ᠤᠨᠳᠤᠷᠤᠯᠳᠤ ᠪᠠᠯᠭᠠᠰᠤᠨ ᠤ 6000 ᠮᠦ ᠽᠢ ᠷᠠᠨ ᠡᠯᠪᠡᠭ ᠬᠤᠷᠢᠶᠠᠯᠳᠠ ᠤᠯᠤᠯ᠎ᠡ
ᠨᠡᠶᠢᠲᠡᠯᠡᠭᠰᠡᠨ ᠴᠠᠭ᠄
2024/7/12
    ᠰᠠᠯᠬᠢᠨ ᠤ ᠠᠶᠠᠰ ᠢᠶᠠᠷ ᠽᠢ ᠷᠠᠨ ︵ᠠᠮᠳᠠ ᠤᠷᠤᠭᠤᠯᠬᠤ ᠡᠳ᠋᠂ ᠠᠩᠭ᠍ᠯᠢ ᠪᠠᠷ ᠽᠢᠷᠠ᠂ ᠰᠠᠨᠰᠺᠷᠢᠲ ᠬᠡᠯᠡᠨ ᠳᠤ ᠵᠢᠷᠠ᠂ ᠬᠢᠳᠡᠳ ᠢᠶᠠᠷ ᠽᠢ ᠷᠠᠨ ᠬᠡᠮᠡᠨ ᠳᠠᠭᠤᠳᠠᠵᠦ ᠪᠠᠶᠢᠳᠠᠭ᠂ ᠳᠡᠬᠦᠨ ᠢ ᠪᠠᠰᠠ ᠡᠨᠡᠳᠭᠡᠭ ᠭᠤᠨᠢᠳ ᠬᠡᠵᠦ ᠨᠡᠷᠡᠯᠡᠵᠦ ᠪᠤᠢ︶ ᠤ ᠠᠩᠬᠢᠯᠤᠮ᠎ᠠ ᠦᠨᠦᠷ ᠬᠠᠩᠬᠤᠯᠵᠤ᠂ ᠳᠠᠷᠢᠶᠠᠴᠢᠳ ᠬᠤᠷᠢᠶᠠᠯᠲᠠ ᠠᠪᠤᠭᠠᠳ ᠶᠠᠭᠠᠷᠠᠨ᠎ᠠ᠃ ᠣᠶᠢᠷ᠎ᠠ ᠶᠢᠨ ᠡᠳᠦᠷ ᠤᠳ ᠲᠤ ᠠᠯᠠᠱᠠ ᠵᠡᠬᠦᠨ ᠬᠤᠰᠢᠭᠤᠨ ᠤ ᠤᠨᠳᠤᠷᠤᠯᠳᠦ ᠪᠠᠯᠭᠠᠰᠤᠨ ᠳᠤ ᠳᠠᠷᠢᠭᠰᠠᠨ 6376 ᠮᠦ ᠽᠢ ᠷᠠᠨ ᠬᠠᠳᠤᠵᠤ ᠬᠤᠷᠢᠶᠠᠬᠤ ᠬᠤᠭᠤᠴᠠᠭᠠᠨ ᠳᠠᠭᠠᠨ ᠣᠷᠣᠵᠤ᠂ ᠳᠠᠷᠢᠶᠠᠴᠢᠳ ᠴᠠᠭ ᠢ ᠠᠮᠵᠢᠨ᠂ ᠬᠤᠷᠢᠶᠠᠵᠤ ᠠᠪᠬᠤ᠂ ᠬᠠᠲᠠᠭᠠᠬᠤ ᠪᠠ ᠮᠥᠯᠢᠬᠦ ᠵᠡᠷᠭᠡ ᠠᠵᠢᠯ ᠢ ᠶᠠᠭᠠᠷᠠᠯᠲᠠᠢ ᠬᠢᠵᠦ ᠪᠠᠶᠢᠨ᠎ᠠ᠃    ᠪᠠᠷᠠᠭᠤᠨᠬᠦ᠋ᠳᠡᠭᠡ ᠭᠠᠴᠠᠭ᠎ᠠ ᠶᠢᠨ ᠳᠠᠷᠢᠶᠠᠴᠢᠨ ᠴᠤᠭᠳᠡᠯᠬᠡᠷ᠄ ︽ᠡᠨᠡ ᠵᠢᠯ 80 ᠮᠦ ᠲᠠᠷᠢᠶᠠᠨ ᠭᠠᠵᠠᠷ ᠲᠤ ᠽᠢ ᠷᠠᠨ ᠪᠤᠯᠤᠨ ᠡᠷᠳᠡᠨᠢ ᠰᠢᠰᠢ ᠶᠢ ᠠᠯᠠᠭᠯᠠᠨ ᠳᠠᠷᠢᠵᠠᠢ᠃ ᠽᠢ ᠷᠠᠨ ᠤ ᠤᠷᠭᠤᠴᠠ ᠰᠠᠶᠢᠨ᠂ ᠮᠦ ᠪᠦᠷᠢ ᠶᠢᠨ ᠤᠨᠠᠯᠲᠠ ᠨᠢ 60 ᠺᠢᠯᠣᠭ᠍ᠷᠠᠮ ᠳᠤ ᠬᠦᠷᠪᠡ᠃ ᠵᠠᠬ᠎ᠠ ᠳᠡᠯᠭᠡᠭᠦᠷ ᠤᠨ ᠦᠨ᠎ᠡ ᠪᠠᠷ ᠪᠤᠳᠤᠪᠠᠯ᠂ ᠺᠢᠯᠣᠭ᠍ᠷᠠᠮ ᠪᠦᠷᠢ ᠳᠡᠭᠡᠨ 23 ᠲᠥᠭᠦᠷᠢᠭ ᠲᠤ ᠬᠦᠷᠴᠦ ᠪᠠᠶᠢᠨ᠎ᠠ᠃ ᠵᠢᠱᠢᠯᠲᠡ ᠪᠠᠷ 11 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠨ᠎ᠡ᠃ ᠽᠢ ᠷᠠᠨ ᠢ ᠬᠠᠳᠤᠵᠤ ᠪᠠᠷᠠᠪᠠᠯ ᠡᠷᠳᠡᠨᠢ ᠰᠢᠰᠢ ᠲᠠᠢ ᠪᠣᠷᠳᠣᠭᠤᠷ ᠪᠤᠯᠢᠶᠠᠯᠳᠤᠬᠤ ᠦᠭᠡᠢ ᠪᠤᠯᠴᠢᠬᠠᠨ᠎ᠠ᠃ ᠽᠢ ᠷᠠᠨ ᠳᠠᠷᠢᠭᠰᠠᠨ ᠭᠠᠵᠠᠷ ᠲᠤ ᠵᠢᠯ ᠳᠤ ᠬᠤᠶᠠᠷ ᠵᠦᠢᠯ ᠤᠨ ᠲᠠᠷᠢᠮᠠᠯ ᠲᠠᠷᠢᠵᠦ᠂ ᠡᠰᠢ ᠰᠦᠷᠡᠯ ᠢ ᠬᠤᠷᠢᠶᠠᠨ ᠠᠪᠴᠤ ᠠᠰᠢᠭᠯᠠᠪᠠᠯ ᠪᠠᠰᠠ ᠨᠢᠭᠡ ᠬᠡᠮᠵᠢᠶᠡᠨ ᠤ ᠣᠷᠣᠯᠭ᠎ᠠ ᠲᠠᠢ ᠪᠣᠯᠣᠨ᠎ᠠ᠃ ᠢᠩᠬᠢᠬᠡᠳ ᠨᠢᠭᠡ ᠭᠠᠵᠠᠷ ᠠᠴᠠ ᠭᠤᠷᠪᠠᠨ ᠤᠳᠠᠭ᠎ᠠ ᠶᠢᠨ ᠬᠤᠷᠢᠶᠠᠯᠲᠠ ᠣᠯᠵᠤ᠂ ᠪᠦᠬᠦ ᠵᠢᠯ ᠤᠨ ᠦᠷ᠎ᠡ ᠠᠰᠢᠭ ᠨᠡᠯᠢᠶᠡᠳ ᠰᠠᠶᠢᠨ ᠪᠤᠯᠬᠤ ᠶᠤᠮ︾ ᠭᠡᠵᠦ ᠶᠠᠷᠢᠨ᠎ᠠ᠃    ᠽᠢ ᠷᠠᠨ ᠬᠡᠬᠦ ᠳᠠᠷᠢᠮᠠᠯ ᠨᠢ ︽ᠨᠢᠬᠡ ᠤᠳᠠᠭ᠎ᠠ ᠤᠰᠤᠯᠠᠪᠠᠯ ᠤᠷᠭᠤᠯᠳᠠ ᠬᠦᠢᠴᠡᠵᠦ ᠳᠡᠶᠢᠯᠬᠦ ᠮᠦᠷᠳᠡᠭᠡᠨ ᠬᠥᠳᠡᠯᠮᠦᠷᠢ ᠬᠦᠴᠦᠨ ᠳᠤ ᠠᠷᠪᠢᠲᠠᠢ᠂ ᠬᠠᠮᠢᠶᠠᠷᠬᠤ ᠳᠤ ᠬᠢᠯᠪᠠᠷ᠂ ᠥᠪᠡᠷ ᠤᠨ ᠥᠷᠲᠡᠭ ᠳᠣᠣᠷ᠎ᠠ᠂ ᠵᠠᠬ᠎ᠠ ᠳᠡᠯᠭᠡᠭᠦᠷ ᠦᠷᠬᠡᠨ᠂ ᠣᠷᠣᠯᠭ᠎ᠠ ᠰᠠᠶᠢᠳᠠᠢ︾ ᠵᠡᠷᠭᠡ ᠣᠨᠴᠠᠯᠢᠭ ᠲᠠᠢ ᠠᠴᠠ ᠭᠠᠳᠠᠨ᠎ᠠ ᠪᠠᠰᠠ ᠪᠤᠰᠤᠳ ᠲᠠᠷᠢᠮᠠᠯ ᠤᠨ ᠵᠦᠢᠯ ᠲᠠᠢ ᠠᠯᠠᠭᠯᠠᠨ ᠳᠠᠷᠢᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ᠃ ᠤᠨᠳᠤᠷᠤᠯᠳᠤ ᠪᠠᠯᠭᠠᠰᠤ ᠳᠠᠷᠢᠶᠠᠴᠢᠨ ᠢ ᠬᠥᠲᠥᠯᠥᠨ ᠵᠢᠯᠤᠭᠤᠳᠴᠤ᠂ ᠭᠠᠵᠠᠷ ᠰᠢᠷᠣᠢ ᠶᠢᠨ ᠣᠷᠣᠨ ᠵᠠᠢ ᠶᠢ ᠵᠣᠬᠢᠰᠲᠠᠢ ᠠᠰᠢᠭᠯᠠᠭᠤᠯᠤᠨ᠂ ᠣᠬᠤᠷ ᠬᠤᠭᠤᠴᠠᠭᠠᠨ ᠳᠤ ᠪᠤᠯᠪᠠᠰᠤᠷᠠᠬᠤ ᠳᠠᠷᠢᠮᠠᠯ ᠤᠨ ᠦᠢᠯᠡᠰ ᠢ ᠬᠠᠶᠢᠨ ᠰᠦᠪᠡᠭᠴᠢᠯᠡᠵᠦ᠂ ︽ᠨᠢᠭᠡ ᠤᠳᠠᠭ᠎ᠠ ᠳᠠᠷᠢᠵᠤ᠂ ᠬᠤᠶᠠᠷ ᠤᠳᠠᠭ᠎ᠠ ᠠᠰᠢᠭ ᠣᠯᠬᠤ︾ ᠶᠢ ᠪᠡᠶᠡᠯᠡᠬᠦᠯᠦᠨ᠂ ᠳᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠳᠤ ᠨᠠᠩ ᠣᠯᠠᠨ ᠲᠣᠬᠢᠶᠠᠯ ᠣᠯᠭᠤᠵᠠᠢ᠃    ︽ᠡᠨᠡ ᠵᠢᠯ ᠤᠨ ᠬᠤᠷ᠎ᠠ ᠪᠣᠷᠣᠭᠠᠨ ᠳᠤᠮᠳᠠ ᠵᠡᠷᠬᠡ᠂ ᠥᠨᠳᠥᠷ ᠬᠠᠯᠠᠭᠤᠨ ᠠᠭᠤᠷ ᠠᠮᠢᠰᠬᠤᠯ ᠡᠷᠲᠡ ᠢᠷᠡᠭᠰᠡᠨ ᠪᠣᠯᠬᠤᠷ ᠭᠠᠩ ᠬᠠᠭᠰᠠᠷᠠᠭᠠᠨ ᠳᠤ ᠲᠡᠰᠪᠦᠷᠢᠲᠡᠢ ᠽᠢ ᠷᠠᠨ ᠤ ᠤᠷᠭᠤᠯᠳᠠ ᠳᠤ ᠮᠠᠰᠢ ᠲᠣᠬᠢᠷᠠᠮᠵᠢᠲᠠᠢ ᠪᠤᠯᠤᠭᠰᠠᠨ ᠶᠤᠮ ᠂ ᠤᠷᠭᠤᠴᠠ ᠶᠢᠨ ᠪᠠᠶᠢᠳᠠᠯ ᠠᠴᠠ ᠦᠵᠡᠪᠡᠯ᠂ ᠮᠦ ᠪᠦᠷᠢ ᠶᠢᠨ ᠣᠷᠣᠯᠭ᠎ᠠ 2400 ᠲᠥᠭᠦᠷᠢᠭ ᠣᠷᠴᠢᠮ ᠬᠦᠷᠴᠦ ᠴᠢᠳᠠᠨ᠎ᠠ︾ ᠭᠡᠵᠦ ᠳᠡᠯ ᠤᠯᠠᠭᠠᠨ ᠭᠠᠴᠠᠭ᠎ᠠ ᠶᠢᠨ ᠨᠠᠮ ᠤᠨ ᠡᠭᠦᠷ ᠤᠨ ᠱᠦᠵᠢ ᠯᠢᠦ ᠫᠧᠢ ᠢᠦᠢ ᠳᠠᠨᠢᠯᠴᠠᠭᠤᠯᠤᠨ᠎ᠠ᠃ ᠲᠡᠷᠡ᠂ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠶᠢᠨ ᠬᠡᠯᠪᠡᠯᠵᠡᠯ ᠤᠨ ᠳᠠᠷᠢᠶᠠᠯᠠᠬᠤ ᠡᠷᠦᠬᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ᠂ 2024 ᠣᠨ ᠤ ᠡᠬᠢ ᠪᠠᠷ ᠭᠠᠨᠰᠤ ᠶᠢᠨ ᠲᠢᠶᠠᠨ ᠰᠢᠶᠠᠩ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠲᠠᠢ 5000 ᠮᠦ ᠽᠢ ᠷᠠᠨ ᠤ ᠵᠠᠬᠢᠶᠠᠯᠠᠭ᠎ᠠ ᠳᠤᠭᠳᠠᠭᠠᠳ᠂ ᠡᠷᠬᠢᠨ ᠲᠣᠭᠤᠷᠢᠨ ᠤ 3 ᠭᠠᠴᠠᠭ᠎ᠠ ᠶᠢᠨ ᠳᠠᠷᠢᠶᠠᠴᠢᠨ ᠢ ᠲᠠᠶᠢᠴᠢᠯᠠᠨ ᠳᠠᠷᠢᠵᠡᠢ᠃ ᠲᠤᠬᠠᠢ ᠶᠢᠨ ᠭᠠᠵᠠᠷ ᠤᠨ ᠲᠠᠷᠢᠮᠠᠯ ᠤᠨ ᠴᠢᠨᠠᠷ ᠰᠠᠶᠢᠨ᠂ ᠭᠠᠷᠤᠯᠲᠠ ᠥᠨᠳᠥᠷ᠂ ᠵᠠᠬ᠎ᠠ ᠳᠡᠯᠭᠡᠭᠦᠷ ᠤᠨ ᠦᠨᠡᠯᠡᠯᠳᠡ ᠰᠠᠶᠢᠨ ᠳᠤᠯᠠ ᠠᠷᠠᠯᠵᠢᠶᠠᠴᠢᠨ ᠰᠢᠭᠤᠳ ᠲᠠᠷᠢᠶᠠᠨ ᠭᠠᠵᠠᠷ ᠲᠤ ᠢᠷᠡᠵᠦ᠂ ᠽᠢ ᠷᠠᠨ ᠢ ᠬᠤᠷᠢᠶᠠᠭᠠᠳ ᠪᠠᠷᠠᠬᠤ ᠳᠤ ᠪᠤᠯᠢᠶᠠᠯᠳᠤᠨ ᠬᠤᠳᠠᠯᠳᠤᠨ ᠠᠪᠴᠤ ᠪᠠᠷᠠᠭᠠᠭᠰᠠᠨ ᠪᠠᠶᠢᠨ᠎ᠠ ᠭᠡᠵᠦ ᠪᠠᠶᠢᠯ᠎ᠠ᠃     7 ᠰᠠᠷ᠎ᠠ ᠶᠢᠨ ᠡᠬᠢ ᠪᠠᠷ ᠽᠢ ᠷᠠᠨ ᠬᠤᠷᠢᠶᠠᠵᠤ ᠪᠠᠷᠠᠭᠰᠠᠨ ᠤ ᠳᠠᠷᠠᠭ᠎ᠠ᠂ ᠪᠠᠰᠠ ᠲᠣᠰᠣᠨ ᠴᠡᠴᠡᠭ᠂ ᠨᠣᠬᠠᠢ ᠶᠢᠨ ᠬᠤᠰᠢᠭᠤ ᠶᠢᠨ ᠡᠪᠡᠰᠦ ᠵᠡᠷᠭᠡ ᠲᠠᠷᠢᠮᠠᠯ ᠢ ᠳᠠᠬᠢᠨ ᠳᠠᠷᠢᠵᠤ᠂ ᠨᠢᠭᠡ ᠭᠠᠵᠠᠷ ᠲᠤ ᠣᠯᠠᠨ ᠳᠠᠷᠢᠵᠤ᠂ ᠨᠢᠭᠡ ᠭᠠᠵᠠᠷ ᠲᠤ ᠣᠯᠠᠨ ᠬᠤᠷᠢᠶᠠᠬᠤ ᠶᠢ ᠪᠡᠶᠡᠯᠡᠭᠦᠯᠬᠦ ᠪᠣᠯᠣᠨ᠎ᠠ᠃ ᠤᠨᠳᠤᠷᠤᠯᠳᠤ ᠪᠠᠯᠭᠠᠰᠤᠨ ᠤ ︽ᠽᠢ ᠷᠠᠨ +︾ ᠲᠠᠷᠢᠮᠠᠯ ᠤᠨ ᠵᠠᠭᠪᠤᠷ ᠨᠢ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠣᠷᠣᠨ ᠵᠠᠢ ᠶᠢ ᠥᠷᠭᠡᠳᠭᠡᠭᠰᠡᠨ ᠢᠶᠠᠷ ᠪᠠᠷᠠᠬᠤ ᠦᠭᠡᠢ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠪᠦᠬᠦ ᠪᠠᠯᠭᠠᠰᠤᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号