ᠡᠵᠡᠨ᠎ᠠ ᠬᠤᠰᠢᠭᠤ ᠬᠤᠲᠠ ᠶᠢᠨ ᠲᠥᠬᠦᠭᠡᠷᠦᠮᠵᠢ ᠪᠠᠨ ᠨᠠᠷᠢᠯᠢᠭ ᠵᠠᠰᠠᠵᠤ ᠬᠠᠮᠠᠭᠠᠯᠠᠭᠠᠳ ᠣᠷᠣᠰᠢᠨ ᠰᠠᠭᠤᠷᠢᠰᠢᠬᠤ ᠤᠷᠴᠢᠨ ᠢᠶᠠᠨ ᠦᠩᠭᠡᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/7/16
    ᠣᠶᠢᠷ᠎ᠠ ᠶᠢᠨ ᠵᠢᠯ ᠠᠴᠠ ᠨᠠᠭᠠᠰᠢ᠂ ᠡᠵᠡᠨ᠎ᠡ ᠬᠤᠰᠢᠭᠤ ᠬᠤᠳᠠ ᠶᠢᠨ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠡᠷᠴᠢᠮ ᠢᠶᠠᠨ ᠲᠠᠰᠤᠷᠠᠯᠳᠡ ᠦᠭᠡᠢ ᠴᠢᠩᠭᠠᠳᠬᠠᠵᠦ᠂ ᠬᠤᠳᠠ ᠶᠢᠨ ᠴᠢᠳᠠᠪᠬᠢ ᠶᠢ ᠳᠡᠬᠦᠯᠳᠡᠷᠵᠢᠬᠦᠯᠦᠨ᠂ ᠣᠷᠣᠰᠢᠨ ᠰᠠᠭᠤᠷᠢᠰᠢᠬᠤ ᠤᠷᠴᠢᠨ ᠢᠶᠠᠨ ᠦᠩᠭᠡᠵᠢᠬᠦᠯᠵᠦ ᠴᠢᠮᠡᠭᠯᠡᠭᠰᠡᠭᠡᠷ ᠢᠷᠡᠪᠡ᠃    ᠣᠶᠢᠷ᠎ᠠ ᠳᠤ᠂ ᠡᠵᠡᠨ᠎ᠡ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠵᠡᠨ᠎ᠡ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠨᠢᠬᠡᠴᠢ ᠶᠢ ᠵᠣᠬᠢᠶᠠᠨ ᠪᠠᠶᠢᠭᠤᠯᠵᠤ᠂ ᠵᠠᠮ ᠵᠡᠬᠡᠯᠢ ᠶᠢᠨ ᠭᠠᠳᠠᠷᠭᠤ ᠶᠢᠨ ᠰᠠᠭᠤᠷᠢ ᠲᠥᠬᠦᠭᠡᠷᠦᠮᠵᠢ ᠶᠢᠨ ᠡᠪᠳᠡᠷᠡᠵᠦ ᠰᠦᠢᠳᠦᠭᠰᠡᠨ ᠪᠠᠶᠢᠳᠠᠯ ᠢ ᠪᠠᠶᠢᠴᠠᠭᠠᠨ ᠵᠠᠰᠠᠬᠤ ᠠᠵᠢᠯ ᠦᠷᠨᠢᠬᠦᠯᠵᠡᠢ᠃ ᠳᠠᠯᠠᠶᠢᠬᠦ᠋ᠪ ᠪᠠᠯᠭᠠᠰᠤᠨ ᠤ ᠵᠢᠭᠳᠡ ᠶᠢᠨ ᠬᠤᠳᠳᠤᠭ ᠭᠤᠳᠤᠮᠵᠢ ᠶᠢᠨ ᠡᠮᠦᠨ᠎ᠡ ᠵᠠᠮ ᠳᠤ ᠠᠵᠢᠯᠴᠢᠨ ᠬᠡᠷᠴᠢᠬᠦ ᠮᠠᠰᠢᠨ ᠢᠶᠠᠷ ᠡᠪᠳᠡᠷᠡᠵᠦ ᠰᠦᠢᠳᠦᠭᠰᠡᠨ ᠵᠠᠮ ᠤᠨ ᠭᠠᠳᠠᠷᠭᠤ ᠶᠢ ᠣᠭᠲᠣᠯᠣᠨ ᠠᠪᠴᠤ᠂ ᠪᠠᠷᠤᠭᠰᠢᠨ ᠲᠠᠢ ᠬᠠᠶᠢᠷ ᠳᠡᠪᠢᠰᠭᠦ᠂ ᠳᠠᠷᠤᠬᠤ ᠪᠠᠷ ᠳᠡᠮᠵᠢᠨ ᠡᠪᠳᠡᠷᠡᠵᠦ ᠰᠦᠢᠳᠦᠭᠰᠡᠨ ᠵᠠᠮ ᠤᠨ ᠭᠠᠳᠠᠷᠭᠤ ᠶᠢ ᠲᠡᠭᠰᠢᠬᠡᠨ ᠪᠤᠯᠭᠠᠵᠦ ᠰᠢᠨᠡᠳᠭᠡᠨ ᠵᠠᠰᠠᠵᠦ ᠪᠠᠶᠢᠯ᠎ᠠ᠃ ᠣᠲᠣ ᠪᠣᠯᠲᠠᠯ᠎ᠠ᠂ ᠪᠠᠷᠤᠭᠰᠢᠨ ᠵᠠᠮ ᠤᠨ ᠡᠪᠳᠡᠷᠡᠭᠰᠡᠨ ᠬᠡᠰᠡᠭ ᠢ ᠨᠡᠶᠢᠲᠡ 257.43 ᠲᠡᠭᠰᠢ ᠳᠥᠷᠪᠡᠯᠵᠢᠨ ᠮᠧᠲᠷ ᠨᠦᠬᠦᠨ ᠵᠠᠰᠠᠵᠤ᠂ ᠬᠤᠲᠠ ᠶᠢᠨ ᠵᠠᠮ ᠤᠨ ᠦᠵᠡᠮᠵᠢ ᠶᠢ ᠰᠢᠨᠡᠳᠭᠡᠨ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠪᠠ᠃      ᠬᠤᠲᠠ ᠶᠢᠨ ᠲᠣᠭᠤᠷᠢᠭ ᠤᠨ ᠳ᠋ᠧᠩ ᠠᠰᠠᠭᠠᠬᠤ ᠨᠣᠷᠮ᠎ᠠ ᠪᠠ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠨᠣᠷᠮ᠎ᠠ ᠶᠢ ᠪᠠᠲᠤᠯᠠᠬᠤ ᠶᠢᠨ ᠲᠥᠯᠥᠭᠡ᠂ ᠡᠵᠡᠨ᠎ᠡ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠥᠪᠯᠡᠷᠡᠭᠦᠯᠦᠨ ᠲᠣᠭᠤᠷᠢᠨ ᠪᠠᠶᠢᠴᠠᠭᠠᠬᠤ᠂ ᠨᠠᠷᠢᠯᠢᠭ ᠣᠨᠣᠴᠠᠲᠠᠢ ᠪᠠᠷ ᠰᠡᠯᠪᠢᠨ ᠵᠠᠰᠠᠬᠤ ᠠᠷᠭ᠎ᠠ ᠮᠠᠶ᠋ᠢᠭ ᠢᠶᠠᠷ ᠬᠤᠲᠠ ᠶᠢᠨ ᠲᠣᠭᠤᠷᠢᠭ ᠤᠨ ᠭᠤᠣᠯ ᠪᠠ ᠳᠡᠳ᠋ ᠵᠡᠬᠡᠯᠢ ᠶᠢᠨ ᠵᠠᠮ ᠤᠨ ᠳ᠋ᠧᠩ ᠵᠡᠷᠭᠡ ᠳᠠᠭᠠᠯᠲᠠ ᠲᠥᠬᠦᠭᠡᠷᠦᠮᠵᠢ ᠳᠤ ᠪᠥᠬᠦ ᠲᠠᠯ᠎ᠠ ᠶᠢᠨ ᠵᠠᠰᠠᠯᠳᠠ ᠬᠢᠵᠦ᠂ ᠦᠵᠡᠮᠵᠢ ᠶᠢᠨ ᠭᠡᠷᠡᠯᠲᠦᠭᠦᠯᠭᠡ ᠶᠢ ᠬᠠᠮᠤᠭ ᠤᠨ ᠰᠠᠶᠢᠨ ᠦᠷ᠎ᠡ ᠪᠦᠲᠦᠮᠵᠢ ᠳᠤ ᠬᠦᠷᠬᠡᠬᠦ ᠪᠠᠷ ᠴᠢᠷᠮᠠᠶᠢᠭᠰᠠᠨ ᠪᠠᠶᠢᠨ᠎ᠠ᠃ ᠡᠭᠦᠨ ᠤ ᠬᠠᠮᠲᠤ ᠪᠠᠰᠠ ᠵᠢᠭᠳᠡ ᠶᠢᠨ ᠬᠤᠳᠳᠤᠭ ᠲᠣᠭᠤᠷᠢᠭ ᠵᠡᠷᠭᠡ ᠬᠠᠷᠢᠶ᠎ᠠ ᠲᠣᠭᠤᠷᠢᠭ ᠤᠨ ᠭᠤᠣᠯ ᠳᠡᠳ᠋ ᠵᠠᠮ ᠳᠤ ᠲᠡᠷᠭᠡ ᠵᠣᠭᠰᠣᠭᠠᠬᠤ ᠲᠡᠮᠳᠡᠭ ᠱᠤᠭᠤᠮ ᠢ ᠳᠠᠬᠢᠨ ᠵᠢᠷᠤᠵᠤ᠂ ᠵᠢᠦᠢ ᠶᠠᠨ ᠰᠣᠶᠣᠯ ᠤᠨ ᠬᠤᠳᠠ᠂ ᠶᠢᠨ ᠹᠸᠡᠭ ᠶᠤᠸᠠᠨ᠂ ᠬᠤᠤ ᠶᠠᠩ ᠪᠠᠭᠤᠳᠠᠯ᠂ ᠰᠤᠷᠭᠠᠨ ᠬᠥᠮᠦᠵᠢᠯ ᠤᠨ ᠤᠷᠤᠨ ᠰᠠᠭᠤᠴᠠ ᠶᠢᠨ ᠲᠣᠭᠤᠷᠢᠭ ᠵᠡᠷᠭᠡ ᠭᠠᠵᠠᠷ ᠲᠤ ᠬᠠᠳᠠᠭᠤᠷᠠᠭᠤᠯᠤᠯᠳᠠ ᠬᠢᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠦᠬᠦᠮ ᠪᠤᠯᠭᠠᠵᠡᠢ᠃    ᠲᠣᠰ ᠤᠳᠠᠭ᠎ᠠ 1600 ᠵᠠᠮ ᠤᠨ ᠳ᠋ᠧᠩ ᠢ ᠰᠣᠯᠢᠵᠤ ᠰᠡᠯᠪᠢᠨ ᠵᠠᠰᠠᠵᠤ᠂ 2504 ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠢ ᠪᠠᠶᠢᠷᠢᠯᠠᠭᠤᠯᠤᠨ᠂ 8 ᠰᠠᠭᠠᠳ ᠦᠭᠡᠢ ᠲᠡᠷᠭᠡᠨ ᠵᠣᠭᠰᠣᠭᠠᠯ ᠢ ᠰᠢᠨ᠎ᠡ ᠨᠡᠮᠡᠭᠳᠡᠬᠦᠯᠵᠡᠢ᠃ 2800 ᠲᠡᠭᠰᠢ ᠳᠥᠷᠪᠡᠯᠵᠢᠨ ᠮᠧᠲᠷ ᠳᠠᠯᠠᠪᠠᠢ ᠳᠤ ᠱᠠᠯᠠ ᠶᠢᠨ ᠲᠣᠭᠤᠰᠭ᠎ᠠ ᠳᠡᠪᠢᠰᠴᠦ᠂ 3000 ᠲᠡᠭᠰᠢ ᠳᠥᠷᠪᠡᠯᠵᠢᠨ ᠮᠧᠲᠷ ᠭᠠᠵᠠᠷ ᠢ ᠬᠠᠲᠠᠭᠤᠷᠠᠭᠤᠯᠤᠨ᠂ ᠨᠡᠶᠢᠲᠡ 185 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠠᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号