ᠮᠠᠨ ᠤ ᠤᠷᠤᠨ 7 ᠲᠠᠯ᠎ᠠ ᠶᠢᠨ ᠬᠠᠷᠠᠭᠠᠯᠵᠠᠯ ᠤᠨ ᠠᠷᠭ᠎ᠠ ᠬᠡᠮᠵᠢᠶ᠎ᠠ ᠠᠪᠴᠦ ᠮᠠᠰᠢᠨ ᠲᠡᠷᠬᠡᠨ ᠤ ᠬᠡᠷᠡᠭᠯᠡᠭᠡ ᠶᠢ ᠤᠯᠠᠮ ᠨᠢᠬᠡ ᠠᠯᠬᠤᠮ ᠠᠬᠢᠭᠤᠯᠬᠤ ᠪᠠᠷ ᠲᠤᠭᠳᠠᠵᠠᠢ
ᠨᠡᠶᠢᠲᠡᠯᠡᠭᠰᠡᠨ ᠴᠠᠭ᠄
2024/7/16
   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠶᠢᠷ᠎ᠡ ᠳᠤ ︽ᠮᠠᠰᠢᠨ ᠲᠡᠷᠭᠡᠨ ᠤ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠮᠡᠳᠡᠭᠳᠡᠯ︾ ᠪᠠᠭᠤᠯᠭᠠᠵᠤ᠂ 7 ᠲᠠᠯ᠎ᠠ ᠶᠢᠨ ᠬᠠᠷᠠᠭᠠᠯᠵᠠᠯ ᠤᠨ ᠠᠷᠭ᠎ᠠ ᠬᠡᠮᠵᠢᠶ᠎ᠠ ᠠᠪᠴᠦ ᠮᠠᠰᠢᠨ ᠲᠡᠷᠬᠡᠨ ᠤ ᠬᠡᠷᠡᠭᠯᠡᠭᠡ ᠶᠢᠨ ᠵᠠᠬ᠎ᠠ ᠲᠠᠯᠬᠡᠬᠦᠷ ᠢ ᠬᠦᠭᠵᠢᠬᠡᠨ᠂ ᠪᠦᠬᠦ ᠤᠷᠤᠨ ᠤ ᠮᠠᠰᠢᠨ ᠲᠡᠷᠬᠡᠨ ᠤ ᠬᠡᠷᠡᠭᠯᠡᠭᠡ ᠶᠢ ᠤᠯᠠᠮ ᠨᠢᠬᠡ ᠠᠯᠬᠤᠮ ᠠᠬᠢᠭᠤᠯᠬᠤ ᠪᠠᠷ ᠲᠤᠭᠳᠠᠵᠠᠢ᠃   ︽ᠮᠡᠳᠡᠭᠳᠡᠯ︾ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠲᠣᠭᠲᠠᠭᠰᠠᠨ ᠨᠥᠬᠦᠴᠡᠯ ᠳᠤ ᠨᠡᠶᠢᠴᠡᠬᠦ ᠴᠠᠬᠢᠯᠭᠠᠨ ᠴᠡᠨᠡᠭᠯᠡᠬᠦ ᠬᠡᠯᠪᠡᠷᠢ ᠶᠢᠨ ᠰᠢᠨ᠎ᠡ ᠡᠨᠧᠷᠭᠢ ᠶᠢᠨ ᠲᠣᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠲᠡᠷᠬᠡ ᠬᠤᠳᠠᠯᠳᠤᠵᠤ ᠠᠪᠤᠪᠠᠯ ᠲᠡᠷᠭᠡ ᠪᠦᠷᠢ ᠳᠤ 4 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠤᠯᠭᠤᠨ᠎ᠡ︔ ᠲᠣᠭᠲᠠᠭᠰᠠᠨ ᠨᠥᠬᠦᠴᠡᠯ ᠳᠤ ᠨᠡᠶᠢᠴᠡᠬᠦ ᠳ᠋ᠢᠶᠠᠨ ‍ᠤᠤᠢ ᠰᠤᠯᠢᠬᠤ ᠬᠡᠯᠪᠡᠷᠢ ᠶᠢᠨ ᠰᠢᠨ᠎ᠡ ᠡᠨᠧᠷᠭᠢ ᠶᠢᠨ ᠲᠣᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠲᠡᠷᠬᠡ ᠬᠤᠳᠠᠯᠳᠤᠵᠤ ᠠᠪᠤᠪᠠᠯ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ︔ ᠤᠯᠤᠰ ᠠᠴᠠ ᠲᠣᠭᠲᠠᠭᠠᠭᠰᠠᠨ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠶᠢᠨ ᠲᠤᠭᠠᠴᠠᠯᠳᠠ ᠪᠠᠷ ᠰᠢᠲᠠᠭᠠᠯᠭ᠎ᠠ ᠶᠢᠨ ᠲᠣᠰᠣ ︵ᠬᠡᠶ︶ ᠬᠡᠷᠡᠭᠯᠡᠵᠤ ᠪᠠᠶᠢᠭ᠎ᠠ ᠲᠣᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠲᠡᠷᠭᠡ ᠪᠠᠨ 12 ᠰᠠᠷ᠎ᠠ ᠠᠴᠠ ᠳᠡᠭᠡᠭᠰᠢ ᠤᠷᠢᠳᠴᠢᠯᠡᠨ ᠰᠢᠨ᠎ᠡ ᠡᠨᠧᠷᠭᠢ ᠶᠢᠨ ᠲᠤᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠲᠡᠷᠬᠡ ᠪᠠᠷ ᠰᠤᠯᠢᠭᠰᠠᠨ ᠪᠠᠶᠢᠪᠠᠯ ᠲᠡᠷᠭᠡ ᠪᠦᠷᠢ ᠳᠤ ᠲᠠᠬᠢᠨ 5000 ᠲᠥᠭᠦᠷᠢᠭ ᠤᠨ ᠱᠠᠩᠨᠠᠯ ᠤᠯᠭᠤᠨ᠎ᠡ᠃ 2030 ᠣᠨ ᠪᠣᠯᠬᠤ ᠠᠴᠠ ᠡᠮᠦᠨ᠎ᠡ ᠬᠤᠶᠠᠷ ᠪᠦᠯᠦᠭ ᠤᠨ ᠳᠦᠷᠢᠮᠲᠦ ᠴᠠᠬᠢᠯᠭᠠᠨ ᠤ ᠦᠨ᠎ᠡ ᠶᠢ ᠬᠡᠷᠡᠭᠵᠢᠭᠦᠯᠵᠦ ᠪᠠᠶᠢᠭ᠎ᠠ ᠲᠥᠪᠯᠡᠷᠡᠩᠭᠦᠶ ᠬᠡᠯᠪᠡᠷᠢ ᠶᠢᠨ ᠴᠠᠬᠢᠯᠭᠠᠨ ᠴᠡᠨᠡᠭᠯᠡᠬᠦ ᠲᠦᠬᠦᠬᠡᠷᠤᠮᠵᠢ ᠶᠢᠨ ᠬᠡᠷᠡᠭᠯᠡᠬᠦ ᠴᠠᠬᠢᠯᠭᠠᠨ ᠠᠴᠠ ᠪᠠᠭᠳᠠᠭᠠᠮᠵᠢ ᠶᠢᠨ ᠴᠠᠬᠢᠯᠭᠠᠨ ᠰᠦᠢᠳᠬᠡᠯ ᠬᠤᠷᠢᠶᠠᠬᠤ ᠦᠬᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 1 ᠳ᠋ᠦᠩᠰᠢᠭᠤᠷ ᠲᠥᠭᠦᠷᠢᠭ ᠲᠣᠬᠢᠷᠠᠭᠤᠯᠵᠤ᠂ 2024 ᠣᠨ ᠤ 6 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠤᠨ ᠬᠤᠭᠤᠷᠤᠨᠳᠤ ᠨᠦᠬᠦᠴᠡᠯ ᠳᠤ ᠨᠡᠶᠢᠴᠡᠭᠰᠡᠨ ᠮᠠᠰᠢᠨ ᠲᠡᠷᠬᠡ ᠶᠢ ᠬᠤᠳᠠᠯᠳᠤᠨ ᠠᠪᠤᠭᠰᠠᠳ ᠲᠤ ᠮᠥᠩᠭᠦᠨ ᠭᠦᠢᠯᠭᠡᠭᠡᠨ ᠤ ᠵᠢᠭᠡᠯᠡᠯᠭᠡ  ᠶᠢᠨ ᠬᠦᠦ ᠮᠦᠡᠭᠬᠦ ᠶᠢᠨ ᠨᠦᠬᠦᠪᠤᠷᠢ ᠤᠯᠭᠤᠨ᠎ᠠ᠃ 2025 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ᠂ ᠪᠠᠷᠠᠭᠠᠨ ᠤ ᠮᠠᠰᠢᠨ ᠲᠡᠷᠭᠡ᠂ ᠴᠢᠷᠤᠬᠦᠯ ᠲᠡᠷᠭᠡ᠂ ᠲᠤᠰᠬᠠᠶ ᠬᠡᠷᠡᠭᠯᠡᠬᠡᠨ ᠤ ᠠᠵᠢᠯ ᠤᠨ ᠮᠠᠰᠢᠨ ᠲᠡᠷᠭᠡ᠂ ᠲᠤᠰᠬᠠᠶ ᠬᠡᠷᠡᠭᠯᠡᠭᠡᠨ ᠤ ᠬᠦᠷᠳᠦᠲᠦ ᠮᠠᠰᠢᠨ ᠲᠡᠷᠭᠡ ᠠᠴᠠ ᠲᠡᠷᠬᠡ ᠣᠩᠭᠤᠴᠠ ᠶᠢᠨ ᠭᠠᠶᠢᠯᠢ ᠲᠠᠳᠠᠪᠤᠷᠢᠯᠠᠬᠤ ᠳᠠᠭᠠᠨ ᠣᠲᠣ ᠶᠢᠨ ᠬᠡᠷᠡᠭᠵᠢᠭᠦᠯᠵᠦ ᠪᠠᠶᠢᠭ᠎ᠠ ᠲᠡᠷᠭᠡ ᠣᠩᠭᠤᠴᠠ ᠶᠢᠨ ᠭᠠᠶᠢᠯᠢ ᠶᠢᠨ 50% ᠪᠠᠷ ᠲᠠᠲᠠᠪᠤᠷᠢᠯᠠᠬᠤ ᠲᠥᠷᠥ  ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠬᠦᠯᠤᠨ᠎ᠠ᠃ ᠡᠯ᠎ᠡ ᠭᠠᠵᠠᠷ ᠤᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠨ ᠲᠠᠯᠠᠪᠤᠷ ᠭᠠᠵᠠᠷ ᠤᠨ ᠲᠦᠷᠢᠶᠡᠰᠦᠨ ᠮᠥᠩᠭᠦ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠰᠦᠢᠳᠭᠡᠯ ᠢ ᠬᠠᠰᠤᠵᠤ ᠭᠡᠯᠳᠦᠷᠢᠭᠦᠯᠬᠦ ᠶᠢ ᠳᠡᠮᠵᠢᠵᠦ᠂ ᠲᠤᠬᠠᠶ ᠶᠢᠨ ᠭᠠᠵᠠᠷ ᠤᠨ ᠪᠤᠳᠠᠳᠤ ᠪᠠᠶᠢᠳᠠᠯ ᠳᠤ ᠳᠣᠭᠢᠷᠠᠭᠤᠯᠤᠨ ᠮᠠᠰᠢᠨ ᠲᠡᠷᠭᠡᠨ ᠤ ᠲᠥᠷᠥᠯ ᠲᠡᠮᠳᠡᠭ ᠤᠨ 4S ᠳᠡᠯᠭᠡᠭᠦᠷ ᠪᠠᠶᠢᠭᠤᠯᠬᠤ ᠱᠠᠩᠨᠠᠯ ᠤᠨ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠪᠠᠶᠢᠴᠠᠭᠠᠨ ᠰᠢᠯᠭᠠᠬᠤ᠂ ᠫᠠᠶᠢᠰᠠ ᠠᠪᠬᠤ᠂ ᠳᠠᠭᠠᠳᠬᠠᠯ ᠳᠤ ᠣᠷᠣᠬᠤ ᠵᠡᠷᠭᠡ ︽ᠨᠢᠭᠡ ᠥᠷᠲᠡᠭᠡᠴᠢᠯᠡᠭᠰᠡᠨ︾ ᠦᠢᠯᠡᠴᠢᠯᠡᠭᠡ ᠶᠢ ᠬᠡᠷᠡᠭᠵᠢᠭᠦᠯᠵᠤ᠂ ᠦᠢᠯᠡᠴᠢᠯᠡᠬᠡᠨ ᠤ ᠴᠠᠭ ᠢ ᠤᠷᠳᠤᠳᠬᠠᠬᠤ᠂ ᠦᠢᠯᠡᠴᠢᠯᠡᠬᠡᠨ ᠤ ᠲᠤᠤᠷ ᠴᠡᠭ ᠢ ᠨᠡᠮᠡᠬᠦ᠂ ᠤᠨᠴᠠᠯᠢᠭᠳᠤ ᠦᠢᠯᠡᠴᠢᠯᠡᠭᠡ ᠬᠦᠷᠳᠡᠬᠡᠬᠦ ᠵᠡᠷᠬᠡ ᠠᠷᠭ᠎ᠠ ᠪᠠᠷ ᠲᠠᠮᠵᠢᠨ ᠬᠡᠷᠡᠭᠯᠡᠭᠴᠢᠳ ᠲᠤ ᠲᠦᠬᠦᠮ ᠲᠦᠳᠡ ᠦᠢᠯᠡᠴᠢᠯᠡᠭᠡ ᠬᠠᠩᠭᠠᠨ᠎ᠠ᠃ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠲᠤᠬᠠᠢ ᠵᠠᠭᠠᠯᠳᠤᠯᠭ᠎ᠠ ᠶᠢᠨ ᠮᠡᠳᠡᠭᠡ ᠵᠠᠩᠭᠢ ᠶᠢ ︽ᠤᠯᠠᠭᠠᠨ ᠬᠠᠷ᠎ᠠ ᠰᠠᠮᠪᠠᠷ᠎ᠠ︾ ᠪᠠᠷ ᠵᠠᠷᠯᠠᠨ ᠨᠡᠶᠢᠲᠡᠯᠡᠬᠦ ᠠᠵᠢᠯ ᠥᠷᠨᠢᠭᠦᠯᠵᠦ᠂ ᠬᠡᠷᠡᠭᠯᠡᠭᠴᠢᠳ 7 ᠡᠳᠦᠷ ᠤᠨ ᠳᠣᠲᠣᠷ᠎ᠠ ᠤᠴᠢᠷ ᠰᠢᠯᠲᠠᠭᠠᠨ ᠥᠬᠡᠶ ᠪᠠᠷ ᠵᠠᠬᠢᠶᠠᠯᠠᠭ᠎ᠠ ᠪᠠᠨ ᠪᠤᠴᠠᠭᠠᠵᠤ ᠪᠤᠯᠬᠤ ᠲᠤᠬᠠᠢ ᠠᠮᠠᠯᠠᠯᠲᠠ ᠬᠢᠭᠰᠡᠨ ᠮᠠᠰᠢᠨ ᠲᠡᠷᠬᠡᠨ ᠤ ᠡᠵᠡᠩᠨᠡᠨ ᠪᠤᠷᠤᠯᠠᠭᠤᠯᠬᠤ ᠨᠢᠬᠡᠴᠢ ᠪᠤᠯᠤᠨ ᠭᠠᠷ ᠳᠠᠮᠵᠢᠭᠰᠠᠨ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠰᠠᠨᠠᠭ᠎ᠠ ᠠᠮᠤᠷ ᠬᠡᠷᠡᠭᠯᠡᠭᠡ ᠬᠢᠬᠦ ᠵᠢᠱᠢᠶ᠎ᠡ ᠦᠵᠡᠭᠦᠯᠬᠦ ᠨᠢᠬᠡᠴᠢ ᠶᠢ ᠡᠭᠦᠳᠦᠨ ᠪᠠᠶᠢᠭᠤᠯᠤᠨ᠎ᠡ ᠬᠡᠵᠤ ᠲᠤᠭᠳᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号