ᠦᠪᠤᠷ ᠮᠤᠩᠭᠤᠯ ᠤᠨ ᠨᠡᠶᠢᠳᠡᠮ ᠤᠨ ᠬᠡᠷᠡᠭᠯᠡᠬᠡᠨ ᠤ ᠪᠠᠷᠠᠭ᠎ᠠ ᠠᠪᠬᠤ ᠲᠡᠮᠳᠡᠭᠲᠦ ᠶᠢᠨ ᠲᠠᠪᠴᠠᠩ ᠠᠰᠢᠭᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2024/7/18
    ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠤᠶᠢᠯᠠᠭᠠᠭᠰᠠᠨ ᠢᠶᠠᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ ᠮᠠᠨ ᠤ ᠤᠷᠤᠨ ᠤ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠳᠡᠮ ᠤᠨ ᠬᠡᠷᠡᠭᠯᠡᠬᠡᠨ ᠤ ᠪᠠᠷᠠᠭ᠎ᠠ ᠠᠪᠬᠤ ᠲᠡᠮᠳᠡᠭᠲᠦ ᠶᠢᠨ ᠲᠠᠪᠴᠠᠩ ᠲᠦᠷᠦᠭᠦᠬᠡᠨ ᠪᠡᠭᠡᠵᠢᠩ ᠳᠤ ᠵᠢᠩᠬᠢᠨᠢ ᠪᠠᠷ ᠠᠰᠢᠭᠯᠠᠯᠲᠠ ᠳᠤ ᠤᠷᠤᠪᠠ᠃    ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠭᠦᠨᠵᠡᠭᠡᠶ ᠬᠡᠷᠡᠭᠵᠢᠭᠦᠯᠵᠦ᠂ ᠮᠠᠨ ᠤ ᠤᠷᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ ᠲᠣᠰ ᠲᠠᠪᠴᠠᠩ ᠢ ᠭᠠᠷᠭᠠᠪᠠ᠃ ᠡᠨᠡ ᠬᠦ ᠰᠢᠨ᠎ᠡ ᠶᠢ ᠡᠭᠦᠳᠦᠭᠰᠡᠨ ᠪᠣᠷᠣᠯᠠᠭᠤᠯᠭ᠎ᠠ ᠶᠢᠨ ᠵᠠᠭᠪᠤᠷ ᠨᠢ ᠪᠡᠬᠡᠵᠢᠩ ᠳᠠᠬᠢ ᠬᠡᠷᠡᠭᠯᠡᠭᠴᠢᠳ ᠤᠨ ᠲᠤᠬᠠᠢ ᠶᠢᠨ ᠭᠠᠵᠠᠷ ᠲᠠᠭᠠᠨ ᠥᠪᠥᠷ ᠮᠣᠩᠭᠤᠯ ᠤᠨ ᠰᠢᠨ᠎ᠡ ᠰᠣᠷᠭᠤᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠳᠥᠭᠦᠮ ᠳᠥᠲᠡ ᠴᠢᠨᠠᠷ ᠪᠠ ᠪᠡᠶᠡᠴᠢᠯᠡᠨ ᠣᠶᠢᠯᠠᠭᠠᠬᠤ ᠲᠥᠷᠥᠭᠳᠡᠯ  ᠢ ᠶᠡᠭᠡ ᠪᠠᠷ ᠳᠡᠭᠡᠭᠰᠢᠯᠡᠭᠦᠯᠵᠤ᠂ ᠮᠠᠨ ᠤ ᠤᠷᠤᠨ ᠤ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠤ ᠪᠡᠭᠡᠵᠢᠩ ᠤᠨ ᠵᠠᠬ᠎ᠠ ᠳᠡᠯᠭᠡᠭᠦᠷ  ᠲᠤ ᠣᠷᠣᠬᠤ  ᠶᠢ ᠴᠢᠨᠠᠭᠰᠢᠳᠠ ᠠᠬᠢᠭᠤᠯᠵᠤ᠂ ︽ᠪᠣᠬᠢᠷᠲᠤᠯ ᠥᠬᠡᠶ ᠪᠦᠲᠦᠭᠡᠭᠳᠡᠬᠦᠨ  ᠢ ᠭᠠᠳᠠᠭᠰᠢ ᠭᠠᠷᠭᠠᠬᠤ︾ ᠳᠤ ᠬᠦᠴᠦᠲᠡᠶ ᠳᠡᠮᠵᠢᠯᠭᠡ ᠬᠠᠩᠭᠠᠬᠤ ᠪᠤᠯᠤᠨ᠎ᠠ᠃    ᠦᠪᠦᠷ ᠮᠤᠩᠭᠤᠯ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠳᠡᠮ ᠤᠨ ᠬᠡᠷᠡᠭᠯᠡᠬᠡᠨ ᠤ ᠪᠠᠷᠠᠭ᠎ᠠ ᠠᠪᠬᠤ ᠲᠡᠮᠳᠡᠭᠲᠦ ᠶᠢᠨ ᠲᠠᠪᠴᠠᠩ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠦᠷ᠎ᠡ ᠪᠦᠲᠦᠭᠡᠯ ᠪᠣᠯᠬᠤ ᠪᠠᠷ ᠪᠠᠷᠠᠬᠤ ᠥᠬᠡᠶ᠂ ᠪᠠᠰᠠ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠬᠡᠷᠡᠭᠯᠡᠭᠡ ᠶᠢᠨ ᠲᠠᠰ ᠳᠡᠪᠰᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠢᠷᠡᠭᠡᠳᠦᠶ ᠳᠤ ᠲᠣᠰ ᠲᠠᠪᠴᠠᠩ ᠨᠢ ᠬᠥᠭᠦᠷᠭᠡ ᠬᠤᠯᠪᠤᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠮᠠᠨ ᠤ ᠤᠷᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠤᠯᠤᠰ ᠴᠢᠨᠠᠭᠰᠢᠯᠠᠪᠠᠯ ᠳᠡᠯᠡᠬᠡᠶ ᠶᠢᠨ ᠲᠠᠪᠴᠠᠩ ᠳᠤ ᠭᠠᠷᠭᠠᠬᠤ ᠳᠤ ᠬᠦᠴᠦᠨ ᠨᠡᠮᠡᠷᠢᠯᠡᠵᠦ᠂ ᠮᠠᠨ ᠤ ᠤᠷᠤᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠨᠡᠷ᠎ᠡ ᠶᠢᠨ ᠬᠠᠭᠤᠳᠠᠰᠤ ᠶᠢ ᠴᠤᠭᠴᠠᠯᠠᠬᠤ ᠪᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号