ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠩ ᠬᠠᠭᠰᠠᠷᠠᠭᠠᠨ ᠲᠠᠢ ᠲᠡᠮᠡᠴᠡᠵᠦ ᠠᠷᠠᠳ ᠤᠨ ᠠᠮᠢᠳᠤᠷᠠᠯ ᠢ ᠪᠠᠳᠣᠯᠠᠵᠦ ᠪᠠᠶᠢᠨ᠎ᠠ
ᠨᠡᠶᠢᠲᠡᠯᠡᠭᠰᠡᠨ ᠴᠠᠭ᠄
2024/7/19
     ᠡᠨᠡ ᠵᠢᠯ᠂ ᠠᠯᠠᠱᠠ ᠵᠡᠭᠦᠨ ᠬᠤᠰᠢᠭᠤᠨ ᠤ ᠬᠤᠶᠢᠲᠤ ᠬᠡᠰᠡᠭ ᠤᠨ ᠶᠡᠬᠡᠩᠬᠢ ᠭᠠᠵᠠᠷ ᠲᠤ ᠬᠤᠷ᠎ᠠ ᠲᠣᠨᠣᠳᠠᠰᠤ ᠪᠠᠭ᠎ᠠ᠂ ᠬᠡᠳᠦ ᠬᠠᠯᠠᠭᠤᠨ ᠪᠠᠶᠢᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠲᠦᠢᠯ ᠤᠨ ᠶᠡᠭᠡ ᠪᠠᠷ ᠨᠦᠯᠦᠭᠡᠯᠡᠪᠡ᠃ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ  ᠰᠠᠯᠠᠭ᠎ᠠ ᠮᠥᠴᠢᠷ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠭᠠᠩ ᠬᠠᠭᠰᠠᠷᠠᠭᠠᠨ ᠤ ᠪᠠᠶᠢᠳᠠᠯ ᠢ ᠠᠷᠭᠠᠴᠠᠭᠠᠵᠦ ᠪᠠᠶᠢᠨ᠎ᠠ ᠪᠣᠶ︖ ᠠᠯᠠᠱᠠ ᠵᠡᠭᠦᠨ ᠬᠤᠰᠢᠭᠤᠨ  ᠤ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠎ ᠤ ᠲᠣᠪᠴᠢᠶ᠎ᠠ  ᠶᠢᠨ ᠳᠡᠳ᠋ ᠳᠠᠷᠤᠭ᠎ᠠ ᠶᠤᠸᠠᠢ ᠹᠠᠩ ᠡᠨᠡ ᠳᠣᠬᠠᠢ ᠶᠠᠷᠢᠯᠴᠠᠯᠭ᠎ᠠ ᠦᠭᠪᠡ᠃     ᠰᠣᠷᠪᠣᠯᠵᠢᠯᠠᠭᠴᠢ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠭᠠᠩ ᠬᠠᠭᠰᠠᠷᠠᠭᠠᠨ ᠤ ᠪᠠᠶᠢᠳᠠᠯ ᠢ ᠠᠷᠭᠠᠴᠠᠭᠠᠵᠦ ᠪᠠᠶᠢᠨ᠎ᠠ ᠪᠣᠶ︖     ᠶᠤᠸᠠᠢ ᠹᠠᠩ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠠᠷᠠᠳ ᠤᠨ ᠠᠮᠢᠳᠤᠷᠠᠯ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠲᠦᠷᠭᠡᠨ ᠰᠢᠭᠤᠷᠬᠠᠢ ᠪᠠᠶᠢᠵᠦ᠂ ᠣᠯᠠᠨ ᠲᠠᠯ᠎ᠠ ᠪᠠᠷ ᠬᠦᠨᠵᠡᠭᠡᠶᠢᠷᠡᠵᠦ᠂ ᠮᠠᠯᠴᠢᠳ ᠤᠨ ᠬᠡᠷᠡᠭᠴᠡᠭᠡ ᠶᠢ  ᠣᠶᠢᠯᠠᠭᠠᠵᠤ ᠂ ᠭᠠᠩ ᠬᠠᠭᠰᠠᠷᠠᠭᠠᠨ ᠲᠠᠢ ᠲᠡᠮᠡᠴᠡᠬᠦ ᠲᠤᠰᠠᠯᠠᠮᠵᠢ ᠶᠢ ᠢᠳᠡᠪᠬᠢᠲᠡᠶ ᠲᠡᠮᠡᠴᠡᠨ ᠣᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠩ ᠬᠠᠭᠰᠠᠷᠠᠭᠠᠨ ᠤ ᠪᠠᠶᠢᠳᠠᠯ ᠢ ᠪᠥᠬᠦ ᠬᠦᠴᠦᠨ ᠢᠶᠠᠷ ᠢᠶᠠᠨ ᠠᠷᠭᠠᠴᠠᠭᠠᠵᠦ ᠪᠠᠶᠢᠨ᠎ᠠ᠃    ᠨᠢᠭᠡ᠂ ᠬᠢᠨᠠᠨ ᠰᠢᠨᠵᠢᠵᠦ ᠬᠢᠨᠠᠨ ᠬᠠᠮᠢᠶᠠᠷᠬᠤ ᠪᠠᠨ ᠴᠢᠩᠭᠠᠳᠬᠠᠪᠠ    ᠴᠠᠭ ᠠᠭᠤᠷ ᠵᠡᠷᠭᠡ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠤᠪᠢᠶᠠᠯᠴᠠᠬᠤ ᠶᠢ ᠴᠢᠩᠭᠠᠳᠬᠠᠨ᠂ ᠭᠠᠮᠰᠢᠭ ᠤᠨ ᠴᠠᠭ ᠠᠭᠤᠷ ᠤᠨ ᠪᠠᠶᠢᠳᠠᠯ ᠢ ᠨᠢᠭᠲᠠ ᠠᠩᠬᠠᠷᠴᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠳᠣᠬᠠᠢ ᠎ ᠳᠤᠨᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠢ ᠰᠡᠷᠡᠮᠵᠢᠯᠡᠭᠦᠯᠵᠦ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠳᠠᠮᠵᠢᠭᠤᠯᠬᠤ ᠶᠢ ᠦᠨᠡᠨᠬᠦ ᠪᠠᠳᠣᠯᠠᠪᠠ᠃    ᠬᠤᠶᠠᠷ᠂ ᠡᠯ᠎ᠡ ᠱᠠᠲᠤᠨ ᠤ ᠲᠡᠵᠢᠭᠡᠯ ᠡᠪᠡᠰᠦ ᠪᠣᠷᠳᠣᠭᠠᠨ ᠤ ᠨᠥᠭᠡᠴᠡ ᠶᠢ ᠡᠷᠴᠢᠮᠵᠢᠬᠦᠯᠪᠡ    ᠪᠠᠷᠠᠭᠤᠨ ᠪᠠᠯ ᠪᠠᠯᠭᠠᠰᠤ᠂ ᠡᠷᠬᠡᠬᠠᠰᠢᠬ᠎ᠠ ᠰᠤᠮᠤ᠂ ᠥᠯᠵᠡᠶ ᠰᠤᠮᠤ᠂ ᠢᠩᠭᠡᠨ ᠰᠤᠮᠤ᠂ ᠣᠯᠠᠨᠪᠤᠯᠠᠭ ᠪᠠᠯᠭᠠᠰᠤ᠂ ᠵᠢᠷᠠᠲᠠᠢ ᠪᠠᠯᠭᠠᠰᠤ ᠵᠡᠷᠭᠡ 6 ᠭᠠᠵᠠᠷ ᠲᠤ ᠬᠤᠰᠢᠭᠤᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠲᠡᠵᠢᠭᠡᠯ ᠪᠣᠷᠳᠤᠭ᠎ᠠ ᠨᠥᠭᠡᠴᠡᠯᠡᠬᠦ ᠴᠡᠭ ᠢ ᠪᠠᠶᠢᠭᠤᠯᠵᠤ᠂ 990 ᠲᠣᠨ ᠪᠠᠴᠢᠮ ᠪᠠᠶᠢᠳᠠᠯ ᠢ ᠠᠷᠭᠠᠴᠠᠭᠠᠬᠤ ᠪᠣᠷᠳᠤᠭ᠎ᠠ ᠶᠢ ᠨᠥᠭᠡᠴᠡᠯᠡᠪᠡ᠃ ᠡᠷᠬᠡᠬᠠᠰᠢᠬ᠎ᠠ᠂ ᠢᠩᠭᠡᠨ᠂ ᠥᠯᠵᠡᠶ ᠰᠤᠮᠤ ᠳᠤ ᠭᠠᠩ ᠬᠠᠭᠰᠠᠷᠠᠭᠠᠨ ᠲᠠᠢ ᠲᠡᠮᠡᠴᠡᠬᠦ ᠲᠡᠵᠢᠭᠡᠯ ᠪᠣᠷᠳᠤᠭ᠎ᠠ ᠰᠢᠭᠤᠳ ᠪᠣᠷᠣᠯᠠᠭᠤᠯᠬᠤ ᠴᠡᠭ ᠢ ᠪᠠᠶᠢᠭᠤᠯᠵᠤ᠂ ᠠᠶᠢᠮᠠᠭ ᠤᠨ ᠱᠠᠲᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠯᠠ ᠮᠥᠩᠭᠦ ᠶᠢ 450.4 ᠲᠦᠮᠡᠨ ᠲᠥᠭᠦᠷᠢᠭ ᠴᠢᠷᠮᠠᠶᠢᠨ ᠣᠯᠵᠤ᠂ 0.03 ᠲᠦᠮᠡᠨ ᠲᠣᠨ ᠲᠡᠵᠢᠭᠡᠯ ᠡᠪᠡᠰᠦ ᠪᠣᠷᠳᠤᠭ᠎ᠠ ᠲᠠᠷᠬᠠᠭᠠᠪᠠ᠃
1.jpg
2.jpg
    ᠭᠤᠷᠪᠠ᠂ ᠲᠤᠰᠬᠠᠶ ᠠᠵᠢᠯᠲᠠᠨ ᠢ ᠵᠣᠬᠢᠶᠠᠨ ᠪᠠᠶᠢᠭᠤᠯᠤᠨ ᠣᠶᠢᠯᠡᠳᠪᠦᠷᠢᠯᠡᠯ ᠢ ᠰᠡᠷᠭᠦᠭᠡᠬᠦ ᠮᠡᠷᠭᠡᠵᠢᠯ ᠤᠨ ᠵᠢᠯᠣᠭᠤᠳᠣᠯᠭ᠎ᠠ ᠬᠢᠪᠡ    ᠣᠳᠣᠬᠠᠨ ᠪᠣᠯᠲᠠᠯ᠎ᠠ᠂ 30 ᠭᠠᠷᠤᠶ ᠤᠳᠠᠭ᠎ᠠ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠵᠦ᠂ 1000 ᠭᠠᠷᠤᠶ ᠮᠠᠯᠴᠢᠨ ᠲᠠᠷᠢᠶᠠᠴᠢᠨ ᠢ ᠬᠠᠮᠤᠷᠴᠤ᠂ ᠭᠠᠮᠰᠢᠭᠳᠠᠭᠰᠠᠨ ᠮᠠᠯᠴᠢᠨ ᠲᠠᠷᠢᠶᠠᠴᠢᠨ ᠢ ᠳᠠᠶᠢᠴᠢᠯᠠᠵᠦ 7.1 ᠲᠦᠮᠡᠨ ᠮᠠᠯ ᠢ ᠎ ᠨᠢ ᠤᠷᠢᠳᠴᠢᠯᠠᠨ ᠪᠣᠷᠣᠯᠠᠭᠤᠯᠵᠤ᠂ ᠭᠠᠮᠰᠢᠭ ᠤᠨ ᠴᠠᠭ ᠠᠭᠤᠷ ᠤᠨ ᠮᠠᠯ ᠠᠵᠤ ᠠᠬᠤᠶ ᠶᠢᠨ ᠬᠥᠭᠵᠢᠯᠲᠡ ᠳᠤ ᠤᠴᠠᠷᠠᠭᠤᠯᠤᠭᠰᠠᠨ ᠨᠥᠯᠥᠭᠡ ᠶᠢ ᠪᠦᠲᠦᠮᠵᠢᠲᠡᠶ ᠪᠠᠭᠠᠰᠬᠠᠪᠠ᠃ ᠬᠤᠩ ᠶᠧ ᠪᠠᠶ ᠴᠦᠨ ᠮᠠᠯ ᠠᠵᠤ ᠠᠬᠤᠶ ᠵᠡᠷᠭᠡ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢ ᠳᠠᠶᠢᠴᠢᠯᠠᠨ ᠵᠣᠬᠢᠴᠠᠭᠤᠯᠵᠤ᠂ ᠭᠠᠮᠰᠢᠭᠳᠠᠭᠰᠠᠨ ᠭᠠᠵᠠᠷ ᠣᠷᠣᠨ ᠤ ᠶᠠᠳᠠᠷ ᠳᠣᠷᠣᠢ ᠮᠠᠯ ᠢ ᠬᠤᠳᠠᠯᠳᠤᠨ ᠠᠪᠴᠤ᠂ ᠮᠠᠯᠴᠢᠳ ᠤᠨ ᠠᠵᠤ ᠠᠬᠤᠶ ᠶᠢᠨ ᠳᠠᠷᠣᠭᠠᠰᠣ ᠶᠢ  ᠬᠦᠩᠭᠡᠷᠡᠬᠦᠯᠪᠡ᠃ ᠣᠳᠣᠬᠠᠨ ᠳᠤ᠂ ᠨᠢᠭᠡᠨᠲᠡ 1700 ᠢᠮᠠᠭ᠎ᠠ ᠬᠤᠳᠠᠯᠳᠤᠨ ᠠᠪᠴᠠᠶ᠃    ᠳᠥᠷᠪᠡ᠂ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠪᠠ    ᠣᠳᠣᠬᠠᠨ ᠪᠣᠯᠲᠠᠯ᠎ᠠ᠂ ᠠᠯᠠᠱᠠ ᠵᠡᠭᠦᠨ ᠬᠤᠰᠢᠭᠤ ᠶᠢᠨ ᠳᠠᠭᠠᠳᠬᠠᠯ ᠳᠤ ᠣᠷᠣᠭᠰᠠᠨ ᠮᠠᠯ 6.59 ᠲᠦᠮᠨ ᠪᠠᠶᠢᠵᠦ᠂ 18.59 ᠲᠦᠮᠡᠨ ᠮᠦ ᠲᠠᠷᠢᠮᠠᠯ ᠢ ᠳᠠᠭᠠᠳᠬᠠᠯ ᠳᠤ ᠣᠷᠣᠭᠤᠯᠵᠦ᠂ 1034 ᠲᠦᠮᠡᠨ ᠲᠥᠭᠦᠷᠢᠭ ᠤᠨ ᠲᠥᠯᠥᠪᠦᠷᠢ ᠥᠭᠴᠦ᠂ 1000 ᠭᠠᠷᠤᠢ ᠮᠠᠯᠴᠢᠨ ᠡᠷᠦᠬᠡ ᠠᠰᠢᠭ ᠬᠦᠷᠲᠡᠵᠦ᠂ ᠭᠠᠩ ᠬᠠᠭᠰᠠᠷᠠᠭᠠᠨ ᠤ  ᠮᠠᠯᠴᠢᠨ ᠳᠠᠷᠢᠶᠠᠴᠢᠨ ᠳᠤ ᠣᠴᠠᠷᠠᠭᠤᠯᠣᠭᠰᠠᠨ ᠠᠵᠦ ᠠᠬᠤᠢ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号