ᠠᠯᠠᠱᠠ ᠠᠶᠢᠮᠠᠭ ᠤᠨ ᠠᠵᠢᠯᠲᠠᠨ ᠠᠵᠢᠯᠴᠢᠨ ᠤ ᠡᠮᠴᠢᠯᠡᠬᠡᠨ ᠤ ᠳᠠᠭᠠᠳᠬᠠᠯ ᠤᠨ ᠬᠠᠷᠠᠭᠠᠯᠵᠠᠯ ᠢ ᠲᠣᠬᠢᠷᠠᠭᠤᠯᠬᠤ ᠲᠥᠰᠦᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/12
    ᠮᠠᠨ ᠤ ᠠᠶᠢᠮᠠᠭ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢ ᠬᠠᠮᠢᠶᠠᠷᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2020﹈ 5 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡᠨ ᠤ ᠪᠠᠲᠤᠯᠠᠭ᠎ᠠ ᠶᠢ ᠬᠠᠮᠢᠶᠠᠷᠬᠤ ᠠᠷᠭ᠎ᠠ﹀᠎ ᠶᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 7 ᠳ᠋ᠤᠭᠠᠷ ᠲᠣᠭᠠᠲᠤ︶᠎ ᠢ ᠦᠨᠳᠦᠰᠦᠯᠡᠨ᠂ ᠠᠯᠠᠱᠠ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ ︽ᠠᠯᠠᠱᠠ ᠠᠶᠢᠮᠠᠭ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠳᠣᠬᠢᠷᠠᠭᠤᠯᠬᠤ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶᠎ ᠢ ᠲᠣᠭᠲᠠᠭᠠᠪᠠ᠃    ᠨᠢᠭᠡ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠨ ᠥᠭᠬᠦ ᠬᠢᠵᠠᠭᠠᠷ ᠲᠤᠭ᠎ᠠ ᠳᠤ ᠲᠣᠬᠢᠷᠠᠭᠤᠯᠤᠯᠲᠠ ᠬᠢᠪᠡ    ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠣᠨ ᠤ ᠳᠣᠲᠣᠷᠠᠬᠢ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠶᠢ 40 ᠲᠦᠮᠡᠨ ᠲᠥᠭᠦᠷᠢᠭ ᠪᠣᠯᠭᠠᠨ ᠲᠣᠬᠢᠷᠠᠭᠤᠯᠪᠠ᠃    ᠬᠤᠶᠠᠷ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠬᠤ ᠪᠠᠲᠤᠯᠠᠭ᠎ᠠ ᠶᠢᠨ ᠬᠠᠷᠠᠭᠠᠯᠵᠠᠯ ᠳᠤ ᠲᠣᠬᠢᠷᠠᠭᠤᠯᠤᠯᠲᠠ ᠬᠢᠪᠡ    ᠠᠵᠢᠯᠲᠠᠨ ᠠᠵᠢᠯᠴᠢᠨ ᠠᠶᠢᠮᠠᠭ ᠤᠨ ᠳᠣᠲᠣᠷ᠎ᠠ ᠵᠢᠴᠢ ᠠᠶᠢᠮᠠᠭ ᠤᠨ ᠭᠠᠳᠠᠨ᠎ᠠ ᠡᠮᠨᠡᠯᠭᠡ ᠳᠤ ᠰᠠᠭᠤᠭᠰᠠᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠳᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠨᠢᠭᠡᠳᠦᠯᠲᠡᠶ ᠳᠣᠤᠷᠠᠬᠢ  ᠬᠠᠷᠠᠭᠠᠯᠵᠠᠬᠤ ᠠᠷᠭ᠎ᠠ ᠪᠠᠷ ᠨᠢᠭᠡᠳᠦᠯᠲᠡᠶ ᠬᠡᠷᠡᠭᠵᠢᠭᠦᠯᠦᠨ᠎ᠡ᠄ᠡᠮᠴᠢᠯᠡᠭᠡᠨ ᠤ ᠪᠠᠶᠢᠭᠤᠯᠤᠮᠵᠢ ᠶᠢᠨ ᠳᠡᠰ᠄ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ᠃ ᠡᠬᠢᠯᠡᠨ ᠲᠥᠯᠥᠬᠦ ᠪᠠᠷᠢᠮᠵᠢᠶ᠎ᠠ ᠨᠢ ᠠᠶᠢᠮᠠᠭ ᠤᠨ ᠭᠠᠳᠠᠨ᠎ᠠ᠄ 500 ᠲᠥᠭᠦᠷᠢᠭ / ᠵᠢᠯ · ᠬᠥᠮᠦᠨ᠂ ᠠᠶᠢᠮᠠᠭ ᠤᠨ ᠳᠣᠲᠣᠷ᠎ᠠ᠄ 300 ᠲᠥᠭᠦᠷᠢᠭ / ᠵᠢᠯ · ᠬᠥᠮᠦᠨ᠃ ᠲᠥᠯᠥᠬᠦ ᠬᠠᠷᠢᠴᠠᠯ᠄ 95%᠃ ᠡᠮᠴᠢᠯᠡᠭᠡᠨ ᠤ ᠪᠠᠶᠢᠭᠤᠯᠤᠮᠵᠢ ᠶᠢᠨ ᠳᠡᠰ᠄ ᠭᠤᠷᠪᠠᠳᠤᠭᠠᠷ ᠳᠡᠰ᠃ ᠡᠬᠢᠯᠡᠨ ᠲᠥᠯᠥᠬᠦ ᠪᠠᠷᠢᠮᠵᠢᠶ᠎ᠠ ᠨᠢ ᠠᠶᠢᠮᠠᠭ ᠤᠨ ᠭᠠᠳᠠᠨ᠎ᠠ᠄ 800 ᠲᠥᠭᠦᠷᠢᠭ / ᠵᠢᠯ · ᠬᠥᠮᠦᠨ᠂ ᠠᠶᠢᠮᠠᠭ ᠤᠨ ᠳᠣᠲᠣᠷ᠎ᠠ᠄ 500 ᠲᠥᠭᠦᠷᠢᠭ / ᠵᠢᠯ · ᠬᠥᠮᠦᠨ᠃ ᠲᠥᠯᠥᠬᠦ ᠬᠠᠷᠢᠴᠠᠯ᠄ 93%᠃     ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠭᠰᠠᠨ ᠤ ᠨᠢᠭᠡ ᠵᠢᠯ ᠤᠨ ᠳᠣᠲᠣᠷ᠎ᠠ ᠬᠤᠶᠠᠳᠤᠭᠠᠷ ᠤᠳᠠᠭ᠎ᠠ ᠡᠮᠨᠡᠯᠭᠡ ᠳᠤ ᠰᠠᠭᠤᠬᠤ ᠬᠠᠷᠠᠭᠠᠯᠵᠠᠯ ᠬᠦᠷᠳᠡᠨ᠎ᠡ᠂ ᠡᠬᠢᠯᠡᠵᠦ ᠥᠭᠬᠦ ᠪᠠᠷᠢᠮᠵᠢᠶ᠎ᠠ ᠨᠢ 50%᠂ ᠭᠤᠷᠪᠠᠳᠤᠭᠠᠷ ᠤᠳᠠᠭ᠎ᠠ ᠵᠢᠴᠢ ᠬᠤᠶᠢᠰᠢᠳᠠ ᠡᠬᠢᠯᠡᠵᠦ ᠥᠭᠬᠦ ᠪᠠᠷᠢᠮᠵᠢᠶ᠎ᠠ ᠲᠣᠭᠲᠠᠭᠠᠬᠤ ᠦᠭᠡᠶ᠃ ᠠᠵᠢᠯ ᠠᠴᠠ ᠪᠠᠨ ᠠᠮᠠᠷᠠᠭᠰᠠᠳ ᠤᠨ ᠡᠮᠨᠡᠯᠭᠡ ᠳᠤ ᠰᠠᠭᠤᠭᠰᠠᠨ ᠵᠠᠷᠤᠳᠠᠯ ᠤᠨ ᠬᠠᠷᠢᠴᠠᠯ ᠢ ᠲᠤᠰ ᠲᠤᠰ ᠵᠠᠭᠤᠨ ᠤ ᠴᠡᠭ ᠳᠡᠭᠡᠭᠰᠢᠯᠡᠭᠦᠯᠦᠨ᠎ᠡ᠃    ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠳᠤ ᠬᠢᠲᠠᠳ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢ ᠵᠣᠷᠢᠭᠵᠢᠭᠤᠯᠵᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠠᠶᠢᠮᠠᠭ ᠤᠨ ᠳᠣᠲᠣᠷᠠᠬᠢ ᠬᠢᠲᠠᠳ ᠮᠣᠩᠭᠤᠯ ᠡᠮᠨᠡᠯᠭᠡ ᠳᠤ ᠰᠠᠭᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠭᠥᠷᠳᠡᠵᠦ᠂ ᠡᠬᠢᠯᠡᠵᠦ ᠥᠭᠬᠦ ᠬᠡᠮᠵᠢᠶ᠎ᠡ ᠶᠢ 20%᠎ ᠪᠠᠷ ᠪᠠᠭᠤᠷᠠᠭᠤᠯᠵᠤ᠂ ᠲᠠᠩᠰᠠ ᠲᠠᠶᠢᠯᠬᠤ ᠬᠠᠷᠢᠴᠠᠯ ᠳᠤ ᠲᠣᠬᠢᠷᠠᠭᠤᠯᠤᠯᠲᠠ ᠬᠢᠬᠦ ᠥᠬᠡᠶ᠃    ᠭᠤᠷᠪᠠ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠪᠠᠶᠢᠷᠢ ᠲᠣᠭᠲᠠᠭᠠᠯᠲᠠ ᠶᠢ ᠲᠡᠭᠦᠯᠳᠡᠷᠵᠢᠭᠦᠯᠪᠡ    ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡ ᠶᠢᠨ ᠳᠠᠭᠠᠳᠬᠠᠯ ᠢ ᠭᠤᠤᠯᠳᠠᠭᠤ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠵᠠᠷᠤᠳᠠᠯ ᠵᠢᠴᠢ ᠡᠮᠨᠡᠯᠭᠡ ᠳᠤ ᠰᠠᠭᠤᠬᠤ ᠬᠠᠮᠢᠶᠠᠷᠤᠯᠲᠠ ᠶᠢᠨ ᠡᠭᠦᠳᠡᠨ ᠡᠮᠨᠡᠯᠭᠡ ᠶᠢᠨ ᠵᠠᠷᠤᠳᠠᠯ ︵ᠡᠭᠦᠳᠡᠨ ᠡᠮᠨᠡᠯᠭᠡ ᠶᠢᠨ ᠣᠨᠴᠠᠭᠠᠶ ᠡᠪᠡᠳᠴᠢᠨ ᠡᠮᠭᠡᠭ ᠵᠡᠷᠭᠡ︶᠎ ᠢᠶᠠᠷ ᠯᠠᠪᠯᠠᠯᠲᠠ ᠪᠣᠯᠭᠠᠵᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠠᠷ ᠥᠭᠭᠦᠭᠰᠡᠨ ᠤ ᠳᠠᠷᠠᠭᠠᠬᠢ ᠬᠤᠪᠢ ᠬᠥᠮᠦᠨ ᠤ ᠥᠪᠡᠰᠦᠪᠡᠨ ᠥᠭᠬᠦ ᠵᠠᠷᠤᠳᠠᠯ ᠢ ᠰᠢᠢᠳᠪᠦᠷᠢᠯᠡᠬᠦ ᠳᠤ ᠬᠡᠷᠡᠭᠯᠡᠨ᠎ᠡ᠃    ᠳᠥᠷᠪᠡ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠬᠠᠷᠠᠭᠠᠯᠵᠠᠯ ᠳᠤ ᠲᠣᠬᠢᠷᠠᠭᠤᠯᠤᠯᠲᠠ ᠬᠢᠪᠡ    ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠣᠭᠲᠠᠭᠠᠯ ᠳᠤ ᠨᠡᠶᠢᠴᠡᠬᠦ ᠬᠤᠪᠢ ᠬᠥᠮᠦᠨ ᠤ ᠥᠪᠡᠷ ᠢᠶᠠᠨ ᠥᠭᠬᠦ ᠵᠠᠷᠤᠳᠠᠯ ᠨᠡᠶᠢᠲᠡ 5000 ᠲᠥᠭᠦᠷᠢᠭ ᠠᠴᠠ ᠳᠡᠭᠡᠭᠰᠢ ᠪᠣᠯᠵᠤ᠂ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠢᠶᠠᠷ ᠳᠠᠮᠵᠢᠭᠤᠯᠤᠨ᠂ 95%᠎ ᠶᠢᠨ ᠬᠠᠷᠢᠴᠠᠯ ᠢᠶᠠᠷ ᠥᠭᠴᠦ᠂ ᠨᠢᠭᠡ ᠵᠢᠯ ᠤᠨ ᠳᠣᠲᠣᠷᠠᠬᠢ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ 20 ᠲᠦᠮᠡᠨ ᠲᠥᠭᠦᠷᠢᠭ ᠲᠤ ᠬᠦᠷᠪᠡ᠃ ᠠᠵᠢᠯᠲᠠᠨ ᠠᠵᠢᠯᠴᠢᠳ ᠤᠨ ᠬᠤᠶᠠᠳᠠᠬᠢ ᠤᠳᠠᠭ᠎ᠠ ᠨᠥᠬᠦᠪᠥᠷᠢ  ᠬᠠᠷᠠᠭᠠᠯᠵᠠᠯ ᠢ ᠶᠡᠭᠡ ᠲᠣᠭᠠᠨ ᠤ ᠡᠮᠴᠢᠯᠡᠭᠡ ᠶᠢᠨ ᠳᠠᠭᠠᠳᠬᠠᠯ ᠤᠨ ᠪᠠᠲᠤᠯᠠᠭ᠎ᠠ ᠳᠤ ᠵᠡᠷᠭᠡ ᠪᠠᠷ ᠨᠡᠶᠢᠯᠡᠭᠦᠯᠦᠨ ᠣᠷᠣᠭᠤᠯᠵᠤ᠂ ᠳᠠᠭᠢᠵᠤ ᠲᠤᠰᠠᠭᠠᠷ ᠣᠯᠭᠤᠬᠤ ᠥᠬᠡᠶ᠃    ᠲᠠᠪᠤ᠂ ᠣᠨᠳᠣᠤ ᠭᠠᠵᠠᠷ ᠲᠤ ᠡᠪᠡᠳᠴᠢᠨ ᠦᠵᠡᠭᠦᠯᠬᠦ ᠬᠠᠮᠢᠶᠠᠷᠤᠯᠲᠠ ᠶᠢᠨ ᠠᠷᠭ᠎ᠠ ᠶᠢ ᠰᠢᠯᠢᠳᠡᠭᠵᠢᠬᠦᠯᠪᠡ    ᠲᠣᠭᠲᠠᠭᠠᠯ ᠶᠣᠰᠣᠭᠠᠷ ᠡᠮᠨᠡᠯᠭᠡ ᠰᠢᠯᠵᠢᠬᠦ ᠭᠠᠷᠳᠠᠮ ᠭᠦᠢᠴᠡᠳᠬᠡᠭᠰᠡᠨ ᠦᠭᠡᠶ ᠪᠣᠯ ᠡᠮᠨᠡᠯᠭᠡ ᠳᠤ ᠰᠠᠭᠤᠬᠤ ᠪᠠᠲᠤᠯᠠᠭ᠎ᠠ ᠶᠢᠨ ᠬᠠᠷᠠᠭᠠᠯᠵᠠᠯ ᠥᠭᠬᠦ ᠬᠠᠷᠢᠴᠠᠯ ᠢ 20%᠎ ᠪᠠᠷ ᠪᠠᠭᠤᠷᠠᠭᠤᠯᠬᠤ ᠲᠣᠭᠲᠠᠭᠠᠯ ᠪᠣᠯᠭᠠᠨ᠎ᠠ᠃ ᠮᠤᠵᠢ ᠠᠯᠤᠰᠯᠠᠨ ᠣᠨᠳᠣᠤ ᠭᠠᠵᠠᠷ ᠲᠤ ᠡᠮᠴᠢᠯᠡᠭᠦᠯᠦᠭᠰᠡᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠣᠨᠳᠣᠤ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠤᠭᠰᠠᠨ ᠤ ᠳᠠᠷᠠᠭ᠎ᠠ᠂ ᠡᠪᠡᠳᠴᠢᠨ ᠦᠵᠡᠭᠦᠯᠬᠦ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠡᠮᠨᠡᠯᠭᠡ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ ᠪᠣᠯᠤᠨ᠎ᠠ᠃ ᠬᠡᠷᠪᠡ ᠭᠡᠨᠡᠳᠲᠡ ᠡᠪᠡᠳᠴᠢᠯᠡᠪᠡᠯ᠂ ᠴᠠᠭ ᠲᠤᠬᠠᠶ ᠳᠤᠨᠢ ᠣᠨᠳᠣᠤ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠵᠤ ᠳᠡᠶᠢᠯᠦᠭᠰᠡᠨ ᠥᠬᠡᠶ ᠪᠠᠶᠢᠪᠠᠯ᠂ ︽ᠤᠷᠢᠳᠠᠪᠠᠷ ᠡᠮᠨᠡᠭᠦᠯᠵᠦ ᠳᠠᠷᠠᠭ᠎ᠠ ᠨᠢ ᠳᠠᠩᠰᠠᠯᠠᠭᠤᠯᠵᠤ︾ ᠪᠣᠯᠤᠨ᠎ᠠ᠃    ᠵᠢᠷᠭᠤᠭ᠎ᠠ᠂ ᠠᠵᠢᠯᠳᠡᠨ ᠠᠵᠢᠯᠴᠢᠨ ᠤ ᠡᠮᠴᠢᠯᠡᠭᠡᠨ ᠤ ᠪᠠᠳᠣᠯᠠᠭ᠎ᠠ ᠶᠢᠨ ᠬᠠᠷᠠᠭᠠᠯᠵᠠᠯ ᠢ ᠬᠦᠳᠡᠯᠥᠩᠬᠦᠢ ᠪᠠᠷ ᠲᠣᠬᠢᠷᠡᠭᠤᠯᠬᠤ ᠲᠣᠠᠠᠳᠡᠴᠠ ᠶᠢ ᠪᠠᠶᠢᠭᠤᠯᠪᠠ    ᠬᠠᠷᠠᠭᠠᠯᠵᠠᠯ ᠢ ᠪᠠᠳᠣᠯᠠᠬᠤ ᠬᠢᠷᠢ ᠭᠡᠮᠵᠢᠶ᠎ᠠ ᠶᠢ ᠠᠵᠦ ᠠᠬᠤᠢ ᠨᠡᠶᠢᠭᠡᠮ ᠤᠨ ᠬᠦᠭᠵᠢᠯᠳᠡ ᠯᠦᠭᠡ ᠬᠠᠷᠢᠯᠴᠠᠨ ᠵᠤᠬᠢᠴᠠᠭᠤᠯᠬᠤ ᠶᠢ ᠯᠠᠪᠳᠠᠭᠤᠨ ᠢᠶᠠᠷ ᠠᠬᠢᠭᠤᠯᠥᠨ᠎ᠠ᠃ ᠨᠢᠭᠡ ᠪᠠᠶᠢᠭᠠᠯᠢ ᠶᠢᠨ ᠵᠢᠯ ᠢᠶᠠᠷ ᠨᠢᠭᠡ ᠳ᠋ᠦᠩᠨᠡᠨ ᠪᠤᠳᠤᠬᠤ ᠦᠶᠡᠯᠡᠯ ᠤᠨ ᠬᠤᠭᠤᠴᠠᠭ᠎ᠠ ᠪᠣᠯᠭᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ ᠶᠢᠨ ᠪᠠᠶᠢᠳᠠᠯ ᠢ ᠰᠤᠳᠤᠯᠤᠨ ᠮᠠᠭᠠᠳᠯᠠᠨ᠎ᠠ᠃ ᠬᠠᠷᠠᠭᠠᠯᠵᠠᠯ ᠥᠭᠬᠦ ᠲᠥᠷᠥ ᠶᠢᠨ ᠪᠣᠳᠣᠯᠭ᠎ᠠ ᠶᠢᠨ ᠠᠵᠢᠯᠯᠠᠭᠠᠨ ᠤ ᠦᠨᠡᠯᠡᠨ ᠵᠢᠱᠢᠯᠲᠡ ᠬᠢᠵᠦ᠂ ᠵᠦᠢ ᠵᠣᠬᠢᠰᠲᠠᠶ ᠲᠣᠬᠢᠷᠠᠭᠤᠯᠤᠯᠲᠠ ᠬᠢᠵᠦ᠂ ᠪᠠᠲᠤᠯᠠᠭ᠎ᠠ ᠬᠦᠷᠦᠯᠴᠡᠬᠦ ᠦᠭᠡᠶ ᠪᠤᠶᠤ ᠬᠡᠲᠦᠷᠬᠡᠶ ᠪᠠᠲᠤᠯᠠᠬᠤ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠵᠤ᠂ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠨᠳᠥᠷ ᠪᠦᠲᠦᠮᠵᠢᠲᠡᠶ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠳᠣᠯᠠᠨ᠎ᠠ᠃      
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号