ᠠᠯᠠᠱᠠ ᠪᠠᠷᠠᠭᠤᠨ ᠬᠤᠰᠢᠭᠤ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠶᠢ 2000 ᠲᠣᠨ ᠨᠦᠬᠡᠴᠡᠯᠡᠪᠡ
ᠨᠡᠶᠢᠲᠡᠯᠡᠭᠰᠡᠨ ᠴᠠᠭ᠄
2024/7/12
    ᠡᠨᠡ ᠵᠢᠯ ᠠᠴᠠ ᠨᠠᠭᠠᠰᠢ ᠠᠯᠠᠱᠠ ᠪᠠᠷᠠᠭᠤᠨ ᠬᠤᠰᠢᠭᠤ ᠭᠠᠩ ᠬᠠᠭᠰᠠᠷᠠᠭᠠᠨ ᠳᠤ ᠳᠠᠭᠠᠷᠢᠭᠳᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠨᠦᠯᠦᠭᠡᠯᠡᠭᠳᠡᠪᠡ᠃ ᠬᠦᠨᠳᠦ ᠬᠡᠴᠡᠭᠦᠦ ᠭᠠᠩ ᠬᠠᠭᠰᠠᠷᠠᠭᠠᠨ ᠤ ᠡᠮᠦᠨ᠎ᠡ᠂ ᠳᠤᠰ ᠬᠤᠰᠢᠭᠤ ᠭᠠᠩ ᠢ ᠡᠰᠡᠷᠬᠦᠴᠡᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠢᠳᠡᠪᠬᠢᠲᠡᠢ ᠴᠤᠭᠯᠠᠭᠤᠯᠤᠨ᠂ ᠭᠠᠩ ᠲᠠᠢ ᠲᠡᠮᠡᠴᠡᠬᠦ ᠡᠪᠡᠰᠦ ᠪᠣᠷᠳᠣᠭᠠᠨ ᠤ ᠨᠥᠬᠦᠪᠦᠷᠢ ᠥᠭᠴᠦ᠂ ᠮᠠᠯᠴᠢᠨ ᠲᠠᠷᠢᠶᠠᠴᠢᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠯᠡᠨ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠪᠠᠳᠤᠯᠠᠵᠦ ᠪᠠᠶᠢᠨ᠎ᠠ᠃    ᠠᠯᠠᠱᠠ ᠪᠠᠷᠠᠭᠤᠨ ᠬᠤᠰᠢᠭᠤᠨ ᠤ ᠪᠠᠶᠠᠨᠭᠤᠣᠯ ᠰᠤᠮᠤ ᠶᠢᠨ ᠤᠯᠠᠭᠠᠨᠳᠠᠳᠠᠭᠠᠯ ᠭᠠᠴᠠᠭ᠎ᠠ ᠶᠢᠨ ᠨᠠᠮ ᠤᠨ ᠡᠭᠦᠷ ᠤᠨ ᠱᠦᠵᠢ ᠪᠤᠶᠠᠨᠴᠤᠭᠯᠠ᠄ ︽ᠡᠨᠡ ᠵᠢᠯ ᠮᠠᠨ ᠤ ᠠᠳᠡᠬᠢ ᠭᠠᠩ ᠬᠠᠭᠰᠠᠷᠠᠭᠠᠨ ᠨᠡᠯᠢᠶᠡᠳ ᠬᠦᠨᠳᠦ ᠨᠣᠴᠢᠲᠠᠢ ᠪᠠᠶᠢᠨ᠎ᠠ᠃ ᠪᠢ 43 ᠲᠣᠨ ᠨᠤᠭᠤᠭᠠᠨ ᠢᠶᠠᠷ ᠳᠠᠷᠤᠰᠢᠭᠤᠯᠤᠭᠰᠠᠨ ᠡᠪᠡᠰᠦ ᠠᠪᠤᠪᠠ᠃ ᠵᠠᠰᠠᠭ ᠤᠨ ᠣᠷᠳᠣᠨ ᠠᠴᠠ ᠨᠢᠭᠡ ᠲᠣᠨ ᠪᠦᠷᠢ ᠳᠤ 240 ᠲᠥᠭᠦᠷᠢᠭ ᠤᠨ ᠨᠥᠬᠦᠪᠦᠷᠢ ᠥᠭᠴᠡᠢ᠂ ᠡᠨᠡ ᠨᠢ ᠮᠠᠨ ᠤ ᠮᠠᠯᠴᠢᠳ ᠲᠤ ᠠᠪᠴᠤ ᠬᠡᠯᠡᠪᠡᠯ ᠮᠠᠰᠢ ᠶᠡᠭᠡ ᠬᠠᠪᠰᠤᠷᠤᠯᠭ᠎ᠠ ᠪᠤᠯᠤᠭᠰᠠᠨ ᠪᠠᠶᠢᠨ᠎ᠠ︾ ᠭᠡᠵᠦ ᠳᠠᠯᠠᠷᠬᠠᠨ ᠶᠠᠷᠢᠨ᠎ᠠ᠃    ᠡᠨᠡ ᠵᠢᠯ ᠤᠨ ᠵᠤᠨ ᠤ ᠤᠯᠠᠷᠢᠯ ᠠᠴᠠ ᠨᠠᠭᠠᠰᠢ᠂ ᠠᠯᠠᠱᠠ ᠪᠠᠷᠠᠭᠤᠨ ᠬᠤᠰᠢᠭᠤᠨ ᠤ ᠬᠤᠷ᠎ᠠ ᠲᠤᠨᠤᠳᠠᠰᠤ ᠪᠠᠭ᠎ᠠ᠂ ᠥᠨᠳᠥᠷ ᠬᠠᠯᠠᠭᠤᠨ ᠡᠯᠡᠰᠦᠨ ᠰᠢᠭᠤᠷᠭ᠎ᠠ ᠲᠠᠢ ᠠᠭᠤᠷ ᠠᠮᠢᠰᠬᠤᠯ ᠣᠯᠠᠨᠲᠠ ᠡᠭᠦᠰᠴᠦ᠂ ᠡᠪᠡᠰᠦ ᠪᠡᠯᠴᠢᠭᠡᠷ ᠤᠨ ᠤᠷᠭᠤᠴᠠ ᠮᠠᠭᠤᠳᠠᠵᠡᠢ᠃ ᠭᠠᠮᠰᠢᠭᠳᠠᠭᠰᠠᠨ ᠣᠯᠠᠨ ᠲᠦᠮᠡᠨ ᠤ ᠠᠵᠤ ᠠᠬᠤᠢ ᠶᠢᠨ ᠬᠤᠬᠢᠷᠠᠯ ᠢ ᠪᠠᠭᠠᠰᠬᠠᠨ᠂ ᠦᠢᠯᠡᠳᠪᠦᠷᠢᠯᠡᠯ ᠠᠮᠢᠳᠤᠷᠠᠯ ᠢ ᠨᠢ ᠭᠦᠢᠴᠡᠳ ᠪᠠᠳᠤᠯᠠᠬᠤ ᠶᠢᠨ ᠳᠦᠯᠦᠬᠡ᠂ ᠳᠤᠰ ᠬᠤᠰᠢᠭᠤ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠪᠠᠭᠤᠯᠭᠠᠭᠰᠠᠨ 323.2 ᠲᠦᠮᠡᠨ ᠲᠥᠭᠦᠷᠢᠭ ᠤᠨ ᠭᠠᠩ ᠢ ᠡᠰᠡᠷᠬᠦᠴᠡᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠳᠡᠬᠡᠷ᠎ᠠ ᠬᠤᠰᠢᠭᠤᠨ ᠲᠠᠰ ᠤᠨ ᠢᠵᠢ ᠪᠦᠷᠢᠳᠦᠭᠦᠯᠦᠭᠰᠡᠨ 100 ᠲᠦᠮᠡᠨ ᠲᠥᠭᠦᠷᠢᠭ ᠢ ᠳᠤᠬᠢᠷᠠᠭᠤᠯᠵᠤ᠂ ᠮᠠᠯᠴᠢᠨ ᠲᠠᠷᠢᠶᠠᠴᠢᠨ ᠤ ᠭᠠᠩ ᠢ ᠡᠰᠡᠷᠭᠦᠴᠡᠨ ᠭᠠᠮᠰᠢᠭ ᠠᠴᠠ ᠠᠪᠤᠷᠠᠬᠤ ᠡᠪᠡᠰᠦ ᠪᠣᠷᠳᠤᠭ᠎ᠠ ᠬᠤᠳᠠᠯᠳᠤᠨ ᠠᠪᠬᠤ ᠪᠠ ᠡᠪᠡᠰᠦ ᠪᠣᠷᠳᠤᠭ᠎ᠠ ᠶᠢᠨ ᠲᠡᠭᠡᠭᠡᠪᠦᠷᠢ ᠶᠢᠨ ᠵᠠᠷᠤᠳᠠᠯ ᠳᠤ ᠨᠥᠬᠦᠪᠦᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠪᠡᠰᠦ ᠪᠣᠷᠳᠤᠭ᠎ᠠ ᠶᠢ ᠰᠢᠯᠵᠢᠭᠦᠯᠦᠨ ᠵᠦᠬᠡᠬᠡᠪᠦᠷᠢᠯᠡᠵᠦ ᠨᠦᠬᠡᠴᠡᠯᠡᠨ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠠᠯᠠᠱᠠ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠰᠢᠨᠵᠢᠯᠡᠭᠡ ᠮᠡᠷᠬᠡᠵᠢᠯ ᠤᠨ ᠲᠣᠪᠴᠢᠶᠠᠨ ᠤ ᠳᠡᠳ᠋ ᠳᠠᠷᠤᠭ᠎ᠠ ᠵᠠᠩ ᠬᠤᠸᠠ ᠸᠧᠨ᠄ ︽ᠡᠨᠡ ᠤᠳᠠᠭ᠎ᠠ ᠶᠢᠨ ᠭᠠᠩ ᠢ ᠡᠰᠡᠷᠭᠦᠴᠡᠬᠦ ᠠᠵᠢᠯ ᠳᠤ ᠪᠢᠲᠠ 2500 ᠲᠣᠨ ᠡᠪᠡᠰᠦ ᠪᠣᠷᠳᠤᠭ᠎ᠠ ᠨᠥᠭᠡᠴᠡᠯᠡᠬᠦ ᠪᠠᠷ ᠲᠥᠯᠥᠪᠯᠡᠵᠦ ᠪᠠᠶᠢᠨ᠎ᠠ᠂ ᠣᠲᠤ ᠪᠣᠯᠲᠠᠯ᠎ᠠ ᠨᠡᠶᠢᠳᠡ 2000 ᠲᠣᠨ ᠡᠪᠡᠰᠦ ᠪᠣᠷᠳᠤᠭ᠎ᠠ ᠨᠦᠬᠡᠴᠡᠯᠡᠬᠦ ᠶᠢ ᠪᠡᠶᠡᠯᠡᠬᠦᠯᠵᠡᠢ᠃ 9300 ᠲᠣᠨ ᠭᠠᠩ ᠢ ᠡᠰᠡᠷᠭᠦᠴᠡᠬᠦ ᠡᠪᠡᠰᠦ ᠪᠣᠷᠳᠤᠭ᠎ᠠ ᠶᠢ ᠵᠥᠭᠡᠭᠡᠪᠦᠷᠢᠯᠡᠬᠦ ᠪᠠᠷ ᠲᠥᠯᠥᠪᠯᠡᠵᠦ᠂ ᠣᠲᠤ ᠪᠤᠯᠬᠤ ᠳᠤ ᠨᠡᠶᠢᠳᠡ 1200 ᠲᠣᠨ ᠡᠪᠡᠰᠦ ᠪᠣᠷᠳᠤᠭ᠎ᠠ ᠵᠦᠬᠡᠬᠡᠪᠦᠷᠢᠯᠡᠬᠡᠳ ᠪᠠᠶᠢᠨ᠎ᠠ︾ ᠭᠡᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号