ᠤᠢᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ᠂ ᠪᠦᠬᠦ | ᠠᠭᠤᠯᠭ᠎ᠠ ᠨᠢ ᠳᠣᠣᠷᠠᠬᠢ ᠮᠡᠲᠦ᠄ | ᠠᠷᠠᠳ ᠤᠨ ᠡᠵᠡᠩᠨᠡᠯᠲᠡ ᠶᠢᠨ ᠠᠵᠤ ᠠᠬᠤᠶ ᠪᠣᠯ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠰᠠᠭᠤᠷᠢ ᠮᠥᠨ᠂ | ᠮᠠᠨ ᠤ ᠣᠷᠣᠨ ᠤ ᠰᠢᠨ᠎ᠡ ᠵᠠᠮ ᠢ ᠨᠡᠭᠡᠬᠡᠨ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠶᠢ | ᠠᠬᠢᠭᠤᠯᠬᠤ ᠪᠡᠯᠡᠳᠭᠡᠯ ᠬᠦᠴᠦᠨ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠴᠢᠬᠤᠯᠠ ᠬᠦᠴᠦᠨ | ᠮᠥᠨ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠶᠢᠨ ᠲᠥᠯᠥᠭᠡ᠂ ᠳᠤᠤᠷᠠᠬᠢ ᠮᠡᠲᠦ ᠰᠠᠨᠠᠯ ᠳᠤᠷᠠᠳᠪᠠ᠃ | ᠨᠢᠭᠡ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠨ ᠪᠤᠵᠠᠭᠠᠶᠢᠷᠠᠬᠤ ᠶᠢ ᠬᠠᠷᠰᠢᠯᠠᠵᠤ ᠪᠥᠬᠦᠶ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠢᠯᠭᠠᠷᠠᠭᠤᠯᠤᠨ᠎ᠠ᠃ ᠠᠵᠤ ᠠᠬᠤᠶᠢᠯᠠᠯ ᠳᠤ ᠡᠷᠬᠡ | ᠲᠡᠭᠰᠢ ᠪᠤᠰᠤ ᠬᠠᠨᠳᠤᠬᠤ ᠳᠤ ᠬᠤᠯᠪᠣᠭᠳᠠᠭᠰᠠᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ | ᠣᠷᠳᠣᠨ ᠤ ᠳᠦᠷᠢᠮ ᠲᠣᠭᠲᠠᠭᠠᠯ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ | ᠲᠥᠷᠥ ᠶᠢᠨ ᠪᠣᠳᠣᠯᠭ᠎ᠠ ᠶᠢ ᠢᠯᠭᠠᠷᠠᠭᠤᠯᠬᠤ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠪᠠ ᠤᠬᠤᠷᠢᠨ ᠭᠠᠷᠬᠤ ᠶᠢ ᠬᠠᠷᠰᠢᠯᠠᠬᠤ᠂ ᠡᠯᠧᠮᠧᠨ᠋ᠲ ᠤᠨ ᠡᠷᠬᠡ ᠲᠡᠭᠰᠢ ᠣᠯᠬᠤ ᠪᠠ ᠴᠢᠯᠥᠭᠡᠲᠡᠶ | ᠰᠢᠯᠵᠢᠬᠦ ᠶᠢ ᠬᠠᠷᠰᠢᠯᠠᠬᠤ᠂ ᠲᠠᠸᠠᠷ ᠪᠠ ᠦᠢᠯᠡᠴᠢᠯᠡᠭᠡ ᠶᠢᠨ ᠴᠢᠯᠥᠭᠡᠲᠡᠶ ᠰᠢᠯᠵᠢᠬᠦ ᠶᠢ ᠬᠠᠷᠰᠢᠯᠠᠬᠤ᠂ ᠦᠢᠯᠡᠳᠪᠦᠷᠢᠯᠡᠯ | ᠡᠵᠡᠩᠨᠡᠯᠲᠡ ᠶᠢᠨ ᠥᠪᠡᠷ ᠤᠨ ᠥᠷᠲᠡᠭ ᠢ ᠨᠥᠯᠥᠭᠡᠯᠡᠬᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ | ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠨᠥᠯᠥᠭᠡᠯᠡᠬᠦ᠂ ᠬᠠᠤᠯᠢ ᠴᠠᠭᠠᠵᠠ ᠶᠢᠨ | ᠬᠠᠮᠠᠭᠠᠯᠠᠯᠲᠠ ᠵᠡᠷᠭᠡ ᠪᠠᠷ ᠭᠤᠤᠯᠳᠠᠯᠭ᠎ᠠ ᠪᠣᠯᠭᠠᠵᠤ᠂ ᠠᠳᠠᠯᠢ ᠪᠤᠰᠤ ᠥᠮᠴᠢᠯᠡᠯ᠂ ᠠᠳᠠᠯᠢ ᠪᠤᠰᠤ ᠬᠡᠪᠴᠢᠶ᠎ᠡ᠂ ᠠᠳᠠᠯᠢ | ᠪᠤᠰᠤ ᠭᠠᠵᠠᠷ ᠣᠷᠣᠨ ᠤ ᠠᠵᠤ ᠠᠬᠤᠶᠢᠯᠠᠯ ᠢ ᠭᠠᠳᠠᠭᠤᠷᠴᠢᠯᠠᠬᠤ ᠪᠠ ᠢᠯᠭᠠᠭ᠎ᠠ ᠲᠠᠢ ᠪᠠᠷ ᠬᠠᠨᠳᠤᠬᠤ | ᠲᠣᠭᠲᠠᠭᠠᠯ ᠢᠯᠠᠩᠭᠤᠶ᠎ᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠵᠡᠷᠭᠡ ᠳᠤ ᠭᠠᠳᠠᠭᠤᠷᠴᠢᠯᠠᠯ ᠪᠠᠶᠢᠬᠤ ᠲᠣᠭᠲᠠᠭᠠᠯ ᠢ ᠪᠦᠬᠦ ᠲᠠᠯ᠎ᠠ ᠪᠠᠷ ᠢᠯᠭᠠᠷᠠᠭᠤᠯᠤᠨ᠂ | ᠵᠦᠢ ᠪᠤᠰᠤ ᠬᠢᠵᠠᠭᠠᠷᠯᠠᠯ ᠢ ᠠᠷᠢᠯᠭᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠢᠳᠡᠪᠬᠢᠵᠢᠯ ᠪᠦᠲᠦᠭᠡᠯᠴᠢ | ᠴᠢᠨᠠᠷ ᠢ ᠳᠠᠶᠢᠴᠢᠯᠠᠨ᠎ᠠ᠃ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠡᠷᠬᠡ ᠲᠡᠭᠰᠢ ᠥᠷᠢᠰᠥᠯᠳᠦᠭᠡᠨ ᠢ | ᠬᠢᠨᠠᠨ ᠪᠠᠶᠢᠴᠠᠭᠠᠬᠤ᠂ ᠭᠤᠷᠪᠠᠳᠠᠬᠴᠢ ᠲᠠᠯ᠎ᠡ ᠠᠴᠠ ᠦᠨᠡᠯᠡᠨ ᠵᠢᠱᠢᠬᠦ᠂ ᠠᠵᠤ ᠠᠬᠤᠶᠢᠯᠠᠯ ᠤᠨ ᠰᠠᠨᠠᠯ ᠢ | ᠴᠤᠭᠯᠠᠭᠤᠯᠵᠤ ᠬᠠᠷᠢᠭᠤ ᠲᠤᠰᠬᠠᠬᠤ ᠵᠡᠷᠭᠡ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ | ᠪᠦᠷᠢᠨᠰᠢᠬᠦᠯᠦᠨ᠎ᠠ᠃ | ᠬᠤᠶᠠᠷ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠡᠰ | ᠳᠠᠷᠠᠭᠠᠯᠠᠯ ᠢ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ᠂ ᠪᠦᠷᠢᠳᠭᠡᠨ ᠳᠠᠩᠰᠠᠯᠠᠬᠤ ᠵᠡᠷᠭᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠶᠢ ᠪᠥᠬᠦ ᠲᠠᠯ᠎ᠠ ᠪᠠᠷ ᠡᠮᠬᠢᠯᠡᠵᠦ᠂ ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠦᠨᠳᠦᠰᠦᠯᠡᠯ ᠲᠣᠭᠲᠠᠭᠠᠭᠰᠠᠨ ᠥᠬᠡᠶ ᠤᠷᠢᠳᠠᠴᠢ | ᠨᠥᠬᠦᠴᠡᠯ ᠢ ᠬᠦᠴᠦᠨ ᠦᠭᠡᠢ ᠪᠤᠯᠭᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ︽ᠬᠠᠷᠢᠯᠴᠠᠨ ᠤᠷᠢᠳᠠᠴᠢ | ᠨᠥᠬᠦᠴᠡᠯ ᠪᠣᠯᠬᠤ︾ ᠬᠢᠨᠠᠨ ᠵᠥᠪᠰᠢᠶᠡᠷᠡᠬᠦ ᠨᠥᠬᠦᠴᠡᠯ ᠢ ᠢᠯᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ | ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠶᠢ ᠡᠮᠬᠢᠯᠡᠨ ᠳᠢᠭᠯᠡᠵᠦ᠂ ᠬᠠᠤᠯᠢ ᠪᠠᠷ ᠲᠣᠭᠲᠠᠭᠠᠭᠰᠠᠨ | ᠦᠨᠳᠦᠰᠦᠯᠡᠯ ᠥᠬᠡᠶ ᠵᠠᠭᠤᠴᠢ ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠢᠯᠭᠠᠷᠠᠭᠤᠯᠵᠤ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ᠂ ᠪᠦᠷᠢᠳᠭᠡᠨ ᠳᠠᠩᠰᠠᠯᠠᠬᠤ ᠵᠡᠷᠭᠡ ᠶᠢ ᠭᠦᠢᠴᠡᠳᠭᠡᠬᠦ ᠳᠤ ᠬᠡᠷᠡᠭᠰᠡᠬᠦ ᠵᠠᠭᠤᠴᠢ | ᠦᠢᠯᠡᠴᠢᠯᠡᠭᠡᠨ ᠤ ᠮᠠᠲ᠋ᠧᠷᠢᠶᠠᠯ ᠢ ᠪᠠᠭᠠᠰᠬᠠᠨ᠎ᠠ᠃ ᠠᠵᠢᠯ ᠲᠥᠷᠥᠯ ᠤᠨ ᠬᠦᠷᠢᠶᠡᠨ ᠤ ᠵᠠᠭᠤᠴᠢ ᠦᠢᠯᠡᠴᠢᠯᠡᠭᠡᠨ ᠤ | ᠪᠠᠶᠢᠭᠤᠯᠤᠮᠵᠢ ᠳᠤ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠨ᠂ ᠦᠢᠯᠡᠴᠢᠯᠡᠭᠡᠨ ᠤ ᠴᠤᠪᠤᠷᠠᠯ ᠢ | ᠰᠢᠯᠢᠳᠡᠭᠵᠢᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠭᠤᠷᠪᠠ᠂ ︽ᠨᠢᠭᠡ ᠤᠴᠢᠷ ᠶᠠᠪᠤᠳᠠᠯ ᠢ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ︾ ᠶᠢ ᠠᠬᠢᠭᠤᠯᠤᠨ᠎ᠠ᠃ | ᠠᠵᠤ ᠠᠬᠤᠶᠢᠯᠠᠯ ᠢ ᠡᠷᠭᠢᠯᠡᠨ ᠪᠠᠶᠢᠭᠤᠯᠬᠤ ᠠᠴᠠ ᠠᠪᠤᠭᠠᠳ ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭ᠎ᠠ ᠶᠢ | ᠬᠦᠴᠦᠨ ᠥᠬᠡᠶ ᠪᠣᠯᠭᠠᠬᠤ ᠬᠦᠷᠲᠡᠯᠡᠬᠢ ᠴᠢᠬᠤᠯᠠ ᠭᠤᠭᠴᠤᠭ᠎ᠠ ᠶᠢᠨ ᠲᠣᠭᠤᠷᠢᠨ ᠳᠤ᠂ ᠮᠡᠳᠡᠭᠡ ᠵᠠᠩᠭᠢ ᠶᠢ | ᠬᠤᠪᠢᠷᠠᠭᠤᠯᠬᠤ᠂ ᠤᠰᠤ ᠴᠠᠬᠢᠯᠭᠠᠨ ᠰᠢᠲᠠᠮᠠᠬᠠᠶ ᠬᠡᠶ ᠳᠤᠯᠠᠭᠠᠯᠠᠭ᠎ᠠ ᠶᠢᠨ ᠲᠤᠤᠷ ᠢ ᠬᠠᠮᠲᠤᠷᠠᠨ ᠮᠡᠳᠡᠭᠦᠯᠦᠨ | ᠤᠭᠰᠠᠷᠠᠬᠤ᠂ ᠢᠲᠡᠭᠡᠮᠵᠢ ᠶᠢ ᠰᠡᠷᠭᠦᠭᠡᠬᠦ᠂ ᠰᠲ᠋ᠤᠺ ᠢᠶᠠᠨ ᠵᠠᠬ᠎ᠠ ᠳᠤ ᠭᠠᠷᠭᠠᠭᠰᠠᠨ ᠬᠠᠤᠯᠢ ᠲᠣᠭᠲᠠᠭᠠᠯ ᠳᠤ | ᠨᠡᠶᠢᠴᠡᠭᠰᠡᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠳᠠᠮᠫᠤᠷᠠᠯ ᠤᠨ ᠮᠡᠳᠡᠭᠡ ᠵᠠᠩᠭᠢ ᠶᠢ ᠬᠠᠷᠭᠤᠭᠤᠯᠤᠨ | ᠪᠠᠶᠢᠴᠠᠭᠠᠬᠤ᠂ ᠬᠦᠴᠦᠨ ᠥᠬᠡᠶ ᠪᠣᠯᠭᠠᠬᠤ ᠶᠢ ᠳᠡᠩᠰᠡᠯᠡᠨ ᠲᠡᠮᠳᠡᠭᠯᠡᠬᠦ ᠵᠡᠷᠭᠡ ᠵᠦᠢᠯᠡᠰ ᠢ ᠰᠦᠯᠵᠢᠶᠡᠨ ᠳᠡᠭᠡᠷ᠎ᠡ ᠪᠠ | ᠪᠤᠳᠠᠳᠤ ᠴᠤᠭᠴᠠ ᠳᠤ ᠲᠥᠪᠯᠡᠷᠡᠭᠦᠯᠦᠨ ᠭᠦᠢᠴᠡᠳᠭᠡᠬᠦ ᠶᠢ ᠠᠬᠢᠭᠤᠯᠤᠨ᠎ᠠ᠃ ︽ᠨᠢᠭᠡ ᠤᠴᠢᠷ ᠶᠠᠪᠤᠳᠠᠯ︾ ᠤᠨ | ᠥᠭᠡᠷᠡᠴᠢᠯᠡᠯᠲᠡ ᠶᠢ ᠥᠷᠭᠡᠳᠭᠡᠬᠦ ᠶᠢ ᠦᠷᠭᠦᠯᠵᠢᠯᠡᠨ ᠠᠬᠢᠭᠤᠯᠵᠤ᠂ ᠬᠤᠯᠪᠣᠭᠳᠠᠬᠤ ᠴᠢᠨᠠᠷ ᠢᠶᠠᠷ ᠴᠢᠩᠭ᠎ᠠ᠂ ᠠᠵᠢᠯ | ᠶᠠᠪᠤᠳᠠᠯ ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠪᠠᠷ ᠶᠡᠭᠡ ᠰᠠᠯᠠᠭ᠎ᠠ ᠮᠥᠴᠢᠷ ᠠᠯᠤᠰᠯᠠᠭᠰᠠᠨ᠂ ᠲᠠᠰ | ᠱᠠᠲᠤ ᠠᠯᠤᠰᠯᠠᠭᠰᠠᠨ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ | ᠭᠦᠢᠴᠡᠳᠭᠡᠬᠦ ᠨᠠᠷᠢᠨ ᠳᠠᠩᠰᠠ ᠶᠢ ᠵᠢᠯ ᠳᠠᠷᠠᠭᠠᠯᠠᠨ ᠪᠦᠯᠦᠭ ᠤᠳᠠᠭ᠎ᠠ ᠬᠤᠪᠢᠶᠠᠨ ᠨᠡᠶᠢᠲᠡᠯᠡᠨ᠎ᠡ᠃ | ᠳᠥᠷᠪᠡ᠂ ᠵᠠᠰᠠᠭ ᠤᠨ ᠶᠠᠪᠤᠳᠠᠯ ᠤᠨ ᠥᠷᠲᠡᠭ ᠨᠡᠮᠡᠭᠳᠡᠯ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠦᠰᠢᠭᠯᠡᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠪᠠᠶᠢᠭᠤᠯᠵᠤ᠂ ᠴᠣᠩᠬᠤᠪᠴᠢ ᠶᠢᠨ ᠪᠠᠶᠢᠷᠢᠰᠢᠭᠤᠯᠤᠯ ᠢ | ᠰᠢᠯᠢᠳᠡᠭᠵᠢᠭᠦᠯᠦᠨ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠳᠠᠬᠢᠨ ᠪᠣᠶ ᠪᠣᠯᠭᠠᠵᠤ᠂ ᠠᠵᠤ ᠠᠬᠤᠶᠢᠯᠠᠯ ᠳᠤ | ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠪᠥᠬᠦ ᠶᠠᠪᠤᠴᠠ ᠳᠤ ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠭᠡᠬᠦ | ᠵᠡᠷᠭᠡ ᠡᠭᠦᠰᠦᠮᠡᠯ ᠴᠢᠨᠠᠷᠲᠠᠶ ᠥᠷᠲᠡᠭ ᠨᠡᠮᠡᠭᠳᠡᠯ ᠤᠨ ᠦᠢᠯᠡᠴᠢᠯᠡᠭᠡ ᠬᠠᠩᠭᠠᠨ᠎ᠠ᠃ ᠰᠦᠯᠵᠢᠶᠡᠨ ᠳᠡᠭᠡᠷᠡᠬᠢ ᠵᠠᠭᠤᠴᠢ | ᠦᠢᠯᠡᠴᠢᠯᠡᠭᠡᠨ ᠤ ᠬᠠᠮ ᠳᠡᠯᠭᠡᠭᠦᠷ ᠤᠨ ᠴᠢᠳᠠᠮᠵᠢ ᠶᠢ ᠰᠢᠯᠢᠳᠡᠭᠵᠢᠭᠦᠯᠵᠦ᠂ ᠮᠡᠳᠡᠭᠡ ᠵᠠᠩᠭᠢ ᠶᠢᠨ ᠬᠤᠷᠢᠭ᠎ᠠ᠂ ᠣᠷᠣᠨ | ᠪᠦᠰᠡ ᠶᠢᠨ ᠬᠢᠵᠠᠭᠠᠷᠯᠠᠯ᠂ ᠠᠵᠢᠯ ᠲᠥᠷᠥᠯ ᠤᠨ ᠬᠢᠵᠠᠭᠠᠷᠯᠠᠯ ᠢ ᠡᠪᠳᠡᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠬᠢᠷᠢ ᠬᠡᠮ ᠢ ᠳᠡᠩᠰᠡᠯᠡᠨ ᠲᠡᠮᠳᠡᠭᠯᠡᠬᠦ᠂ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠢᠲᠡᠭᠡᠯ ᠬᠦᠨᠳᠦ ᠶᠢ | ᠲᠠᠨᠢᠯᠴᠠᠭᠤᠯᠬᠤ᠂ ᠬᠤᠳᠠᠯᠳᠤᠨ ᠠᠪᠬᠤ ᠳᠤ ᠦᠢᠯᠡᠴᠢᠯᠡᠬᠦ᠂ ᠰᠣᠩᠭᠤᠭᠳᠠᠭᠰᠠᠨ ᠢ ᠢᠯᠡ ᠨᠡᠶᠢᠲᠡᠯᠡᠬᠦ ᠵᠡᠷᠭᠡ | ᠦᠢᠯᠡᠴᠢᠯᠡᠭᠡ ᠬᠠᠩᠭᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠰᠠᠭᠤᠳᠠᠯ ᠤᠨ ᠦᠢᠯᠡᠳᠦᠯ | ᠴᠢᠳᠠᠪᠬᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠦᠰᠡᠯ ᠱᠠᠭᠠᠷᠳᠠᠯᠭ᠎ᠠ ᠶᠢ ᠲᠦᠷᠭᠡᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠬᠦᠰᠡᠯ ᠱᠠᠭᠠᠷᠳᠠᠯᠭ᠎ᠠ ᠶᠢ ᠲᠥᠷᠥᠯ | ᠬᠤᠪᠢᠶᠠᠨ ᠰᠢᠢᠳᠪᠦᠷᠢᠯᠡᠬᠦ᠂ ᠴᠠᠭ ᠬᠢᠵᠠᠭᠠᠷᠯᠠᠨ ᠭᠦᠢᠴᠡᠳᠭᠡᠵᠦ ᠳᠠᠭᠤᠰᠬᠠᠬᠤ᠂ ᠲᠤᠰᠬᠠᠶ ᠬᠥᠮᠦᠨ ᠢᠶᠠᠷ | ᠱᠠᠯᠠᠪᠳᠠᠭᠤᠯᠤᠨ ᠭᠦᠢᠴᠡᠳᠭᠡᠭᠦᠯᠬᠦ᠂ ᠲᠤᠰᠬᠠᠶ ᠬᠥᠮᠦᠨ ᠢᠶᠠᠷ ᠬᠠᠷᠢᠭᠤ ᠰᠤᠷᠪᠤᠯᠵᠢᠯᠠᠭᠤᠯᠬᠤ ᠪᠦᠷᠢᠨ | ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠦᠨ᠎ᠡ᠃ | ᠲᠠᠪᠤ᠂ ᠪᠠᠯᠠ ᠬᠤᠷᠠᠮᠳᠤᠭᠤᠯᠬᠤ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠭᠡᠨ ᠨᠥᠬᠦᠪᠥᠷᠢᠯᠡᠨ᠎ᠡ᠃ | ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠤᠨ ᠢᠲᠡᠭᠡᠮᠵᠢᠲᠦ ᠪᠡᠯᠡ ᠬᠤᠷᠠᠮᠳᠤᠭᠤᠯᠬᠤ ᠲᠦᠭᠰᠢᠭᠦᠷᠢ ᠶᠢ | ᠬᠤᠪᠢᠶᠠᠷᠢᠯᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠠᠷᠠᠳ ᠤᠨ ᠡᠵᠡᠩᠨᠠᠯᠳᠠ ᠶᠢᠨ ᠳᠤᠮᠳᠠ ᠪᠠᠭ᠎ᠠ ᠵᠢᠵᠢᠭ | ᠠᠵᠤ ᠠᠬᠤᠶᠢᠯᠠᠯ ᠤᠨ ᠢᠲᠡᠭᠡᠮᠵᠢᠲᠦ ᠪᠡᠯᠡ ᠬᠤᠷᠠᠮᠳᠤᠭᠤᠯᠬᠤ ᠲᠦᠭᠰᠢᠭᠦᠷᠢ ᠶᠢᠨ ᠬᠤᠪᠢᠶᠠᠷᠢᠯᠠᠨ ᠡᠭᠦᠷᠭᠡᠯᠡᠬᠦ ᠪᠡᠯᠡ | ᠮᠥᠩᠭᠦ ᠶᠢ 1 ᠳ᠋ᠦᠩᠰᠢᠭᠤᠷ ᠲᠥᠭᠦᠷᠢᠭ ᠠᠴᠠ ᠳᠣᠣᠷ᠎ᠠ ᠥᠭᠡᠢ ᠪᠠᠶᠢᠭᠤᠯᠵᠤ᠂ ᠡᠯ᠎ᠡ ᠲᠥᠷᠥᠯ ᠤᠨ ᠪᠡᠯᠡ | ᠬᠤᠷᠠᠮᠳᠤᠭᠤᠯᠬᠤ ᠪᠠᠷᠢᠴᠠᠭᠠᠨ ᠤ ᠲᠠᠪᠴᠠᠩ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠲᠦᠭᠰᠢᠭᠦᠷᠢ | ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠠᠷᠠᠳ ᠤᠨ ᠡᠵᠡᠩᠨᠠᠯᠳᠠ ᠶᠢᠨ ᠪᠠᠭ᠎ᠠ ᠵᠢᠵᠢᠭ ᠠᠵᠤ | ᠠᠬᠤᠶᠢᠯᠠᠯ ᠤᠨ ᠵᠦᠶ ᠪᠤᠰᠤ ᠵᠢᠭᠡᠯᠡᠯᠭᠡ ᠶᠢ ᠬᠦᠯᠢᠴᠡᠬᠦ ᠲᠦᠪᠰᠢᠨ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ | ᠠᠷᠠᠳ ᠤᠨ ᠡᠵᠡᠩᠨᠠᠯᠳᠠ ᠶᠢᠨ ᠪᠠᠭ᠎ᠠ ᠵᠢᠵᠢᠭ ᠠᠵᠤ ᠠᠬᠤᠶᠢᠯᠠᠯ ᠤᠨ ᠠᠩᠬᠠᠨ ᠤ ᠵᠢᠭᠡᠯᠡᠯᠭᠡ᠂ ᠢᠲᠡᠭᠡᠮᠵᠢᠲᠦ | ᠵᠢᠭᠡᠯᠡᠯᠭᠡ᠂ ᠲᠤᠮᠳᠠ ᠣᠷᠳᠣ ᠬᠤᠭᠤᠴᠠᠭᠠᠨ ᠤ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠲᠠᠪᠴᠠᠩ ᠤᠨ ᠴᠢᠳᠠᠮᠵᠢ ᠶᠢ | ᠰᠢᠯᠢᠳᠡᠭᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠦᠢᠯᠡᠴᠢᠯᠡᠭᠡᠨ ᠤ ᠦᠢᠯᠡᠳᠦᠯ ᠴᠢᠳᠠᠪᠬᠢ ᠶᠢ | ᠳᠡᠭᠡᠭᠰᠢᠯᠡᠭᠦᠯᠦᠨ᠎ᠡ᠃ ᠴᠢᠳᠠᠮᠵᠢ ᠨᠢ ᠳᠠᠪᠬᠤᠷᠳᠠᠭᠰᠠᠨ ᠪᠤᠶᠤ ᠠᠵᠢᠯᠯᠠᠭᠠᠨ ᠤ ᠦᠷ᠎ᠡ ᠪᠦᠲᠦᠮᠵᠢ ᠪᠠᠷ ᠳᠤᠤᠷ᠎ᠠ ᠪᠠᠯᠠ | ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠢ ᠡᠮᠬᠢᠯᠡᠨ ᠨᠡᠶᠢᠯᠡᠭᠦᠯᠵᠦ᠂ ᠥᠪᠥᠷ ᠮᠣᠩᠭᠤᠯ ᠤᠨ | ᠳᠤᠮᠳᠠ ᠪᠠᠭ᠎ᠠ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡᠨ ᠤ | ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠴᠣᠷᠢ ᠶᠢᠨ ᠭᠠᠭᠴᠠ ᠪᠠᠯᠠ ᠬᠤᠷᠠᠮᠳᠤᠭᠤᠯᠬᠤ | ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠪᠣᠯᠭᠠᠨ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠡᠵᠡᠩᠨᠡᠬᠦ | ᠭᠤᠤᠯ ᠴᠣᠭᠴᠠ ᠶᠢᠨ ᠪᠠᠯᠠ ᠬᠤᠷᠠᠮᠳᠤᠭᠤᠯᠬᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠢᠲᠡᠭᠡᠮᠵᠢᠲᠦ ᠪᠠᠯᠠ | ᠬᠤᠷᠠᠮᠳᠤᠭᠤᠯᠬᠤ ᠦᠢᠯᠡᠳᠬᠦᠨ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠱᠠᠲᠤᠨ ᠤ ᠢᠲᠡᠭᠡᠮᠵᠢ ᠶᠢᠨ ᠮᠡᠳᠡᠭᠡ ᠵᠠᠩᠬᠢ ᠴᠤᠬᠯᠠᠭᠤᠯᠬᠤ ᠲᠠᠪᠴᠠᠩ ᠬᠢᠭᠡᠳ ᠪᠠᠯᠠ ᠬᠤᠷᠠᠮᠳᠤᠭᠤᠯᠬᠤ | ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠵᠣᠯᠭᠠᠭᠤᠯᠬᠤ ᠶᠢ | ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠡᠵᠡᠩᠨᠠᠯᠳᠠ ᠶᠢᠨ ᠡᠵᠡᠩᠨᠡᠬᠦ ᠭᠤᠤᠯ | ᠴᠣᠭᠴᠠ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠳᠤ ᠲᠦᠢᠯ ᠤᠨ ᠣᠨᠣᠪᠴᠢᠯᠠᠭᠰᠠᠨ᠂ ᠲᠣᠭᠲᠠᠭᠠᠯᠵᠢᠭᠤᠯᠤᠭᠰᠠᠨ | ᠢᠲᠡᠭᠡᠮᠵᠢ ᠶᠢᠨ ᠦᠢᠯᠡᠴᠢᠯᠡᠭᠡ ᠬᠠᠩᠭᠠᠨ᠎ᠠ᠃ | ᠵᠢᠷᠭᠤᠭ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠵᠢᠷᠤᠮᠵᠢᠭᠤᠯᠤᠨ ᠪᠡᠶᠡᠯᠡᠭᠦᠯᠦᠨ᠎ᠡ᠃ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠮᠠᠯᠠᠯᠲᠠ ᠪᠠᠨ ᠪᠡᠶᠡᠯᠡᠭᠦᠯᠦᠭᠰᠡᠨ ᠥᠬᠡᠶ ᠪᠤᠶᠤ ᠬᠦᠢᠴᠡᠳ | ᠪᠡᠶᠡᠯᠡᠭᠦᠯᠦᠭᠰᠡᠨ ᠥᠬᠡᠶ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠵᠦ᠂ ᠭᠥᠯᠢᠶᠡᠨ ᠠᠪᠴᠤ | ᠰᠢᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠨ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠵᠤ᠂ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠲᠦᠷᠭᠡᠳᠭᠡᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠵᠣᠬᠢᠶᠠᠨ ᠪᠠᠶᠢᠭᠤᠯᠵᠤ ᠠᠮᠠᠯᠠᠭᠰᠠᠨ ᠲᠥᠷᠥ ᠶᠢᠨ ᠪᠣᠳᠣᠯᠭ᠎ᠠ᠂ ᠲᠤᠬᠢᠷᠠᠯᠴᠠᠬᠰᠠᠨ ᠬᠡᠯᠡᠯᠴᠡᠭᠡᠷ ᠲᠤ ᠪᠡᠶᠡᠯᠡᠭᠦᠯᠬᠦ ᠴᠠᠭ | ᠬᠤᠭᠤᠴᠠᠭ᠎ᠠ ᠶᠢ ᠨᠢᠭᠡᠳ ᠨᠢᠭᠡ ᠪᠠᠷ ᠲᠣᠭᠲᠠᠭᠠᠨ᠎ᠠ︔ ᠬᠠᠤᠯᠢ ᠲᠣᠭᠲᠠᠭᠠᠯ ᠠᠴᠠ ᠵᠥᠷᠢᠴᠡᠭᠰᠡᠨ ᠠᠮᠠᠯᠠᠯᠲᠠ ᠵᠢᠴᠢ | ᠪᠤᠰᠤᠳ ᠣᠨᠴᠠᠭᠠᠢ ᠰᠢᠯᠲᠠᠭᠠᠨ ᠠᠴᠠ ᠪᠣᠯᠵᠣ ᠠᠮᠠᠯᠠᠯᠳᠠ ᠪᠠᠨ ᠪᠡᠶᠡᠯᠡᠭᠦᠯᠬᠦ ᠶᠢᠨ ᠠᠷᠭ᠎ᠠ ᠥᠬᠡᠶ ᠪᠣᠯᠤᠭᠰᠠᠨ ᠪᠠᠶᠢᠪᠠᠯ | ᠂ ᠨᠥᠬᠦᠪᠥᠷᠢᠯᠡᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠵᠦᠶ ᠵᠣᠬᠢᠰᠲᠠᠶ ᠲᠣᠭᠲᠠᠭᠠᠨ᠎ᠠ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠪᠡᠶᠡᠯᠡᠭᠦᠯᠦᠭᠰᠡᠨ ᠢ ᠵᠠᠷᠯᠠᠨ ᠮᠡᠳᠡᠭᠳᠡᠬᠦ ᠲᠣᠭᠲᠠᠴᠠ ᠶᠢ ᠪᠠᠶᠢᠭᠤᠯᠵᠤ᠂ | ᠬᠠᠤᠯᠢ ᠲᠣᠭᠲᠠᠭᠠᠯ ᠢ ᠵᠥᠷᠢᠴᠡᠭᠰᠡᠨ ᠠᠮᠠᠯᠠᠯᠲᠠ ᠠᠴᠠ ᠪᠤᠯᠵᠤ ᠮᠠᠭᠤ ᠨᠥᠯᠥᠭᠡ ᠭᠠᠷᠭᠠᠭᠰᠠᠨ ᠪᠠᠶᠢᠪᠠᠯ ᠴᠢᠩᠭ᠎ᠠ | ᠰᠢᠢᠳᠪᠦᠷᠢᠯᠡᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ | ᠬᠡᠯᠡᠯᠴᠡᠭᠡᠷ ᠢᠯᠠᠩᠭᠤᠶ᠎ᠠ ︽ᠨᠢᠭᠡ ᠶᠠᠪᠤᠳᠠᠯ ᠢ ᠨᠢᠭᠡ ᠵᠥᠪᠯᠡᠬᠦ︾ ᠲᠥᠷᠥᠯ ᠤᠨ ᠲᠥᠷᠥ ᠶᠢᠨ ᠪᠣᠳᠣᠯᠭ᠎ᠠ ᠶᠢᠨ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠨᠥᠬᠦᠪᠥᠷᠢ᠂ ᠭᠠᠶᠢᠯᠢ | ᠰᠦᠢᠳᠭᠡᠯ ᠢ ᠬᠠᠰᠤᠵᠤ ᠬᠡᠯᠲᠦᠷᠢᠭᠦᠯᠬᠦ᠂ ᠭᠠᠵᠠᠷ ᠬᠡᠷᠡᠭᠯᠡᠬᠦ ᠵᠡᠷᠭᠡ ᠲᠠᠯ᠎ᠠ ᠪᠠᠷ ᠬᠠᠤᠯᠢ ᠲᠣᠭᠲᠠᠭᠠᠯ ᠠᠴᠠ ᠵᠥᠷᠢᠴᠡᠨ | ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠵᠢᠴᠢ ᠡᠬᠢ ᠪᠠᠶᠠᠯᠢᠭ ᠣᠷᠴᠢᠨ ᠲᠣᠭᠤᠷᠢᠨ ᠤ ᠳᠦᠷᠢᠮ ᠪᠣᠯᠤᠨ | ᠲᠥᠷᠥ ᠶᠢᠨ ᠪᠣᠳᠣᠯᠭ᠎ᠠ ᠶᠢᠨ ᠲᠣᠭᠲᠠᠭᠠᠯ ᠠᠴᠠ ᠵᠦᠷᠢᠴᠡᠭᠰᠡᠨ᠂ ᠲᠣᠭᠲᠠᠭᠠᠯ ᠠᠴᠠ ᠵᠥᠷᠢᠴᠡᠨ ᠥᠷᠢ ᠲᠠᠯᠪᠢᠵᠤ | ᠬᠤᠳᠠᠯᠳᠤᠭᠠᠴᠢᠨ ᠤᠷᠢᠵᠤ ᠪᠡᠯᠡ ᠣᠷᠣᠭᠤᠯᠤᠬᠰᠠᠨ ᠵᠡᠷᠭᠡ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠬᠢᠨᠠᠨ | ᠪᠠᠶᠢᠴᠠᠭᠠᠵᠤ᠂ ᠪᠣᠳᠠᠲᠤ ᠪᠠᠶᠢᠳᠠᠯ ᠳᠤ ᠨᠡᠶᠢᠴᠡᠬᠦ ᠦᠭᠡᠶ᠂ ᠣᠷᠣᠨ ᠨᠤᠲᠤᠭ ᠤᠨ ᠴᠢᠳᠠᠪᠤᠷᠢ ᠠᠴᠠ ᠳᠠᠪᠠᠭᠰᠠᠨ | ᠠᠮᠠᠯᠠᠯᠲᠠ ᠬᠢᠬᠦ ᠶᠢ ᠰᠡᠷᠭᠡᠶᠢᠯᠡᠨ᠎ᠡ᠃ | ᠳᠣᠯᠤᠭ᠎ᠠ᠂ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠠᠪᠴᠠᠭᠠᠨ ᠤ | ᠵᠤᠭᠤᠰ ᠢ ᠪᠦᠬᠦ ᠲᠠᠯ᠎ᠠ ᠪᠠᠷ ᠢᠯᠭᠠᠷᠠᠭᠤᠯᠤᠨ᠎ᠠ᠃ ᠠᠷᠠᠳ ᠤᠨ ᠡᠵᠡᠩᠨᠠᠯᠳᠠ ᠶᠢᠨ ᠠᠵᠤ ᠠᠬᠤᠶᠢᠯᠠᠯ ᠪᠠ ᠬᠤᠪᠢ ᠶᠢᠨ | ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠦᠷᠢᠳᠤᠵᠤ ᠪᠠᠶᠢᠭ᠎ᠠ ᠠᠪᠴᠠᠭᠠᠨ ᠤ ᠵᠤᠭᠤᠰ ᠢ ᠰᠢᠢᠳᠪᠦᠷᠢᠯᠡᠬᠦ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠵᠥᠷᠢᠯᠳᠦᠭᠡᠨ ᠥᠬᠡᠶ ᠠᠪᠴᠠᠭᠠᠨ ᠤ | ᠵᠤᠭᠤᠰ ᠢ ᠬᠥᠳᠡᠯᠦᠩᠭᠦᠶ ᠪᠠᠷ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ᠂ ᠦᠯᠡᠳᠡᠭᠡᠯ ᠵᠥᠷᠢᠯᠳᠦᠭᠡᠨ ᠲᠠᠢ | ᠥᠷᠢᠲᠦᠵᠦ ᠪᠠᠶᠢᠭ᠎ᠠ ᠠᠪᠴᠠᠭᠠᠨ ᠤ ᠵᠣᠭᠤᠰ ᠢ ᠰᠶᠢᠳᠪᠤᠷᠢᠯᠡᠬᠦ ᠠᠵᠢᠯ ᠢ ᠬᠤᠭᠤᠴᠠᠭ᠎ᠠ ᠬᠢᠵᠠᠭᠠᠷᠯᠠᠨ ᠪᠡᠶᠡᠯᠡᠭᠦᠯᠵᠦ᠂ | ᠰᠢᠨ᠎ᠡ ᠪᠠᠷ ᠢᠯᠡᠷᠡᠭᠦᠯᠦᠭᠰᠡᠨ ᠥᠷᠢᠲᠦᠵᠦ ᠪᠠᠶᠢᠭ᠎ᠠ ᠠᠪᠴᠠᠭᠠᠨ ᠤ ᠵᠣᠭᠤᠰ ᠢ ᠬᠥᠳᠡᠯᠦᠩᠭᠦᠶ ᠪᠠᠷ ᠰᠶᠢᠳᠪᠤᠷᠢᠯᠡᠬᠦ | ᠲᠣᠭᠲᠠᠴᠠ ᠶᠢ ᠪᠠᠶᠢᠭᠤᠯᠤᠨ᠎ᠠ᠃ ᠥᠷᠢᠲᠦᠵᠦ ᠪᠠᠶᠢᠭ᠎ᠠ ᠠᠪᠴᠠᠭᠠᠨ ᠤ ᠵᠣᠭᠤᠰ ᠢ ᠢᠯᠭᠠᠷᠠᠭᠤᠯᠬᠤ ᠠᠵᠢᠯ ᠢ ᠬᠢᠨᠠᠨ | ᠪᠤᠳᠤᠬᠤ᠂ ᠱᠠᠯᠠᠪᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠵᠡᠷᠭᠡ ᠯᠦᠭᠡ ᠪᠠᠶᠢᠩᠭᠤ | ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠤᠬᠦᠯᠤᠨ᠎ᠠ᠃ | ᠲᠥᠯᠥᠬᠦ ᠬᠠᠷᠢᠭᠤᠴᠠᠯᠭ᠎ᠠ ᠶᠢᠨ ᠭᠤᠣᠯ ᠴᠣᠭᠴᠠ ᠶᠢ ᠵᠣᠬᠢᠶᠠᠨ ᠪᠠᠶᠢᠭᠤᠯᠤᠨ ᠡᠷᠬᠡ ᠲᠡᠭᠰᠢ ᠪᠠᠷ ᠵᠥᠪᠳᠡᠯᠴᠡᠬᠦ᠂ | ᠬᠥᠨᠳᠡᠯᠡᠨ ᠠᠴᠠ ᠲᠠᠰᠤᠯᠬᠤ᠂ ᠵᠠᠷᠭᠤᠯᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠪᠴᠠᠭᠠᠨ ᠤ ᠵᠣᠭᠤᠰ ᠤᠨ | ᠵᠥᠷᠢᠯᠳᠦᠭᠡᠨ ᠢ ᠰᠢᠢᠳᠪᠦᠷᠢᠯᠡᠵᠦ᠂ ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ ᠢ ᠣᠯᠠᠨ ᠠᠷᠭ᠎ᠠ ᠵᠠᠮ ᠢᠶᠠᠷ | ᠨᠢᠭᠡᠳᠦᠯᠲᠡᠶ ᠲᠥᠯᠥᠪᠵᠢᠬᠦᠯᠵᠤ᠂ ᠬᠤᠭᠤᠴᠠᠭ᠎ᠠ ᠬᠢᠵᠠᠭᠠᠷᠯᠠᠨ ᠲᠥᠯᠥᠵᠦ ᠳᠠᠭᠤᠰᠬᠠᠨ᠎ᠠ᠃ ᠬᠠᠤᠯᠢ ᠴᠠᠭᠠᠵᠠ ᠶᠢᠨ | ᠲᠡᠰ ᠳᠠᠷᠠᠭᠠᠯᠠᠯ ᠢᠶᠠᠷ ᠥᠷᠢ ᠰᠢᠷᠢ ᠶᠢ ᠢᠯᠭᠠᠷᠠᠭᠤᠯᠤᠨ ᠲᠢᠭᠯᠡᠬᠦ ᠠᠰᠠᠭᠤᠳᠠᠯ ᠢ ᠰᠢᠢᠳᠪᠦᠷᠢᠯᠡᠬᠦ ᠦᠶ᠎ᠡ ᠳᠤ᠂ ᠬᠡᠷᠡᠭ | ᠪᠠᠶᠢᠭᠠᠳ ᠳᠠᠩᠰᠠᠯᠠᠬᠤ ᠦᠭᠡᠢ᠂ ᠬᠡᠷᠡᠭ ᠢ ᠳᠠᠷᠤᠭᠠᠳ ᠪᠠᠶᠢᠴᠠᠭᠠᠬᠤ ᠦᠭᠡᠢ᠂ ᠬᠤᠭᠤᠴᠠᠭ᠎ᠠ ᠠᠴᠠ ᠬᠡᠲᠦᠷᠡᠭᠦᠯᠦᠨ | ᠰᠢᠢᠳᠪᠦᠷᠢᠯᠡᠵᠦ ᠪᠣᠯᠬᠤ ᠦᠭᠡᠢ᠂ ᠲᠠᠰᠤᠯᠤᠯᠲᠠ ᠬᠢᠭᠰᠡᠨ ᠤ ᠳᠠᠷᠠᠭ᠎ᠠ ᠮᠥᠨ ᠯᠡ ᠭᠦᠢᠴᠡᠳᠭᠡᠬᠦ ᠦᠭᠡᠢ ᠪᠠᠶᠢᠪᠠᠯ | ᠬᠠᠤᠯᠢ ᠶᠣᠰᠣᠭᠠᠷ ᠠᠯᠪᠠᠳᠠᠨ ᠭᠦᠢᠴᠡᠳᠭᠡᠭᠦᠯᠬᠦ ᠬᠡᠷᠡᠭᠲᠡᠢ᠃ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠳᠣᠲᠣᠭᠠᠳᠤ ᠶᠢᠨ ᠠᠵᠢᠯᠲᠠᠨ ᠢᠶᠠᠨ ᠬᠤᠪᠢᠷᠠᠭᠤᠯᠬᠤ᠂ | ᠳᠣᠲᠣᠭᠠᠳᠤ ᠳᠠᠭᠠᠨ ᠵᠣᠭᠤᠰ ᠥᠭᠬᠦ ᠴᠤᠪᠤᠷᠠᠯ ᠢ ᠭᠦᠢᠴᠡᠳᠭᠡᠬᠦ ᠪᠤᠶᠤ ᠭᠡᠷ᠎ᠡ ᠳᠤ ᠪᠣᠯᠵᠣᠨ ᠲᠣᠭᠲᠠᠭᠰᠠᠨ ᠥᠬᠡᠶ | ᠪᠠᠶᠢᠳᠠᠯ ᠳᠤᠤᠷ᠎ᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠴᠣᠬᠤᠯᠠᠪᠤᠷᠢᠯᠠᠬᠤ᠂ ᠲᠥᠰᠦᠪ ᠤᠨ | ᠭᠦᠢᠴᠡᠳᠭᠡᠯ ᠢ ᠬᠢᠨᠠᠨ ᠪᠤᠳᠤᠬᠤ ᠶᠢ ᠬᠦᠯᠢᠶᠡᠬᠦ ᠵᠡᠷᠭᠡ ᠪᠠᠷ ᠰᠢᠯᠲᠠᠭ ᠪᠣᠯᠭᠠᠵᠤ᠂ ᠠᠷᠠᠳ ᠤᠨ ᠡᠵᠡᠩᠨᠡᠯᠳᠠ ᠶᠢᠨ ᠠᠵᠤ | ᠠᠬᠤᠶᠢᠯᠠᠯ ᠤᠨ ᠲᠤᠭᠠᠴᠠᠭ᠎ᠠ ᠬᠢᠬᠦ ᠶᠢ ᠲᠡᠪᠴᠢᠬᠦ ᠪᠤᠶᠤ ᠬᠤᠶᠢᠰᠢᠯᠠᠭᠤᠯᠵᠤ ᠪᠣᠯᠬᠤ ᠥᠬᠡᠶ᠃ | ᠨᠠᠢᠮᠠ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠨ ᠲᠠᠰᠤᠯᠬᠤ᠂ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠬᠠᠮᠵᠢᠯᠴᠠᠨ ᠠᠬᠢᠭᠤᠯᠤᠭᠰᠠᠨ ᠬᠡᠷᠡᠭ ᠲᠤ ᠬᠤᠯᠪᠣᠭᠳᠠᠭᠰᠠᠨ ᠠᠵᠤ | ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ | ᠨᠥᠬᠦᠴᠡᠯ ᠳᠤ ᠨᠡᠶᠢᠴᠡᠭᠰᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠵᠢᠯᠣᠭᠤᠳᠴᠤ ᠪᠠᠶᠢᠭᠠᠳ | ᠲᠣᠭᠲᠠᠭᠠᠯ ᠳᠤ ᠨᠡᠶᠢᠴᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠦᠨ᠎ᠡ᠃ ᠲᠠᠩᠨᠡᠨ ᠪᠠᠶᠢᠴᠠᠭᠠᠵᠤ ᠬᠡᠷᠡᠭ | ᠰᠢᠢᠳᠪᠦᠷᠢᠯᠡᠬᠦ ᠠᠵᠢᠯ ᠤᠨ ᠳᠤᠮᠳᠠ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠴᠡᠪᠳᠡᠭᠯᠡᠬᠦ ᠠᠷᠭ᠎ᠠ | ᠬᠡᠮᠵᠢᠶ᠎ᠡ ᠶᠢ ᠬᠠᠤᠯᠢ ᠶᠣᠰᠣᠭᠠᠷ ᠪᠣᠯᠭᠤᠮᠵᠢᠲᠠᠢ ᠬᠡᠷᠡᠭᠯᠡᠵᠦ᠂ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ | ᠴᠡᠪᠳᠡᠭᠯᠡᠬᠦ ᠳᠤ ᠲᠣᠬᠢᠷᠠᠮᠵᠢ ᠦᠭᠡᠢ ᠡᠵᠡᠩᠨᠡᠯᠲᠡ ᠶᠢᠨ ᠴᠢᠨᠠᠷᠲᠠᠢ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ | ᠪᠣᠳᠠᠰ ᠢ ᠲᠠᠩᠨᠡᠨ ᠪᠠᠶᠢᠴᠠᠭᠠᠬᠤ ᠠᠵᠢᠯᠯᠠᠭ᠎ᠠ ᠶᠢᠨ ᠬᠡᠪ ᠢᠶᠠᠷ ᠶᠠᠪᠤᠭᠳᠠᠬᠤ ᠶᠢ ᠪᠠᠲᠤᠯᠠᠬᠤ ᠶᠢᠨ ᠬᠠᠮᠲᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠦᠷᠭᠦᠯᠵᠢᠯᠡᠨ ᠵᠣᠬᠢᠰᠲᠠᠢ ᠬᠡᠷᠡᠭᠯᠡᠬᠦ ᠶᠢ ᠵᠥᠪᠰᠢᠶᠡᠷᠡᠵᠦ᠂ ᠠᠵᠤ | ᠠᠬᠤᠶᠢᠯᠠᠯ ᠤᠨ ᠲᠣᠭᠲᠠᠭᠤᠨ ᠢᠶᠠᠷ ᠦᠷᠭᠦᠯᠵᠢᠯᠡᠨ ᠡᠵᠡᠩᠨᠡᠬᠦ ᠶᠢ ᠪᠠᠲᠤᠯᠠᠨ᠎ᠠ᠃ | ᠶᠢᠰᠦ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠵᠢᠷᠤᠮᠵᠢᠭᠤᠯᠤᠨ᠎ᠠ᠃ ᠤᠶᠠᠨ ᠴᠢᠨᠠᠷᠲᠠᠶ ᠬᠠᠤᠯᠢ ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠡᠯ᠎ᠡ | ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠥᠯᠥ | ᠰᠢᠢᠳᠭᠡᠬᠦ᠂ ᠬᠥᠩᠭᠡᠷᠡᠭᠦᠯᠦᠨ ᠬᠥᠩᠭᠡᠨ ᠢᠶᠠᠷ ᠰᠢᠢᠳᠭᠡᠬᠦ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠶᠢ ᠥᠯᠥ ᠬᠡᠷᠡᠭᠵᠢᠭᠦᠯᠬᠦ ᠵᠡᠷᠭᠡ ᠵᠦᠢᠯᠡᠰ ᠤᠨ ᠨᠠᠷᠢᠨ ᠲᠠᠩᠰᠠ ᠶᠢ ᠬᠠᠤᠯᠢ ᠶᠣᠰᠣᠭᠠᠷ ᠪᠠᠶᠢᠭᠤᠯᠬᠤ ᠶᠢᠨ | ᠬᠠᠮᠳᠦ ᠢᠯᠡ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠪᠦᠬᠦᠨ ᠢ ᠬᠠᠮᠤᠷᠤᠬᠰᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ | ᠲᠣᠭᠲᠠᠭᠠᠯ ᠠᠴᠠ ᠵᠥᠷᠢᠴᠡᠭᠰᠡᠨ᠂ ᠵᠦᠶ ᠵᠣᠬᠢᠰ ᠥᠬᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ | ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠤᠨ᠎ᠠ᠃ | ᠠᠷᠪᠠ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠤᠨ | ᠬᠠᠮᠠᠭᠠᠯᠠᠯᠲᠠ ᠶᠢ ᠴᠢᠩᠭᠠᠳᠬᠠᠨ᠎ᠠ᠃ ᠤᠨᠳᠤᠤ ᠭᠠᠵᠠᠷ ᠪᠠᠯᠠ ᠣᠷᠣᠭᠤᠯᠤᠨ ᠡᠵᠡᠩᠨᠡᠵᠦ ᠬᠠᠮᠵᠢᠯᠴᠠᠬᠤ ᠲᠣᠭᠲᠠᠴᠠ ᠶᠢ | ᠪᠠᠶᠢᠭᠤᠯᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠤᠰᠢᠭᠤ ᠰᠢᠶᠠᠨ ᠠᠯᠤᠰᠯᠠᠭᠰᠠᠨ᠂ ᠠᠶᠢᠮᠠᠭ | ᠬᠤᠲᠠ ᠠᠯᠤᠰᠯᠠᠭᠰᠠᠨ᠂ ᠮᠤᠵᠢ ᠣᠷᠣᠨ ᠠᠯᠤᠰᠯᠠᠭᠰᠠᠨ ᠪᠠᠯᠠ ᠣᠷᠣᠭᠤᠯᠤᠨ ᠡᠵᠡᠩᠨᠡᠬᠦ ᠳᠤᠮᠳᠠ ᠲᠤᠯᠭᠠᠷᠠᠭᠰᠠᠨ | ᠭᠤᠤᠯᠴᠢ ᠪᠤᠰᠤ ᠪᠠᠷ ᠬᠠᠨᠳᠤᠬᠳᠠᠭᠰᠠᠨ ᠵᠡᠷᠭᠡ ᠠᠰᠠᠭᠤᠳᠠᠯ ᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ | ᠲᠥᠷᠥᠯ ᠢᠶᠠᠷ ᠢᠶᠠᠨ ᠵᠣᠬᠢᠴᠠᠯᠳᠤᠬᠤ ᠵᠠᠷᠴᠢᠮ ᠶᠣᠰᠣᠭᠠᠷ ᠢᠳᠡᠪᠬᠢᠲᠡᠶ ᠪᠠᠷ ᠵᠣᠬᠢᠴᠠᠭᠤᠯᠤᠨ ᠰᠢᠢᠳᠪᠦᠷᠢᠯᠡᠨ᠎ᠡ᠃ | ᠲᠣᠮᠢᠯᠠᠭᠰᠠᠨ ᠨᠢᠭᠡᠴᠢ᠂ ᠭᠤᠤᠯᠯᠠᠨ ᠬᠠᠮᠢᠶᠠᠷᠬᠤ ︵ᠬᠢᠨᠠᠨ ᠬᠠᠮᠢᠶᠠᠷᠬᠤ︶ ᠰᠠᠯᠠᠭ᠎ᠠ ᠮᠥᠴᠢᠷ ᠤᠳ ᠮᠠᠨ ᠤ ᠣᠷᠣᠨ ᠤ | ᠬᠢᠯᠢ ᠶᠢᠨ ᠭᠠᠳᠠᠨᠠᠬᠢ ᠠᠵᠤ ᠠᠬᠤᠶᠢᠯᠠᠯ ᠪᠣᠯᠤᠨ ᠲᠥᠷᠥᠯ ᠵᠦᠢᠯ ᠳᠤ ᠠᠮᠤᠷ ᠲᠦᠪᠰᠢᠨ ᠤ ᠪᠤᠯᠪᠠᠰᠤᠷᠠᠯ | ᠥᠷᠨᠢᠭᠦᠯᠬᠦ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠠᠮᠤᠷ ᠲᠦᠪᠰᠢᠨ ᠤ ᠰᠡᠷᠭᠡᠶᠢᠯᠡᠯᠳᠡ ᠪᠠ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ | ᠠᠷᠪᠠᠨ ᠨᠢᠭᠡ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠡᠮᠬᠢ ᠵᠢᠷᠤᠮ ᠢ ᠮᠠᠭᠤ ᠰᠠᠨᠠᠭ᠎ᠠ ᠲᠠᠢ ᠪᠠᠷ ᠡᠪᠳᠡᠭᠰᠡᠨ | ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠭᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠮᠥᠩᠭᠦᠨ ᠭᠦᠢᠯᠭᠡᠭᠡ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ | ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ | ᠪᠤᠰᠤ ᠥᠨᠳᠥᠷ ᠬᠦᠦ ᠲᠠᠢ ᠵᠢᠭᠡᠯᠡᠯᠭᠡ ᠲᠠᠯᠪᠢᠬᠤ᠂ ᠮᠠᠭᠤ ᠰᠠᠨᠠᠭ᠎ᠠ ᠲᠠᠢ ᠪᠠᠷ ᠠᠵᠢᠯ ᠰᠠᠭᠠᠳᠠᠬᠤ᠂ ᠠᠵᠤ | ᠠᠬᠤᠶᠢᠯᠠᠯ ᠤᠨ ᠠᠵᠤ ᠠᠬᠤᠶ ᠶᠢᠨ ᠵᠠᠭᠤᠷᠠᠯᠳᠤᠭᠠᠨ ᠳᠤ ᠭᠠᠷ ᠲᠦᠷᠦᠬᠦ ᠵᠡᠷᠭᠡ ᠬᠠᠷ᠎ᠠ ᠪᠦᠯᠦᠭᠲᠡᠨ ᠬᠠᠷᠭᠢᠰ | ᠬᠦᠴᠦᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠣᠳᠠᠲᠤ ᠬᠡᠷᠡᠭ ᠢ ᠭᠠᠵᠢᠭᠤᠳᠠᠭᠤᠯᠬᠤ᠂ | ᠭᠦᠳᠭᠡᠨ ᠵᠠᠭᠠᠯᠳᠤᠵᠤ ᠬᠤᠤᠷᠯᠠᠬᠤ᠂ ᠮᠠᠭᠤ ᠰᠠᠨᠠᠭ᠎ᠠ ᠲᠠᠢ ᠪᠠᠷ ᠵᠠᠬᠢᠳᠠᠯ ᠰᠤᠷᠪᠤᠯᠵᠢᠯᠠᠯ ᠬᠢᠬᠦ ᠵᠡᠷᠭᠡ ᠠᠷᠭ᠎ᠠ | ᠮᠠᠶ᠋ᠢᠭ ᠢᠶᠠᠷ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠡᠪᠳᠡᠬᠦ᠂ ᠵᠠᠰᠠᠭ ᠠᠵᠤ ᠠᠬᠤᠶᠢᠯᠠᠯ ᠤᠨ ᠠᠵᠢᠯ ᠤᠨ ᠡᠮᠬᠢ | ᠳᠢᠭᠯᠢᠮ ᠢ ᠰᠠᠮᠠᠭᠤᠷᠠᠭᠤᠯᠬᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠪᠣᠯᠤᠨ ᠠᠵᠤ ᠠᠬᠤᠶᠢᠯᠠᠯᠲᠠᠨ ᠤ | ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠨᠥᠯᠥᠭᠡᠯᠡᠬᠦ ᠶᠢ | ᠬᠠᠤᠯᠢ ᠶᠣᠰᠣᠭᠠᠷ ᠴᠢᠩᠭ᠎ᠠ ᠰᠢᠢᠳᠭᠡᠨ᠎ᠡ᠃ | ᠠᠷᠪᠠᠨ ᠬᠤᠶᠠᠷ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤᠮᠳᠠᠬᠢ | ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠷᠠᠳ ᠤᠨ | ᠡᠵᠡᠩᠨᠡᠯᠳᠡ ᠶᠢᠨ ᠠᠵᠤ ᠠᠬᠤᠶᠢᠯᠠᠯ ᠤᠨ ᠡᠯ᠎ᠡ ᠲᠥᠷᠥᠯ ᠤᠨ ᠰᠤᠳᠤᠯᠭᠠᠨ ᠤ ᠪᠠᠶᠢᠭᠤᠯᠤᠮᠵᠢ ᠯᠤᠭ᠎ᠠ ᠬᠤᠯᠪᠣᠭᠠᠯᠠᠨ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ︽ᠲᠤᠩᠬᠠᠬ ᠨᠡᠶᠢᠳᠡᠯᠡᠨ ᠮᠠᠩᠯᠠᠶᠢᠯᠠᠬᠴᠢ | ᠡᠯᠰᠡᠬᠦ︾ ᠵᠡᠷᠭᠡ ᠠᠷᠭ᠎ᠠ ᠮᠠᠶ᠋ᠢᠭ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠤᠭᠤᠮᠳᠠ ᠰᠢᠪᠲᠤᠯᠬᠤ︾ | ᠢᠨᠵᠧᠨᠧᠷᠢᠩ ᠤᠨ ᠭᠤᠤᠯᠳᠠᠯᠭ᠎ᠠ ᠲᠠᠢ ᠲᠥᠷᠥᠯ ᠵᠦᠢᠯ᠂ ᠲᠤᠰᠬᠠᠶ ᠲᠥᠯᠥᠪᠯᠡᠭᠡ ᠵᠢᠴᠢ ᠤᠯᠤᠰ ᠪᠠ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠳᠤ ᠣᠷᠣᠯᠴᠠᠬᠤ ᠶᠢ | ᠳᠡᠮᠵᠢᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠵᠢᠱᠢᠶ᠎ᠡ ᠦᠵᠡᠭᠦᠯᠬᠦ ᠢᠨᠵᠧᠨᠧᠷᠢᠩ᠂ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢ ᠲᠦᠷᠦᠭᠦᠯᠡᠨ | ᠬᠡᠷᠡᠭᠵᠢᠭᠦᠯᠬᠦ ᠶᠢ ᠵᠣᠷᠢᠭᠵᠢᠭᠤᠯᠵᠤ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠵᠢᠴᠢ ᠠᠩᠬᠠᠨ ᠤ ᠢᠵᠢ | ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ ᠠᠷᠠᠳ ᠤᠨ | ᠡᠵᠡᠩᠨᠡᠯᠳᠡ ᠶᠢᠨ ᠠᠵᠤ ᠠᠬᠤᠶᠢᠯᠠᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠦᠷ᠎ᠡ ᠪᠦᠲᠦᠭᠡᠯ ᠢ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠵᠡᠷᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠰᠠᠭᠤᠷᠢᠨ ᠪᠠᠶᠢᠭᠤᠯᠬᠤ ᠶᠢ ᠳᠡᠮᠵᠢᠨ᠎ᠡ᠃ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠤᠶᠠᠨ ᠬᠠᠳᠠᠨ ᠨᠡᠮᠡᠭᠳᠡᠯ ᠤᠨ | ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠡᠵᠡᠯᠡᠬᠦ ᠬᠤᠪᠢ ᠶᠢᠨ ᠵᠢᠩ ᠢ | ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ | ᠵᠠᠩᠭᠢᠯᠠᠭ᠎ᠠ ᠶᠢᠨ ᠠᠵᠢᠯ ᠲᠥᠷᠥᠯ ᠤᠨ ᠠᠷᠠᠳ ᠤᠨ ᠡᠵᠡᠩᠨᠡᠯᠳᠡ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ᠂ ᠲᠤᠰᠬᠠᠶ ᠨᠠᠷᠢᠯᠢᠭ | ᠣᠨᠴᠠᠭᠠᠢ ᠰᠢᠨ᠎ᠡ ᠳᠤᠮᠳᠠ ᠪᠠᠭ᠎ᠠ ᠠᠵᠤ ᠠᠬᠤᠶᠢᠯᠠᠯ ᠪᠣᠯᠤᠨ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠳᠤᠮᠳᠠ | ᠪᠠᠭ᠎ᠠ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠯᠡᠯ ᠢ ᠶᠡᠭᠡ ᠪᠠᠷ ᠪᠤᠶᠢᠵᠢᠭᠤᠯᠤᠨ᠎ᠠ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠤᠰᠤᠲᠥ᠋ᠷᠥᠭᠴᠢ ᠡᠨᠧᠷᠭᠢ᠂ ᠡᠨᠧᠷᠭᠢ ᠨᠦᠬᠡᠴᠡᠯᠡᠬᠦ᠂ ᠬᠤᠪᠣᠷ | ᠰᠢᠷᠣᠶ᠂ ᠰᠦ ᠶᠢᠨ ᠦᠢᠯᠡᠰ᠂ ᠠᠮᠢᠳᠤ ᠪᠣᠳᠠᠰ ᠤᠨ ᠡᠮ ᠦᠢᠯᠡᠳᠬᠦ ᠵᠡᠷᠭᠡ ᠭᠤᠤᠯᠳᠠᠯᠭ᠎ᠠ ᠲᠠᠢ ᠠᠵᠤ ᠦᠢᠯᠡᠰ | ᠤᠨ ᠬᠡᠯᠬᠢᠶ᠎ᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠠᠬᠢᠭᠤᠯᠤᠨ᠎ᠠ᠃ | ᠠᠷᠪᠠᠨ ᠭᠤᠷᠪᠠ᠂ ᠲᠤᠨᠤᠭ ᠲᠥᠬᠦᠭᠡᠷᠦᠮᠵᠢ ᠪᠠᠨ ᠰᠢᠨᠡᠳᠭᠡᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠶᠢ | ᠲᠦᠷᠭᠡᠳᠭᠡᠨ ᠠᠬᠢᠭᠤᠯᠤᠨ᠎ᠠ᠃ ᠠᠵᠤ ᠦᠢᠯᠡᠳᠪᠦᠷᠢ᠂ ᠲᠠᠷᠢᠶᠠᠯᠠᠩ᠂ ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ | ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ ᠬᠦᠷᠢᠶ᠎ᠡ ᠶᠢᠨ ᠲᠤᠨᠤᠭ ᠲᠥᠬᠦᠭᠡᠷᠦᠮᠵᠢ ᠶᠢ ᠰᠢᠨᠡᠳᠭᠡᠨ | ᠥᠭᠡᠷᠡᠴᠢᠯᠡᠬᠦ ᠲᠤᠰᠬᠠᠶ ᠠᠵᠢᠯ ᠢ ᠥᠷᠨᠢᠭᠦᠯᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠲᠣᠮᠣ | ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠭᠡᠨ ︽ᠬᠡᠷ ᠲᠤᠨᠢ ᠬᠦᠷᠴᠦ ᠦᠢᠯᠡᠴᠢᠯᠡᠬᠦ︾ ᠶᠢ ᠬᠡᠷᠡᠭᠵᠢᠭᠦᠯᠦᠨ᠂ | ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠢ ᠪᠠᠭᠠᠰᠬᠠᠬᠤ᠂ ᠬᠡᠲᠦ ᠪᠠᠭ᠎ᠠ ᠭᠠᠳᠠᠭᠰᠢᠯᠠᠭᠤᠯᠬᠤ᠂ ᠠᠶᠤᠯᠭᠦᠢ ᠦᠢᠯᠡᠳᠪᠦᠷᠢᠯᠡᠯ᠂ | ᠲᠣᠭᠠᠴᠢᠯᠠᠯᠳᠠ ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠤᠶᠤᠨᠴᠢᠯᠠᠯᠳᠠ ᠲᠡᠶᠢᠰᠢ ᠲᠠᠰ ᠳᠡᠪᠰᠢᠭᠦᠯᠬᠦ ᠵᠡᠷᠭᠡ | ᠲᠠᠯ᠎ᠠ ᠪᠠᠷ ᠬᠢ ᠦᠢᠯᠡᠳᠪᠦᠷᠢᠯᠡᠯ ᠤᠨ ᠤᠷ᠎ᠠ ᠮᠡᠷᠭᠡᠰᠢᠯ ᠢᠶᠠᠨ ᠰᠠᠶᠢᠵᠢᠷᠠᠭᠤᠯᠬᠤ᠂ ᠦᠢᠯᠡᠳᠪᠦᠷᠢᠯᠡᠯ ᠤᠨ | ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ | ᠠᠷᠪᠠᠨ ᠳᠥᠷᠪᠡ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠦᠢᠯᠡᠰ | ᠪᠤᠰᠬᠠᠬᠤ ᠶᠢ ᠬᠦᠨᠳᠦᠳᠭᠡᠬᠦ ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ ᠪᠣᠯᠭᠠᠨ᠎ᠠ᠃ ᠡᠷᠬᠡ ᠲᠡᠭᠰᠢ ᠪᠠᠷ | ᠥᠷᠢᠰᠥᠯᠳᠦᠬᠦ ᠳᠦᠷᠢᠮ ᠤᠨ ᠪᠣᠷᠣ ᠲᠥᠯᠥᠪ ᠪᠣᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ | ᠬᠠᠨᠳᠤᠬᠤ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠥᠮᠴᠢᠯᠡᠯ ᠤᠨ ᠳᠦᠷᠢᠮᠲᠦ ᠠᠵᠤ | ᠠᠬᠤᠶᠢᠯᠠᠯ ᠤᠨ ᠬᠠᠤᠯᠢ ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠢ ᠬᠡᠷᠡᠭᠯᠡᠬᠦ᠂ | ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠡᠷᠬᠡ ᠲᠡᠭᠰᠢ ᠪᠠᠷ ᠣᠷᠣᠯᠴᠠᠬᠤ᠂ ᠬᠠᠤᠯᠢ ᠴᠠᠭᠠᠵᠠ ᠶᠢᠨ | ᠬᠠᠮᠠᠭᠠᠯᠠᠯᠲᠠ ᠶᠢ ᠠᠳᠠᠯᠢ ᠪᠠᠷ ᠬᠦᠷᠲᠡᠬᠦ ᠶᠢ ᠪᠠᠳᠤᠯᠠᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠢᠳᠡᠭ | ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠪᠣᠯᠤᠨ ᠰᠢᠯᠢᠳᠡᠭ ᠠᠷᠠᠳ ᠤᠨ ᠡᠵᠡᠩᠨᠡᠯᠳᠡ ᠶᠢᠨ ᠠᠵᠤ | ᠠᠬᠤᠶᠢᠯᠠᠯᠲᠠᠨ ᠢ ᠰᠢᠯᠭᠠᠷᠠᠭᠤᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠥᠬᠦᠴᠡᠯ ᠳᠤ | ᠨᠡᠶᠢᠴᠡᠬᠦ ᠰᠢᠯᠢᠳᠡᠭ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯᠲᠠᠨ ᠢ ᠨᠠᠮ ᠤᠨ ᠲᠥᠯᠥᠭᠡᠯᠡᠭᠴᠢ ᠶᠢᠨ | ᠵᠢᠱᠢᠭᠳᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠵᠢᠱᠢᠭᠳᠡᠭᠴᠢ ᠪᠠ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠵᠢᠱᠢᠭᠳᠡᠭᠴᠢ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠲᠤᠰᠢᠶᠠᠯ ᠬᠠᠪᠰᠤᠷᠭᠠᠭᠰᠠᠨ ᠺᠠᠳ᠋ᠷ᠂ ᠵᠠᠰᠠᠭ ᠤᠨ ᠣᠷᠳᠣᠨ ᠤ ᠵᠥᠪᠯᠡᠭᠴᠢ ︵ᠲᠤᠰᠬᠠᠶ | ᠮᠡᠷᠭᠡᠵᠢᠯᠲᠡᠨ︶ ᠪᠠᠷ ᠲᠠᠨᠢᠯᠴᠠᠭᠤᠯᠤᠨ᠎ᠠ᠃ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ ᠪᠠᠷ ᠡᠭᠦᠷᠭᠡᠯᠡᠭᠦᠯᠵᠦ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠪᠣᠬᠢᠷᠲᠤᠯ ᠦᠭᠡᠶ ᠬᠥᠭᠵᠢᠭᠦᠯᠬᠦ ᠵᠡᠷᠭᠡ | ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠶ ᠣᠷᠣᠯᠴᠠᠭᠤᠯᠤᠨ᠎ᠠ᠃ ᠠᠷᠠᠳ ᠤᠨ ᠡᠵᠡᠩᠨᠡᠯᠳᠡ ᠶᠢᠨ ᠠᠵᠤ | ᠠᠬᠤᠶᠢᠯᠠᠯᠲᠠᠳ ᠢ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠷᠠᠳ ᠤᠨ | ᠡᠵᠡᠩᠨᠡᠯᠲᠡ ᠶᠢᠨ ᠰᠢᠯᠢᠳᠡᠭ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠥᠭᠵᠢᠯᠲᠡ | ᠶᠢᠨ ᠠᠮᠵᠢᠯᠲᠠ ᠪᠦᠲᠦᠮᠵᠢ᠂ ᠲᠡᠷᠢᠭᠦᠨ ᠤ ᠦᠢᠯᠡ ᠠᠵᠢᠯᠯᠠᠭ᠎ᠠ ᠪᠠ ᠨᠡᠶᠢᠭᠡᠮ ᠤᠨ ᠬᠤᠪᠢ ᠨᠡᠮᠡᠷᠢ ᠶᠢ ᠶᠡᠭᠡ ᠪᠠᠷ | ᠤᠬᠠᠭᠤᠯᠵᠤ᠂ ᠠᠷᠠᠳ ᠤᠨ ᠡᠵᠡᠩᠨᠡᠯᠲᠡ ᠶᠢᠨ ᠰᠢᠯᠢᠳᠡᠭ ᠠᠵᠤ ᠠᠬᠤᠶᠢᠯᠠᠯᠲᠠᠨ ᠤ ᠡᠪᠡᠳᠴᠢᠨ ᠦᠵᠡᠭᠦᠯᠬᠦ᠂ ᠦᠷ᠎ᠡ | ᠬᠡᠦᠬᠡᠳ ᠤᠨ ᠬᠢᠨᠢ ᠰᠤᠷᠭᠠᠨ ᠬᠥᠮᠦᠵᠢᠯ᠂ ᠶᠠᠪᠤᠵᠤ ᠰᠠᠭᠤᠬᠤ ᠳᠤ ᠲᠥᠬᠦᠮ ᠦᠵᠡᠭᠦᠯᠬᠦ ᠵᠡᠷᠭᠡ ᠶᠣᠰᠣᠷᠬᠠᠭ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢ ᠠᠵᠤ ᠠᠬᠤᠶᠢᠯᠠᠯ ᠪᠣᠯᠭᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠬᠤᠪᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠠᠷᠪᠠᠨ ᠲᠠᠪᠤ᠂ ᠭᠤᠤᠯᠳᠠᠯᠭ᠎ᠠ ᠲᠠᠢ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠲᠠᠢ ᠬᠠᠷᠢᠯᠴᠠᠵᠤ | ᠦᠢᠯᠡᠴᠢᠯᠡᠬᠦ ᠲᠦᠷᠢᠮ ᠢ ᠪᠦᠷᠢᠨᠰᠢᠭᠦᠯᠦᠨ᠎ᠡ᠃ ᠡᠯ᠎ᠡ ᠱᠠᠲᠤᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠲᠠᠢ ᠬᠠᠷᠢᠯᠴᠠᠵᠤ ᠦᠢᠯᠡᠴᠢᠯᠡᠬᠦ ᠨᠡᠷᠡᠰ ᠢ ᠲᠣᠭᠲᠠᠭᠠᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠤᠳᠤᠷᠢᠳᠬᠤ ᠺᠠᠳ᠋ᠷ ᠳᠠᠭᠠᠭᠠᠴᠢᠯᠠᠨ ᠬᠤᠯᠪᠣᠭᠠᠯᠠᠬᠤ᠂ | ᠲᠤᠰᠬᠠᠢ ᠬᠥᠮᠦᠨ ᠬᠠᠷᠢᠭᠤᠴᠠᠬᠤ ᠵᠡᠷᠭᠡ ᠶᠢ ᠬᠡᠷᠡᠭᠵᠢᠭᠦᠯᠦᠨ᠎ᠡ᠃ ᠵᠠᠰᠠᠭ ᠬᠤᠳᠠᠯᠳᠤᠭᠠᠨ ᠤ ᠬᠠᠷᠢᠯᠴᠠᠭᠠᠨ ᠤ | ᠢᠳᠡᠪᠬᠢ ᠲᠠᠯ᠎ᠠ᠂ ᠨᠠᠵᠠᠭᠠᠶ ᠲᠠᠯ᠎ᠠ ᠪᠠ ᠰᠠᠨᠠᠭᠠᠴᠢᠯᠠᠭ᠎ᠠ ᠶᠢᠨ ᠨᠠᠷᠢᠨ ᠳᠠᠩᠰᠠ ᠶᠢ ᠲᠣᠭᠲᠠᠭᠠᠨ᠎ᠠ᠃ ᠰᠠᠨᠠᠯ ᠰᠣᠨᠣᠰᠬᠤ | ᠂ ᠪᠢᠴᠢᠭ ᠮᠠᠲ᠋ᠧᠷᠢᠶᠠᠯ ᠢ ᠤᠩᠰᠢᠨ ᠦᠵᠡᠬᠦ ᠠᠷᠭ᠎ᠠ ᠵᠠᠮ ᠢ ᠰᠢᠯᠤᠭᠤᠳᠬᠠᠬᠤ᠂ ᠬᠠᠮᠢᠶ᠎ᠠ ᠪᠥᠬᠦᠶ ᠬᠤᠷᠠᠯ ᠳᠤ ᠤᠷᠢᠨ | ᠣᠷᠣᠯᠴᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠳ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠶᠢ | ᠳᠡᠮᠵᠢᠨ᠎ᠡ᠃ | ᠠᠷᠪᠠᠨ ᠵᠢᠷᠭᠤᠭ᠎ᠠ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠳᠡᠭᠡᠳᠦ ᠳᠡᠰ ᠳᠠᠪᠬᠤᠷᠭ᠎ᠠ ᠶᠢᠨ | ᠴᠢᠳᠠᠪᠤᠷᠢᠲᠠᠨ ᠣᠷᠣᠭᠤᠯᠵᠤ ᠢᠷᠡᠬᠦ ᠶᠢ ᠳᠡᠮᠵᠢᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠤᠬᠠᠶ ᠬᠡᠷᠡᠭᠵᠢᠭᠦᠯᠬᠦ ᠠᠷᠭ᠎ᠠ︾ ᠳᠤ ᠵᠠᠰᠠᠪᠤᠷᠢ | ᠣᠷᠣᠭᠤᠯᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠣᠭᠢᠷᠠᠬᠤ ᠬᠡᠪᠴᠢᠶᠡᠨ ᠳᠤ ᠣᠷᠣᠭᠤᠯᠵᠤ᠂ ᠵᠠᠰᠠᠭ ᠤᠨ ᠣᠷᠳᠣᠨ ᠤ | ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠬᠠᠷᠠᠭᠠᠯᠵᠠᠭᠰᠠᠨ ᠲᠥᠷᠥᠯ ᠢᠯᠭᠠᠯ ᠶᠣᠰᠣᠭᠠᠷ ᠰᠢᠨᠵᠢᠯᠡᠬᠦ | ᠤᠬᠠᠭᠠᠨ ᠤ ᠰᠤᠳᠤᠯᠭᠠᠨ ᠤ ᠳᠡᠮᠵᠢᠯᠭᠡ᠂ ᠬᠠᠷᠠᠭᠠᠯᠵᠠᠯ ᠤᠨ ᠪᠠᠲᠤᠯᠠᠭ᠎ᠠ᠂ ᠴᠢᠳᠠᠪᠤᠷᠢᠲᠠᠨ ᠤ ᠰᠢᠯᠵᠢᠯᠲᠡ ᠵᠡᠷᠭᠡ | ᠲᠠᠯ᠎ᠠ ᠪᠠᠷ ᠠᠳᠠᠯᠢ ᠲᠡᠭᠰᠢ ᠬᠠᠷᠠᠭᠠᠯᠵᠠᠯ ᠦᠵᠡᠭᠦᠯᠦᠨ᠎ᠡ᠃ | ᠠᠷᠪᠠᠨ ᠳᠣᠯᠤᠭ᠎ᠠ᠂ ᠠᠵᠤ ᠠᠬᠤᠶᠢᠯᠠᠯ ᠳᠤ ᠬᠤᠯᠪᠣᠭᠳᠠᠬᠰᠠᠨ ᠲᠥᠷᠥ ᠶᠢᠨ ᠪᠣᠳᠣᠯᠭ᠎ᠠ ᠶᠢ ᠰᠢᠭᠤᠳ ᠬᠦᠷᠭᠡᠵᠦ | ᠲᠦᠷᠭᠡᠨ ᠡᠳ᠋ᠯᠡᠬᠦ ᠶᠢ ᠠᠬᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠳᠤ ᠰᠢᠭᠤᠳ ᠬᠠᠨᠳᠤᠭᠤᠯᠤᠭᠰᠠᠨ ᠲᠥᠷᠥ ᠶᠢᠨ ᠪᠣᠳᠣᠯᠭ᠎ᠠ ᠶᠢ ᠨᠡᠶᠢᠲᠡᠯᠡᠬᠦ | ᠪᠠ ᠲᠠᠶᠢᠯᠤᠮᠵᠢ ᠬᠢᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ︽ᠥᠪᠥᠷ ᠮᠣᠩᠭᠤᠯ ᠤᠨ ᠠᠵᠤ | ᠠᠬᠤᠶᠢᠯᠠᠯ ᠳᠤ ᠨᠡᠪᠲᠡᠷᠡᠬᠦᠯᠬᠦ︾ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ᠂ 96888 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠵᠡᠷᠭᠡ ᠠᠷᠭ᠎ᠠ ᠵᠠᠮ ᠳᠤ ᠲᠦᠰᠢᠭᠯᠡᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠠᠵᠤ ᠠᠬᠤᠶᠢᠯᠠᠯ ᠳᠤ ᠬᠤᠯᠪᠣᠭᠳᠠᠭᠰᠠᠨ | ᠲᠥᠷᠥ ᠶᠢᠨ ᠪᠣᠳᠣᠯᠭ᠎ᠠ ᠶᠢ ᠣᠨᠣᠪᠴᠢᠲᠠᠶ ᠪᠠᠷ ᠬᠦᠷᠭᠡᠨ᠎ᠡ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢᠨ ᠭᠠᠷᠴᠠᠭ ᠤᠨ ᠨᠠᠷᠢᠨ ᠲᠠᠩᠰᠠ ᠶᠢ ᠪᠠᠶᠢᠭᠤᠯᠬᠤ ᠶᠢᠨ ᠬᠠᠮᠲᠤ ᠴᠠᠭ ᠲᠤᠬᠠᠶ ᠳᠤᠨᠢ | ᠨᠡᠶᠢᠭᠡᠮ ᠳᠤ ᠢᠯᠡ ᠪᠣᠯᠭᠠᠨ᠎ᠠ᠃ ᠠᠵᠤ ᠠᠬᠤᠶᠢᠯᠠᠯ ᠳᠤ ᠬᠤᠯᠪᠣᠭᠳᠠᠬᠰᠠᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠭᠰᠠᠨ ᠦᠭᠡᠢ ᠵᠠᠭᠠᠯᠳᠤᠬᠤ ᠢᠯᠡᠴᠢᠯᠡᠨ ᠮᠡᠳᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ | ᠨᠥᠬᠦᠴᠡᠯ ᠳᠤ ᠨᠡᠶᠢᠴᠡᠬᠦ ᠲᠥᠪ ᠠᠴᠠ ᠪᠠᠭᠤᠯᠭᠠᠭᠰᠠᠨ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠲᠥᠰᠦᠪ ᠲᠤ ᠲᠣᠬᠢᠷᠠᠭᠤᠯᠤᠭᠰᠠᠨ ᠬᠡᠰᠡᠭ ᠠᠴᠠ ᠳᠣᠷᠣᠭᠰᠢ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ | ᠲᠤᠰᠬᠠᠶ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠷᠤᠯᠭ᠎ᠠ ᠪᠣᠯᠭᠠᠨ ᠲᠣᠬᠢᠷᠠᠭᠤᠯᠵᠤ᠂ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠥᠭᠬᠦ ᠴᠤᠪᠤᠷᠠᠯ ᠤᠨ ᠶᠣᠰᠣᠭᠠᠷ ᠬᠠᠮᠢᠶ᠎ᠠ ᠪᠦᠬᠦᠢ ᠠᠵᠤ | ᠠᠬᠤᠶᠢᠯᠠᠯ ᠳᠤ ᠰᠢᠭᠤᠳ ᠣᠯᠭᠤᠨ᠎ᠠ᠃ ᠳᠤᠮᠳᠠ ᠪᠠᠭ᠎ᠠ ᠠᠵᠤ ᠠᠬᠤᠶᠢᠯᠠᠯ ᠠᠴᠠ ᠦᠢᠯᠡᠴᠢᠯᠡᠭᠡ ᠬᠠᠩᠭᠠᠬᠤ ᠳᠤ | ᠲᠣᠬᠢᠷᠠᠬᠤ ᠮᠥᠷᠲᠡᠭᠡᠨ ᠵᠣᠭᠤᠰ ᠤᠨ ᠲᠤᠭ᠎ᠠ ᠨᠢ 400 ᠲᠦᠮᠡᠨ ᠲᠥᠭᠦᠷᠢᠭ ᠠᠴᠠ ᠳᠡᠭᠡᠭᠰᠢᠬᠢ ᠢᠨᠵᠧᠨᠧᠷᠢᠩ ᠤᠨ | ᠬᠤᠳᠠᠯᠳᠤᠨ ᠠᠪᠬᠤ ᠲᠥᠷᠥᠯ ᠵᠦᠢᠯ ᠳᠤ ᠪᠣᠯ ᠱᠠᠲᠤᠴᠢ ᠴᠢᠨᠠᠷᠲᠠᠶ ᠪᠠᠷ ᠳᠤᠮᠳᠠ ᠪᠠᠭ᠎ᠠ ᠠᠵᠤ ᠠᠬᠤᠶᠢᠯᠠᠯ ᠳᠤ | ᠬᠠᠨᠳᠤᠭᠤᠯᠤᠨ 40% ᠠᠴᠠ ᠳᠡᠭᠡᠭᠰᠢᠬᠢ ᠬᠤᠪᠢ ᠶᠢᠨ ᠲᠤᠭ᠎ᠠ ᠶᠢ ᠤᠷᠢᠳᠴᠢᠯᠠᠨ ᠦᠯᠡᠳᠡᠭᠡᠨ᠎ᠡ᠃ | ᠠᠷᠪᠠᠨ ᠨᠠᠢᠮᠠ᠂ ᠠᠷᠠᠳ ᠤᠨ ᠡᠵᠡᠩᠨᠡᠯᠳᠡ ᠶᠢᠨ ᠠᠵᠤ ᠠᠬᠤᠶ ᠶᠢᠨ ᠬᠥᠭᠵᠢᠯᠲᠡ ᠶᠢᠨ ᠬᠠᠤᠯᠢᠵᠢᠯ ᠤᠨ | ᠪᠠᠲᠤᠯᠠᠭ᠎ᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ ᠲᠦᠷᠢᠮ ᠤᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠭᠡᠵᠦ᠂ | ᠬᠠᠤᠯᠢᠵᠢᠯ ᠤᠨ ᠪᠠᠲᠤᠯᠠᠭ᠎ᠠ ᠶᠢ ᠡᠷᠬᠡ ᠠᠰᠢᠭ ᠢ ᠬᠠᠮᠠᠭᠠᠯᠠᠬᠤ᠂ ᠡᠷᠬᠡ ᠲᠡᠭᠰᠢ ᠪᠠᠷ ᠥᠷᠢᠰᠥᠯᠳᠦᠬᠦ᠂ ᠪᠠᠯᠠ | ᠣᠷᠣᠭᠤᠯᠵᠤ ᠪᠠᠯᠠ ᠬᠤᠷᠠᠮᠳᠤᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠳᠤ ᠲᠤᠭᠤᠰᠢᠯᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢᠨ ᠬᠥᠭᠵᠢᠯᠲᠡ ᠶᠢ ᠬᠠᠤᠯᠢ ᠶᠣᠰᠣᠭᠠᠷ ᠬᠠᠮᠠᠭᠠᠯᠠᠨ ᠳᠡᠮᠵᠢᠨ᠎ᠡ᠃ | ᠠᠷᠪᠠ ᠶᠢᠰᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠵᠢᠷᠤᠮᠵᠢᠯ ᠲᠠᠢ ᠪᠥᠭᠡᠳ ᠡᠷᠡᠭᠦᠯ ᠢᠶᠠᠷ | ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠭᠤᠤᠯᠳᠠᠯᠭ᠎ᠠ ᠲᠠᠢ ᠠᠷᠠᠳ ᠤᠨ ᠡᠵᠡᠩᠨᠡᠯᠳᠡ ᠶᠢᠨ ᠠᠵᠤ | ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠠᠷᠠᠳ ᠤᠨ | ᠡᠵᠡᠩᠨᠡᠯᠳᠡ ᠶᠢᠨ ᠠᠵᠤ ᠠᠬᠤᠶᠢᠯᠠᠯ ᠤᠨ ᠵᠢᠷᠤᠮᠵᠢᠯ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠠᠯ᠎ᠠ ᠪᠠᠷ ᠬᠢ | ᠨᠠᠮ ᠤᠨ ᠪᠠᠶᠢᠭᠤᠯᠤᠯᠲᠠ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠠᠷᠠᠳ ᠤᠨ ᠡᠵᠡᠩᠨᠡᠯᠳᠡ ᠶᠢᠨ ᠠᠵᠤ | ᠠᠬᠤᠶᠢᠯᠠᠯ ᠢ ᠬᠥᠳᠥᠯᠥᠨ ᠵᠢᠯᠣᠭᠤᠳᠴᠤ ᠪᠠᠶᠢᠭᠠᠳ ᠬᠠᠤᠯᠢ ᠶᠢᠨ ᠡᠷᠬᠡᠲᠡᠨ ᠤ ᠵᠠᠰᠠᠯᠳᠠ ᠶᠢᠨ ᠪᠦᠲᠦᠴᠡ ᠶᠢ | ᠲᠡᠭᠦᠯᠳᠡᠷᠵᠢᠭᠦᠯᠦᠨ᠂ ᠬᠤᠪᠢ ᠣᠷᠣᠭᠤᠯᠤᠭᠴᠢ ᠶᠢᠨ ᠥᠢᠯᠡ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠭᠠᠳᠤ | ᠬᠢᠨᠠᠯᠲᠠ ᠪᠠᠨ ᠴᠢᠩᠭᠠᠳᠬᠠᠨ᠂ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠥᠷᠢᠨᠰᠢᠬᠦᠯᠵᠤ᠂ ᠵᠠᠰᠠᠯᠳᠠ ᠶᠢ | ᠵᠢᠷᠤᠮᠵᠢᠭᠤᠯᠬᠤ᠂ ᠪᠦᠲᠦᠮᠵᠢᠲᠡᠢ ᠲᠡᠩᠴᠡᠭᠦᠯᠬᠦ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠪᠡᠶᠡᠯᠡᠭᠦᠯᠵᠦ᠂ | ᠨᠥᠬᠦᠴᠡᠯ ᠲᠠᠢ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠳ ᠤᠨ ᠤᠳᠤ ᠦᠶ᠎ᠡ ᠶᠢᠨ ᠠᠵᠤ ᠠᠬᠤᠶᠢᠯᠠᠯ ᠤᠨ | ᠲᠥᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ | ᠬᠤᠷᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ | ᠨᠢᠭᠲᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠳᠡ ᠶᠢᠨ ᠠᠵᠤ ᠠᠬᠤᠶ ᠶᠢᠨ | ᠬᠥᠭᠵᠢᠯᠲᠡ ᠶᠢᠨ ᠵᠥᠪᠯᠡᠯ ᠨᠢ ᠠᠷᠠᠳ ᠤᠨ ᠡᠵᠡᠩᠨᠡᠯᠳᠡ ᠶᠢᠨ ᠠᠵᠤ ᠠᠬᠤᠶ ᠶᠢᠨ ᠠᠵᠢᠯ ᠢ ᠨᠢᠭᠡᠳᠦᠯᠲᠡᠢ | ᠲᠦᠯᠦᠪᠵᠢᠭᠦᠯᠦᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠨᠢ ᠠᠵᠢᠯ ᠤᠨ | ᠲᠣᠭᠲᠠᠴᠠ ᠪᠠᠨ ᠲᠡᠭᠦᠯᠳᠡᠷᠵᠢᠭᠦᠯᠦᠨ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠠᠮᠵᠢᠯᠴᠠᠬᠤ ᠰᠠᠯᠠᠭ᠎ᠠ | ᠮᠥᠴᠢᠷ ᠢ ᠲᠣᠭᠲᠠᠭᠠᠵᠤ᠂ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ ᠬᠥᠲᠥᠯᠥᠨ | ᠵᠢᠯᠣᠭᠤᠳᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠵᠢᠯᠣᠭᠤᠳᠤᠨ | ᠠᠬᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠠᠷᠠᠳ ᠤᠨ | ᠡᠵᠡᠩᠨᠡᠯᠲᠡ ᠶᠢᠨ ᠠᠵᠤ ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠵᠡᠷᠭᠡ | ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠡᠯ᠎ᠡ ᠠᠶᠢᠮᠠᠭ ᠬᠤᠲᠠ ᠨᠢ ᠠᠷᠠᠳ ᠤᠨ ᠡᠵᠡᠩᠨᠡᠯᠳᠡ ᠶᠢᠨ ᠠᠵᠤ | ᠠᠬᠤᠶ ᠶᠢᠨ ᠬᠥᠭᠵᠢᠯᠲᠡ ᠪᠠ ᠠᠷᠠᠳ ᠤᠨ ᠡᠵᠡᠩᠨᠡᠯᠳᠡ ᠶᠢᠨ ᠠᠵᠤ ᠠᠬᠤᠶ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠪᠠᠶᠢᠭᠤᠯᠤᠮᠵᠢ ᠲᠣᠭᠲᠠᠴᠠ ᠶᠢ ᠳᠣᠭᠢᠷᠠᠭᠤᠯᠤᠨ ᠰᠢᠯᠢᠳᠡᠭᠵᠢᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠵᠤ᠂ ᠨᠠᠷᠢᠯᠢᠭᠵᠢᠭᠤᠯᠤᠨ ᠪᠣᠳᠠᠲᠠᠶᠢᠵᠢᠭᠤᠯᠤᠭᠰᠠᠨ ᠬᠡᠷᠡᠭᠵᠢᠭᠦᠯᠬᠦ ᠰᠠᠨᠠᠯ ᠢ ᠲᠣᠭᠲᠠᠭᠠᠵᠤ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠨᠢ ᠠᠷᠠᠳ ᠤᠨ | ᠡᠵᠡᠩᠨᠡᠯᠳᠡ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠭᠰᠡᠨ ᠪᠠᠶᠢᠳᠠᠯ ᠢ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠭᠰᠡᠨ ᠢ ᠬᠢᠨᠠᠨ ᠰᠢᠯᠭᠠᠬᠤ ᠶᠢᠨ ᠴᠢᠬᠤᠯᠠ ᠠᠭᠤᠯᠭ᠎ᠠ ᠪᠣᠯᠭᠠᠵᠤ ᠠᠵᠢᠯ ᠤᠨ ᠠᠮᠵᠢᠯᠲᠠ | ᠪᠦᠲᠦᠮᠵᠢ ᠶᠢᠨ ᠬᠢᠨᠠᠨ ᠰᠢᠯᠭᠠᠯᠳᠠ ᠶᠢᠨ ᠭᠦᠢᠴᠡᠳᠭᠡᠯ ᠲᠤᠭ᠎ᠠ ᠶᠢᠨ ᠰᠢᠰᠲ᠋ᠧᠮ ᠳᠤ ᠣᠷᠣᠭᠤᠯᠤᠨ᠎ᠠ᠃ ᠡᠯ᠎ᠡ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠠᠬᠢᠳᠠᠯ ᠰᠤᠷᠪᠤᠯᠵᠢᠯᠠᠯ᠂ ᠬᠠᠤᠯᠢ | ᠴᠠᠭᠠᠵᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠰᠠᠯᠠᠭ᠎ᠠ ᠮᠥᠴᠢᠷ ᠤᠳ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ᠂ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ᠂ ᠵᠠᠬᠢᠳᠠᠯ | ᠰᠤᠷᠪᠤᠯᠵᠢᠯᠠᠯ ᠤᠨ ᠠᠰᠠᠭᠤᠳᠠᠯ᠂ ᠬᠠᠤᠯᠢ ᠠᠴᠠ ᠵᠥᠷᠢᠴᠡᠭᠰᠡᠨ ᠠᠰᠠᠭᠤᠳᠠᠯ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠨ᠎ᠠ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠦᠢᠯᠡᠴᠢᠯᠡᠭᠡᠨ ᠤ | ᠲᠣᠪᠴᠢᠶ᠎ᠠ ᠲᠣᠬᠢᠷᠠᠭᠤᠯᠤᠨ ᠱᠠᠯᠠᠪᠳᠠᠭᠤᠯᠬᠤ ᠪᠠᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤᠮᠳᠠᠬᠢ ᠲᠣᠪᠤᠶᠢᠮ᠎ᠠ ᠠᠰᠠᠭᠤᠳᠠᠯ ᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠳᠤ ᠴᠠᠭ | ᠲᠤᠬᠠᠶ ᠳᠤᠨᠢ ᠬᠦᠷᠭᠡᠬᠦ ᠶᠢᠨ ᠬᠠᠮᠲᠤ ᠰᠢᠢᠳᠪᠦᠷᠢᠯᠡᠬᠦ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠠᠬᠢ ᠦᠢᠯᠡᠴᠢᠯᠡᠭᠡᠨ ᠤ ᠪᠠᠲᠤᠯᠠᠭ᠎ᠠ ᠶᠢ ᠲᠠᠰᠤᠷᠠᠯᠲᠠ ᠥᠬᠡᠶ | ᠴᠢᠩᠭᠠᠳᠬᠠᠨ᠎ᠠ᠃ |