7 ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠬᠤᠤ ᠮᠢᠩ ᠶᠢᠨ ᠬᠠᠤᠯᠢ | ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠤ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾ ᠶᠢ ᠲᠤᠭᠤᠰᠢᠯᠠᠭᠤᠯᠤᠨ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ 7 ᠰᠠᠷ᠎ᠠ ᠶᠢᠨ | 10 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠬᠤᠤ ᠮᠢᠩ ᠶᠢᠨ ᠲᠠᠢ ᠪᠠᠷᠠᠳᠠᠨ ᠠᠭᠤᠯᠵᠠᠪᠠ᠃ | 7 ᠰᠠᠷ᠎ᠠ ᠶᠢᠨ 10 ᠤ ᠦᠳᠡ ᠶᠢᠨ ᠡᠮᠦᠨ᠎ᠡ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ | ᠶᠠᠷᠢᠯᠴᠠᠬᠤ ᠬᠤᠷᠠᠯ ᠬᠤᠷᠠᠯᠳᠤᠭᠤᠯᠵᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠤᠤ | ᠮᠢᠩ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠲᠥᠯᠥᠭᠡᠯᠡᠨ ᠮᠠᠨ ᠤ ᠣᠷᠣᠨ ᠤ ᠪᠣᠳᠠᠰ ᠤᠨ | ᠪᠤᠰᠤ ᠰᠣᠶᠣᠯ ᠤᠨ ᠥᠪ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠦᠢᠴᠡᠳ | ᠨᠤᠲᠠᠯᠠᠪᠠ᠃ ᠲᠡᠷᠡ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠢ ᠰᠠᠶᠢᠲᠤᠷ ᠬᠢᠬᠦ ᠡᠭᠦᠷᠭᠡᠲᠦ ᠤᠬᠠᠮᠰᠠᠷ | ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠬᠤ ᠬᠡᠷᠡᠭᠲᠡᠢ︔ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠭᠤᠣᠯᠳᠠᠯᠭ᠎ᠠ ᠲᠠᠢ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠰ ᠤᠨ ᠪᠤᠰᠤ | ᠰᠣᠶᠣᠯ ᠤᠨ ᠥᠪ ᠤᠨ ᠬᠠᠤᠯᠢ ᠶᠢ ᠪᠦᠬᠦ ᠲᠠᠯ᠎ᠠ ᠪᠠᠷ ᠪᠦᠲᠦᠮᠵᠢᠲᠡᠢ ᠲᠤᠭᠤᠰᠢᠯᠠᠭᠤᠯᠤᠨ ᠬᠡᠷᠡᠭᠵᠢᠭᠦᠯᠬᠦ ᠶᠢ ᠭᠦᠨᠵᠡᠭᠡᠢ | ᠠᠬᠢᠭᠤᠯᠬᠤ ᠬᠡᠷᠡᠭᠲᠡᠢ︔ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠤᠨ ᠵᠠᠩᠭᠢᠯᠠᠭ᠎ᠠ ᠶᠢᠨ ᠴᠡᠭ ᠪᠣᠯᠤᠨ | ᠬᠦᠴᠦᠯᠡᠬᠦ ᠴᠡᠭ ᠢ ᠣᠨᠣᠪᠴᠢᠲᠠᠢ ᠡᠵᠡᠮᠳᠡᠵᠦ᠂ ᠬᠠᠤᠯᠢᠵᠢᠯ ᠤᠨ ᠵᠠᠮ ᠳᠡᠭᠡᠷ᠎ᠡ ᠪᠣᠳᠠᠰ ᠤᠨ ᠪᠤᠰᠤ ᠰᠣᠶᠣᠯ ᠤᠨ | ᠥᠪ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠤᠨ ᠳᠠᠷᠠᠭ᠎ᠠ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠷᠢᠳ ᠬᠤᠵᠢᠳ | ᠬᠥᠬᠡᠬᠤᠲᠠ᠂ ᠪᠠᠶᠠᠨᠨᠠᠭᠤᠷ ᠬᠤᠲᠠ᠂ ᠦᠬᠠᠶ ᠬᠤᠲᠠ ᠳᠤ ᠭᠦᠨᠵᠡᠭᠡᠶᠢᠷᠡᠨ ᠪᠣᠳᠠᠰ ᠤᠨ ᠪᠤᠰᠤ ᠰᠣᠶᠣᠯ ᠤᠨ ᠥᠪ ᠤᠨ | ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠲᠤᠬᠠᠶ ᠶᠢᠨ ᠭᠠᠵᠠᠷ ᠤᠨ ᠪᠠᠶᠢᠴᠠᠭᠠᠯᠲᠠ | ᠥᠷᠨᠢᠭᠦᠯᠪᠡ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠸᠧᠢ ᠫᠢᠩ᠂ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ | ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠲᠢᠶᠠᠨ ᠰᠢᠤᠸᠠᠢ ᠵᠢᠶᠦ᠋ᠨ᠂ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ | ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠭᠦ᠋ ᠰᠢᠶᠤᠤ ᠢᠦᠢ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠬᠤᠩ ᠵᠢᠶᠦ᠋ᠨ᠂ ᠤᠤ ᠬᠤᠢ ᠷᠠᠨ | ᠪᠠᠶᠢᠴᠠᠭᠠᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠶ ᠯᠢ ᠰᠢᠨ᠂ ᠡᠤ ᠶᠠᠨ | ᠭᠠᠩ᠂ ᠶᠤᠤ ᠶᠦᠩ ᠪᠥᠸᠧ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠬᠥᠩ ᠰᠢᠤᠸᠠᠢ ᠹᠧᠩ᠂ ᠰᠢᠤᠢ ᠵᠢᠶᠠᠨ ᠰᠢᠩ᠂ ᠡᠤ ᠵᠢᠩ ᠬᠤᠯᠪᠤᠬᠳᠠᠯ ᠪᠥᠬᠦᠶ ᠠᠵᠢᠯᠯᠠᠭ᠎ᠠ ᠳᠤ | ᠣᠷᠣᠯᠴᠠᠵᠠᠶ᠃ |