ᠠᠯᠠᠱᠠ ᠠᠶᠢᠮᠠᠭ ᠤᠨ ᠠᠵᠢᠯᠲᠠᠨ ᠠᠵᠢᠯᠴᠢᠨ ᠤ ᠡᠮᠴᠢᠯᠡᠬᠡᠨ ᠤ ᠳᠠᠭᠠᠳᠬᠠᠯ ᠤᠨ ᠬᠠᠷᠠᠭᠠᠯᠵᠠᠯ ᠢ ᠲᠣᠬᠢᠷᠠᠭᠤᠯᠬᠤ ᠲᠥᠰᠦᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/12
    ᠮᠠᠨ ᠤ ᠠᠶᠢᠮᠠᠭ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢ ᠬᠠᠮᠢᠶᠠᠷᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2020﹈ 5 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡᠨ ᠤ ᠪᠠᠲᠤᠯᠠᠭ᠎ᠠ ᠶᠢ ᠬᠠᠮᠢᠶᠠᠷᠬᠤ ᠠᠷᠭ᠎ᠠ﹀ ᠶᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 7 ᠳ᠋ᠤᠭᠠᠷ ᠲᠣᠭᠠᠲᠤ︶ ᠢ ᠦᠨᠳᠦᠰᠦᠯᠡᠨ᠂ ᠠᠯᠠᠱᠠ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ ︽ᠠᠯᠠᠱᠠ ᠠᠶᠢᠮᠠᠭ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠳᠣᠬᠢᠷᠠᠭᠤᠯᠬᠤ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠪᠠ᠃    ᠨᠢᠭᠡ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠨ ᠥᠭᠬᠦ ᠬᠢᠵᠠᠭᠠᠷ ᠲᠤᠭ᠎ᠠ ᠳᠤ ᠲᠣᠬᠢᠷᠠᠭᠤᠯᠤᠯᠲᠠ ᠬᠢᠪᠡ    ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠣᠨ ᠤ ᠳᠣᠲᠣᠷᠠᠬᠢ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠶᠢ 40 ᠲᠦᠮᠡᠨ ᠲᠥᠭᠦᠷᠢᠭ ᠪᠣᠯᠭᠠᠨ ᠲᠣᠬᠢᠷᠠᠭᠤᠯᠪᠠ᠃    ᠬᠤᠶᠠᠷ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠬᠤ ᠪᠠᠲᠤᠯᠠᠭ᠎ᠠ ᠶᠢᠨ ᠬᠠᠷᠠᠭᠠᠯᠵᠠᠯ ᠳᠤ ᠲᠣᠬᠢᠷᠠᠭᠤᠯᠤᠯᠲᠠ ᠬᠢᠪᠡ    ᠠᠵᠢᠯᠲᠠᠨ ᠠᠵᠢᠯᠴᠢᠨ ᠠᠶᠢᠮᠠᠭ ᠤᠨ ᠳᠣᠲᠣᠷ᠎ᠠ ᠵᠢᠴᠢ ᠠᠶᠢᠮᠠᠭ ᠤᠨ ᠭᠠᠳᠠᠨ᠎ᠠ ᠡᠮᠨᠡᠯᠭᠡ ᠳᠤ ᠰᠠᠭᠤᠭᠰᠠᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠳᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠨᠢᠭᠡᠳᠦᠯᠲᠡᠶ ᠳᠣᠤᠷᠠᠬᠢ  ᠬᠠᠷᠠᠭᠠᠯᠵᠠᠬᠤ ᠠᠷᠭ᠎ᠠ ᠪᠠᠷ ᠨᠢᠭᠡᠳᠦᠯᠲᠡᠶ ᠬᠡᠷᠡᠭᠵᠢᠭᠦᠯᠦᠨ᠎ᠡ᠄ᠡᠮᠴᠢᠯᠡᠭᠡᠨ ᠤ ᠪᠠᠶᠢᠭᠤᠯᠤᠮᠵᠢ ᠶᠢᠨ ᠳᠡᠰ᠄ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ᠃ ᠡᠬᠢᠯᠡᠨ ᠲᠥᠯᠥᠬᠦ ᠪᠠᠷᠢᠮᠵᠢᠶ᠎ᠠ ᠨᠢ ᠠᠶᠢᠮᠠᠭ ᠤᠨ ᠭᠠᠳᠠᠨ᠎ᠠ᠄ 500 ᠲᠥᠭᠦᠷᠢᠭ / ᠵᠢᠯ · ᠬᠥᠮᠦᠨ᠂ ᠠᠶᠢᠮᠠᠭ ᠤᠨ ᠳᠣᠲᠣᠷ᠎ᠠ᠄ 300 ᠲᠥᠭᠦᠷᠢᠭ / ᠵᠢᠯ · ᠬᠥᠮᠦᠨ᠃ ᠲᠥᠯᠥᠬᠦ ᠬᠠᠷᠢᠴᠠᠯ᠄ 95%᠃ ᠡᠮᠴᠢᠯᠡᠭᠡᠨ ᠤ ᠪᠠᠶᠢᠭᠤᠯᠤᠮᠵᠢ ᠶᠢᠨ ᠳᠡᠰ᠄ ᠭᠤᠷᠪᠠᠳᠤᠭᠠᠷ ᠳᠡᠰ᠃ ᠡᠬᠢᠯᠡᠨ ᠲᠥᠯᠥᠬᠦ ᠪᠠᠷᠢᠮᠵᠢᠶ᠎ᠠ ᠨᠢ ᠠᠶᠢᠮᠠᠭ ᠤᠨ ᠭᠠᠳᠠᠨ᠎ᠠ᠄ 800 ᠲᠥᠭᠦᠷᠢᠭ / ᠵᠢᠯ · ᠬᠥᠮᠦᠨ᠂ ᠠᠶᠢᠮᠠᠭ ᠤᠨ ᠳᠣᠲᠣᠷ᠎ᠠ᠄ 500 ᠲᠥᠭᠦᠷᠢᠭ / ᠵᠢᠯ · ᠬᠥᠮᠦᠨ᠃ ᠲᠥᠯᠥᠬᠦ ᠬᠠᠷᠢᠴᠠᠯ᠄ 93%᠃     ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠭᠰᠠᠨ ᠤ ᠨᠢᠭᠡ ᠵᠢᠯ ᠤᠨ ᠳᠣᠲᠣᠷ᠎ᠠ ᠬᠤᠶᠠᠳᠤᠭᠠᠷ ᠤᠳᠠᠭ᠎ᠠ ᠡᠮᠨᠡᠯᠭᠡ ᠳᠤ ᠰᠠᠭᠤᠬᠤ ᠬᠠᠷᠠᠭᠠᠯᠵᠠᠯ ᠬᠦᠷᠳᠡᠨ᠎ᠡ᠂ ᠡᠬᠢᠯᠡᠵᠦ ᠥᠭᠬᠦ ᠪᠠᠷᠢᠮᠵᠢᠶ᠎ᠠ ᠨᠢ 50%᠂ ᠭᠤᠷᠪᠠᠳᠤᠭᠠᠷ ᠤᠳᠠᠭ᠎ᠠ ᠵᠢᠴᠢ ᠬᠤᠶᠢᠰᠢᠳᠠ ᠡᠬᠢᠯᠡᠵᠦ ᠥᠭᠬᠦ ᠪᠠᠷᠢᠮᠵᠢᠶ᠎ᠠ ᠲᠣᠭᠲᠠᠭᠠᠬᠤ ᠦᠭᠡᠶ᠃ ᠠᠵᠢᠯ ᠠᠴᠠ ᠪᠠᠨ ᠠᠮᠠᠷᠠᠭᠰᠠᠳ ᠤᠨ ᠡᠮᠨᠡᠯᠭᠡ ᠳᠤ ᠰᠠᠭᠤᠭᠰᠠᠨ ᠵᠠᠷᠤᠳᠠᠯ ᠤᠨ ᠬᠠᠷᠢᠴᠠᠯ ᠢ ᠲᠤᠰ ᠲᠤᠰ ᠵᠠᠭᠤᠨ ᠤ ᠴᠡᠭ ᠳᠡᠭᠡᠭᠰᠢᠯᠡᠭᠦᠯᠦᠨ᠎ᠡ᠃    ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠳᠤ ᠬᠢᠲᠠᠳ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢ ᠵᠣᠷᠢᠭᠵᠢᠭᠤᠯᠵᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠠᠶᠢᠮᠠᠭ ᠤᠨ ᠳᠣᠲᠣᠷᠠᠬᠢ ᠬᠢᠲᠠᠳ ᠮᠣᠩᠭᠤᠯ ᠡᠮᠨᠡᠯᠭᠡ ᠳᠤ ᠰᠠᠭᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠭᠥᠷᠳᠡᠵᠦ᠂ ᠡᠬᠢᠯᠡᠵᠦ ᠥᠭᠬᠦ ᠬᠡᠮᠵᠢᠶ᠎ᠡ ᠶᠢ 20% ᠪᠠᠷ ᠪᠠᠭᠤᠷᠠᠭᠤᠯᠵᠤ᠂ ᠲᠠᠩᠰᠠ ᠲᠠᠶᠢᠯᠬᠤ ᠬᠠᠷᠢᠴᠠᠯ ᠳᠤ ᠲᠣᠬᠢᠷᠠᠭᠤᠯᠤᠯᠲᠠ ᠬᠢᠬᠦ ᠥᠬᠡᠶ᠃    ᠭᠤᠷᠪᠠ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠪᠠᠶᠢᠷᠢ ᠲᠣᠭᠲᠠᠭᠠᠯᠲᠠ ᠶᠢ ᠲᠡᠭᠦᠯᠳᠡᠷᠵᠢᠭᠦᠯᠪᠡ    ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡ ᠶᠢᠨ ᠳᠠᠭᠠᠳᠬᠠᠯ ᠢ ᠭᠤᠤᠯᠳᠠᠭᠤ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠵᠠᠷᠤᠳᠠᠯ ᠵᠢᠴᠢ ᠡᠮᠨᠡᠯᠭᠡ ᠳᠤ ᠰᠠᠭᠤᠬᠤ ᠬᠠᠮᠢᠶᠠᠷᠤᠯᠲᠠ ᠶᠢᠨ ᠡᠭᠦᠳᠡᠨ ᠡᠮᠨᠡᠯᠭᠡ ᠶᠢᠨ ᠵᠠᠷᠤᠳᠠᠯ ︵ᠡᠭᠦᠳᠡᠨ ᠡᠮᠨᠡᠯᠭᠡ ᠶᠢᠨ ᠣᠨᠴᠠᠭᠠᠶ ᠡᠪᠡᠳᠴᠢᠨ ᠡᠮᠭᠡᠭ ᠵᠡᠷᠭᠡ︶ ᠢᠶᠠᠷ ᠯᠠᠪᠯᠠᠯᠲᠠ ᠪᠣᠯᠭᠠᠵᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠠᠷ ᠥᠭᠭᠦᠭᠰᠡᠨ ᠤ ᠳᠠᠷᠠᠭᠠᠬᠢ ᠬᠤᠪᠢ ᠬᠥᠮᠦᠨ ᠤ ᠥᠪᠡᠰᠦᠪᠡᠨ ᠥᠭᠬᠦ ᠵᠠᠷᠤᠳᠠᠯ ᠢ ᠰᠢᠢᠳᠪᠦᠷᠢᠯᠡᠬᠦ ᠳᠤ ᠬᠡᠷᠡᠭᠯᠡᠨ᠎ᠡ᠃    ᠳᠥᠷᠪᠡ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠬᠠᠷᠠᠭᠠᠯᠵᠠᠯ ᠳᠤ ᠲᠣᠬᠢᠷᠠᠭᠤᠯᠤᠯᠲᠠ ᠬᠢᠪᠡ    ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠣᠭᠲᠠᠭᠠᠯ ᠳᠤ ᠨᠡᠶᠢᠴᠡᠬᠦ ᠬᠤᠪᠢ ᠬᠥᠮᠦᠨ ᠤ ᠥᠪᠡᠷ ᠢᠶᠠᠨ ᠥᠭᠬᠦ ᠵᠠᠷᠤᠳᠠᠯ ᠨᠡᠶᠢᠲᠡ 5000 ᠲᠥᠭᠦᠷᠢᠭ ᠠᠴᠠ ᠳᠡᠭᠡᠭᠰᠢ ᠪᠣᠯᠵᠤ᠂ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠢᠶᠠᠷ ᠳᠠᠮᠵᠢᠭᠤᠯᠤᠨ᠂ 95% ᠶᠢᠨ ᠬᠠᠷᠢᠴᠠᠯ ᠢᠶᠠᠷ ᠥᠭᠴᠦ᠂ ᠨᠢᠭᠡ ᠵᠢᠯ ᠤᠨ ᠳᠣᠲᠣᠷᠠᠬᠢ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ 20 ᠲᠦᠮᠡᠨ ᠲᠥᠭᠦᠷᠢᠭ ᠲᠤ ᠬᠦᠷᠪᠡ᠃ ᠠᠵᠢᠯᠲᠠᠨ ᠠᠵᠢᠯᠴᠢᠳ ᠤᠨ ᠬᠤᠶᠠᠳᠠᠬᠢ ᠤᠳᠠᠭ᠎ᠠ ᠨᠥᠬᠦᠪᠥᠷᠢ  ᠬᠠᠷᠠᠭᠠᠯᠵᠠᠯ ᠢ ᠶᠡᠭᠡ ᠲᠣᠭᠠᠨ ᠤ ᠡᠮᠴᠢᠯᠡᠭᠡ ᠶᠢᠨ ᠳᠠᠭᠠᠳᠬᠠᠯ ᠤᠨ ᠪᠠᠲᠤᠯᠠᠭ᠎ᠠ ᠳᠤ ᠵᠡᠷᠭᠡ ᠪᠠᠷ ᠨᠡᠶᠢᠯᠡᠭᠦᠯᠦᠨ ᠣᠷᠣᠭᠤᠯᠵᠤ᠂ ᠳᠠᠭᠢᠵᠤ ᠲᠤᠰᠠᠭᠠᠷ ᠣᠯᠭᠤᠬᠤ ᠥᠬᠡᠶ᠃    ᠲᠠᠪᠤ᠂ ᠣᠨᠳᠣᠤ ᠭᠠᠵᠠᠷ ᠲᠤ ᠡᠪᠡᠳᠴᠢᠨ ᠦᠵᠡᠭᠦᠯᠬᠦ ᠬᠠᠮᠢᠶᠠᠷᠤᠯᠲᠠ ᠶᠢᠨ ᠠᠷᠭ᠎ᠠ ᠶᠢ ᠰᠢᠯᠢᠳᠡᠭᠵᠢᠬᠦᠯᠪᠡ    ᠲᠣᠭᠲᠠᠭᠠᠯ ᠶᠣᠰᠣᠭᠠᠷ ᠡᠮᠨᠡᠯᠭᠡ ᠰᠢᠯᠵᠢᠬᠦ ᠭᠠᠷᠳᠠᠮ ᠭᠦᠢᠴᠡᠳᠬᠡᠭᠰᠡᠨ ᠦᠭᠡᠶ ᠪᠣᠯ ᠡᠮᠨᠡᠯᠭᠡ ᠳᠤ ᠰᠠᠭᠤᠬᠤ ᠪᠠᠲᠤᠯᠠᠭ᠎ᠠ ᠶᠢᠨ ᠬᠠᠷᠠᠭᠠᠯᠵᠠᠯ ᠥᠭᠬᠦ ᠬᠠᠷᠢᠴᠠᠯ ᠢ 20% ᠪᠠᠷ ᠪᠠᠭᠤᠷᠠᠭᠤᠯᠬᠤ ᠲᠣᠭᠲᠠᠭᠠᠯ ᠪᠣᠯᠭᠠᠨ᠎ᠠ᠃ ᠮᠤᠵᠢ ᠠᠯᠤᠰᠯᠠᠨ ᠣᠨᠳᠣᠤ ᠭᠠᠵᠠᠷ ᠲᠤ ᠡᠮᠴᠢᠯᠡᠭᠦᠯᠦᠭᠰᠡᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠣᠨᠳᠣᠤ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠤᠭᠰᠠᠨ ᠤ ᠳᠠᠷᠠᠭ᠎ᠠ᠂ ᠡᠪᠡᠳᠴᠢᠨ ᠦᠵᠡᠭᠦᠯᠬᠦ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠡᠮᠨᠡᠯᠭᠡ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ ᠪᠣᠯᠤᠨ᠎ᠠ᠃ ᠬᠡᠷᠪᠡ ᠭᠡᠨᠡᠳᠲᠡ ᠡᠪᠡᠳᠴᠢᠯᠡᠪᠡᠯ᠂ ᠴᠠᠭ ᠲᠤᠬᠠᠶ ᠳᠤᠨᠢ ᠣᠨᠳᠣᠤ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠵᠤ ᠳᠡᠶᠢᠯᠦᠭᠰᠡᠨ ᠥᠬᠡᠶ ᠪᠠᠶᠢᠪᠠᠯ᠂ ︽ᠤᠷᠢᠳᠠᠪᠠᠷ ᠡᠮᠨᠡᠭᠦᠯᠵᠦ ᠳᠠᠷᠠᠭ᠎ᠠ ᠨᠢ ᠳᠠᠩᠰᠠᠯᠠᠭᠤᠯᠵᠤ︾ ᠪᠣᠯᠤᠨ᠎ᠠ᠃    ᠵᠢᠷᠭᠤᠭ᠎ᠠ᠂ ᠠᠵᠢᠯᠳᠡᠨ ᠠᠵᠢᠯᠴᠢᠨ ᠤ ᠡᠮᠴᠢᠯᠡᠭᠡᠨ ᠤ ᠪᠠᠳᠣᠯᠠᠭ᠎ᠠ ᠶᠢᠨ ᠬᠠᠷᠠᠭᠠᠯᠵᠠᠯ ᠢ ᠬᠦᠳᠡᠯᠥᠩᠬᠦᠢ ᠪᠠᠷ ᠲᠣᠬᠢᠷᠡᠭᠤᠯᠬᠤ ᠲᠣᠠᠠᠳᠡᠴᠠ ᠶᠢ ᠪᠠᠶᠢᠭᠤᠯᠪᠠ    ᠬᠠᠷᠠᠭᠠᠯᠵᠠᠯ ᠢ ᠪᠠᠳᠣᠯᠠᠬᠤ ᠬᠢᠷᠢ ᠭᠡᠮᠵᠢᠶ᠎ᠠ ᠶᠢ ᠠᠵᠦ ᠠᠬᠤᠢ ᠨᠡᠶᠢᠭᠡᠮ ᠤᠨ ᠬᠦᠭᠵᠢᠯᠳᠡ ᠯᠦᠭᠡ ᠬᠠᠷᠢᠯᠴᠠᠨ ᠵᠤᠬᠢᠴᠠᠭᠤᠯᠬᠤ ᠶᠢ ᠯᠠᠪᠳᠠᠭᠤᠨ ᠢᠶᠠᠷ ᠠᠬᠢᠭᠤᠯᠥᠨ᠎ᠠ᠃ ᠨᠢᠭᠡ ᠪᠠᠶᠢᠭᠠᠯᠢ ᠶᠢᠨ ᠵᠢᠯ ᠢᠶᠠᠷ ᠨᠢᠭᠡ ᠳ᠋ᠦᠩᠨᠡᠨ ᠪᠤᠳᠤᠬᠤ ᠦᠶᠡᠯᠡᠯ ᠤᠨ ᠬᠤᠭᠤᠴᠠᠭ᠎ᠠ ᠪᠣᠯᠭᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ ᠶᠢᠨ ᠪᠠᠶᠢᠳᠠᠯ ᠢ ᠰᠤᠳᠤᠯᠤᠨ ᠮᠠᠭᠠᠳᠯᠠᠨ᠎ᠠ᠃ ᠬᠠᠷᠠᠭᠠᠯᠵᠠᠯ ᠥᠭᠬᠦ ᠲᠥᠷᠥ ᠶᠢᠨ ᠪᠣᠳᠣᠯᠭ᠎ᠠ ᠶᠢᠨ ᠠᠵᠢᠯᠯᠠᠭᠠᠨ ᠤ ᠦᠨᠡᠯᠡᠨ ᠵᠢᠱᠢᠯᠲᠡ ᠬᠢᠵᠦ᠂ ᠵᠦᠢ ᠵᠣᠬᠢᠰᠲᠠᠶ ᠲᠣᠬᠢᠷᠠᠭᠤᠯᠤᠯᠲᠠ ᠬᠢᠵᠦ᠂ ᠪᠠᠲᠤᠯᠠᠭ᠎ᠠ ᠬᠦᠷᠦᠯᠴᠡᠬᠦ ᠦᠭᠡᠶ ᠪᠤᠶᠤ ᠬᠡᠲᠦᠷᠬᠡᠶ ᠪᠠᠲᠤᠯᠠᠬᠤ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠵᠤ᠂ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠨᠳᠥᠷ ᠪᠦᠲᠦᠮᠵᠢᠲᠡᠶ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠳᠣᠯᠠᠨ᠎ᠠ᠃      
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号