ᠭᠤᠣᠯ ᠴᠣᠭᠴᠠ ᠲᠣᠳᠣᠷᠬᠠᠢ ᠱᠠᠭᠠᠷᠳᠠᠯᠭ᠎ᠠ ᠢᠯᠡ ᠲᠣᠳᠣ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠬᠦ ᠬᠡᠷᠡᠭᠲᠡᠢ
ᠨᠡᠶᠢᠲᠡᠯᠡᠭᠰᠡᠨ ᠴᠠᠭ᠄
2024/7/18
    ᠶᠡᠷᠦᠩᠬᠡᠢ ᠱᠦᠵᠢ ᠰᠢ ᠶᠢᠨ ᠫᠢᠩ ᠲᠦᠷᠦᠭᠦᠬᠡᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠬᠦ ᠳᠡᠭᠡᠨ ᠲᠠᠪᠤᠨ ᠲᠠᠯ᠎ᠠ ᠠᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠴᠢᠨᠠᠭᠰᠢᠲᠠ ᠪᠦᠷᠢᠨᠰᠢᠬᠦᠯᠬᠦ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ︽ᠭᠤᠤᠯ ᠴᠣᠭᠴᠠ ᠲᠣᠳᠣᠷᠬᠠᠢ᠂ ᠱᠠᠭᠠᠷᠳᠠᠯᠭ᠎ᠠ ᠢᠯᠡ ᠲᠣᠳᠣ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠬᠠᠮᠤᠭ ᠤᠨ ᠦᠨᠳᠦᠰᠦᠨ ᠤᠯᠤᠰ ᠲᠦᠷᠦ ᠶᠢᠨ ᠡᠭᠦᠷᠭᠡᠯᠡᠯ ᠢᠶᠠᠨ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ ᠲᠦᠷᠢᠮ ᠭᠡᠬᠦ ᠡᠨᠡ ᠬᠦ ︽ᠵᠠᠩᠬᠢᠯᠠᠭ᠎ᠠ︾ ᠶᠢ ᠴᠢᠩᠭ᠎ᠠ ᠠᠳᠬᠤᠵᠤ᠂ ᠪᠦᠬᠦ ᠨᠠᠮ ᠢ ᠬᠦᠳᠦᠯᠥᠨ ᠳᠠᠭᠠᠭᠤᠯᠵᠤ ᠨᠠᠮ ᠢ ᠬᠠᠮᠢᠶᠠᠷᠴᠤ ᠨᠠᠮ ᠢ ᠵᠠᠰᠠᠬᠤ ᠤᠬᠠᠮᠰᠠᠷ ᠢ ᠦᠷᠭᠦᠯᠵᠢᠯᠡᠨ ᠳᠡᠭᠡᠭᠰᠢᠯᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠶᠢ ᠦᠨᠡᠨ ᠬᠦ ᠴᠢᠩᠭᠠᠳᠬᠠᠵᠤ᠂ ᠴᠢᠩᠳᠠᠯᠠᠵᠤ᠂ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃    ᠡᠷᠬᠡ ᠲᠠᠢ ᠪᠣᠯ ᠬᠠᠷᠢᠭᠤᠴᠠᠯᠭ᠎ᠠ ᠲᠠᠢ᠂ ᠡᠷᠬᠡ ᠬᠠᠷᠢᠭᠤᠴᠠᠯᠭ᠎ᠠ ᠶᠢ ᠲᠡᠩᠴᠡᠭᠦᠦ ᠪᠠᠶᠢᠯᠭᠠᠬᠤ ᠬᠡᠷᠡᠭᠲᠡᠢ᠃    ᠭᠠᠭᠴᠠ ᠬᠦ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠨᠢᠭᠡᠳᠦᠯᠲᠡᠢ ᠵᠣᠬᠢᠴᠠᠭᠤᠯᠬᠤ ᠬᠠᠷᠢᠭᠤᠴᠠᠯᠭ᠎ᠠ ᠶᠢᠨ ᠪᠠᠶᠢᠷᠢᠰᠢᠯ ᠢ ᠲᠠᠰᠤᠷᠠᠯᠲᠠ ᠦᠭᠡᠢ ᠪᠦᠷᠢᠨᠰᠢᠭᠦᠯᠪᠡᠯ ᠰᠠᠶ᠋ᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠦᠨᠡᠨ ᠬᠦ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠬᠦ ᠨᠠᠮ ᠢᠶᠠᠷ ᠢᠶᠠᠨ ᠬᠥᠳᠡᠯᠦᠯᠴᠡᠨ ᠵᠡᠷᠭᠡ ᠪᠠᠷ ᠠᠳᠬᠤᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ ᠴᠢᠳᠠᠨ᠎ᠠ᠃    ᠡᠨᠡ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠳᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠬᠦ︾ ᠴᠢᠬᠤᠯᠠ ᠪᠠᠶᠢᠷᠢᠯᠠᠭᠤᠯᠤᠯᠲᠠ ᠬᠢᠵᠦ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠳᠤᠷᠢᠳᠬᠤ ᠪᠠᠭ ᠤᠨ ᠪᠦᠷᠢᠯᠳᠦᠬᠦᠨ ᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠠᠮ ᠤᠨ ᠭᠡᠰᠢᠭᠦᠨ᠂ ᠺᠠᠳ᠋ᠷ ᠤᠨ ᠪᠣᠳᠠᠲᠠᠢ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ︾ ᠭᠡᠵᠦ ᠴᠢᠬᠤᠯᠠᠴᠢᠯᠠᠪᠠ᠃    ᠲᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠳᠤ ᠡᠩ ᠲᠡᠷᠢᠭᠦᠨ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠠᠳᠬᠤᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ —    ᠪᠦᠬᠦ ᠲᠠᠯ᠎ᠠ  ᠪᠠᠷ ᠨᠠᠮ  ᠢ ᠴᠢᠩᠭ᠎ᠠ ᠵᠠᠰᠠᠬᠤ ᠬᠠᠷᠢᠭᠤᠴᠠᠯᠭ᠎ᠠ  ᠶᠢ ᠡᠭᠦᠷᠭᠡᠯᠡᠵᠦ ᠳᠡᠶᠢᠯᠬᠦ ᠡᠰᠡᠬᠦ  ᠶᠢᠨ ᠵᠠᠩᠭᠢᠯᠠᠭ᠎ᠠ  ᠨᠢ ᠭᠤᠣᠯ ᠴᠣᠭᠴᠠ  ᠶᠢᠨ ᠬᠠᠷᠢᠭᠤᠴᠠᠯᠭ᠎ᠠ  ᠶᠢ ᠪᠣᠳᠠᠲᠠᠢ  ᠳᠤ ᠨᠠᠶᠢᠳᠠᠪᠤᠷᠢᠵᠢᠭᠤᠯᠤᠭᠰᠠᠨ ᠡᠰᠡᠬᠦ  ᠳᠤ ᠪᠤᠢ᠃    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠳᠤᠷᠠᠳᠤᠭᠰᠠᠨ ᠠᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠬᠤᠯᠠᠴᠢᠯᠠᠬᠤ ᠬᠦᠷᠲᠡᠯ᠎ᠡ᠂ ᠬᠠᠷᠢᠭᠤᠴᠠᠯᠭ᠎ᠠ ᠶᠢᠨ ᠵᠠᠭᠠᠭ ᠱᠤᠭᠤᠮ ᠢ ᠨᠡᠩ ᠲᠣᠳᠣᠷᠬᠠᠢ ᠲᠣᠭᠲᠠᠭᠠᠵᠤ᠂ ᠬᠠᠷᠢᠭᠤᠴᠠᠯᠭ᠎ᠠ ᠶᠢᠨ ᠠᠭᠤᠯᠤᠭᠳᠠᠬᠤᠨ ᠢ ᠦᠷᠭᠦᠯᠵᠢᠯᠡᠨ ᠥᠷᠭᠡᠳᠭᠡᠵᠦ᠂ ᠨᠠᠮ ᠢ ᠬᠠᠮᠢᠶᠠᠷᠬᠤ ᠨᠠᠮ ᠢ ᠵᠠᠰᠠᠬᠤ ᠠᠵᠢᠯ ᠲᠠᠰᠤᠷᠠᠯᠳᠡ ᠦᠭᠡᠢ ᠭᠦᠨᠵᠡᠭᠡᠶᠢᠷᠡᠭᠦ ᠶᠢ ᠠᠬᠢᠭᠤᠯᠪᠠ᠃    ᠶᠡᠷᠦᠩᠬᠡᠢ ᠱᠦᠵᠢ ᠰᠢ ᠶᠢᠨ ᠫᠢᠩ ᠪᠠᠰᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠢ ᠬᠠᠮᠢᠶᠠᠷᠬᠤ ᠦᠭᠡᠢ ᠨᠠᠮ ᠢ ᠵᠠᠰᠠᠬᠤ ᠦᠭᠡᠢ ᠪᠣᠯ ᠳᠠᠷᠤᠢ ᠬᠠᠷᠢᠭᠤᠴᠠᠯᠭ᠎ᠠ ᠪᠠᠨ ᠬᠦᠨᠳᠦ ᠨᠣᠴᠢᠲᠠᠢ ᠠᠯᠳᠠᠭᠰᠠᠨ ᠶᠠᠪᠤᠳᠠᠯ ᠮᠥᠨ ᠭᠡᠬᠦ ᠦᠵᠡᠯᠲᠡ ᠶᠢ ᠪᠠᠲᠤ ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ ᠶᠡᠭᠡ ᠵᠠᠰᠠᠭ ᠤᠨ ᠠᠵᠢᠯ ᠤᠨ ᠠᠮᠵᠢᠯᠲᠠ ᠪᠦᠲᠦᠮᠵᠢ ᠪᠣᠯᠭᠠᠬᠤ ᠶᠢ ᠰᠡᠷᠡᠮᠵᠢᠯᠡᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠱᠠᠯᠠᠪᠳᠠᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠭᠦᠯᠵᠦ᠂ ᠥᠪᠡᠷ ᠤᠨ ︽ᠬᠠᠷᠢᠭᠤᠴᠠᠯᠭ᠎ᠠ ᠶᠢᠨ ᠲᠠᠷᠢᠶ᠎ᠠ︾ ᠪᠠᠨ ᠰᠠᠶᠢᠲᠤᠷ ᠲᠠᠷᠢᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃    ᠭᠤᠤᠯ ᠴᠣᠭᠴᠠ ᠶᠢᠨ ᠬᠠᠷᠢᠭᠤᠴᠠᠯᠭ᠎ᠠ ᠪᠣᠯ ᠤᠷᠢᠲᠠᠯ ᠮᠥᠨ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠣᠯ ᠪᠠᠲᠤᠯᠠᠭ᠎ᠠ ᠮᠥᠨ᠃    ᠭᠤᠣᠯ ᠴᠣᠭᠴᠠ ᠶᠢᠨ ᠬᠠᠷᠢᠭᠤᠴᠠᠯᠭ᠎ᠠ ᠬᠡᠶᠢᠰᠪᠦᠷᠢ ᠬᠤᠭᠤᠰᠣᠨ ᠪᠤᠯᠬᠤ ᠳᠤ ᠬᠦᠷᠪᠡᠯ᠂ ᠨᠠᠮ ᠨᠢ ᠨᠠᠮ ᠢᠶᠠᠨ ᠬᠠᠮᠢᠶᠠᠷᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢ ᠬᠤᠭᠤᠰᠣᠨ ᠦᠭᠡ ᠲᠡᠳᠦᠢ ᠪᠣᠯᠤᠨ᠎ᠠ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠠᠷᠢᠶ᠎ᠠ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠲᠠᠰᠤᠷᠠᠯᠳᠠ ᠦᠭᠡᠢ ᠴᠢᠩᠭᠠᠳᠬᠠᠵᠤ᠂ ᠨᠢᠭᠡ ᠨᠢᠭᠡ ᠭᠠᠵᠠᠷ ᠣᠷᠣᠨ ᠤ ᠡᠵᠡᠮᠰᠢᠵᠦ ᠪᠠᠶᠢᠭ᠎ᠠ ᠪᠠᠶᠢᠳᠠᠯ᠂ ᠨᠢᠭᠡ ᠨᠢᠭᠡ ᠠᠰᠠᠭᠤᠳᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ︽ᠬᠠᠷᠢᠭᠤᠴᠠᠯᠭ᠎ᠠ︾ ᠶᠢ ᠴᠢᠩᠭ᠎ᠠ ᠠᠳᠬᠤᠵᠤ᠂ ᠢᠮᠠᠭᠲᠠ ᠴᠢᠩᠭ᠎ᠠ ᠪᠠᠶᠢᠬᠤ ᠦᠨᠳᠦᠰᠦᠨ ᠬᠦᠭ ᠠᠶᠠᠰ ᠢᠶᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠠᠬᠢᠭᠤᠯᠬᠤ ᠬᠡᠷᠡᠭᠲᠡᠢ᠃ ᠶᠠᠭ ᠶᠡᠷᠦᠩᠬᠡᠶ ᠱᠦᠵᠢ ᠰᠢ ᠶᠢᠨ ᠫᠢᠩ ᠤᠨ ᠱᠠᠭᠠᠷᠳᠠᠭᠰᠠᠨᠴᠢᠯᠠᠨ᠂ ︽ᠵᠣᠷᠢᠭᠲᠠᠶ ᠪᠠᠷ ᠬᠠᠲᠠᠭᠤ ᠲᠠᠢ ᠨᠢ ᠬᠠᠯᠳᠠᠨ ᠲᠦᠪ ᠴᠢᠩᠭ᠎ᠠ ᠪᠠᠶᠢᠬᠤ ᠶᠢ ᠪᠠᠷᠢᠮᠳᠠᠯᠠᠵᠤ᠂ ᠵᠣᠷᠢᠭᠲᠠᠶ ᠪᠠᠷ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︾᠃    ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠣᠯ ᠠᠳᠠᠯᠢ ᠨᠢᠭᠡᠨ ᠬᠠᠷᠢᠭᠤᠴᠠᠯᠭ᠎ᠠ ᠶᠢᠨ ᠠᠢ ᠳᠤ ᠬᠠᠷᠢᠶᠠᠯᠠᠬᠳᠠᠬᠤ ᠬᠤᠶᠠᠷ ᠲᠠᠯ᠎ᠠ ᠮᠥᠨ᠂ ᠡᠷᠬᠡᠪᠰᠢ ᠬᠠᠷᠢᠯᠴᠠᠨ ᠵᠣᠬᠢᠴᠠᠯᠳᠤᠵᠤ᠂ ᠬᠠᠮᠲᠤ ᠪᠠᠷ ᠠᠬᠢᠭᠤᠯᠬᠤ ᠬᠡᠷᠡᠭᠲᠡᠢ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ᠃    ᠲᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠳᠤ ᠪᠠᠰᠠ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠲᠤᠪᠤᠶᠢᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠣᠳᠠᠲᠠᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ —    ᠨᠠᠮ  ᠢ ᠪᠦᠬᠦ ᠲᠠᠯ᠎ᠠ  ᠪᠠᠷ ᠴᠢᠩᠭ᠎ᠠ ᠵᠠᠰᠠᠬᠤ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠬᠤ  ᠳᠤ ᠬᠡᠨ ᠠᠳᠬᠤᠬᠤ ᠪᠤᠢ︖    ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠱᠠᠲᠤᠨ ᠤ ᠤᠳᠤᠷᠢᠳᠬᠤ ᠪᠠᠭ ᠤᠨ ᠪᠦᠷᠢᠯᠳᠦᠬᠦᠨ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠬᠠᠷᠢᠭᠤᠴᠠᠯᠭ᠎ᠠ ᠪᠠᠨ ᠦᠨᠡᠨ ᠬᠦ ᠰᠡᠳᠭᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠭᠡᠯᠡᠵᠦ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠭᠠᠭᠴᠠ ᠬᠦ ᠢᠩᠭᠢᠪᠡᠯ ᠰᠠᠶ᠋ᠢ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠬᠠᠷᠢᠭᠤᠴᠠᠯᠭ᠎ᠠ ᠶᠢ ᠢᠮᠠᠭᠲᠠ ᠡᠴᠦᠰ ᠲᠤᠨᠢ ᠲᠤᠯᠲᠠᠯ᠎ᠠ ᠪᠡᠶᠡᠯᠡᠭᠦᠯᠬᠦ ᠶᠢ ᠠᠬᠢᠭᠤᠯᠵᠤ ᠴᠢᠳᠠᠨ᠎ᠠ᠃    ᠡᠨᠡ ᠬᠦ ᠬᠡᠯᠬᠢᠶᠡᠨ ᠳᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠰᠠᠶᠢᠲᠤᠷ ᠠᠳᠬᠤᠬᠤ ᠪᠣᠯ ᠴᠢᠬᠤᠯᠠ ᠠᠴᠠ ᠴᠢᠬᠤᠯᠠ ᠶᠠᠪᠤᠳᠠᠯ ᠪᠣᠯᠤᠨ᠎ᠠ᠃    ᠶᠡᠷᠦᠩᠬᠡᠢ ᠱᠦᠵᠢ ᠰᠢ ᠶᠢᠨ ᠫᠢᠩ᠄ ︽ᠨᠠᠮ ᠤᠨ ᠬᠤᠷᠢᠶ᠎ᠠ ᠶᠢᠨ ᠱᠦᠵᠢ ᠨᠠᠮ ᠢ ᠬᠠᠮᠢᠶᠠᠷᠴᠤ ᠨᠠᠮ ᠢ ᠵᠠᠰᠠᠬᠤ ᠱᠦᠵᠢ ᠪᠤᠯᠵᠤ᠂ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠨᠠᠮ ᠳᠤ ᠬᠠᠷᠢᠭᠤᠴᠠᠵᠤ᠂ ᠲᠤᠰ ᠭᠠᠵᠠᠷ ᠣᠷᠣᠨ ᠲᠤᠰ ᠨᠢᠭᠡᠴᠢ ᠶᠢᠨ ᠢᠶᠠᠨ ᠤᠯᠤᠰ ᠲᠦᠷᠦ ᠶᠢᠨ ᠠᠮᠢ ᠠᠬᠤᠢ ᠳᠤ ᠬᠠᠷᠢᠭᠤᠴᠠᠵᠤ᠂ ᠺᠠᠳ᠋ᠷ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠠᠷᠢᠭᠤᠴᠠᠬᠤ ᠬᠡᠷᠡᠭᠲᠡᠢ︾ ᠬᠡᠵᠤ ᠵᠢᠭᠠᠵᠤ ᠭᠠᠷᠭᠠᠪᠠ᠃    ᠨᠠᠮ ᠤᠨ ᠲᠥᠪ ᠬᠤᠷᠢᠶ᠎ᠠ ᠠᠴᠠ ᠡᠬᠢᠯᠡᠨ ᠬᠢᠵᠦ᠂ ᠳᠡᠭᠡᠳᠦ ᠵᠡᠷᠭᠡ ᠶᠢᠨ ᠺᠠᠳ᠋ᠷᠴᠤᠳ ᠠᠴᠠ ᠡᠬᠢᠯᠡᠨ ᠴᠢᠩᠳᠠᠯᠠᠵᠤ ᠂ ᠨᠢᠭᠡ ᠱᠠᠳᠤ ᠨᠢ ᠨᠢᠭᠡ ᠱᠠᠳᠤ ᠳᠠᠭᠠᠨ ᠵᠢᠱᠢᠶ᠎ᠡ ᠦᠵᠡᠭᠦᠯᠵᠤ᠂ ᠨᠢᠭᠡ ᠱᠠᠳᠤ ᠨᠢ ᠨᠢᠭᠡ ᠱᠠᠳᠤ ᠪᠠᠨ ᠳᠠᠭᠠᠭᠤᠯᠤᠨ ᠬᠢᠬᠦ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠶᠢ ᠪᠣᠶ ᠪᠥᠬᠦᠶ ᠤᠳᠤᠷᠢᠳᠬᠤ ᠪᠠᠭ ᠤᠨ ᠪᠦᠷᠢᠯᠳᠦᠬᠦᠨ ᠳᠤ ᠳᠠᠮᠵᠢᠭᠤᠯᠵᠤ᠂ ᠳᠤᠤᠷᠠᠬᠢ ᠱᠠᠳᠤᠨ ᠤ ᠱᠦᠵᠢ ᠳᠤ ᠨᠠᠶᠢᠳᠠᠪᠤᠷᠢᠵᠢᠭᠤᠯᠪᠠᠯ ᠰᠠᠶ᠋ᠢ ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠴᠢᠳᠠᠨ᠎ᠠ᠃    ᠮᠢᠩᠭᠠᠨ ᠤᠳᠠᠭ᠎ᠠ ᠳᠠᠶᠢᠴᠢᠯᠠᠭᠰᠠᠨ ᠠᠴᠠ ᠨᠢᠭᠡ ᠤᠳᠠᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠬᠦᠷᠬᠦ ᠦᠬᠡᠢ᠃    ᠶᠡᠷᠦᠩᠬᠡᠢ ᠱᠦᠵᠢ ᠰᠢ ᠶᠢᠨ ᠫᠢᠩ᠄ ︽ᠤᠳᠤᠷᠢᠳᠤᠯᠭ᠎ᠠ ᠨᠢ ᠬᠦᠴᠦᠲᠡᠢ ᠪᠢᠰᠢ᠂ ᠠᠳᠬᠤᠬᠤ ᠦᠭᠡᠢ ᠬᠠᠮᠢᠶᠠᠷᠬᠤ ᠦᠭᠡᠢ ᠠᠴᠠ ᠪᠤᠯᠵᠤ ᠲᠥᠪ ᠪᠤᠰᠤ ᠰᠤᠷᠲᠠᠯ ᠢ ᠤᠷᠳᠤ ᠬᠤᠭᠤᠴᠠᠭ᠎ᠠ ᠪᠠᠷ ᠪᠤᠢ ᠪᠣᠯᠭᠠᠨ ᠳᠡᠯᠭᠡᠷᠡᠭᠦᠯᠦᠭᠰᠡᠨ᠂ ᠡᠰᠡᠬᠦᠯ᠎ᠡ ᠴᠢᠬᠤᠯᠠ ᠶᠡᠭᠡ ᠢᠯᠵᠠᠷᠠᠯ ᠤᠨ ᠠᠰᠠᠭᠤᠳᠠᠯ ᠪᠠᠶᠢᠨ ᠲᠠᠬᠢᠨ ᠭᠠᠷᠴᠤ ᠪᠠᠶᠢᠲᠠᠯ᠎ᠠ ᠬᠤᠷᠢᠭᠯᠠᠭᠰᠠᠨ ᠦᠭᠡᠢ᠂ ᠪᠠᠶᠢᠴᠠᠭᠠᠨ ᠰᠢᠢᠳᠪᠦᠷᠢᠯᠡᠭᠰᠡᠨ ᠦᠭᠡᠢ᠂ ᠮᠡᠳᠡᠭᠦᠯᠦᠭᠰᠡᠨ ᠦᠭᠡᠢ ᠪᠠᠶᠢᠪᠠᠯ᠂ ᠨᠠᠮ ᠤᠨ ᠬᠤᠷᠢᠶ᠎ᠠ ᠪᠤᠶᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠭᠡᠰᠡᠨ ᠦᠭᠡᠢ᠂ ᠬᠡᠨ ᠴᠦ ᠭᠡᠰᠡᠨ ᠦᠭᠡᠢ᠂ ᠬᠠᠷᠢᠭᠤᠴᠠᠯᠭ᠎ᠠ ᠲᠠᠢ ᠯᠠ ᠶᠤᠮ ᠪᠣᠯ ᠴᠥᠮ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︾ ᠬᠡᠵᠤ ᠴᠢᠬᠤᠯᠠᠴᠢᠯᠠᠪᠠ᠃    ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠬᠦ ᠳᠤ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ ᠶᠢ ᠴᠢᠬᠤᠯᠠ ᠪᠠᠶᠢᠷᠢᠨ ᠳᠤ ᠲᠠᠯᠪᠢᠵᠤ᠂ ᠬᠠᠲᠠᠭᠤ ᠬᠢᠵᠠᠭᠠᠷᠯᠠᠯ ᠢ ᠴᠢᠩᠭᠠᠳᠬᠠᠬᠤ ᠬᠡᠷᠡᠭᠲᠡᠢ᠃    2016 ᠣᠨ ᠳᠤ ᠨᠠᠮ ᠤᠨ ᠲᠥᠪ ᠬᠤᠷᠢᠶ᠎ᠠ ᠬᠠᠷᠢᠭᠤᠴᠠᠯᠭ᠎ᠠ ᠨᠡᠬᠡᠮᠵᠢᠯᠡᠬᠦ ᠠᠵᠢᠯ ᠤᠨ ᠲᠤᠬᠠᠢ ᠨᠠᠮ ᠤᠨ ᠳᠣᠲᠣᠭᠠᠳᠤ ᠶᠢᠨ ᠠᠩᠬᠠᠳᠠᠭᠴᠢ ᠰᠠᠭᠤᠷᠢᠯᠠᠬᠤ ᠴᠢᠨᠠᠷᠲᠠᠢ ᠬᠠᠤᠯᠢ ᠲᠣᠭᠲᠠᠭᠠᠯ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ︾ ᠢ ᠳᠠᠷᠤᠮᠠᠯᠯᠠᠨ ᠲᠠᠷᠬᠠᠭᠠᠪᠠ᠃ 2019 ᠣᠨ ᠳᠤ᠂ ᠨᠠᠮ ᠤᠨ ᠲᠥᠪ ᠬᠤᠷᠢᠶ᠎ᠠ ᠶᠢᠨ ᠬᠢᠨ ᠲᠦᠷᠢᠮ ᠳᠤ ᠵᠠᠰᠠᠪᠤᠷᠢ ᠣᠷᠣᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠭᠤᠤᠯ ᠴᠣᠭᠴᠠ᠂ ᠬᠠᠷᠢᠭᠤᠴᠠᠯᠭ᠎ᠠ ᠨᠡᠬᠡᠮᠵᠢᠯᠡᠬᠦ ᠡᠳᠡᠬᠡᠳ᠂ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠮᠠᠶ᠋ᠢᠭ ᠪᠠ ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠡᠷᠭᠡ ᠶᠢ ᠤᠯᠠᠮ ᠨᠢᠭᠡ ᠠᠯᠬᠤᠮ ᠲᠣᠭᠲᠠᠭᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠳᠤ ᠲᠦᠷᠢᠮ ᠤᠨ ᠪᠠᠲᠤᠯᠠᠭ᠎ᠠ ᠬᠠᠩᠭᠠᠪᠠ᠃    ᠬᠠᠷᠢᠭᠤᠴᠠᠯᠭ᠎ᠠ ᠨᠡᠬᠡᠮᠵᠢᠯᠡᠬᠦ ᠳᠤ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠮᠥᠷᠲᠡᠭᠡᠨ ᠪᠠᠰᠠ ᠨᠠᠷᠢᠯᠢᠭ ᠣᠨᠣᠴᠠᠲᠠᠢ ᠪᠥᠭᠡᠳ ᠵᠢᠷᠤᠮᠵᠢᠭᠤᠨ ᠪᠠᠶᠢᠯᠭᠠᠬᠤ ᠬᠡᠷᠡᠭᠲᠡᠢ᠃    ︽ᠭᠤᠷᠪᠠ ᠶᠢ ᠢᠯᠭᠠᠭ᠎ᠠ ᠲᠠᠢ ᠬᠠᠨᠳᠤᠬᠤ︾ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠠᠬᠢᠭᠤᠯᠬᠤ ᠳᠤᠮᠳᠠ ᠲᠤᠷᠰᠢᠯᠭ᠎ᠠ ᠪᠠᠷ ᠳᠤᠲᠠᠮᠠᠭ᠂ ᠤᠷᠢᠳ ᠢᠶᠠᠷ ᠬᠢᠵᠦ ᠤᠷᠢᠳ ᠢᠶᠠᠷ ᠲᠤᠷᠰᠢᠭᠠᠳ ᠭᠠᠷᠭᠠᠭᠰᠠᠨ ᠠᠯᠳᠠᠬᠳᠠᠯ᠂ ᠬᠠᠷᠠᠬᠠᠨ ᠲᠣᠳᠣᠷᠬᠠᠶ ᠬᠢᠵᠠᠭᠠᠷᠯᠠᠯ ᠦᠭᠡᠢ ᠰᠦᠪᠡᠭᠴᠢᠯᠡᠯ ᠤᠨ ᠴᠢᠨᠠᠷᠲᠠᠶ ᠲᠤᠷᠰᠢᠯᠲᠠ ᠶᠢᠨ ᠳᠤᠮᠳᠠᠬᠢ ᠠᠯᠳᠠᠬᠳᠠᠯ᠂ ᠬᠥᠭᠵᠢᠯᠲᠡ ᠶᠢ ᠠᠬᠢᠭᠤᠯᠬᠤ ᠶᠢᠨ ᠲᠥᠯᠥᠭᠡ ᠰᠠᠨᠠᠮᠰᠠᠷ ᠦᠭᠡᠢ ᠠᠯᠳᠠᠬᠳᠠᠯ ᠭᠠᠷᠭᠠᠭᠰᠠᠨ ᠵᠡᠷᠭᠡ ᠪᠠᠶᠢᠳᠠᠯ ᠳᠤ ᠬᠠᠷᠢᠭᠤᠴᠠᠯᠭ᠎ᠠ ᠨᠡᠬᠡᠮᠵᠢᠯᠡᠬᠦ ᠦᠭᠡᠢ ᠪᠤᠶᠤ ᠬᠠᠷᠢᠭᠤᠴᠠᠯᠭ᠎ᠠ ᠨᠡᠬᠡᠮᠵᠢᠯᠡᠬᠦ ᠠᠴᠠ ᠬᠡᠯᠲᠦᠷᠢᠭᠦᠯᠵᠦ ᠪᠣᠯᠤᠨ᠎ᠠ︔ ᠴᠠᠭ ᠲᠤᠬᠠᠶ ᠳᠤᠨᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠴᠤ᠂ ᠬᠤᠬᠢᠷᠠᠯ ᠢ ᠪᠦᠲᠦᠮᠵᠢᠲᠡᠶ ᠡᠭᠡᠭᠦᠯᠦᠨ ᠠᠪᠴᠢᠷᠠᠬᠤ ᠪᠤᠶᠤ ᠮᠠᠭᠤ ᠨᠥᠯᠥᠭᠡ ᠶᠢ ᠠᠷᠢᠯᠭᠠᠬᠤ ᠵᠡᠷᠭᠡ ᠪᠠᠶᠢᠳᠠᠯ ᠢ ᠬᠥᠩᠭᠡᠨ ᠢᠶᠠᠷ ᠪᠤᠶᠤ ᠬᠥᠩᠭᠡᠷᠡᠭᠦᠯᠦᠨ ᠬᠠᠷᠢᠭᠤᠴᠠᠯᠭ᠎ᠠ ᠨᠡᠬᠡᠮᠵᠢᠯᠡᠵᠦ᠂ ᠬᠠᠷᠢᠭᠤᠴᠠᠯᠭ᠎ᠠ ᠨᠡᠬᠡᠮᠵᠢᠯᠡᠬᠦ ᠠᠵᠢᠯ ᠤᠨ ᠤᠯᠤᠰ ᠲᠥᠷᠥᠴᠢ ᠴᠢᠨᠠᠷ᠂ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠲᠠᠰᠤᠷᠠᠯᠲᠠ ᠥᠬᠡᠶ ᠴᠢᠩᠭᠠᠳᠬᠠᠬᠤ ᠭᠡᠷᠡᠭᠳᠠᠢ᠃    ᠪᠦᠬᠦ ᠨᠠᠮ ᠢᠶᠠᠷ ᠢᠶᠠᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠬᠢᠨᠠᠨ ᠰᠢᠯᠭᠠᠵᠤ ᠬᠠᠷᠢᠭᠤᠴᠠᠯᠭ᠎ᠠ ᠲᠤᠯᠭᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠪᠠᠯ ᠯᠠᠪᠲᠠᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号