ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠲᠠᠶᠢᠴᠢᠯᠠᠨ ᠬᠦᠴᠦ ᠪᠠᠨ ᠬᠠᠮᠲᠤᠳᠬᠠᠵᠤ ︿ | ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ | ᠲᠤᠬᠠᠢ ᠰᠠᠨᠠᠯ︾ ᠢ ᠤᠢᠢᠷ᠎ᠡ ᠶᠢᠨ ᠡᠳᠦᠷ ᠳᠠᠷᠤᠮᠠᠯᠯᠠᠨ ᠲᠠᠷᠬᠠᠭᠠᠪᠠ᠂ ᠪᠦᠬᠦ ᠠᠭᠤᠯᠭ᠎ᠠ ᠨᠢ ᠳᠣᠣᠷᠠᠬᠢ ᠮᠡᠲᠦ᠃ | ᠶᠡᠷᠦᠩᠬᠡᠶ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠡᠯ᠎ᠡ | ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠨ ᠬᠦᠴᠦ ᠪᠠᠨ ᠬᠠᠮᠲᠤᠳᠬᠠᠵᠤ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠦᠯᠦᠬᠡ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠤᠤᠷᠠᠬᠢ | ᠮᠡᠲᠦ ᠰᠠᠨᠠᠯ ᠢ ᠳᠤᠷᠠᠳᠪᠠ᠃ | ᠨᠢᠭᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ ᠤᠨ ᠪᠠ ᠥᠪᠡᠷᠲᠡᠭᠡᠨ ᠵᠠᠰᠠᠬᠤ | ᠣᠷᠣᠨ ᠤ ᠨᠡᠶᠢᠲᠡᠯᠡᠭᠰᠡᠨ ᠪᠡᠯᠡ ᠮᠥᠩᠭᠦ ᠶᠢᠨ ᠲᠤᠰᠠᠯᠠᠮᠵᠢ᠂ ᠡᠳ᠋ ᠤᠨ ᠵᠠᠰᠠᠭ ᠠᠴᠠ ᠬᠦᠦ ᠮᠥᠩᠭᠦ ᠶᠢᠨ ᠨᠦᠬᠦᠪᠦᠷᠢ | ᠦᠭᠬᠦ᠂ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠥᠷᠨᠢᠭᠦᠯᠵᠦ | ᠪᠠᠶᠢᠭ᠎ᠠ ᠭᠤᠣᠯ ᠴᠣᠭᠴᠠ ᠳᠤ ᠳᠡᠮᠵᠢᠯᠭᠡ ᠦᠵᠡᠭᠦᠯᠬᠦ ᠬᠡᠷᠡᠭᠲᠡᠶ᠃ ᠨᠢᠭᠡᠴᠢ ᠪᠠ ᠬᠤᠪᠢ ᠬᠥᠮᠦᠨ ᠤ ᠪᠤᠰᠤᠳ ᠠᠷᠭ᠎ᠠ | ᠮᠠᠶ᠋ᠢᠭ ᠢᠶᠠᠷ ᠳᠠᠭᠠᠭᠠᠴᠢᠯᠠᠨ ᠡᠵᠡᠩᠨᠡᠬᠦ ᠡᠷᠬᠡ ᠣᠯᠤᠭᠰᠠᠨ ᠡᠯᠡᠰᠦᠷᠬᠡᠭᠵᠢᠭᠰᠡᠨ ᠭᠠᠵᠠᠷ ᠰᠢᠷᠣᠢ ᠳᠡᠭᠡᠷ᠎ᠡ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠵᠠᠰᠠᠯᠳᠠ ᠨᠢ ᠦᠷ᠎ᠡ | ᠪᠦᠲᠦᠮᠵᠢ ᠲᠠᠢ ᠪᠤᠯ ᠡᠵᠡᠩᠨᠡᠯᠲᠡ ᠶᠢᠨ ᠡᠷᠬᠡ ᠶᠢ ᠰᠢᠯᠵᠢᠬᠦᠯᠦᠭᠰᠡᠨ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠤ | ᠲᠠᠷᠠᠭ᠎ᠠ ᠠᠳᠠᠯᠢ ᠨᠥᠬᠦᠴᠡᠯ ᠤᠨ ᠳᠣᠣᠷ᠎ᠠ ᠳᠠᠭᠠᠭᠠᠴᠢᠯᠠᠯᠲᠠ ᠶᠢᠨ ᠭᠠᠵᠠᠷ ᠰᠢᠷᠣᠢ ᠶᠢ ᠨᠢ ᠲᠡᠷᠡ ᠬᠦᠮᠦᠨ | ᠤᠷᠢᠳ ᠢᠶᠠᠷ ᠦᠷᠭᠦᠯᠵᠢᠯᠡᠨ ᠲᠦᠷᠢᠶᠡᠰᠦᠯᠡᠵᠦ ᠪᠤᠯᠤᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠠᠵᠢᠯ ᠤᠨ ᠳᠤᠮᠳᠠ ᠲᠣᠪᠤᠶᠢᠮ᠎ᠠ ᠠᠮᠵᠢᠯᠲᠠ ᠭᠠᠷᠭᠠᠭᠰᠠᠨ ᠨᠢᠭᠡᠴᠢ ᠪᠣᠯᠤᠨ ᠬᠤᠪᠢ ᠬᠥᠮᠦᠨ ᠢ ᠡᠯ᠎ᠡ ᠱᠠᠲᠤᠨ ᠤ | ᠵᠠᠰᠠᠭ ᠤᠨ ᠣᠷᠳᠣᠨ ᠠᠴᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠂ | ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢ ᠨᠢ ᠶᠡᠭᠡ ᠪᠠᠷ ᠱᠠᠩᠨᠠᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠳᠤᠮᠳᠠ ᠰᠢᠨ᠎ᠡ ᠮᠡᠷᠭᠡᠵᠢᠯ ᠢ ᠨᠡᠭᠡᠭᠡᠨ ᠬᠥᠭᠵᠢᠭᠦᠯᠵᠦ᠂ ᠰᠢᠨ᠎ᠡ ᠲᠥᠬᠦᠭᠡᠷᠦᠮᠵᠢ ᠶᠢ ᠬᠡᠷᠡᠭᠯᠡᠭᠰᠡᠨ ᠪᠠᠶᠢᠪᠠᠯ | ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤᠨᠢ | ᠨᠥᠬᠦᠪᠥᠷᠢ ᠥᠭᠬᠦ ᠵᠡᠷᠭᠡ ᠲᠥᠷᠥ ᠶᠢᠨ ᠪᠣᠳᠣᠯᠭ᠎ᠠ ᠪᠠᠷ ᠳᠠᠮᠵᠢᠨ ᠳᠡᠮᠵᠢᠯᠭᠡ ᠦᠵᠡᠭᠦᠯᠦᠨ᠎ᠡ᠃ | ᠬᠤᠶᠠᠷ᠂ ᠡᠯ᠎ᠡ ᠭᠠᠵᠠᠷ ᠤᠨ ᠬᠢᠨ ᠤᠶᠢᠳᠤ ᠭᠠᠵᠠᠷ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠵᠦ ᠪᠠᠶᠢᠭ᠎ᠠ | ᠨᠢᠭᠡᠴᠢ ᠪᠣᠯᠤᠨ ᠬᠤᠪᠢ ᠬᠥᠮᠦᠨ ᠢ ᠱᠠᠯᠠᠪᠳᠠᠨ ᠪᠡᠯᠴᠢᠭᠡᠷᠯᠡᠭᠦᠯᠬᠦ ᠶᠢ ᠵᠤᠭᠰᠤᠭᠠᠬᠤ ᠪᠡᠯᠴᠢᠭᠡᠷ ᠢ ᠠᠮᠠᠷᠠᠭᠤᠯᠬᠤ᠂ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠵᠡᠷᠭᠡ ᠬᠠᠮᠠᠭᠠᠯᠠᠯᠲᠠ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠤᠢ ᠮᠣᠳᠣᠨ ᠤ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠳᠦᠷ ᠲᠤᠳᠤᠮ ᠤᠨ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠵᠤ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠲᠣᠭᠲᠠᠭᠠᠯ ᠠᠴᠠ ᠵᠥᠷᠢᠴᠡᠨ | ᠪᠡᠯᠴᠢᠬᠡᠷᠯᠡᠬᠦᠯᠬᠦ ᠶᠢ ᠴᠠᠭᠠᠵᠠᠯᠠᠬᠤ ᠪᠤᠶᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠪᠡᠯᠴᠢᠬᠡᠷᠯᠡᠬᠦᠯᠬᠦ᠂ | ᠳᠤᠷ᠎ᠠ ᠪᠠᠷ ᠢᠶᠠᠨ ᠮᠠᠯᠲᠠᠵᠤ ᠤᠬᠤᠬᠤ᠂ ᠳᠤᠷ᠎ᠠ ᠪᠠᠷ ᠢᠶᠠᠨ ᠬᠠᠭᠠᠯᠪᠤᠷᠢᠯᠠᠨ ᠡᠵᠡᠯᠡᠬᠦ᠂ ᠳᠤᠷ᠎ᠠ ᠪᠠᠷ ᠢᠶᠠᠨ ᠴᠠᠪᠴᠢᠵᠤ | ᠳᠤᠷ᠎ᠠ ᠪᠠᠷ ᠢᠶᠠᠨ ᠣᠭᠲᠣᠯᠬᠤ ᠵᠡᠷᠭᠡ ᠠᠵᠢᠯᠯᠠᠭ᠎ᠠ ᠶᠢ ᠦᠨᠡᠨ ᠬᠦ ᠵᠣᠭᠰᠣᠭᠠᠬᠤ ᠬᠡᠷᠡᠭᠲᠡᠢ᠃ | ᠭᠤᠷᠪᠠ᠂ ᠡᠯ᠎ᠡ ᠭᠠᠵᠠᠷ ᠤᠨ ᠬᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠬᠰᠠᠨ ᠢᠨᠵᠧᠨᠧᠷᠢᠩ ᠤᠨ ᠨᠡᠭᠡᠭᠡᠯᠲᠡ ᠬᠢᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠠᠲᠤᠯᠠᠭ᠎ᠠ ᠶᠢᠨ ᠴᠢᠨᠠᠷᠲᠠᠶ ᠰᠢᠨ᠎ᠡ ᠡᠨᠧᠷᠭᠢ ᠶᠢᠨ ᠵᠢᠭᠠᠯᠳᠠ ᠲᠤᠭ᠎ᠠ ᠪᠠᠷ ᠬᠥᠲᠥᠯᠦᠮᠵᠢ | ᠪᠣᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠪᠠ ᠰᠢᠨ᠎ᠡ ᠡᠨᠧᠷᠭᠢ ᠶᠢ ᠨᠡᠭᠡᠭᠡᠬᠦ ᠬᠡᠪᠴᠢᠶ᠎ᠡ | ᠵᠢᠴᠢ ᠪᠦᠲᠦᠭᠡᠨ ᠪᠠᠶᠢᠭᠤᠯᠤᠯᠲᠠ ᠶᠢᠨ ᠠᠶᠢᠵᠠᠮ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠡᠷᠴᠢᠮ ᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠬᠡᠷᠡᠭᠲᠡᠶ︔ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠦᠨ | ᠲᠦᠷᠢᠶᠡᠰᠦᠯᠡᠬᠦᠯᠦᠭᠰᠡᠨ ᠰᠦᠢᠳᠬᠡᠯ ᠢ ︽ᠤᠨᠠᠯᠲᠠ ᠪᠠᠷ ᠲᠦᠷᠢᠶᠡᠰᠦᠨ ᠮᠦᠩᠬᠦ ᠶᠢ ᠲᠣᠭᠲᠠᠭᠠᠬᠤ︾ ᠬᠡᠯᠪᠡᠷᠢ ᠪᠠᠷ | ᠵᠦᠢ ᠵᠣᠬᠢᠰᠲᠠᠢ ᠲᠣᠭᠲᠠᠭᠠᠨ᠎ᠠ᠃ ᠰᠢᠨ᠎ᠡ ᠡᠨᠧᠷᠭᠢ ᠶᠢᠨ ᠠᠵᠤ ᠠᠬᠤᠶᠢᠯᠠᠯ ᠲᠦᠷᠦᠭᠦᠯᠡᠨ ᠬᠢᠬᠦ ᠶᠢ ᠵᠤᠷᠢᠭᠵᠢᠭᠤᠯᠵᠤ᠂ | ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢ ᠠᠬᠤᠶ ᠶᠢ ᠵᠠᠰᠠᠬᠤ ᠠᠵᠤ ᠠᠬᠤᠶᠢᠯᠠᠯ ᠵᠢᠴᠢ | ᠠᠶᠢᠮᠠᠭ ᠬᠤᠲᠠ ᠶᠢᠨ ᠬᠤᠯᠪᠤᠭᠳᠠᠯ ᠪᠥᠬᠦᠶ ᠠᠵᠤ ᠠᠬᠤᠶᠢᠯᠠᠯ ᠲᠠᠢ ᠬᠤᠯᠪᠣᠭᠠᠯᠠᠨ ᠬᠤᠯᠪᠣᠭᠠᠲᠤ ᠴᠣᠭᠴᠠ | ᠪᠠᠶᠢᠭᠤᠯᠵᠤ᠂ ᠬᠤᠯᠪᠣᠭᠠᠲᠤ ᠴᠣᠭᠴᠠ ᠶᠢᠨ ᠳᠣᠲᠣᠭᠠᠳᠤ ᠳᠤ ᠲᠣᠨᠤᠭ ᠲᠥᠬᠦᠭᠡᠷᠦᠮᠵᠢ᠂ ᠮᠠᠲ᠋ᠧᠷᠢᠶᠠᠯ᠂ ᠣᠶ ᠰᠢᠭᠤᠶ | ᠡᠪᠡᠰᠦᠨ ᠤ ᠦᠷ᠎ᠡ ᠴᠢᠬᠢ ᠵᠡᠷᠭᠡ ᠶᠢ ᠵᠠᠬᠢᠶᠠᠯᠠᠭ᠎ᠠ ᠶᠢᠨ ᠮᠠᠶ᠋ᠢᠭ ᠢᠶᠠᠷ ᠬᠤᠳᠠᠯᠳᠤᠨ ᠠᠪᠬᠤ ᠪᠠ ᠡᠯᠡᠰᠦᠷᠬᠡᠭᠵᠢᠭᠰᠡᠨ | ᠭᠠᠵᠠᠷ ᠰᠢᠷᠣᠶ ᠶᠢ ᠵᠠᠰᠠᠬᠤ ᠶᠢ ᠨᠠᠶᠢᠳᠠᠵᠤ ᠪᠥᠲᠥᠭᠡᠨ ᠪᠠᠶᠢᠭᠤᠯᠬᠤ ᠶᠢ ᠰᠦᠪᠡᠭᠴᠢᠯᠡᠵᠦ᠂ ᠭᠠᠵᠠᠷ ᠰᠢᠷᠣᠶ | ᠨᠥᠭᠡᠴᠡᠯᠡᠬᠦ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠰᠠᠶᠢᠲᠤᠷ ᠬᠢᠨ᠎ᠠ᠃ ᠡᠯᠡᠰᠦᠷᠬᠡᠭᠵᠢᠭᠰᠡᠨ ᠭᠠᠵᠠᠷ ᠰᠢᠷᠣᠶ ᠶᠢ | ᠵᠠᠰᠠᠬᠤ ᠶᠢᠨ ᠪᠥᠬᠦ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠥᠲᠥᠭᠡᠨ | ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠡᠯ᠎ᠡ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠵᠠᠰᠠᠭᠰᠠᠨ ᠦᠷ᠎ᠡ ᠪᠦᠲᠦᠮᠵᠢ ᠶᠢ ᠦᠨᠡᠯᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠬᠦ ᠶᠢᠨ ᠬᠠᠮᠲᠤ ᠦᠨᠡᠯᠡᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠵᠤ᠂ ᠭᠡᠷ᠎ᠡ ᠶᠢ ᠭᠦᠢᠴᠡᠳᠭᠡᠬᠦ | ᠲᠤᠬᠠᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠡᠷ᠎ᠡ ᠠᠴᠠ ᠵᠥᠷᠢᠴᠡᠭᠰᠡᠨ ᠭᠤᠤᠯ ᠴᠣᠭᠴᠠ ᠶᠢ ᠰᠢᠢᠳᠪᠦᠷᠢᠯᠡᠬᠦ | ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠳᠥᠷᠪᠡ᠂ ᠡᠯ᠎ᠡ ᠭᠠᠵᠠᠷ ᠤᠨ ᠬᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠡᠯᠪᠡᠷᠢ ᠪᠠᠷ | ᠳᠠᠮᠵᠢᠭᠤᠯᠤᠨ ᠵᠠᠰᠠᠯᠳᠠ ᠶᠢᠨ ᠭᠤᠤᠯ ᠴᠣᠭᠴᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ | ᠵᠦᠢᠯ ᠢ ᠲᠤᠭᠳᠠᠭᠠᠵᠤ᠂ ᠵᠠᠰᠠᠬᠤ ᠳᠦᠷᠢᠮ ᠪᠣᠯᠤᠨ ᠪᠠᠷᠢᠮᠵᠢᠶ᠎ᠠ ᠪᠠᠨ ᠤᠷᠢᠳᠴᠢᠯᠠᠨ ᠲᠣᠳᠣᠷᠬᠠᠶᠢᠯᠠᠵᠤ᠂ | ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠥᠷᠢᠰᠥᠯᠳᠦᠭᠡᠨ ᠤ ᠲᠣᠭᠲᠠᠴᠠ ᠶᠢ ᠣᠷᠣᠭᠤᠯᠵᠤ᠂ | ᠳᠠᠭᠠᠭᠠᠴᠢᠯᠠᠯᠲᠠ ᠣᠨᠤᠬᠤ ᠭᠤᠤᠯ ᠴᠣᠭᠴᠠ ᠶᠢ ᠬᠠᠷᠢᠴᠠᠭᠤᠯᠤᠨ ᠰᠣᠩᠭᠤᠵᠤ ᠲᠣᠭᠲᠠᠭᠠᠵᠤ ᠪᠣᠯᠤᠨ᠎ᠠ︔ | ᠳᠠᠭᠠᠭᠠᠴᠢᠯᠠᠯᠲᠠ ᠣᠨᠤᠭᠴᠢ ᠠᠴᠠ ᠵᠠᠰᠠᠯᠳᠠ ᠶᠢᠨ ᠲᠥᠰᠦᠯ ᠢ ᠴᠢᠩᠭ᠎ᠠ ᠵᠢᠷᠤᠮᠯᠠᠨ ᠵᠠᠰᠠᠬᠤ ᠬᠡᠷᠡᠭᠳᠡᠢ᠃ | ᠨᠥᠬᠦᠴᠡᠯ ᠳᠤ ᠨᠡᠶᠢᠴᠡᠬᠦ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ᠂ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠬᠦ ᠶᠢ ᠳᠡᠮᠵᠢᠵᠦ᠂ | ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠳᠠᠶᠢᠴᠢᠯᠠᠬᠤ | ᠬᠡᠷᠡᠭᠲᠡᠶ᠃ ︽ᠤᠷᠢᠳ ᠢᠶᠠᠷ ᠲᠠᠭᠠᠭᠠᠴᠢᠯᠠᠯᠲᠠ ᠵᠠᠷᠯᠠᠵᠤ ᠳᠠᠷᠠᠭ᠎ᠠ ᠨᠢ ᠨᠥᠬᠦᠪᠥᠷᠢᠯᠡᠬᠦ︾ ᠵᠠᠭᠪᠤᠷ ᠢ ᠢᠳᠡᠪᠬᠢᠲᠡᠶ | ᠰᠦᠪᠡᠭᠴᠢᠯᠡᠵᠦ᠂ ᠤᠯᠤᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠳᠤ ᠨᠡᠶᠢᠴᠡᠬᠦ ᠮᠥᠷᠲᠡᠭᠡᠨ ᠨᠢᠭᠡᠨᠲᠡ | ᠭᠤᠶᠤᠴᠢᠯᠠᠨ ᠮᠡᠳᠡᠭᠦᠯᠵᠦ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠳᠤ ᠤᠯᠤᠰ ᠤᠨ ᠪᠡᠯᠡ ᠣᠷᠣᠭᠤᠯᠤᠯᠲᠠ | ᠶᠢᠨ ᠲᠥᠯᠥᠪᠯᠡᠭᠡ ᠶᠢ ᠪᠠᠭᠤᠯᠭᠠᠬᠤ ᠠᠴᠠ ᠡᠮᠦᠨ᠎ᠡ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ | ᠤᠷᠢᠳ ᠢᠶᠠᠷ ᠵᠣᠬᠢᠶᠠᠨ ᠪᠠᠶᠢᠭᠤᠯᠬᠤ ᠶᠢᠨ ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ | ᠵᠥᠪᠰᠢᠶᠡᠷᠡᠨ᠎ᠡ᠃ | ᠲᠠᠪᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠶᠢ ᠶᠡᠭᠡ ᠪᠠᠷ ᠳᠡᠯᠭᠡᠷᠡᠭᠦᠯᠵᠦ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ︽ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ︾ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ ᠶᠢᠨ ᠬᠡᠪᠴᠢᠶ᠎ᠡ ᠶᠢ ᠲᠥᠷᠥᠯ ᠵᠦᠢᠯ ᠤᠨ | ᠶᠡᠷᠦᠩᠬᠡᠶ ᠪᠡᠯᠡ ᠣᠷᠣᠭᠤᠯᠤᠯᠲᠠ ᠶᠢᠨ 10% ᠠᠴᠠ ᠳᠤᠤᠷ᠎ᠠ ᠦᠭᠡᠶ ᠪᠠᠶᠢᠯᠭᠠᠬᠤ ᠬᠡᠷᠡᠭᠲᠡᠶ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠭᠤᠭᠴᠤᠭ᠎ᠠ ᠶᠢᠨ | ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ ᠠᠭᠤᠳᠠᠯᠵᠤ᠂ ᠮᠠᠯᠴᠢᠨ ᠲᠠᠷᠢᠶᠠᠴᠢᠳ ᠢ ᠬᠥᠲᠥᠯᠥᠨ | ᠵᠢᠯᠣᠭᠤᠳᠴᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠪᠠᠷ ᠳᠠᠮᠵᠢᠭᠤᠯᠤᠨ ᠬᠥᠳᠡᠯᠮᠦᠷᠢ | ᠦᠢᠯᠡᠴᠢᠯᠡᠭᠡᠨ ᠤ ᠨᠡᠩ ᠣᠯᠠᠨ ᠬᠥᠯᠥᠰᠥ ᠣᠯᠭᠤᠮᠵᠢ ᠣᠯᠭᠤᠨ᠎ᠠ᠃ | ᠵᠢᠷᠭᠤᠭ᠎ᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ︽ᠤᠷᠢᠳ ᠢᠶᠠᠷ | ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠵᠠᠭᠪᠤᠷ ᠢ ᠰᠦᠪᠡᠭᠴᠢᠯᠡᠵᠦ᠂ ᠬᠤᠰᠢᠭᠤ ᠰᠢᠶᠠᠨ ᠠᠴᠠ ᠭᠤᠶᠤᠴᠢᠯᠠᠵᠤ᠂ | ᠠᠶᠢᠮᠠᠭ ᠬᠤᠲᠠ ᠠᠴᠠ ᠬᠢᠨᠠᠨ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠤᠨ | ᠳᠠᠩᠰᠠᠯᠠᠭᠤᠯᠤᠭᠰᠠᠨ ᠤ ᠳᠠᠷᠠᠭ᠎ᠠ᠂ ᠵᠠᠰᠠᠯᠳᠠ ᠶᠢᠨ ᠭᠤᠤᠯ ᠴᠣᠭᠴᠠ ᠨᠢ ᠥᠪᠡᠷ ᠲᠡᠭᠡᠨ ᠪᠡᠯᠡ ᠮᠥᠩᠭᠦ ᠴᠤᠭᠯᠠᠭᠤᠯᠵᠤ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠤᠷᠢᠳ ᠢᠶᠠᠷ ᠥᠷᠨᠢᠭᠦᠯᠵᠦ᠂ ᠰᠡᠭᠦᠯᠴᠢ ᠶᠢᠨ | ᠬᠤᠭᠤᠴᠠᠭᠠᠨ ᠳᠤ ᠮᠡᠳᠡᠭᠦᠯᠬᠦ ᠲᠥᠷᠥᠯ ᠵᠦᠢᠯ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠪᠠᠨ ᠪᠡᠶᠡᠯᠡᠭᠦᠯᠵᠦ᠂ | ᠬᠢᠨᠠᠨ ᠰᠢᠯᠭᠠᠬᠤ ᠪᠠᠷ ᠳᠠᠮᠵᠢᠭᠠᠳ ᠨᠥᠬᠦᠪᠥᠷᠢ ᠶᠢᠨ ᠪᠡᠯᠡ ᠮᠥᠩᠭᠦ ᠶᠢ ᠨᠢ ᠰᠣᠯᠢᠵᠤ ᠥᠭᠴᠦ ᠪᠣᠯᠤᠨ᠎ᠠ᠃ ᠣᠲᠤᠭ | ᠬᠤᠰᠢᠭᠤ ᠵᠡᠷᠭᠡ ᠭᠠᠵᠠᠷ ᠤᠨ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠵᠠᠭᠪᠤᠷ ᠢ | ᠲᠡᠭᠦᠯᠳᠡᠷᠵᠢᠭᠦᠯᠬᠦ ᠶᠢ ᠳᠡᠮᠵᠢᠨ᠎ᠡ᠃ | ᠳᠣᠯᠤᠭ᠎ᠠ᠂ ᠮᠠᠯᠴᠢᠨ ᠲᠠᠷᠢᠶᠠᠴᠢᠳ ᠤᠨ ᠳᠠᠭᠠᠭᠠᠴᠢᠯᠠᠨ ᠡᠵᠡᠩᠨᠡᠭᠰᠡᠨ ᠭᠠᠵᠠᠷ ᠰᠢᠷᠣᠶ ᠳᠡᠭᠡᠷ᠎ᠡ ︽ᠤᠷᠢᠳ ᠢᠶᠠᠷ | ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠵᠡᠷᠭᠡ ᠵᠠᠭᠪᠤᠷ ᠢᠶᠠᠷ ᠥᠷᠨᠢᠭᠦᠯᠦᠭᠰᠡᠨ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠲᠥᠷᠥᠯ ᠵᠦᠢᠯ ᠳᠤ᠂ ᠮᠠᠯᠴᠢᠨ ᠲᠠᠷᠢᠶᠠᠴᠢᠳ ᠤᠨ ᠥᠪᠡᠷ ᠲᠡᠭᠡᠨ ᠪᠠᠶᠢᠭᠤᠯᠬᠤ᠂ ᠡᠷᠦᠬᠡ | ᠬᠤᠯᠪᠣᠭᠠᠯᠠᠨ ᠬᠠᠮᠲᠤᠷᠠᠨ ᠪᠠᠶᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠪᠠᠶᠢᠭᠤᠯᠬᠤ ᠵᠡᠷᠭᠡ ᠬᠡᠯᠪᠡᠷᠢ ᠪᠠᠷ ᠰᠠᠶᠢᠨ ᠳᠤᠷ᠎ᠠ ᠠᠴᠠ ᠪᠠᠨ ᠮᠡᠳᠡᠭᠦᠯᠬᠦ᠂ ᠪᠠᠶ᠎ᠠ ᠪᠠᠨ | ᠲᠠᠭᠠᠭᠠᠵᠤ ᠪᠦᠲᠦᠭᠡᠨ ᠪᠠᠶᠢᠭᠤᠯᠬᠤ᠂ ᠮᠠᠯᠴᠢᠨ ᠲᠠᠷᠢᠶᠠᠴᠢᠨ ᠤ ᠥᠪᠡᠷ ᠲᠡᠭᠡᠨ ᠪᠠᠶᠢᠭᠤᠯᠬᠤ ᠵᠡᠷᠭᠡ ᠬᠤᠯᠪᠤᠭᠳᠠᠯ | ᠪᠦᠬᠦᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ︽ᠪᠦᠷᠢᠨ ᠴᠢᠳᠠᠮᠵᠢᠳᠤ ᠺᠠᠷᠲ︾ ᠢᠶᠠᠷ ᠳᠠᠮᠵᠢᠭᠤᠯᠤᠨ | ᠰᠢᠭᠤᠳ ᠣᠯᠭᠤᠵᠤ ᠪᠣᠯᠤᠨ᠎ᠠ᠃ | ᠨᠠᠢᠮᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ | ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠰᠢᠬᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ | ᠲᠥᠷᠥᠯ ᠤᠨ ᠠᠵᠤ ᠠᠬᠤᠶᠢᠯᠠᠯ᠂ ᠨᠡᠶᠢᠭᠡᠮ ᠤᠨ ᠪᠦᠯᠬᠦᠮ᠂ ᠬᠤᠪᠢ ᠬᠥᠮᠦᠨ ᠢ ᠳᠠᠶᠢᠴᠢᠯᠠᠨ ᠵᠤᠭᠤᠰ ᠮᠦᠩᠬᠦ | ᠬᠠᠨᠳᠢᠪᠯᠠᠵᠤ᠂ ᠰᠠᠭᠤᠷᠢ ᠮᠥᠩᠭᠦ ᠶᠢᠨ ᠬᠡᠪᠴᠢᠶ᠎ᠡ ᠶᠢ ᠥᠷᠭᠡᠳᠭᠡᠨ᠂ ᠠᠵᠢᠯᠯᠠᠭᠠᠨ ᠤ ᠲᠣᠭᠲᠠᠴᠠ ᠪᠣᠯᠤᠨ | ᠬᠠᠮᠢᠶᠠᠷᠤᠯᠲᠠ ᠶᠢᠨ ᠬᠡᠪ ᠵᠠᠭᠪᠤᠷ ᠢ ᠲᠡᠭᠦᠯᠳᠡᠷᠵᠢᠭᠦᠯᠵᠦ᠂ ᠮᠦᠩᠬᠦ ᠨᠢᠭᠡ ᠪᠦᠷᠢ ᠶᠢ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃ | ᠶᠢᠰᠦ᠂ ᠡᠯ᠎ᠡ ᠭᠠᠵᠠᠷ ᠤᠨ ᠬᠢᠨ ᠤ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ | ᠪᠠᠶᠢᠭᠤᠯᠤᠯᠲᠠ ᠶᠢ ᠣᠷᠣᠭᠤᠯᠤᠨ ᠠᠪᠴᠢᠷᠠᠬᠤ ᠶᠢ ᠵᠤᠷᠢᠬᠵᠢᠭᠤᠯᠵᠤ᠂ ᠬᠠᠮᠳᠤᠷᠠᠯᠴᠠᠬᠤ᠂ ᠬᠤᠪᠢ ᠣᠷᠣᠬᠤ᠂ | ᠳᠠᠭᠠᠭᠠᠴᠢᠯᠠᠬᠤ᠂ ᠨᠡᠷ᠎ᠡ ᠬᠠᠳᠠᠬᠤ᠂ ᠡᠷᠭᠦᠨ ᠲᠡᠵᠢᠭᠡᠬᠦ᠂ ᠬᠠᠨᠳᠤᠯᠭ᠎ᠠ ᠲᠠᠢ ᠪᠠᠷ ᠬᠠᠨᠳᠢᠪᠯᠠᠨ ᠬᠦᠷᠭᠡᠬᠦ ᠵᠡᠷᠭᠡ ᠣᠯᠠᠨ | ᠵᠦᠢᠯ ᠤᠨ ᠬᠡᠯᠪᠡᠷᠢ ᠶᠢ ᠠᠪᠴᠤ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠤᠨ᠎ᠠ᠃ ᠨᠡᠶᠢᠭᠡᠮ ᠤᠨ ᠬᠥᠷᠥᠩᠭᠡ ᠠᠴᠠ ᠪᠠᠯᠠ ᠣᠷᠣᠭᠤᠯᠤᠭᠰᠠᠨ᠂ ᠤᠯᠤᠰ ᠠᠴᠠ | ᠳᠡᠮᠵᠢᠬᠦ ᠴᠢᠭᠯᠡᠯ ᠳᠤ ᠨᠡᠶᠢᠴᠡᠭᠰᠡᠨ ᠣᠢ ᠰᠢᠭᠤᠶ ᠨᠤᠳᠤᠭ ᠪᠡᠯᠴᠢᠭᠡᠷ ᠤᠨ ᠠᠵᠤ ᠦᠢᠯᠡᠰ ᠤᠨ ᠴᠢᠬᠤᠯᠠ ᠶᠡᠭᠡ | ᠲᠥᠷᠥᠯ ᠵᠦᠢᠯ ᠳᠤ᠂ ᠵᠠᠰᠠᠯᠲᠠ ᠶᠢᠨ ᠭᠤᠤᠯ ᠴᠣᠭᠴᠠ ᠶᠢ ᠢᠳᠡᠪᠬᠢᠲᠡᠶ ᠪᠠᠷ ᠬᠠᠪᠰᠤᠷᠴᠤ ᠤᠯᠤᠰ ᠠᠴᠠ | ᠬᠤᠯᠪᠤᠭᠳᠠᠯ ᠪᠦᠬᠦᠢ ᠪᠠᠯᠠ ᠮᠥᠩᠭᠦ ᠶᠢᠨ ᠳᠡᠮᠵᠢᠯᠭᠡ ᠶᠢ ᠲᠡᠮᠡᠴᠡᠨ ᠣᠯᠬᠤ ᠪᠠᠷ ᠴᠢᠷᠮᠠᠶᠢᠨ᠎ᠠ᠃ | ᠠᠷᠪᠠ᠂ ᠨᠤᠲᠤᠭ ᠪᠡᠯᠴᠢᠭᠡᠷ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠣᠶ ᠰᠢᠭᠤᠶ ᠶᠢᠨ | ᠳᠠᠭᠠᠳᠬᠠᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠤᠳᠠᠯᠳᠤᠭᠠᠨ ᠤ ᠴᠢᠨᠠᠷᠲᠠᠶ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠳᠠᠭᠠᠳᠬᠠᠯ ᠢ ᠰᠦᠪᠡᠭᠴᠢᠯᠡᠨ ᠨᠡᠭᠡᠭᠡᠨ | ᠬᠥᠭᠵᠢᠭᠦᠯᠬᠦ ᠶᠢ ᠵᠣᠷᠢᠭᠵᠢᠭᠤᠯᠤᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠤᠷᠢᠭᠵᠢᠭᠤᠯᠤᠨ ᠦᠶᠡᠯᠡᠯ ᠤᠨ ᠬᠤᠭᠤᠴᠠᠭ᠎ᠠ ᠨᠢ ᠤᠷᠳᠤ᠂ ᠬᠦᠦ ᠮᠦᠩᠬᠦ ᠶᠢᠨ ᠨᠣᠷᠮ᠎ᠠ ᠨᠢ ᠲᠤᠤᠷ᠎ᠠ᠂ | ᠪᠠᠷᠢᠴᠠᠭᠠᠯᠠᠨ ᠲᠠᠨᠵᠢᠯᠠᠬᠰᠠᠨ ᠪᠣᠳᠠᠰ ᠪᠠ ᠵᠢᠭᠡᠯᠡᠯᠭᠡ ᠶᠢ ᠪᠤᠴᠠᠭᠠᠬᠤ ᠬᠡᠯᠪᠡᠷᠢ ᠨᠢ ᠠᠮᠢᠳᠤᠯᠢᠭ ᠮᠥᠩᠭᠦᠨ | ᠭᠦᠢᠯᠭᠡᠭᠡᠨ ᠤ ᠪᠦᠲᠦᠭᠡᠭᠳᠡᠭᠦᠨ ᠢ ᠨᠡᠭᠡᠭᠡᠨ ᠬᠥᠭᠵᠢᠭᠦᠯᠵᠦ᠂ ᠬᠤᠯᠪᠤᠭᠳᠠᠯ ᠪᠥᠬᠦᠶ ᠠᠮᠢ ᠠᠬᠤᠶ ᠶᠢᠨ ᠠᠵᠤ | ᠦᠢᠯᠡᠰ ᠤᠨ ᠬᠥᠭᠵᠢᠯᠲᠡ ᠶᠢ ᠳᠡᠮᠵᠢᠨ᠎ᠡ᠃ ᠡᠯ᠎ᠡ ᠭᠠᠵᠠᠷ ᠤᠨ ᠬᠢᠨ ᠢ ᠵᠣᠷᠢᠭᠵᠢᠭᠤᠯᠤᠨ ᠲᠥᠷᠥ ᠶᠢᠨ ᠪᠣᠳᠣᠯᠭ᠎ᠠ ᠶᠢᠨ | ᠴᠢᠨᠠᠷᠲᠠᠶ ᠵᠢᠭᠡᠯᠡᠯᠭᠡ ᠶᠢ ᠢᠳᠡᠪᠬᠢᠯᠡᠨ ᠣᠯᠵᠤ᠂ ᠡᠯᠡᠰᠦ ᠶᠢ ᠵᠠᠰᠠᠭᠰᠠᠨ ᠠᠰᠢᠭ ᠣᠯᠵᠠᠪᠤᠷᠢ ᠪᠠᠷ ᠵᠢᠭᠡᠯᠡᠯᠭᠡ ᠶᠢ | ᠪᠤᠴᠠᠭᠠᠬᠤ ᠬᠡᠪ ᠵᠠᠭᠪᠤᠷ ᠢ ᠰᠦᠪᠡᠭᠴᠢᠯᠡᠨ᠎ᠡ᠃ | ᠠᠷᠪᠠᠨ ᠨᠢᠭᠡ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ | ᠨᠢᠭᠡᠳᠦᠯᠲᠡᠶ ᠲᠥᠯᠥᠪᠵᠢᠬᠦᠯᠵᠦ᠂ ᠲᠥᠷᠥ ᠶᠢᠨ ᠪᠣᠳᠣᠯᠭ᠎ᠠ᠂ ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ ᠵᠡᠷᠭᠡ | ᠲᠠᠯ᠎ᠠ ᠪᠠᠷ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠣᠶ ᠶᠢᠨ ᠲᠤᠳᠤᠷᠠᠬᠢ ᠠᠵᠤ ᠠᠬᠤᠶ᠂ | ᠲᠦᠬᠦᠭᠡᠷᠦᠮᠵᠢᠳᠤ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ ᠶᠢ ᠶᠡᠭᠡ ᠪᠠᠷ ᠬᠥᠭᠵᠢᠭᠦᠯᠦᠨ᠂ ᠣᠨᠴᠠᠯᠢᠭᠲᠤ | ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠶ᠃ ᠠᠵᠤ ᠠᠬᠤᠶᠢᠯᠠᠯ ᠤᠳ ᠢ ᠵᠤᠷᠢᠭᠵᠢᠭᠤᠯᠤᠨ | ᠡᠯᠡᠰᠦᠨ ᠤᠷᠭᠤᠮᠠᠯ ᠤᠨ ᠠᠵᠤ ᠠᠬᠤᠶ ᠶᠢᠨ ᠥᠷᠲᠡᠭ ᠢ ᠭᠦᠢᠴᠡᠳ ᠠᠭᠤᠳᠠᠯᠵᠤ᠂ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ᠂ ᠨᠡᠮᠡᠯᠲᠡ ᠥᠷᠲᠡᠭ ᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ | ᠳᠠᠶᠢᠴᠢᠯᠠᠨ᠎ᠠ᠃ | ᠠᠷᠪᠠᠨ ᠬᠤᠶᠠᠷ᠂ ᠨᠡᠭᠦᠷᠡᠰᠦᠲᠥ᠋ᠷᠥᠭᠴᠢ ᠬᠤᠷᠠᠮᠳᠤᠭᠤᠯᠵᠤ ᠣᠶᠢᠵᠢᠭᠤᠯᠬᠤ ᠶᠢ ᠢᠳᠡᠪᠬᠢᠲᠡᠶ ᠳᠡᠯᠭᠡᠷᠡᠭᠦᠯᠵᠦ᠂ | ᠨᠡᠭᠦᠷᠡᠰᠦᠲᠥ᠋ᠷᠥᠭᠴᠢ ᠶᠢᠨ ᠲᠦᠭᠡᠮᠡᠯ ᠬᠠᠷᠠᠭᠠᠯᠵᠠᠯᠳᠤ ᠲᠣᠭᠲᠠᠴᠠ ᠳᠤᠤᠷ᠎ᠠ ᠣᠶ ᠰᠢᠭᠤᠶ ᠡᠪᠡᠰᠦ ᠪᠡᠯᠴᠢᠭᠡᠷ ᠤᠨ | ᠨᠡᠭᠦᠷᠡᠰᠦᠲᠥ᠋ᠷᠥᠭᠴᠢ ᠬᠤᠷᠠᠮᠳᠤᠭᠤᠯᠬᠤ ᠪᠦᠲᠦᠭᠡᠭᠳᠡᠬᠦᠨ ᠢ ᠰᠢᠩᠭᠡᠭᠡᠭᠦ ᠠᠷᠭ᠎ᠠ ᠵᠠᠮ ᠢ ᠥᠷᠭᠡᠳᠭᠡᠨ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠣᠷᠢᠭᠵᠢᠭᠤᠯᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠣᠶ ᠶᠢ | ᠪᠣᠶ ᠪᠣᠯᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠪᠠᠭ᠎ᠠ ᠨᠡᠭᠦᠷᠡᠰᠦᠲᠥ᠋ᠷᠥᠭᠴᠢᠳᠤ ᠨᠡᠭᠦᠷᠡᠰᠦᠲᠥ᠋ᠷᠥᠭᠴᠢ ᠦᠯᠦ | ᠭᠠᠳᠠᠭᠰᠢᠯᠠᠭᠤᠯᠬᠤ ᠪᠠᠶᠢᠭᠤᠯᠭ᠎ᠠ᠂ ᠬᠦᠷᠢᠶᠡᠯᠡᠩ ᠲᠣᠭᠤᠷᠢᠭ ᠢ ᠪᠣᠶ ᠪᠣᠯᠭᠠᠨ᠎ᠠ︔ ᠠᠵᠤ ᠠᠬᠤᠶᠢᠯᠠᠯ ᠤᠨ ᠤᠯᠤᠰ ᠤᠨ | ᠬᠢᠨᠠᠨ ᠵᠥᠪᠰᠢᠶᠡᠷᠡᠭᠰᠡᠨ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠪᠠᠭᠠᠰᠬᠠᠬᠤ ︵ | CCER︶ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠥᠷᠥᠯ ᠵᠦᠢᠯ ᠢᠶᠠᠷ ᠣᠶᠢᠵᠢᠭᠤᠯᠬᠤ ᠶᠢ ᠳᠡᠮᠵᠢᠵᠦ᠂ ᠨᠢᠭᠡ | ᠪᠦᠯᠦᠭ ᠨᠡᠭᠦᠷᠡᠰᠦᠲᠥ᠋ᠷᠥᠭᠴᠢ ᠬᠤᠷᠠᠮᠳᠤᠭᠤᠯᠬᠤ ᠣᠶ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ | ᠰᠠᠭᠤᠷᠢᠨ ᠢ ᠪᠣᠶ ᠪᠣᠯᠭᠠᠨ᠎ᠠ᠃ | ᠠᠷᠪᠠᠨ ᠭᠤᠷᠪᠠ᠂ ︽ᠤᠮᠠᠷᠠᠲᠤ ᠶᠢᠨ ᠭᠤᠷᠪᠠᠨ ᠤᠷᠤᠨ︾ ᠵᠡᠷᠭᠡ ᠭᠤᠣᠯᠳᠠᠯᠭ᠎ᠠ ᠲᠠᠢ ᠠᠮᠢ ᠠᠬᠤᠶ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠳᠤ ᠠᠷᠠᠳ ᠤᠨ ᠪᠠᠩᠬᠢ ᠶᠢᠨ ᠲᠤᠰᠬᠠᠶ ᠬᠡᠷᠡᠭᠯᠡᠬᠦ | ᠪᠡᠯᠡ ᠮᠥᠩᠭᠦ ᠶᠢᠨ ᠳᠠᠩᠰᠠᠨ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠡᠯᠡ ᠮᠥᠩᠭᠦ ᠶᠢ ᠲᠤᠰᠠᠭᠠᠷ ᠰᠠᠯᠭᠠᠨ | ᠥᠭᠬᠦ ᠲᠣᠭᠲᠠᠴᠠ ᠶᠢ ᠪᠠᠶᠢᠭᠤᠯᠵᠤ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠦᠨᠡᠨ ᠬᠦ | ᠪᠠᠲᠤᠯᠠᠬᠤ ᠬᠡᠷᠡᠭᠲᠡᠶ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠤᠯᠤᠰ ᠤᠨ ᠥᠮᠴᠢᠯᠡᠯ ᠤᠨ ᠣᠶ | ᠰᠢᠭᠤᠶ ᠶᠢᠨ ᠲᠠᠯᠠᠪᠠᠶ ᠶᠢᠨ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠷ᠎ᠡ ᠪᠠ | ᠴᠢᠬᠢ ᠮᠣᠳᠣ ᠶᠢ ᠪᠠᠲᠤᠯᠠᠬᠤ ᠪᠠ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠬᠦᠯᠦᠨ ᠰᠠᠶᠢᠲᠤᠷ ᠬᠢᠵᠦ᠂ | ᠪᠠᠲᠤᠯᠠᠭ᠎ᠠ ᠶᠢᠨ ᠴᠢᠨᠠᠷᠲᠠᠶ ᠴᠢᠬᠢ ᠮᠣᠳᠣᠨ ᠤ ᠬᠦᠷᠢᠶᠡᠯᠡᠩ ᠪᠣᠯᠤᠨ ᠨᠤᠲᠤᠭ ᠤᠨ ᠡᠪᠡᠰᠦᠨ ᠦᠷ᠎ᠡ ᠶᠢ ᠦᠷᠡᠵᠢᠭᠦᠯᠦᠨ | ᠪᠤᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠶ᠄ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠲᠤᠬᠠᠶ ᠶᠢᠨ ᠭᠠᠵᠠᠷ ᠣᠶᠢᠷ᠎ᠠ ᠬᠠᠪᠢ ᠠᠴᠠ ᠪᠠᠨ ᠮᠠᠲ᠋ᠧᠷᠢᠶᠠᠯ ᠠᠪᠴᠤ᠂ | ᠡᠯᠡᠰᠦ ᠶᠢ ᠵᠠᠰᠠᠬᠤ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠬᠤ ᠬᠡᠷᠡᠭᠲᠡᠶ᠃ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠢᠨᠵᠧᠨᠧᠷᠢᠩ ᠤᠨ ᠤᠰᠤ ᠬᠡᠷᠡᠭᠯᠡᠬᠦ᠂ ᠭᠠᠵᠠᠷ ᠰᠢᠷᠦᠢ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ | ᠬᠡᠷᠡᠭᠴᠡᠭᠡ ᠶᠢ ᠡᠩ ᠲᠡᠷᠢᠭᠦᠨ ᠳᠤ ᠪᠠᠲᠤᠯᠠᠬᠤ ᠬᠡᠷᠡᠭᠲᠡᠶ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠤᠨ | ᠬᠤᠪᠠᠭ᠋ᠠᠢ ᠡᠯᠡᠰᠦᠷᠬᠡᠭ ᠭᠠᠵᠠᠷ᠂ ᠲᠠᠴᠢᠷᠳᠠᠭᠰᠠᠨ ᠣᠶᠢᠳᠤ ᠭᠠᠵᠠᠷ ᠪᠣᠯᠤᠨ ᠲᠠᠴᠢᠷᠳᠠᠭᠰᠠᠨ᠂ ᠡᠯᠡᠰᠦᠷᠬᠡᠭᠵᠢᠭᠰᠡᠨ᠂ | ᠬᠤᠵᠢᠷᠰᠢᠭᠰᠠᠨ ᠨᠤᠲᠤᠭ ᠪᠡᠯᠴᠢᠭᠡᠷ ᠢ ᠬᠤᠳᠠᠯᠳᠤᠨ ᠠᠪᠴᠤ ᠨᠥᠭᠡᠴᠡᠯᠡᠬᠦ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠬᠡᠪᠴᠢᠶᠡᠵᠢᠭᠦᠯᠦᠨ ᠵᠠᠰᠠᠬᠤ ᠶᠢ ᠥᠷᠨᠢᠭᠦᠯᠬᠦ ᠬᠡᠷᠡᠭᠲᠡᠶ᠃ | ᠠᠷᠪᠠᠨ ᠳᠥᠷᠪᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠶ ᠪᠤᠶᠤ ᠠᠷᠭ᠎ᠠ ᠬᠡᠮᠵᠢᠶ᠎ᠡ ᠠᠪᠤᠭᠰᠠᠨ ᠢᠶᠠᠷ ᠬᠦᠴᠦᠨ ᠥᠬᠡᠶ | ᠨᠢᠭᠡᠴᠢ ᠪᠣᠯᠤᠨ ᠬᠤᠪᠢ ᠬᠥᠮᠦᠨ ᠳᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠰᠠᠭᠤᠯᠬᠤ᠂ | ᠵᠣᠭᠤᠰ ᠢᠶᠠᠷ ᠲᠣᠷᠭᠠᠬᠤ᠂ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠨᠢ ᠡᠭᠡᠭᠦᠯᠦᠨ | ᠬᠤᠷᠢᠶᠠᠨ ᠠᠪᠬᠤ ᠵᠡᠷᠭᠡ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ︔ | ᠡᠵᠡᠩᠨᠡᠯᠳᠡ ᠶᠢᠨ ᠡᠷᠬᠡ ᠶᠢ ᠰᠢᠯᠵᠢᠬᠦᠯᠦᠭᠰᠡᠨ ᠭᠡᠷ᠎ᠡ ᠲᠣᠭᠲᠠᠴᠢᠬᠠᠭᠠᠳ ᠵᠠᠰᠠᠬᠤ ᠶᠤᠰᠤᠳᠠᠢ ᠪᠠᠶᠢᠳᠠᠯ᠎ᠠ ᠵᠠᠰᠠᠭᠰᠠᠨ | ᠦᠭᠡᠶ ᠪᠤᠶᠤ ᠬᠡᠷᠡᠭᠴᠡᠭᠡ ᠶᠢ ᠨᠢ ᠬᠤᠪᠢᠷᠠᠭᠤᠯᠤᠭᠰᠠᠨ ᠪᠣᠯ ᠬᠠᠤᠯᠢ ᠶᠣᠰᠣᠭᠠᠷ ᠭᠡᠷ᠎ᠡ ᠶᠢ ᠨᠢ ᠵᠣᠭᠰᠣᠭᠠᠵᠤ᠂ ᠭᠠᠵᠠᠷ | ᠰᠢᠷᠣᠶ ᠶᠢ ᠨᠢ ᠬᠤᠷᠢᠶᠠᠨ ᠠᠪᠬᠤ ᠬᠡᠷᠡᠭᠲᠡᠶ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ | ᠵᠤᠭᠰᠤᠭᠠᠬᠤ ᠪᠡᠯᠴᠢᠭᠡᠷ ᠢ ᠠᠮᠠᠷᠠᠭᠤᠯᠬᠤ ᠳᠦᠷᠢᠮ ᠢ ᠰᠠᠶᠢᠳᠤᠷ ᠨᠠᠶᠢᠳᠠᠪᠤᠷᠢᠵᠢᠭᠤᠯᠤᠭᠰᠠᠨ ᠦᠭᠡᠢ ᠨᠢᠭᠡᠴᠢ ᠪᠠ | ᠬᠤᠪᠢ ᠬᠥᠮᠦᠨ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ | ᠮᠥᠩᠭᠦ ᠠᠴᠠ ᠨᠢ ᠰᠠᠭᠤᠯᠭᠠᠨ ᠠᠪᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ ᠪᠡᠯᠴᠢᠭᠡᠷ ᠢ ᠠᠮᠠᠷᠠᠭᠤᠯᠬᠤ | ᠳᠦᠷᠢᠮ︾ ᠵᠡᠷᠭᠡ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠵᠣᠭᠤᠰ ᠢᠶᠠᠷ | ᠲᠣᠷᠭᠠᠵᠤ᠂ ᠬᠤᠭᠤᠴᠠᠭ᠎ᠠ ᠲᠤᠬᠳᠠᠭᠠᠨ ᠤᠤᠯ ᠪᠠᠶᠢᠳᠠᠯ ᠢ ᠨᠢ ᠰᠡᠷᠭᠦᠭᠡᠵᠦ᠂ ᠬᠤᠭᠤᠴᠠᠭ᠎ᠠ ᠲᠤᠬᠳᠠᠭᠠᠨ | ᠵᠠᠯᠠᠷᠠᠭᠤᠯᠬᠤ ᠵᠡᠷᠭᠡ ᠰᠢᠢᠳᠭᠡᠯ ᠲᠣᠷᠭᠠᠭᠤᠯᠢ ᠥᠭᠬᠦ ᠬᠡᠷᠡᠭᠲᠡᠶ᠃ ᠥᠪᠡᠷ ᠢᠶᠠᠨ ᠵᠠᠰᠠᠵᠤ ᠳᠡᠶᠢᠯᠬᠦ ᠥᠬᠡᠶ ᠮᠥᠷᠲᠡᠭᠡᠨ | ᠪᠤᠰᠤᠳ ᠲᠤ ᠨᠠᠶᠢᠳᠠᠵᠤ ᠵᠠᠰᠠᠭᠤᠯᠬᠤ ᠥᠬᠡᠶ ᠪᠤᠶᠤ ᠬᠠᠮᠲᠤ ᠪᠠᠷ ᠵᠠᠰᠠᠬᠤ ᠳᠤ ᠬᠠᠮᠵᠢᠯᠴᠠᠬᠤ ᠥᠬᠡᠶ ᠨᠢᠭᠡᠴᠢ ᠪᠠ | ᠬᠤᠪᠢ ᠬᠥᠮᠦᠨ ᠢ ᠬᠠᠤᠯᠢ ᠲᠣᠭᠲᠠᠭᠠᠯ ᠶᠣᠰᠣᠭᠠᠷ ᠰᠢᠢᠳᠭᠡᠨ ᠲᠣᠷᠭᠠᠬᠤ ᠬᠡᠷᠡᠭᠲᠡᠶ᠃ | ᠠᠷᠪᠠᠨ ᠲᠠᠪᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ | ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠶ᠃ ᠡᠯ᠎ᠡ ᠭᠠᠵᠠᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠪᠠᠯᠠ ᠮᠥᠩᠭᠦ ᠶᠢ ᠴᠠᠭ ᠲᠤᠬᠠᠶ ᠳᠤᠨᠢ ᠰᠠᠯᠭᠠᠨ | ᠥᠭᠴᠦ᠂ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ᠂ ᠲᠠᠩᠰᠠᠨ ᠳᠠᠬᠢ ᠵᠣᠭᠤᠰ ᠢ ᠥᠷᠢᠲᠦᠬᠦ ᠵᠡᠷᠭᠡ | ᠠᠰᠠᠭᠤᠳᠠᠯ ᠢ ᠭᠠᠷᠭᠠᠵᠤ ᠪᠣᠯᠬᠤ ᠥᠬᠡᠶ᠃ |