6 ᠵᠢᠯ ᠳᠤ 6 ᠤᠳᠠᠭ᠎ᠠ ᠲᠣᠬᠢᠷᠠᠭᠤᠯᠤᠯᠲᠠ ᠬᠢᠪᠠ︕ 700 ᠭᠠᠷᠤᠶ ᠡᠮ ᠤᠨ ᠵᠦᠢᠯ ᠢ ᠰᠢᠨ᠎ᠡ ᠪᠠᠷ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠠᠨ ᠳᠤ ᠣᠷᠣᠭᠤᠯᠪᠠ
ᠨᠡᠶᠢᠲᠡᠯᠡᠭᠰᠡᠨ ᠴᠠᠭ᠄
2024/7/16
    6 ᠵᠢᠯ ᠳᠤ 6 ᠤᠳᠠᠭ᠎ᠠ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠵᠦ᠂ ᠨᠡᠶᠢᠲᠡ 700 ᠭᠠᠷᠤᠶ ᠵᠦᠢᠯ ᠤᠨ ᠡᠮ ᠤᠨ ᠵᠦᠢᠯ ᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠰᠢᠨ᠎ᠡ ᠪᠠᠷ ᠨᠡᠮᠡᠵᠤ ᠣᠷᠣᠭᠤᠯᠤᠨ᠂ ᠨᠡᠩ ᠤᠯᠠᠨ ᠤᠵᠢᠭ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠡᠮ ᠤᠨ ᠵᠦᠢᠯᠡᠰ ᠢ ᠡᠮ ᠡᠮᠨᠡᠯᠬᠡ ᠶᠢᠨ ᠲᠠᠭᠠᠳᠬᠠᠯ ᠤᠨ ᠬᠡᠪᠴᠢᠶᠠᠨ ᠳᠤ ᠣᠷᠣᠭᠤᠯᠵᠤ᠂ ᠨᠠᠩ ᠣᠯᠠᠨ ᠡᠪᠡᠳᠴᠢᠲᠡᠨ ᠬᠡᠷᠡᠭᠯᠡᠬᠦ ᠡᠮ ᠲᠠᠢ ᠪᠦᠭᠡᠳ ᠡᠮ ᠬᠡᠷᠡᠭᠯᠡᠵᠦ ᠳᠡᠶᠢᠯᠬᠦ ᠪᠣᠯᠵᠠᠶ᠃    ᠡᠨᠡ ᠵᠢᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠨᠢᠭᠡᠨᠲᠡ ᠵᠢᠩᠬᠢᠨᠢ ᠪᠠᠷ ᠡᠬᠢᠯᠡᠪᠡ᠃ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 11 ᠤ ᠡᠳᠦᠷ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠲᠠᠶᠢᠯᠤᠮᠵᠢ ᠬᠢᠪᠠ᠃    ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 2018 ᠣᠨ ᠳᠤ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ ᠨᠡᠶᠢᠲᠡ 700 ᠭᠠᠷᠤᠶ ᠵᠦᠢᠯ ᠤᠨ ᠪᠠᠴᠢᠮ ᠠᠪᠤᠷᠠᠯᠳᠠ ᠳᠤ ᠬᠡᠷᠡᠭᠯᠡᠬᠦ ᠰᠠᠶᠢᠨ ᠡᠮ᠂ ᠰᠢᠨ᠎ᠡ ᠪᠠᠷ ᠡᠭᠦᠳᠦᠭᠰᠡᠨ ᠡᠮ ᠵᠡᠷᠭᠡ ᠶᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠣᠷᠣᠭᠤᠯᠵᠠᠶ᠂ ᠡᠭᠦᠨ ᠳᠤ ᠬᠡᠯᠡᠯᠴᠡᠭᠡ ᠪᠠᠷ ᠳᠡᠮᠵᠢᠨ ᠰᠢᠨ᠎ᠡ ᠪᠠᠷ ᠨᠡᠮᠡᠭᠳᠡᠭᠰᠡᠨ 446 ᠡᠮ ᠤᠨ ᠵᠦᠢᠯ ᠪᠠᠭᠲᠠᠨ᠎ᠠ᠂ ᠡᠭᠦᠨ ᠳᠤ ᠣᠯᠠᠩᠬᠢ ᠨᠢ ᠣᠶᠢᠷ᠎ᠠ ᠶᠢᠨ ᠵᠢᠯ ᠳᠤ ᠰᠢᠨ᠎ᠡ ᠪᠠᠷ ᠵᠠᠬ᠎ᠠ ᠳᠡᠯᠭᠡᠭᠦᠷ ᠲᠤ ᠭᠠᠷᠤᠭᠰᠠᠨ᠂ ᠡᠮᠴᠢᠯᠡᠭᠡᠨ ᠤ ᠦᠨ᠎ᠡ ᠥᠷᠲᠡᠭ ᠢᠶᠠᠷ ᠥᠨᠳᠥᠷ ᠡᠮ ᠤᠨ ᠵᠦᠢᠯᠡᠰ ᠪᠣᠯᠤᠨ᠎ᠠ᠃ ᠣᠳᠣᠬᠠᠨ ᠳᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠧᠦ᠋ᠷᠣᠫᠠ ᠡᠮ ᠪᠠ ᠬᠢᠲᠠᠳ ᠡᠮ ᠤᠨ ᠲᠤᠭ᠎ᠠ 3088 ᠵᠦᠢᠯ ᠪᠣᠯᠵᠣ ᠨᠡᠮᠡᠭᠳᠡᠪᠡ᠃    ᠰᠢᠨ᠎ᠡ ᠡᠮ ᠰᠠᠶᠢᠨ ᠡᠮ ᠢ ᠲᠠᠰᠤᠷᠠᠯᠲᠠ ᠦᠭᠡᠢ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠠᠨ ᠳᠤ ᠣᠷᠣᠭᠤᠯᠪᠠ᠃    2020 ᠣᠨ ᠳᠤ ᠲᠢ ᠯᠸᠢ ᠯᠢ ᠵᠦ ᠳ᠋ᠠᠨ ᠺᠠᠩ᠂ ᠯᠦᠨ ᠹᠠ ᠲᠢ ᠨᠢ ᠵᠡᠷᠭᠡ 17 ᠵᠦᠢᠯ ᠤᠨ ᠥᠮᠡᠨ ᠢ ᠵᠠᠰᠠᠬᠤ ᠡᠮ ᠢ ᠰᠢᠨ᠎ᠡ ᠪᠠᠷ ᠨᠡᠮᠡᠵᠤ ᠤᠷᠤᠭᠤᠯᠪᠠ︔ 2021 ᠣᠨ ᠳᠤ ᠨᠤᠭᠤᠰᠤᠨ ᠤ ᠴᠢᠨᠠᠷᠲᠠᠶ ᠪᠤᠯᠴᠢᠩ ᠬᠠᠲᠠᠩᠬᠢᠷᠠᠬᠤ ᠡᠪᠡᠳᠴᠢᠨ ︵SMA︶ ᠢ ᠵᠠᠰᠠᠬᠤ ᠴᠢᠬᠤᠯᠠ ᠡᠮ ᠨᠦᠸᠧ ᠰᠢ ᠨᠠ ᠱᠧᠩ ᠨᠠ ᠲᠠᠷᠢᠯᠭ᠎ᠠ ᠶᠢᠨ ᠰᠢᠩᠭᠡᠨ ᠢ ᠰᠢᠨ᠎ᠡ ᠪᠠᠷ ᠨᠡᠮᠡᠵᠤ ᠤᠷᠤᠭᠤᠯᠪᠠ︔ 2023 ᠣᠨ ᠤ ᠭᠠᠷᠴᠠᠭ ᠲᠤ ᠲᠣᠬᠢᠷᠠᠭᠤᠯᠤᠯᠲᠠ ᠬᠢᠭᠰᠡᠨ ᠨᠢ 16 ᠬᠤᠪᠣᠷ ᠲᠣᠬᠢᠶᠠᠯᠳᠤᠬᠤ ᠡᠪᠡᠳᠴᠢᠨ ᠤ ᠲᠥᠷᠥᠯ ᠢ ᠬᠠᠮᠤᠷᠴᠤ᠂ 10 ᠡᠪᠡᠳᠴᠢᠨ ᠤ ᠵᠦᠢᠯ ᠤᠨ ᠡᠮ ᠬᠡᠷᠡᠭᠯᠡᠬᠦ ᠪᠠᠲᠤᠯᠠᠭ᠎ᠠ ᠶᠢᠨ ᠬᠤᠭᠤᠰᠣᠨ ᠢ ᠨᠥᠬᠦᠪᠥᠷᠢᠯᠡᠵᠦ᠂ ᠬᠦᠨᠳᠦ ᠡᠪᠡᠳᠴᠢᠨ ᠤ ᠪᠤᠯᠴᠢᠩ ᠰᠤᠯᠠᠷᠠᠬᠤ ᠵᠡᠷᠭᠡ ᠡᠪᠡᠳᠴᠢᠨ ᠡᠮᠭᠡᠭ ᠢ ᠡᠮᠨᠡᠨ ᠵᠠᠰᠠᠬᠤ ᠳᠤ ᠬᠡᠷᠡᠭᠯᠡᠬᠦ ᠡᠮ ᠢ ᠭᠠᠷᠴᠠᠭ ᠲᠤ ᠣᠷᠣᠭᠤᠯᠪᠠ ᠁ ᠬᠠᠪᠤᠳᠠᠷ᠂ ᠤᠵᠢᠭ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠡᠮ ᠤᠨ ᠵᠦᠢᠯᠡᠰ ᠤᠨ ᠪᠠᠲᠤᠯᠠᠭ᠎ᠠ ᠶᠢᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃    ᠰᠢᠨ᠎ᠡ ᠡᠮ ᠢ ᠭᠠᠷᠴᠠᠭ ᠲᠤ ᠣᠷᠣᠭᠤᠯᠬᠤ ᠬᠤᠷᠳᠤᠴᠠ ᠲᠠᠰᠤᠷᠠᠯᠲᠠ ᠦᠭᠡᠢ ᠲᠦᠷᠭᠡᠳᠴᠦ ᠪᠤᠢ᠃    ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠰᠢᠨ᠎ᠡ ᠡᠮ ᠢ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠭᠰᠡᠨ ᠠᠴᠠ ᠠᠪᠤᠭᠠᠳ ᠭᠠᠷᠴᠠᠭ ᠲᠤ ᠣᠷᠣᠭᠤᠯᠬᠤ ᠴᠠᠭ ᠬᠤᠭᠤᠴᠠᠭ᠎ᠠ ᠨᠢ ᠨᠢᠭᠡᠨᠲᠡ ᠤᠤᠯ ᠤᠨ 5 ᠵᠢᠯ ᠭᠠᠷᠤᠶ ᠪᠠᠶᠢᠭᠰᠠᠨ ᠠᠴᠠ ᠣᠲᠣ 1 ᠵᠢᠯ ᠭᠠᠷᠤᠶ ᠪᠣᠯᠵᠣ ᠪᠣᠭᠤᠨᠢᠰᠴᠤ᠂ 80% ᠶᠢᠨ ᠰᠢᠨ᠎ᠡ ᠪᠠᠷ ᠡᠭᠦᠳᠦᠭᠰᠡᠨ ᠡᠮ ᠢ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭᠠᠬᠢ ᠬᠤᠶᠠᠷ ᠵᠢᠯ ᠤᠨ ᠳᠣᠲᠣᠷ᠎ᠠ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠣᠷᠣᠭᠤᠯᠵᠤ ᠪᠣᠯᠤᠨ᠎ᠠ ᠭᠡᠵᠦ ᠲᠠᠨᠢᠯᠴᠠᠭᠤᠯᠪᠠ᠃    ᠭᠠᠷᠴᠠᠭ ᠲᠤ ᠤᠷᠤᠬᠰᠠᠨ ᠡᠮ ᠤᠨ ᠦᠨ᠎ᠡ ᠨᠠᠩ ᠵᠣᠬᠢᠰᠲᠠᠶ ᠪᠣᠯᠪᠠ᠃    ᠬᠡᠯᠡᠯᠴᠡᠭᠡ ᠬᠢᠵᠦ ᠦᠨ᠎ᠡ ᠥᠷᠢᠰᠥᠯᠳᠦᠭᠦᠯᠬᠦ ᠪᠣᠯ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠵᠠᠩᠭᠢᠯᠠᠭ᠎ᠠ ᠶᠢᠨ ᠭᠤᠭᠴᠤᠭ᠎ᠠ ᠮᠥᠨ᠃ ᠡᠮ ᠡᠮᠨᠡᠯᠭᠡ ᠶᠢᠨ ᠳᠠᠭᠠᠳᠬᠠᠯ ᠤᠨ ᠲᠠᠯ᠎ᠠ ᠪᠠ ᠠᠵᠤ ᠠᠬᠤᠶᠢᠯᠠᠯ ᠤᠨ ᠲᠠᠯ᠎ᠠ ᠨᠢ ︽ᠦᠨ᠎ᠡ ᠬᠠᠩᠰᠢ︾ ᠶᠢᠨ ᠲᠣᠭᠤᠷᠢᠨ ᠳᠤ ᠳᠠᠬᠢᠨ ᠳᠠᠪᠲᠠᠨ ᠦᠵᠡᠯᠴᠡᠨ᠎ᠡ᠃ 2023 ᠣᠨ ᠳᠤ᠂ ᠭᠠᠷᠴᠠᠭ ᠤᠨ ᠭᠠᠳᠠᠨᠠᠬᠢ 143 ᠡᠮ ᠤᠨ ᠵᠦᠢᠯ ᠬᠡᠯᠡᠯᠴᠡᠭᠡ ᠪᠤᠶᠤ ᠦᠨ᠎ᠠ ᠬᠠᠶᠠᠯᠴᠠᠬᠤ ᠥᠷᠢᠰᠥᠯᠳᠦᠭᠡᠨ ᠳᠤ ᠣᠷᠣᠯᠴᠠᠵᠤ᠂ ᠡᠭᠦᠨ ᠳᠤ 121 ᠡᠮ ᠤᠨ ᠵᠦᠢᠯ ᠬᠡᠯᠡᠯᠴᠡᠭᠡ ᠪᠤᠶᠤ ᠦᠨ᠎ᠠ ᠬᠠᠶᠠᠯᠴᠠᠬᠤ ᠥᠷᠢᠰᠥᠯᠳᠦᠭᠡᠨ ᠳᠤ ᠠᠮᠵᠢᠯᠲᠠ ᠣᠯᠵᠤ᠂ ᠦᠨ᠎ᠡ ᠨᠢ ᠳᠤᠮᠳᠠᠴᠢ ᠪᠠᠷ 61.7% ᠪᠠᠷ ᠪᠠᠭᠤᠷᠠᠵᠠᠶ᠃    ᠵᠠᠷᠢᠮ ︽ᠬᠡᠳᠦ ᠦᠨ᠎ᠡ ᠲᠠᠢ ᠠᠮᠢ ᠠᠪᠤᠷᠠᠬᠤ ᠡᠮ︾ ᠢ ︽ᠦᠨ᠎ᠡ ᠬᠠᠶᠠᠯᠴᠠᠬᠤ︾ ᠪᠠᠷ ᠳᠠᠮᠵᠢᠭᠠᠳ ᠡᠮ ᠡᠮᠨᠡᠯᠭᠡ ᠶᠢᠨ ᠳᠠᠭᠠᠳᠬᠠᠯ ᠳᠤ ᠣᠷᠣᠭᠤᠯᠤᠭᠰᠠᠨ ᠨᠢ ᠮᠠᠰᠢ ᠣᠯᠠᠨ ᠭᠡᠷ ᠪᠦᠯᠢ ᠳᠤ ᠠᠮᠢᠳᠤᠷᠠᠬᠤ ᠶᠢᠨ ᠬᠦᠰᠡᠯ ᠡᠷᠡᠮᠡᠯᠵᠡᠯ ᠣᠯᠭᠤᠭᠰᠠᠨ ᠪᠠᠶᠢᠨ᠎ᠠ᠃ 2021 ᠣᠨ ᠤ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠳᠤ᠂ ᠨᠦᠸᠧ ᠰᠢ ᠨᠠ ᠱᠧᠩ ᠨᠠ ᠲᠠᠷᠢᠯᠭ᠎ᠠ ᠶᠢᠨ ᠰᠢᠩᠭᠡᠨ ᠢ ᠬᠡᠯᠡᠯᠴᠡᠭᠡ ᠬᠢᠭᠰᠡᠨ ᠤ ᠳᠠᠷᠠᠭ᠎ᠠ᠂ ᠲᠠᠷᠢᠯᠭ᠎ᠠ ᠨᠢᠬᠡ ᠪᠦᠷᠢ ᠨᠢ 70 ᠲᠦᠮᠡᠨ ᠲᠥᠭᠦᠷᠢᠭ ᠪᠠᠶᠢᠭᠰᠠᠨ ᠢ 3 ᠲᠦᠮᠡ ᠭᠠᠷᠤᠶ ᠲᠥᠭᠦᠷᠢᠭ ᠪᠣᠯᠭᠠᠨ ᠪᠠᠭᠤᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠠᠨ ᠳᠤ ᠣᠷᠣᠭᠤᠯᠪᠠ᠃    ᠬᠠᠪᠤᠳᠠᠷ ᠢ ᠡᠮᠨᠡᠨ ᠵᠠᠰᠠᠬᠤ ᠡᠮ ᠢ ᠦᠷᠭᠦᠯᠵᠢᠯᠡᠨ ᠰᠢᠨᠡᠳᠭᠡᠪᠡ᠃ 2020 ᠣᠨ ᠤ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠳᠤᠮᠳᠠ᠂ 2018 ᠣᠨ ᠤ ᠥᠮᠡᠨ ᠢ ᠡᠰᠡᠷᠬᠦᠴᠡᠬᠦ ᠡᠮ ᠢ ᠵᠥᠪᠰᠢᠶᠡᠷᠡᠨ ᠣᠷᠣᠭᠤᠯᠬᠤ ᠲᠤᠰᠬᠠᠶ ᠬᠡᠯᠡᠯᠴᠡᠭᠡᠷ ᠲᠠᠬᠢ 14 ᠵᠦᠢᠯ ᠤᠨ ᠴᠣᠷᠢ ᠶᠢᠨ  ᠭᠠᠭᠴᠠ ᠡᠮ ᠤᠨ ᠵᠦᠢᠯᠡᠰ ᠤᠨ ᠲᠤᠬᠠᠶ ᠲᠣᠭᠲᠠᠭᠠᠯ ᠶᠣᠰᠣᠭᠠᠷ ᠭᠡᠷ᠎ᠡ ᠶᠢ ᠦᠷᠭᠦᠯᠵᠢᠯᠡᠭᠦᠯᠬᠦ ᠪᠤᠶᠤ ᠳᠠᠬᠢᠨᠲᠠ ᠬᠡᠯᠡᠯᠴᠡᠭᠡ ᠬᠢᠵᠦ᠂ ᠦᠨ᠎ᠡ ᠶᠢ ᠳᠤᠮᠳᠠᠴᠢ ᠪᠠᠷ 14.95% ᠪᠠᠷ ᠪᠠᠭᠤᠷᠠᠭᠤᠯᠵᠤ᠂ ᠡᠭᠦᠨ ᠳᠤ ᠣᠨᠴᠠ ᠵᠠᠷᠢᠮ ᠠᠩᠬᠠᠨ ᠤ ᠬᠤᠭᠤᠴᠠᠭᠠᠨ ᠤ ᠵᠠᠰᠠᠯᠳᠠ ᠶᠢᠨ ᠥᠮᠡᠨ ᠢ ᠡᠰᠡᠷᠬᠦᠴᠡᠬᠦ ᠡᠮ ᠤᠨ ᠦᠨ᠎ᠡ ᠶᠢᠨ ᠪᠠᠭᠤᠷᠠᠯᠲᠠ ᠶᠢᠨ ᠬᠡᠮᠵᠢᠶ᠎ᠡ ᠨᠢ 60% ᠶᠢ ᠳᠠᠪᠠᠵᠠᠶ᠃ 2023 ᠣᠨ ᠪᠣᠯᠬᠤ ᠳᠤ᠂ ᠭᠠᠷᠴᠠᠭ ᠲᠤ ᠤᠷᠤᠬᠰᠠᠨ ᠬᠠᠪᠤᠳᠠᠷ ᠤᠨ ᠬᠠᠨᠳᠤᠯᠭᠠᠲᠤ ᠴᠢᠨᠡᠷᠳᠡᠢ ᠪᠠᠷ ᠵᠠᠰᠠᠬᠤ ᠡᠮ ᠤᠨ ᠵᠦᠢᠯᠡᠰ 74 ᠪᠣᠯᠪᠠ᠃    ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠦᠨᠡᠨ ᠬᠦ ᠬᠥᠩᠭᠡᠷᠡᠪᠡ᠃    2022 ᠣᠨ ᠳᠤ᠂ ᠭᠠᠷᠴᠠᠭ ᠤᠨ ᠭᠠᠳᠠᠨᠠᠬᠢ 147 ᠡᠮ ᠤᠨ ᠵᠦᠢᠯᠡᠰ ᠬᠡᠯᠡᠯᠴᠡᠭᠡ ᠪᠠ ᠦᠨ᠎ᠠ ᠬᠠᠶᠠᠯᠴᠠᠬᠤ ᠥᠷᠢᠰᠥᠯᠳᠦᠭᠡᠨ ︵ᠤᠤᠯ ᠤᠨ ᠭᠠᠷᠴᠠᠭ ᠲᠠᠬᠢ ᠡᠮ ᠤᠨ ᠵᠦᠢᠯᠡᠰ ᠤᠨ ᠭᠡᠷ᠎ᠡ ᠶᠢ ᠦᠷᠭᠦᠯᠵᠢᠯᠡᠭᠦᠯᠬᠦ ᠬᠡᠯᠡᠯᠴᠡᠭᠡ ᠪᠠᠭᠲᠠᠨ᠎ᠠ︶ ᠳᠤ ᠣᠷᠣᠯᠴᠠᠵᠤ᠂ ᠶᠡᠷᠦᠩᠬᠡᠶ ᠠᠮᠵᠢᠯᠲᠠ ᠣᠯᠤᠭᠰᠠᠨ ᠨᠣᠷᠮ᠎ᠠ 82.3% ᠳᠤ ᠬᠦᠷᠴᠡᠶ᠃ ᠬᠡᠯᠡᠯᠴᠡᠭᠡ ᠪᠠ ᠦᠨ᠎ᠡ ᠬᠠᠶᠠᠯᠴᠠᠬᠤ ᠥᠷᠢᠰᠥᠯᠳᠦᠬᠡᠨ ᠳᠤ ᠰᠢᠨ᠎ᠡ ᠪᠠᠷ ᠵᠥᠪᠰᠢᠶᠡᠷᠡᠨ ᠣᠷᠣᠭᠤᠯᠤᠭᠰᠠᠨ ᠡᠮ ᠤᠨ ᠵᠦᠢᠯᠡᠰ ᠤᠨ ᠦᠨ᠎ᠡ ᠬᠠᠩᠰᠢ ᠶᠢᠨ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 60.1% ᠳᠤ ᠬᠦᠷᠴᠡᠶ᠃ ᠬᠡᠯᠡᠯᠴᠡᠭᠡᠷ ᠤᠨ ᠬᠤᠭᠤᠴᠠᠭᠠᠨ ᠳᠤ 275 ᠵᠦᠢᠯ ᠤᠨ ᠬᠡᠯᠡᠯᠴᠡᠭᠡ ᠬᠢᠭᠰᠡᠨ ᠡᠮ ᠢ 1.8 ᠳ᠋ᠦᠩᠰᠢᠭᠤᠷ ᠬᠥᠮᠦᠨ ᠤᠳᠠᠭ᠎ᠠ ᠲᠠᠩᠰᠠ ᠳᠡᠶᠢᠯᠵᠤ ᠠᠰᠢᠭ ᠬᠦᠷᠳᠡᠪᠡ᠃ ᠬᠡᠯᠡᠯᠴᠡᠭᠡ ᠬᠢᠵᠦ ᠦᠨ᠎ᠡ ᠬᠠᠩᠰᠢ ᠶᠢ ᠪᠠᠭᠤᠷᠠᠭᠤᠯᠬᠤ ᠪᠠ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠪᠠᠷ ᠳᠠᠮᠵᠢᠭᠤᠯᠵᠤ᠂ ᠵᠢᠯ ᠤᠨ ᠳᠤᠳᠤᠷ᠎ᠠ ᠡᠪᠡᠳᠴᠢᠲᠡᠨ ᠤ ᠳᠠᠷᠤᠭᠠᠰᠤ ᠶᠢ ᠨᠡᠶᠢᠲᠡ 2100 ᠭᠠᠷᠤᠶ ᠳ᠋ᠦᠩᠰᠢᠭᠤᠷ ᠲᠥᠭᠦᠷᠢᠭ ᠬᠥᠩᠭᠡᠷᠡᠭᠦᠯᠪᠡ᠃    6 ᠡᠭᠡᠯᠵᠢ ᠶᠢᠨ ᠲᠣᠬᠢᠷᠠᠭᠤᠯᠤᠯᠲᠠ ᠬᠢᠬᠦ ᠪᠠᠷ ᠲᠠᠮᠵᠢᠭᠤᠯᠤᠨ ᠡᠮ ᠤᠨ ᠵᠦᠢᠯᠡᠰ ᠢ ᠭᠠᠷᠴᠠᠭ ᠲᠤ ︽ᠤᠷᠤᠭᠤᠯᠬᠤ ᠪᠠ ᠭᠠᠷᠭᠠᠬᠤ︾ ᠪᠣᠯᠪᠠ᠃ ᠣᠯᠠᠨ ᠤᠳᠠᠭᠠᠨ ᠤ ᠲᠣᠬᠢᠷᠠᠭᠤᠯᠤᠯᠲᠠ ᠪᠠᠷ ᠳᠡᠮᠵᠢᠨ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠡᠮᠴᠢᠯᠡᠭᠡᠨ ᠤ ᠦᠢᠯᠡᠳᠦᠯ ᠨᠢ ᠣᠨᠣᠪᠴᠢ ᠥᠬᠡᠶ ᠂ ᠳᠤᠷ᠎ᠠ ᠪᠠᠷ ᠢᠶᠠᠨ ᠬᠡᠷᠡᠭᠯᠡᠬᠦ ᠳᠤ ᠬᠢᠯᠪᠠᠷ᠂ ᠡᠮᠴᠢᠯᠡᠭᠡ ᠳᠤ ᠬᠡᠷᠡᠭᠯᠡᠬᠦ ᠬᠡᠪᠴᠢᠶ᠎ᠠ ᠠᠴᠠ ᠰᠢᠭᠰᠢᠭᠳᠡᠭᠰᠡᠨ ᠪᠤᠶᠤ ᠵᠠᠬ᠎ᠠ ᠳᠡᠯᠭᠡᠭᠦᠷ ᠠᠴᠠ ᠭᠠᠷᠬᠤ ᠭᠡᠵᠦ ᠪᠠᠶᠢᠭ᠎ᠠ ᠨᠡᠶᠢᠲᠡ 395 ᠡᠮ ᠤᠨ ᠵᠦᠢᠯᠡᠰ ᠢ ᠭᠠᠷᠴᠠᠭ ᠠᠴᠠ ᠭᠠᠷᠭᠠᠵᠠᠶ᠃    ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠬᠰᠠᠨ ᠢᠶᠠᠷ᠂ ᠡᠨᠡ ᠵᠢᠯ ᠤᠨ ᠲᠣᠬᠢᠷᠠᠭᠤᠯᠤᠯᠲᠠ ᠳᠤ ᠡᠮ ᠤᠨ ᠵᠦᠢᠯᠡᠰ ᠤᠨ ᠬᠠᠩᠭᠠᠯᠭ᠎ᠠ ᠪᠠᠲᠤᠯᠠᠭ᠎ᠠ ᠶᠢᠨ ᠪᠠᠶᠢᠳᠠᠯ ᠤᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢ ᠨᠠᠩ ᠢᠯᠡᠭᠦᠦ ᠠᠩᠬᠠᠷᠴᠤ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠪᠣᠯᠤᠮᠵᠢᠲᠤ ᠴᠢᠨᠠᠷ ᠢ ᠳᠡᠭᠡᠭᠰᠢᠯᠡᠭᠦᠯᠬᠦ ᠪᠣᠯᠤᠨ᠎ᠠ᠃ ᠭᠠᠷᠴᠠᠭ ᠠᠴᠠ ᠭᠠᠷᠭᠠᠬᠤ ᠲᠥᠷᠥᠯ ᠵᠦᠢᠯ ᠤᠨ ᠬᠡᠪᠴᠢᠶ᠎ᠡ ᠶᠢᠨ ᠲᠠᠯ᠎ᠠ ᠪᠠᠷ᠂ ᠣᠶᠢᠷ᠎ᠠ ᠶᠢᠨ 3 ᠵᠢᠯ ᠳᠤ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠬᠠᠩᠭᠠᠭᠰᠠᠨ ᠥᠬᠡᠶ ᠡᠮ ᠤᠨ ᠵᠦᠢᠯᠡᠰ ᠵᠢᠴᠢ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠤᠰᠤᠭᠠᠷ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠰᠠᠨ ᠦᠬᠡᠢ ᠡᠮ ᠤᠨ ᠵᠦᠢᠯᠡᠰ ᠢ ᠭᠤᠤᠯᠳᠠᠯᠭ᠎ᠠ ᠲᠠᠢ ᠪᠤᠳᠤᠯᠬᠢᠯᠠᠬᠤ ᠪᠠᠶᠢᠳᠠᠯ ᠳᠤ ᠤᠷᠤᠭᠤᠯᠵᠤ᠂ ᠬᠠᠩᠭᠠᠯᠭ᠎ᠠ ᠶᠢᠨ ᠪᠠᠲᠤᠯᠠᠭ᠎ᠠ ᠬᠠᠮᠢᠶᠠᠷᠤᠯᠲᠠ ᠶᠢ ᠴᠢᠩᠭᠠᠳᠬᠠᠨ᠎ᠠ ᠬᠡᠵᠡᠢ᠃    ᠡᠨᠡ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠲᠣᠬᠢᠷᠠᠭᠤᠯᠤᠯᠲᠠ ᠬᠢᠬᠦ ᠳᠡᠭᠡᠨ 11 ᠰᠠᠷ᠎ᠠ ᠳᠤ ᠬᠡᠯᠡᠯᠴᠡᠭᠡ ᠬᠢᠵᠦ ᠳᠠᠭᠤᠰᠬᠠᠭᠠᠳ ᠦᠷ᠎ᠡ ᠳ᠋ᠦᠩ ᠢ ᠨᠡᠶᠢᠲᠡᠯᠡᠨ᠎ᠡ᠃ ᠨᠠᠩ ᠣᠯᠠᠨ ᠰᠠᠶᠢᠨ ᠡᠮ ᠢ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠳᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢ ᠬᠦᠰᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号