ ᠮᠠᠩᠬ᠎ᠠ᠂ ᠲᠠᠯ᠎ᠠ ᠨᠤᠲᠤᠭ᠂ ᠨᠠᠭᠤᠷ ᠴᠥᠭᠦᠷᠥᠮ᠂ ᠨᠤᠭᠤ ᠭᠠᠵᠠᠷ ᠵᠡᠷᠭᠡ ᠣᠨᠴᠠᠭᠠᠢ ᠠᠮᠢ ᠠᠬᠤᠢ ᠶᠢᠨ ᠵᠤᠭᠠᠴᠠᠯ ᠤᠨ ᠡᠬᠢ ᠪᠠᠶᠠᠯᠢᠭ ᠵᠢᠴᠢ ᠠᠯᠠᠱᠠ ᠶᠢᠨ ᠪᠠᠭᠠᠲᠤᠷᠴᠤᠳ ᠤᠨ ᠴᠣᠭᠯᠠᠭᠠᠨ ᠵᠡᠷᠭᠡ ᠲᠦᠷᠦᠯ ᠲᠡᠮᠳᠡᠭ ᠤᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠳᠤ ᠲᠦᠰᠢᠭᠯᠡᠨ᠂ ᠭᠠᠴᠠᠭᠠᠨ ᠤ ᠨᠠᠮ ᠤᠨ ᠡᠭᠦᠷ ᠤᠨ ᠬᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠰᠠᠭᠤᠷᠢ ᠲᠥᠬᠦᠭᠡᠷᠦᠮᠵᠢ ᠶᠢᠨ ᠲᠦᠪᠰᠢᠨ ᠢ ᠶᠡᠬᠡᠪᠡᠷ ᠳᠡᠭᠡᠭᠰᠢᠯᠡᠬᠦᠯᠣᠨ᠂ ᠵᠢᠭᠤᠯᠴᠢᠯᠠᠯ ᠤᠨ ᠦᠢᠯᠡᠰ ᠢ ᠬᠦᠭᠵᠢᠬᠦᠯᠵᠤ᠂ ᠮᠠᠯᠴᠢᠨ ᠲᠠᠷᠢᠶᠠᠴᠢᠨ ᠤ ᠠᠮᠢᠳᠤᠷᠠᠯ ᠢ ᠴᠢᠨᠡᠬᠡᠯᠢᠭᠵᠢᠬᠦᠯᠵᠡᠢ᠃    ᠲᠤᠩᠭᠠᠯᠠᠭ ᠨᠠᠭᠤᠷ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠲᠠᠨ᠎ᠠ᠄ ︽ᠪᠢᠳᠡ ︿ᠨᠠᠮ ᠤᠨ ᠪᠠᠶᠢᠭᠤᠯᠤᠯᠲᠠ + ᠪᠥᠬᠦ ᠣᠷᠣᠨ ᠪᠦᠰᠡ ᠶᠢᠨ ᠵᠢᠭᠤᠯᠴᠢᠯᠠᠯ﹀ ᠤᠨ ᠵᠠᠭᠪᠤᠷ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠠᠷᠠᠳ ᠤᠨ ᠣᠷᠣᠨ ᠰᠠᠭᠤᠴᠠ᠂ ᠡᠯᠡᠰᠦᠨ ᠳᠤ ᠳᠠᠪᠬᠢᠬᠤ ᠲᠡᠷᠭᠡ ᠲᠦᠷᠢᠶᠡᠰᠦᠯᠡᠬᠦ᠂ ᠠᠪᠤᠷᠠᠨ ᠲᠤᠰᠠᠯᠠᠬᠤ᠂ ᠲᠡᠮᠡᠭᠡ ᠮᠣᠷᠢ ᠤᠨᠤᠬᠤ ᠵᠡᠷᠭᠡ ᠵᠢᠭᠤᠯᠴᠢᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠬᠦᠭᠵᠢᠬᠦᠯᠵᠡᠢ︾ ᠭᠡᠪᠡ᠃    ᠣᠳᠣᠬᠠᠨ ᠳᠤ᠂ ᠲᠣᠰ ᠭᠠᠴᠠᠭ᠎ᠠ ᠳᠤ ᠨᠢᠭᠡᠨᠲᠡ 14 ᠮᠠᠯᠴᠢᠨ ᠲᠠᠷᠢᠶᠠᠴᠢᠨ ᠠᠶᠢᠯ ᠤᠨ ᠵᠤᠭᠠᠴᠠᠯ᠂ 34 ᠠᠷᠠᠳ ᠤᠨ ᠰᠠᠭᠤᠴᠠ᠂ 35 ᠠᠪᠤᠷᠠᠨ ᠲᠤᠰᠠᠯᠠᠬᠤ ᠦᠢᠯᠡᠴᠢᠯᠡᠭᠡᠨ ᠤ ᠴᠡᠭ᠂ 50 ᠭᠠᠷᠤᠢ ᠡᠯᠡᠰᠦᠨ ᠤ ᠪᠠᠷᠲᠠᠭ᠎ᠠ ᠳᠠᠪᠠᠭ᠋ᠤ ᠲᠡᠷᠭᠡ ᠪᠠ 4 ᠳᠡᠮᠡᠭᠡ ᠮᠣᠷᠢ ᠬᠦᠳᠦᠯᠬᠦ ᠡᠵᠡᠩᠨᠡᠯᠲᠡ ᠶᠢᠨ ᠡᠷᠦᠬᠡ ᠲᠠᠢ ᠪᠣᠯᠵᠤ᠂ 100 ᠭᠠᠷᠤᠢ ᠮᠠᠯᠴᠢᠨ ᠲᠠᠷᠢᠶᠠᠴᠢᠨ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠲᠤ ᠣᠷᠣᠯᠴᠠᠵᠤ᠂ ᠬᠦᠮᠣᠨ ᠪᠦᠷᠢ ᠶᠢᠨ ᠳᠤᠮᠳᠠᠴᠢ ᠵᠢᠯ ᠤᠨ ᠣᠷᠣᠯᠭ᠎ᠠ ᠶᠢᠨ ᠨᠡᠮᠡᠭᠳᠡᠯ 2 ᠲᠦᠮᠡᠨ ᠲᠥᠭᠦᠷᠢᠭ ᠲᠤ ᠬᠦᠷᠴᠡᠢ᠃ ᠲᠤᠰ ᠭᠠᠴᠠᠭᠠᠨ ᠤ ᠬᠦᠷᠡᠯ᠄ ︽ᠪᠢᠳᠡ ᠥᠪᠡᠷ ᠤᠨ ᠮᠠᠰᠢᠨ ᠲᠡᠷᠭᠡᠨ ᠤ ᠠᠩᠭᠢ ᠪᠠᠨ ᠵᠣᠬᠢᠶᠠᠨ ᠪᠠᠶᠢᠭᠤᠯᠵᠤ᠂ ᠲᠤᠰᠬᠠᠶᠢᠯᠠᠨ ᠡᠯᠡᠰᠦᠨ ᠳᠤ ᠵᠤᠭᠠᠴᠠᠬᠰᠠᠳ ᠢ ᠲᠠᠲᠠᠵᠤ ᠲᠤᠭᠤᠷᠢᠭᠤᠯᠵᠤ ᠪᠣᠢ᠂ ᠣᠶᠢᠷ᠎ᠠ ᠶᠢᠨ ᠬᠤᠶᠠᠷ ᠵᠢᠯ ᠳᠤ ᠵᠤᠭᠠᠴᠠᠭᠰᠠᠳ ᠨᠡᠯᠢᠶᠡᠳ ᠣᠯᠠᠰᠢᠷᠠᠨ᠂ ᠪᠢᠳᠡᠨ ᠤ ᠣᠷᠣᠯᠭ᠎ᠠ ᠴᠦ ᠭᠠᠶᠢᠭᠤᠢ ᠰᠠᠶᠢᠨ ᠪᠠᠶᠢᠨ᠎ᠠ︾ ᠭᠡᠪᠡ᠃    ᠬᠥᠳᠡᠭᠡ ᠲᠣᠰᠬᠤᠨ ᠤ ᠵᠤᠭᠠᠴᠠᠯ ᠢ ᠠᠵᠤ ᠦᠢᠯᠡᠰᠵᠢᠭᠦᠯᠦᠨ ᠬᠥᠭᠵᠢᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠪᠣᠯᠣᠨ᠎ᠠ᠃ ᠲᠤᠩᠭᠠᠯᠠᠭ ᠨᠠᠭᠤᠷ ᠭᠠᠴᠠᠭ᠎ᠠ ᠶᠢᠨ ᠨᠠᠮ ᠤᠨ ᠡᠭᠦᠷ ᠨᠢ ᠮᠠᠯᠴᠢᠨ ᠲᠠᠷᠢᠶᠠᠴᠢᠨ ᠢ ᠳᠠᠶᠢᠴᠢᠯᠠᠨ ᠵᠢᠭᠤᠯᠴᠢᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠡᠷᠭᠢᠯᠡᠬᠦ ᠶᠢᠨ ᠬᠠᠮᠲᠤ᠂ ᠭᠠᠴᠠᠭᠠᠨ ᠤ ᠢᠯᠡᠬᠦᠴᠠ ᠬᠥᠳᠡᠯᠮᠦᠷᠢ ᠬᠦᠴᠦᠨ ᠢᠶᠠᠷ ᠡᠯᠡᠰᠣ ᠮᠠᠩᠬᠠᠨ ᠤ ᠲᠦᠷᠤᠯ ᠵᠦᠢᠯ ᠪᠠ ᠦᠨᠳᠦᠰᠦᠲᠡᠨ ᠤ ᠣᠨᠴᠠᠯᠢᠭ ᠲᠠᠢ ᠠᠷᠠᠳ ᠤᠨ ᠣᠷᠣᠨ ᠰᠠᠭᠤᠴᠠ ᠶᠢ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠵᠢᠭᠤᠯᠴᠢᠯᠠᠯ ᠤᠨ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠬᠦᠯᠵᠣ ᠪᠠᠶᠢᠨ᠎ᠠ᠃ ᠣᠳᠣᠬᠠᠨ ᠳᠤ᠂ ᠭᠠᠴᠠᠭ᠎ᠠ ᠨᠢ ᠨᠢᠭᠡᠨᠲᠡ ᠲᠣᠭᠤᠷᠢᠨ ᠵᠤᠭᠠᠴᠠᠬᠤ᠂ ᠰᠡᠯᠡᠭᠦᠴᠡᠬᠦ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠰᠢᠨ᠎ᠡ ᠮᠠᠶ᠋ᠢᠭ ᠤᠨ ᠡᠯᠡᠰᠦ ᠮᠠᠩᠬᠠᠨ ᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠦᠳᠦᠭᠡᠨ ᠪᠠᠶᠢᠭᠤᠯᠵᠣ᠂ ᠳᠦᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠵᠤᠭᠠᠴᠠᠭᠰᠠᠳ ᠤᠨ ᠰᠣᠨᠢᠷᠬᠠᠯ ᠢ ᠲᠠᠲᠠᠵᠤ ᠪᠤᠢ᠃    ᠳᠣᠩᠭᠠᠯᠠᠭ ᠨᠠᠭᠤᠷ ᠭᠠᠴᠠᠭᠠᠨ ᠤ ᠨᠢᠭᠡᠳᠦᠭᠡᠷ ᠬᠤᠸᠠᠷᠠᠨ ᠤ ᠡᠵᠡᠩᠨᠡᠭᠴᠢ ᠣᠷᠢᠬᠠᠨ᠄ ︽ᠮᠠᠨ ᠤ ᠡ᠊ᠡᠳᠡ ᠵᠢᠭᠤᠯᠴᠢᠯᠠᠵᠣ ᠢᠷᠡᠭᠰᠡᠨ ᠵᠤᠭᠠᠴᠠᠭᠰᠠᠳ ᠭᠤᠣᠯᠳᠠᠭᠤ ᠰᠦᠯᠵᠢᠶᠡᠨ ᠳᠡᠭᠡᠷᠡᠬᠢ ᠵᠠᠬᠢᠶᠠᠯᠠᠭ᠎ᠠ ᠪᠠ ᠵᠢᠭᠤᠯᠴᠢᠯᠠᠯ ᠤᠨ ᠺᠣᠮᠫᠠᠨᠢ ᠶᠢᠨ ᠬᠠᠮᠲᠤᠷᠠᠯᠴᠠᠭ᠎ᠠ ᠠᠴᠠ ᠢᠷᠡᠯᠳᠡᠢ᠂ ᠡᠩ ᠤᠨ ᠴᠠᠭ ᠲᠤ ᠶᠠᠭᠠᠷᠠᠤ ᠦᠶ᠎ᠡ ᠳᠤ ᠠᠶᠢᠯ ᠰᠠᠭᠠᠬᠠᠯᠲᠠ ᠶᠢᠨ ᠬᠢᠨ ᠢᠷᠡᠵᠦ ᠬᠠᠪᠰᠣᠷᠳᠠᠭ᠂ ᠪᠢᠳᠠ ᠪᠦᠬᠦᠳᠡᠭᠡᠷ ᠬᠠᠷᠢᠯᠴᠠᠨ ᠬᠠᠪᠰᠣᠷᠣᠯᠴᠠᠨ᠂ ᠬᠠᠮᠳᠣᠪᠡᠷ ᠪᠠᠶᠠᠵᠢᠬᠤ ᠬᠠᠷᠠᠯᠳᠠ ᠲᠠᠢ ᠪᠠᠶᠢᠭ᠎ᠠ ᠶᠤᠮ︾ ᠭᠡᠯ᠎ᠡ᠃ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠲᠠᠨ᠎ᠠ᠄ ︽ᠮᠠᠯ ᠠᠵᠤ ᠠᠬᠤᠢ ᠪᠠᠷ ᠰᠠᠭᠤᠷᠢ ᠪᠣᠯᠭᠠᠵᠤ᠂ ᠰᠣᠶᠣᠯ ᠢᠶᠠᠷ ᠵᠢᠭᠤᠯᠴᠢᠯᠠᠯ ᠢ ᠬᠥᠮᠥᠵᠢᠭᠦᠯᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠨᠠᠩ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠭᠠᠴᠠᠭᠠᠨ ᠤ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠬᠤ ᠪᠣᠯᠣᠨ᠎ᠠ︾ ᠭᠡᠵᠣ ᠶᠠᠷᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号