ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ᠂ ᠪᠦᠬᠦ ᠣᠷᠣᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠶᠢᠨ ᠳᠠᠭᠠᠤ ᠬᠠᠷᠭᠤᠭᠤᠯᠵᠤ᠂ | ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠣᠭᠲᠠᠭᠠᠯ | ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠬᠤ ᠶᠢ ᠬᠥᠮᠦᠵᠢᠭᠦᠯᠦᠨ | ᠵᠢᠯᠣᠭᠤᠳᠴᠤ᠂ ᠮᠡᠳᠡᠬᠦ ᠪᠠ ᠬᠢᠬᠦ ᠶᠢ ᠪᠡᠶᠡᠯᠡᠬᠦᠯᠬᠦ ᠮᠦᠷᠳᠡᠭᠡᠨ ᠬᠤᠷᠢᠭ᠎ᠠ ᠲᠠᠢ ᠪᠠᠶᠢᠬᠤ ᠶᠢ ᠨᠡᠩ ᠪᠡᠶᠡᠯᠡᠬᠦᠯᠵᠦ | ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠡᠭᠦᠷᠭᠡ ᠬᠠᠷᠢᠭᠤᠴᠠᠯᠭ᠎ᠠ ᠪᠠᠨ | ᠢᠳᠡᠪᠬᠢᠲᠡᠢ ᠭᠦᠢᠴᠡᠳᠭᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠤ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡ | ᠴᠤᠬᠴᠠᠵᠢᠭᠤᠯᠤᠨ ᠠᠬᠢᠭᠤᠯᠪᠠ᠃ ᠲᠤᠰ ᠬᠤᠷᠢᠶ᠎ᠠ ︽ᠪᠠᠶᠢᠴᠠᠭᠠᠬᠤ ᠠᠵᠢᠯ ᠠᠷᠠᠳ ᠤᠨ ᠠᠮᠢᠳᠤᠷᠠᠯ ᠢ ᠬᠠᠮᠠᠭᠠᠯᠠᠬᠤ︾ | ᠂ ︽ᠪᠠᠶᠢᠴᠠᠭᠠᠬᠤ ᠠᠵᠢᠯ ᠠᠵᠤ ᠠᠬᠤᠶᠢᠯᠠᠯ ᠢ ᠬᠠᠮᠠᠭᠠᠯᠠᠬᠤ︾ ᠵᠡᠷᠭᠡ ᠲᠤᠰᠬᠠᠶ ᠠᠵᠢᠯᠯᠠᠭ᠎ᠠ ᠳᠤ ᠲᠦᠰᠢᠭᠯᠡᠨ᠂ | ᠡᠷᠬᠡ ᠲᠤᠰᠢᠶᠠᠯ ᠢᠶᠠᠨ ᠠᠰᠢᠭᠯᠠᠵᠤ ᠬᠢᠭᠰᠡᠨ ᠶᠠᠯᠠᠲᠤ ᠬᠡᠷᠡᠭ ᠢ ᠰᠢᠢᠳᠪᠦᠷᠢᠯᠡᠬᠦ ᠶᠢ ᠲᠠᠰᠤᠷᠠᠯᠲᠠ ᠦᠭᠡᠶ | ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠨᠥᠬᠦᠪᠥᠷᠢ ᠮᠥᠩᠭᠦ ᠶᠢ ᠮᠡᠬᠡᠯᠡᠨ ᠠᠪᠬᠤ᠂ ᠬᠠᠮᠲᠤ ᠶᠢᠨ ᠡᠳ᠋ | ᠬᠥᠷᠥᠩᠭᠡ ᠶᠢ ᠱᠠᠮᠰᠢᠨ ᠵᠠᠯᠭᠢᠬᠤ ᠵᠢᠴᠢ ᠰᠤᠷᠭᠠᠨ ᠬᠥᠮᠦᠵᠢᠯ᠂ ᠡᠮ ᠡᠮᠨᠡᠯᠭᠡ᠂ ᠲᠠᠷᠢᠶᠠᠯᠠᠩ᠂ ᠵᠠᠰᠠᠮᠠᠯ ᠵᠠᠮ ᠤᠨ | ᠢᠨᠵᠧᠨᠧᠷᠢᠩ ᠤᠨ ᠬᠦᠷᠢᠶᠡᠨ ᠳᠠᠬᠢ ᠡᠷᠬᠡ ᠪᠠᠨ ᠠᠰᠢᠭᠯᠠᠨ ᠬᠤᠪᠢ ᠪᠠᠨ ᠪᠣᠷᠳᠣᠬᠤ ᠮᠡᠲᠦ ᠶᠢᠨ ᠡᠷᠡᠭᠦᠦ ᠶᠢᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠤ ᠪᠠᠶᠢᠨ᠎ᠠ︔ ︽ᠤᠯᠠᠨ ᠲᠦᠮᠡᠨ ᠤ ᠳᠡᠷᠭᠡᠳᠡᠬᠢ ᠪᠠᠭ᠎ᠠ ᠬᠡᠷᠡᠭ ᠢ | ᠰᠡᠳᠭᠢᠯ ᠲᠠᠯᠪᠢᠨ ᠬᠠᠶᠢᠷ᠎ᠠ ᠰᠡᠳᠭᠢᠯᠭᠡ ᠲᠠᠢ ᠪᠠᠷ ᠰᠠᠶᠢᠲᠤᠷ ᠰᠢᠢᠳᠪᠦᠷᠢᠯᠡᠬᠦ︾ ᠲᠠᠯ᠎ᠠ ᠪᠠᠷ ᠬᠦᠴᠦᠯᠡᠵᠦ᠂ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ᠂ ᠦᠢᠯᠡᠳᠪᠦᠷᠢᠯᠡᠯ ᠤᠨ ᠠᠮᠤᠷ ᠲᠦᠪᠰᠢᠨ ᠳᠤ ᠬᠤᠣᠷ | ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ᠂ ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ | ᠬᠤᠷᠠᠮᠳᠤᠭᠤᠯᠬᠤ᠂ ᠪᠡᠯᠡ ᠮᠥᠩᠭᠦ ᠴᠤᠭᠯᠠᠭᠤᠯᠵᠤ ᠮᠡᠬᠡᠯᠡᠭᠰᠡᠨ ᠵᠡᠷᠭᠡ ᠤᠯᠠᠨ ᠲᠦᠮᠡᠨ ᠳᠤ ᠬᠤᠯᠪᠣᠭᠳᠠᠬᠰᠠᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠤ ᠪᠠᠶᠢᠨ᠎ᠠ︔ ᠬᠥᠳᠡᠯᠮᠦᠷᠢᠴᠢᠳ ᠤᠨ ︽ᠬᠥᠯᠥᠰᠥ ᠣᠯᠭᠤᠮᠵᠢ ᠶᠢᠨ | ᠲᠥᠯᠥᠭᠡ ᠵᠤᠪᠠᠨᠢᠵᠤ ᠪᠠᠶᠢᠭ᠎ᠠ︾ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠬᠥᠯᠥᠰᠥᠨ ᠠᠵᠢᠯᠴᠢᠨ ᠤ ᠴᠠᠯᠢᠩ | ᠥᠷᠢᠲᠦᠵᠦ ᠪᠠᠶᠢᠭ᠎ᠠ ᠨᠢᠭᠡᠴᠢ ᠶᠢ ᠵᠠᠭᠠᠯᠳᠤᠬᠤ ᠶᠢ ᠳᠡᠮᠵᠢᠵᠦ᠂ ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ | ᠲᠡᠪᠴᠢᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠤ ᠪᠠᠶᠢᠨ᠎ᠠ︔ ᠪᠠᠶᠢᠴᠠᠭᠠᠬᠤ ᠪᠠᠶᠢᠭᠤᠯᠭ᠎ᠠ ᠶᠢᠨ ︽ | ᠠᠵᠤ ᠠᠬᠤᠶᠢᠯᠠᠯ ᠢ ᠬᠠᠮᠠᠭᠠᠯᠠᠬᠤ ᠲᠠᠪᠤᠨ ᠠᠷᠭ᠎ᠠ︾ ᠪᠠᠷ ᠬᠠᠤᠯᠢᠵᠢᠯᠳᠠ ᠶᠢᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠪᠣᠶ ᠪᠣᠯᠭᠠᠬᠤ ᠳᠤ ᠬᠦᠴᠦᠨ ᠨᠡᠮᠡᠷᠢᠯᠡᠵᠦ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠠᠬᠢᠭᠤᠯᠵᠤ᠂ ᠶᠤᠰᠤ ᠲᠦᠷᠢᠮ ᠰᠠᠬᠢᠯᠭ᠎ᠠ ᠪᠠᠲᠤ ᠶᠢ ᠵᠢᠷᠤᠮᠯᠠᠬᠤ | ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂ ᠰᠢᠰᠲ᠋ᠧᠮ ᠤᠨ | ᠳᠣᠲᠣᠷᠠᠬᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰᠬᠠᠶ ᠰᠡᠳᠦᠪᠲᠦ ᠨᠣᠮ ᠤᠩᠰᠢᠬᠤ ᠠᠩᠭᠢ | ᠡᠷᠭᠢᠯᠡᠬᠦ᠂ ᠰᠤᠷᠤᠯᠴᠠᠵᠤ ᠰᠤᠳᠤᠯᠤᠨ ᠶᠠᠷᠢᠯᠴᠠᠬᠤ᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ | ᠥᠷᠨᠢᠭᠦᠯᠬᠦ ᠵᠡᠷᠭᠡ ᠪᠠᠷ ᠳᠠᠮᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ | ᠬᠤᠪᠢᠷᠠᠭᠤᠯᠪᠠ᠃ ᠲᠤᠰ ᠵᠥᠪᠯᠡᠯ ᠠᠴᠠ ︽ᠵᠠᠩᠭᠢᠯᠠᠭ᠎ᠠ ᠶᠢᠨ ᠴᠥᠭᠡᠨ ᠲᠣᠭᠠᠲᠠᠨ︾᠂ ︽ᠵᠠᠩᠭᠢᠯᠠᠭ᠎ᠠ ᠶᠢᠨ | ᠠᠵᠢᠯ ᠤᠨ ᠪᠠᠶᠢᠷᠢ︾ ᠶᠢᠨ ᠬᠥᠮᠦᠰ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠦᠯᠵᠦ | ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠥᠨ ᠳᠠᠭᠠᠭᠤᠯᠵᠤ ᠰᠡᠷᠡᠮᠵᠢᠯᠡᠭᠦᠯᠦᠯ ᠬᠦᠷᠲᠡᠭᠡᠵᠦ᠂ | ᠬᠤᠷᠢᠭ᠎ᠠ ᠱᠤᠭᠤᠮ ᠢ ᠲᠣᠳᠣᠷᠬᠠᠶᠢᠯᠠᠵᠠᠢ︔ ︽ᠤᠳᠠᠭᠠᠨ ᠪᠦᠳᠦᠭᠦᠯᠢᠭ ᠬᠡᠶᠢᠰᠪᠦᠷᠢ ᠪᠠᠶᠢᠬᠤ︾᠂ ᠬᠠᠷᠢᠭᠤᠴᠠᠯᠭ᠎ᠠ | ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠬᠥᠮᠦᠰ ᠲᠤ | ᠰᠠᠨᠠᠭᠤᠯᠤᠨ ᠪᠤᠯᠵᠤᠨ ᠶᠠᠷᠢᠯᠴᠠᠵᠤ᠂ ᠰᠢᠭᠦᠮᠵᠢᠯᠡᠨ ᠬᠦᠮᠦᠵᠢᠯ ᠬᠦᠷᠳᠡᠬᠡᠪᠡ᠃ ᠡᠭᠦᠨ ᠤ ᠬᠠᠮᠲᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ᠂ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ᠂ ᠲᠣᠮᠣ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢ ᠲᠣᠭᠤᠷᠢᠨ ᠪᠠᠶᠢᠴᠠᠭᠠᠬᠤ ᠵᠡᠷᠭᠡ ᠠᠵᠢᠯ ᠲᠠᠢ | ᠣᠷᠭᠠᠨᠢᠭ ᠢᠶᠠᠷ ᠤᠶᠠᠯᠳᠤᠭᠤᠯᠤᠨ᠂ ᠨᠢᠭᠡ ᠴᠤᠭᠴᠠᠵᠢᠭᠤᠯᠤᠨ ᠠᠬᠢᠭᠤᠯᠵᠤ᠂ ᠡᠮ ᠡᠮᠨᠡᠯᠭᠡ ᠶᠢᠨ ᠬᠦᠷᠢᠶᠡᠨ ᠳᠠᠬᠢ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠤᠮᠳᠠ ᠣᠯᠠᠨ ᠲᠦᠮᠡᠨ ᠤ | ᠳᠡᠷᠭᠡᠳᠡᠬᠢ ᠠᠰᠠᠭᠤᠳᠠᠯ ᠳᠤ ᠬᠤᠯᠪᠣᠭᠳᠠᠭᠰᠠᠨ ᠰᠦᠪᠡᠭᠴᠢ ᠶᠢ ᠰᠢᠢᠳᠪᠦᠷᠢᠯᠡᠵᠦ ᠳᠠᠭᠤᠰᠬᠠᠬᠰᠠᠨ ᠨᠣᠷᠮ᠎ᠠ ᠶᠢ | 90% ᠠᠴᠠ ᠳᠡᠭᠡᠭᠰᠢ ᠳᠤ ᠬᠦᠷᠭᠡᠪᠡ᠃ | ᠤᠯᠠᠭᠠᠨᠴᠠᠪ ᠬᠤᠳᠠ ᠡᠭᠦᠷᠭᠡ ᠶᠢ ᠬᠠᠮᠲᠤ ᠪᠠᠷ ᠠᠳᠬᠤᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠦᠷ᠎ᠡ | ᠪᠦᠲᠦᠭᠡᠯ ᠢ ᠬᠠᠮᠲᠤ ᠪᠠᠷ ᠬᠡᠷᠡᠭᠯᠡᠬᠦ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠨᠢᠭᠡ ᠴᠤᠬᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠪᠠ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠡᠶᠢᠲᠡᠯᠢᠭ ᠬᠡᠷᠡᠭ ᠤᠨ ᠵᠢᠱᠢᠶ᠎ᠡ ᠶᠢ ᠪᠠᠶᠢᠩᠭᠤ ᠵᠠᠷᠯᠠᠨ ᠮᠡᠳᠡᠭᠳᠡᠬᠦ | ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ | ᠬᠥᠮᠦᠵᠢᠭᠦᠯᠵᠦ ᠬᠥᠲᠥᠯᠥᠨ ᠵᠢᠯᠣᠭᠤᠳᠴᠤ ᠶᠠᠭᠤ ᠶᠢ ᠬᠢᠵᠦ ᠳᠡᠶᠢᠯᠬᠦ᠂ ᠶᠠᠭᠤ ᠶᠢ ᠬᠢᠵᠦ ᠥᠯᠥ ᠪᠣᠯᠬᠤ ᠶᠢ | ᠲᠣᠳᠣᠷᠬᠠᠶ ᠮᠡᠳᠡᠭᠦᠯᠪᠡ᠃ ᠡᠭᠦᠨ ᠤ ᠬᠠᠮᠲᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠳᠤᠷ᠎ᠠ | ᠦᠭᠡᠶᠢᠴᠡᠵᠦ ᠪᠠᠶᠢᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠨᠠᠮ ᠤᠨ | ᠬᠤᠷᠢᠶ᠎ᠠ ᠶᠢᠨ ᠱᠦᠵᠢ ᠲᠦᠷᠦᠭᠦᠯᠡᠨ ᠳᠠᠭᠠᠭᠠᠴᠢᠯᠠᠵᠤ ᠬᠤᠯᠪᠣᠭᠠᠯᠠᠨ ᠠᠬᠢᠭᠤᠯᠵᠤ᠂ 18 ᠪᠦᠷᠢᠯᠳᠦᠬᠦᠨ ᠨᠢᠭᠡᠴᠢ | ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠥ᠂ ᠤᠷᠢᠳ ᠬᠤᠵᠢᠳ | ᠵᠢᠨᠢᠩ ᠲᠣᠭᠤᠷᠢᠭ ᠤᠨ ᠬᠣ᠋ ᠱᠠᠨ ᠵᠡᠭᠡᠯᠢ ᠭᠤᠳᠤᠮᠵᠢ ᠶᠢᠨ ᠵᠢᠶᠠ ᠶᠤᠸᠠᠨ ᠨᠡᠶᠢᠭᠡᠮ ᠲᠣᠭᠤᠷᠢᠭ ᠵᠡᠷᠭᠡ 12 ᠨᠡᠶᠢᠭᠡᠮ | ᠲᠣᠭᠤᠷᠢᠭ ᠲᠤ ᠭᠦᠨᠵᠡᠭᠡᠶᠢᠷᠡᠨ ︽ᠪᠢᠯᠵᠤᠤᠬᠠᠢ ᠲᠤᠶᠠᠴᠢᠬᠤ ᠮᠠᠶ᠋ᠢᠭ︾ ᠤᠨ ᠪᠠᠶᠢᠴᠠᠭᠠᠨ ᠰᠤᠳᠤᠯᠤᠯᠲᠠ ᠬᠢᠵᠦ᠂ | ᠡᠯ᠎ᠡ ᠱᠠᠲᠤᠨ ᠤ ᠡᠷᠬᠡ ᠲᠤᠰᠢᠶᠠᠯ ᠢ ᠴᠢᠨᠠᠭᠰᠢᠳᠠ ᠲᠣᠳᠣᠷᠬᠠᠶᠢᠯᠠᠵᠤ᠂ ᠦᠨᠳᠦᠰᠦᠨ ᠱᠠᠲᠤᠨ ᠤ ᠬᠦᠯᠢᠶᠡᠰᠦ ᠶᠢ | ᠠᠯᠳᠠᠷᠠᠭᠠᠨ ᠬᠦᠴᠦᠨ ᠴᠢᠳᠠᠯ ᠣᠯᠭᠤᠪᠠ᠃ ᠰᠦᠪᠡᠭᠴᠢ ᠶᠢ ᠰᠢᠢᠳᠪᠦᠷᠢᠯᠡᠬᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠲᠦᠷᠢᠮ ᠲᠣᠭᠲᠠᠭᠠᠯ ᠲᠣᠭᠲᠠᠭᠠᠬᠤ ︽ᠳᠥᠷᠪᠡ ᠶᠢ ᠨᠢᠭᠡ | ᠴᠣᠭᠴᠠᠵᠢᠭᠤᠯᠬᠤ︾ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ | ᠨᠠᠩ ᠨᠢᠭᠲᠠ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ ᠳᠤ ᠨᠠᠩ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ | ᠰᠠᠶᠢᠵᠢᠷᠠᠭᠤᠯᠤᠯᠲᠠ ᠶᠢ ᠨᠠᠩ ᠪᠦᠲᠦᠮᠵᠢᠲᠡᠶ ᠪᠣᠯᠭᠠᠬᠤ ᠶᠢ ᠠᠬᠢᠭᠤᠯᠪᠠ᠃ | ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠢ | ᠠᠭᠤᠰᠤᠯᠴᠠᠭᠤᠯᠤᠨ ᠠᠬᠢᠭᠤᠯᠵᠤ᠂ ᠨᠢᠭᠡ ᠴᠤᠬᠴᠠᠵᠢᠭᠤᠯᠤᠨ ᠨᠡᠪᠲᠡᠷᠡᠭᠦᠯᠪᠡ᠃ ᠲᠤᠰ ᠰᠢᠶᠠᠨ ᠵᠣᠬᠢᠶᠠᠨ ᠪᠠᠶᠢᠭᠤᠯᠵᠤ | ᠤᠳᠤᠷᠢᠳᠬᠤ᠂ ᠰᠤᠷᠤᠯᠴᠠᠯᠭ᠎ᠠ ᠬᠥᠮᠦᠵᠢᠯ᠂ ᠵᠣᠬᠢᠴᠠᠭᠤᠯᠤᠨ ᠲᠤᠬᠢᠷᠠᠭᠤᠯᠬᠤ᠂ ᠱᠠᠯᠠᠪᠳᠠᠭᠤᠯᠤᠨ ᠵᠢᠯᠣᠭᠤᠳᠬᠤ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠶᠠᠷᠢᠶ᠎ᠠ ᠬᠡᠯᠡᠯᠴᠡᠭᠡ ᠪᠠᠷ ᠬᠦᠳᠦᠯᠥᠨ ᠵᠢᠯᠣᠭᠤᠳᠬᠤ ︽ᠵᠢᠷᠭᠤᠭ᠎ᠠ ᠶᠢ | ᠨᠢᠭᠡ ᠴᠤᠬᠴᠠᠵᠢᠭᠤᠯᠬᠤ︾ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠣᠭᠲᠠᠴᠠ ᠶᠢ ᠪᠠᠶᠢᠭᠤᠯᠵᠤ᠂ ᠲᠣᠰᠬᠤᠨ | ᠨᠡᠶᠢᠭᠡᠮ ᠲᠣᠭᠤᠷᠢᠭ ᠤᠨ ᠫᠠᠶᠢᠰᠠ ᠡᠯᠭᠦᠬᠦ ᠶᠢ ᠵᠢᠷᠤᠮᠵᠢᠭᠤᠯᠬᠤ᠂ ︽ᠭᠠᠷᠠᠭ ᠲᠤ ᠨᠢᠬᠡ ᠤᠳᠠᠭ᠎ᠠ ᠶᠢᠨ | ᠲᠤᠬᠢᠷᠠᠭᠤᠯᠤᠯᠳᠠ︾᠂ ︽ᠰᠠᠷ᠎ᠠ ᠳᠤ ᠨᠢᠬᠡ ᠤᠳᠠᠭ᠎ᠠ ᠶᠢᠨ ᠲᠤᠬᠢᠷᠠᠭᠤᠯᠤᠯᠳᠠ︾ ᠬᠢᠬᠦ ᠨᠠᠷᠢᠨ ᠲᠠᠩᠰᠠ ᠶᠢ ᠬᠢᠵᠦ | ᠲᠠᠭᠤᠰᠬᠠᠬᠤ ᠵᠡᠷᠭᠡ ᠠᠵᠢᠯ ᠢ ᠥᠷᠨᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ | ᠡᠭᠦᠨ ᠤ ᠬᠠᠮᠲᠤ᠂ ︽ᠨᠠᠮ ᠤᠨ ᠭᠡᠰᠢᠭᠦᠨ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠣᠨ︾ ᠤ | ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠰᠢᠶᠠᠩ ᠪᠠᠯᠭᠠᠰᠤ ᠶᠢ | ᠳᠠᠭᠠᠭᠠᠴᠢᠯᠠᠵᠤ᠂ ᠠᠵᠤ ᠦᠢᠯᠡᠰ ᠢ ᠳᠠᠭᠠᠭᠠᠴᠢᠯᠠᠵᠤ᠂ ᠲᠦᠷᠦᠯ ᠵᠦᠢᠯ ᠢ ᠳᠠᠭᠠᠭᠠᠴᠢᠯᠠᠵᠤ᠂ ᠨᠢᠭᠡᠴᠢ ᠶᠢᠨ ︽ | ᠨᠢᠭᠡᠳᠦᠭᠡᠷ ᠬᠠᠷᠢᠭᠤᠴᠠᠯᠭᠠᠲᠠᠨ︾ ᠷᠠᠳᠢᠣ᠋ ᠨᠡᠪᠲᠡᠷᠡᠭᠦᠯᠭᠡ ᠪᠠᠷ ᠵᠠᠰᠠᠭ ᠤᠨ ᠶᠠᠪᠤᠳᠠᠯ ᠢ ᠬᠦᠢᠴᠡᠳᠬᠡᠵᠦ᠂ ᠵᠠᠬᠢᠳᠠᠯ | ᠰᠤᠷᠪᠤᠯᠵᠢᠯᠠᠯ ᠢᠶᠠᠷ ᠬᠦᠴᠢᠷᠳᠡᠯ ᠢ ᠤᠶᠢᠯᠠᠭᠠᠵᠦ᠂ ᠵᠠᠰᠠᠭ ᠤᠨ ᠶᠠᠪᠤᠳᠠᠯ ᠢᠶᠠᠷ ᠦᠷ᠎ᠡ ᠪᠦᠲᠦᠮᠵᠢ ᠶᠢ ᠰᠢᠯᠭᠠᠵᠦ᠂ | ᠰᠠᠯᠠᠭᠠᠨ ᠲᠡᠰ ᠤᠨ ᠺᠠᠳ᠋ᠷ ᠵᠠᠬᠢᠳᠠᠯ ᠰᠤᠷᠪᠤᠯᠵᠢᠯᠠᠯ ᠤᠨ ᠶᠡᠭᠡ ᠲᠢᠩᠬᠢᠮ ᠳᠤ ᠣᠷᠣᠵᠤ᠂ ᠵᠠᠰᠠᠭ ᠤᠨ ᠶᠠᠪᠤᠳᠠᠯ ᠤᠨ | ᠶᠡᠭᠡ ᠲᠢᠩᠬᠢᠮ ᠳᠤ ᠣᠷᠣᠵᠤ᠂ ᠨᠡᠶᠢᠭᠡᠮ ᠲᠣᠭᠤᠷᠢᠭ ᠲᠣᠰᠬᠤᠨ ᠳᠤᠭᠤᠶᠢᠯᠠᠩ ᠳᠤ ᠣᠷᠣᠵᠤ᠂ ᠵᠠᠯᠠᠭᠤ ᠺᠠᠳ᠋ᠷᠴᠤᠤᠨ | ᠦᠵᠡᠯ ᠰᠠᠨᠠᠭ᠎ᠠ ᠤᠯᠤᠰ ᠲᠦᠷᠦ ᠶᠢᠨ ᠬᠡᠪ ᠪᠤᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠡᠷᠳᠡᠮ | ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠰᠤᠷᠲᠠᠯ ᠰᠠᠬᠢᠯᠭ᠎ᠠ ᠪᠠᠲᠤ ᠪᠠᠨ ᠳᠠᠪᠲᠠᠨ ᠪᠣᠯᠪᠠᠰᠤᠷᠠᠭᠤᠯᠵᠤ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠪᠠᠶᠢᠨ᠎ᠠ᠃ |