ᠣᠨᠳᠣᠷᠣᠯᠳᠣ ᠪᠠᠯᠭᠠᠰᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠳᠣᠯᠠᠵᠣ ᠪᠠᠶᠢᠨ᠎ᠠ
ᠨᠡᠶᠢᠲᠡᠯᠡᠭᠰᠡᠨ ᠴᠠᠭ᠄
2024/7/18
    ᠣᠶᠢᠷ᠎ᠠ ᠶᠢᠨ ᠡᠳᠦᠷ᠂ ᠠᠯᠠᠱᠠ ᠵᠡᠬᠦᠨ ᠬᠤᠰᠢᠭᠤᠨ ᠤ ᠣᠨᠳᠣᠷᠣᠯᠳᠣ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠪᠠ ᠬᠢᠨᠠᠯᠲᠠ ᠪᠠᠶᠢᠴᠠᠭᠠᠯᠲᠠ ᠶᠢ ᠦᠷᠨᠢᠬᠦᠯᠣᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠳᠣᠯᠠᠵᠣ ᠪᠠᠶᠢᠨ᠎ᠠ᠃    ᠲᠤᠰ ᠤᠳᠠᠭᠠᠨ ᠤ ᠪᠠᠶᠢᠴᠠᠭᠠᠯᠲᠠ ᠨᠢ ᠳ᠋ᠧ ᠮᠢᠨ ᠲᠠᠷᠢᠶᠠᠴᠢᠨ ᠤ ᠬᠤᠷᠰᠢᠶᠠᠵᠢᠯ᠂ ᠹᠦ᠋ ᠰᠢᠨ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠤᠷᠰᠢᠶᠠᠵᠢᠯ ᠵᠡᠷᠭᠡ ᠭᠠᠵᠠᠷ ᠤᠳ ᠲᠤ ᠶᠠᠪᠤᠬᠳᠠᠪᠠ᠃ ᠲᠣᠭᠤᠷᠢᠨ ᠪᠠᠶᠢᠴᠠᠭᠠᠬᠤ ᠶᠠᠪᠤᠴᠠ ᠳᠤ᠂ ᠠᠵᠢᠯᠲᠠᠳ ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ︾ ᠭᠠᠷ ᠦᠵᠦᠬᠦᠷᠯᠢᠭ ᠲᠥᠬᠦᠭᠡᠷᠦᠮᠵᠢ ᠳᠡᠭᠡᠷ᠎ᠠ ᠨᠥᠩ ᠠᠨ ᠠᠮᠤᠷ ᠲᠦᠪᠰᠢᠨ ᠥᠪᠥᠷ ᠮᠣᠩᠭᠤᠯ APP ᠢᠶᠠᠷ ᠳᠠᠮᠵᠢᠨ ᠲᠤᠬᠠᠢ ᠶᠢᠨ ᠲᠠᠯᠠᠪᠤᠷ ᠲᠤ ᠰᠡᠭᠦᠳᠡᠷ ᠲᠠᠲᠠᠬᠤ᠂ ᠭᠠᠷ ᠤᠨ ᠥᠰᠥᠭ ᠵᠢᠷᠤᠵᠤ ᠪᠦᠷᠢᠳᠭᠡᠨ ᠳᠠᠩᠰᠠᠯᠠᠬᠤ ᠵᠡᠷᠭᠡ ᠠᠵᠢᠯ ᠢ ᠦᠷᠨᠢᠬᠦᠯᠵᠡᠢ᠃ ᠲᠡᠷᠡᠴᠢᠯᠡᠨ ᠬᠤᠷᠰᠢᠶᠠᠵᠢᠯ ᠤᠨ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠡᠮᠳᠡᠭᠯᠡᠯ᠂ ᠪᠠᠶᠢᠴᠠᠭᠠᠨ ᠰᠢᠯᠭᠠᠭᠰᠠᠨ ᠲᠡᠮᠳᠡᠭᠯᠡᠯ᠂ ᠢᠯᠡᠷᠭᠡᠶᠢᠯᠡᠬᠦ ᠲᠡᠮᠳᠡᠭ ᠬᠡᠷᠡᠭᠯᠡᠭᠰᠡᠨ ᠪᠠᠶᠢᠳᠠᠯ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠬᠡᠷᠡᠭᠯᠡᠬᠦ ᠶᠢ ᠴᠠᠭᠠᠵᠠᠯᠠᠭᠰᠠᠨ ᠪᠠ ᠬᠢᠵᠠᠭᠠᠷᠯᠠᠬᠤ ᠲᠠᠷᠢᠶᠠᠨ ᠡᠮ ᠬᠡᠷᠡᠭᠯᠡᠭᠰᠡᠨ᠂ ᠲᠡᠭᠦᠵᠦ ᠬᠤᠷᠢᠶᠠᠬᠤ ᠳᠠᠭᠠᠨ ᠠᠮᠤᠷ ᠲᠦᠪᠰᠢᠨ ᠤ ᠠᠯᠤᠰᠯᠠᠬᠤ ᠬᠤᠭᠤᠴᠠᠭᠠᠨ ᠤ ᠳᠦᠷᠢᠮ ᠢ ᠵᠢᠷᠤᠮᠯᠠᠭᠰᠠᠨ ᠦᠭᠡᠢ ᠠᠴᠠ ᠪᠣᠯᠵᠤ ᠲᠠᠷᠢᠶᠠᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠬᠡᠲᠦᠷᠡᠭᠰᠡᠨ ᠵᠢᠴᠢ ᠬᠠᠤᠯᠢ ᠪᠤᠰᠤ ᠪᠠᠷ ᠬᠤᠣᠷ ᠬᠥᠨᠥᠭᠡᠯ ᠲᠠᠢ ᠪᠣᠳᠠᠰ ᠨᠡᠮᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠡᠭᠦᠨ ᠤ ᠬᠠᠮᠲᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠯᠤᠭ᠎ᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠳᠡᠯ ᠪᠠ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠳᠣᠰ ᠪᠠᠯᠭᠠᠰᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠦᠨᠡᠨᠴᠢ ᠢᠳᠡᠭᠡᠮᠵᠢ ᠲᠠᠢ ᠪᠠᠷ ᠬᠠᠤᠯᠢ ᠶᠢ ᠰᠠᠬᠢᠬᠤ ᠦᠵᠡᠯ ᠤᠬᠠᠮᠰᠠᠷ ᠢ ᠴᠢᠩᠭᠠᠳᠬᠠᠨ᠂ ᠥᠷᠭᠡᠨ ᠣᠯᠠᠨ ᠮᠠᠯᠴᠢᠨ ᠲᠠᠷᠢᠶᠠᠴᠢᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠳᠣᠯᠠᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号