ᠬᠤᠳᠠ ᠶᠢᠨ ᠤᠰᠤ ᠬᠠᠩᠭᠠᠬᠤ ᠶᠠᠰᠤ ᠴᠢᠨᠠᠷ ᠢ ᠳᠡᠭᠡᠭᠰᠢᠯᠡᠬᠦᠯᠬᠦ ᠢᠨᠵᠧᠨᠧᠷᠢᠩ ᠡᠷᠴᠢᠮᠲᠠᠢ ᠶᠠᠪᠤᠬᠳᠠᠵᠤ ᠪᠠᠶᠢᠨ᠎ᠠ
ᠨᠡᠶᠢᠲᠡᠯᠡᠭᠰᠡᠨ ᠴᠠᠭ᠄
2024/7/19
    ᠣᠶᠢᠷ᠎ᠠ ᠳᠤ᠂ ᠦᠭᠡᠯᠡᠳ ᠵᠡᠭᠡᠯᠢ ᠶᠢᠨ ︽ᠭᠤᠷᠪᠠᠨ ᠤᠰᠤ︾ ︵ᠤᠰᠤ ᠬᠠᠩᠭᠠᠬᠤ᠂ ᠪᠣᠷᠣᠭᠠᠨ ᠤ ᠤᠰᠤ᠂ ᠪᠣᠬᠢᠷ ᠤᠰᠤ︶ ᠶᠢ ᠥᠭᠡᠷᠡᠴᠢᠯᠡᠬᠦ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠮᠠᠰᠢᠨ ᠮᠧᠬᠠᠨᠢᠭ ᠬᠦᠷᠴᠢᠬᠢᠨᠡᠨ᠂ ᠠᠵᠢᠯᠴᠢᠳ ᠭᠤᠤ ᠰᠤᠪᠠᠭ ᠮᠠᠯᠲᠠᠵᠤ ᠰᠢᠷᠣᠢ ᠶᠢ ᠴᠡᠪᠡᠷᠯᠡᠨ᠂ ᠬᠤᠭᠤᠯᠠᠢ ᠳᠡᠪᠢᠰᠴᠦ ᠶᠠᠭᠠᠷᠠᠯᠲᠠᠢ ᠠᠵᠢᠯᠯᠠᠨ᠎ᠠ᠃ ᠠᠯᠠᠱᠠ ᠵᠡᠭᠦᠨ ᠬᠤᠰᠢᠭᠤ ᠬᠤᠳᠠ ᠶᠢᠨ ᠤᠰᠤ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ 5.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠨ᠂ ᠡᠨᠡ ᠵᠢᠯ ᠠᠴᠠ ᠡᠬᠢᠯᠡᠨ ᠬᠤᠶᠠᠷ ᠵᠢᠯ ᠤᠨ ᠬᠤᠭᠤᠴᠠᠭᠠᠨ ᠳᠤ ᠪᠣᠷᠣᠭᠠᠨ ᠤ ᠤᠰᠤ᠂ ᠪᠣᠬᠢᠷ ᠤᠰᠤ᠂ ᠤᠰᠤ ᠬᠠᠩᠭᠠᠬᠤ ᠬᠤᠭᠤᠯᠠᠢ ᠶᠢᠨ ᠲᠣᠣᠷ ᠢ ᠰᠢᠰᠲ᠋ᠧᠮᠳᠣ ᠴᠢᠨᠠᠷᠲᠠᠢ ᠪᠠᠷ ᠲᠡᠰ ᠳᠡᠪᠰᠢᠭᠦᠯᠦᠨ ᠦᠭᠡᠷᠡᠴᠢᠯᠡᠬᠦ ᠪᠠᠷ ᠲᠤᠬᠲᠠᠵᠤ᠂ ᠪᠠᠶᠠᠨᠬᠤᠲᠠ ᠶᠢᠨ ᠤᠰᠤᠨ ᠤ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠦᠷᠭᠦᠯᠵᠢᠯᠡᠨ ᠠᠬᠢᠭᠤᠯᠵᠣ ᠪᠠᠶᠢᠨ᠎ᠠ᠃    ᠪᠠᠶᠠᠨᠬᠤᠲᠠ ᠪᠠᠯᠭᠠᠰᠤᠨ ᠤ ᠭᠤᠷᠪᠠᠨ ᠤᠰᠤᠨ ᠤ ᠥᠭᠡᠷᠡᠴᠢᠯᠡᠯᠲᠡ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠲᠠᠯ᠎ᠠ ᠶᠢᠨ ᠬᠠᠷᠢᠭᠤᠴᠠᠯᠭᠠᠲᠠᠨ ᠵᠠᠩ ᠬᠠᠢ ᠲᠣᠣ᠄ ︽ᠤᠤᠯ ᠳᠠᠭᠠᠨ ᠲᠦᠭᠡᠭᠡᠯ ᠤᠰᠤ ᠪᠠ ᠪᠣᠬᠢᠷ ᠤᠰᠤᠨ ᠤ ᠬᠤᠭᠤᠯᠠᠢ ᠶᠢᠨ ᠲᠣᠣᠷ ᠲᠠᠢ᠂ ᠤᠰᠤ ᠬᠠᠩᠭᠠᠬᠤ ᠬᠤᠭᠤᠯᠠᠢ ᠶᠢᠨ ᠳ᠋ᠢᠶᠠᠮᠧᠲᠷ 250 ᠮᠢᠯᠢᠮᠧᠲᠷ᠂ ᠪᠣᠬᠢᠷ ᠤᠰᠤᠨ ᠤ ᠬᠤᠭᠤᠯᠠᠢ ᠶᠢᠨ ᠳ᠋ᠢᠶᠠᠮᠧᠲᠷ 400 ᠮᠢᠯᠢᠮᠧᠲᠷ ᠪᠠᠶᠢᠵᠠᠢ᠂ ᠰᠢᠨ᠎ᠡ ᠪᠠᠷ ᠪᠠᠶᠢᠭᠤᠯᠣᠭᠰᠠᠨ ᠤᠰᠤ ᠬᠠᠩᠭᠠᠬᠤ ᠬᠤᠶᠠᠷ ᠵᠤᠷᠪᠤᠰ ᠬᠤᠭᠤᠯᠠᠢ ᠶᠢᠨ ᠳ᠋ᠢᠶᠠᠮᠧᠲᠷ ᠢ 300 ᠮᠢᠯᠢᠮᠧᠲᠷ ᠪᠣᠯᠭᠠᠵᠤ᠂ ᠪᠣᠬᠢᠷ ᠤᠰᠤᠨ ᠤ ᠬᠤᠭᠤᠯᠠᠢ ᠶᠢᠨ ᠳ᠋ᠢᠶᠠᠮᠧᠲᠷ ᠢ 600 ᠮᠢᠯᠢᠮᠧᠲᠷ ᠪᠣᠯᠭᠠᠨ ᠪᠣᠬᠢᠷ ᠣᠰᠣ ᠶᠢ ᠭᠠᠳᠠᠭᠰᠢᠯᠠᠭᠤᠯᠬᠤ ᠭᠡᠮᠵᠢᠶ᠎ᠡ ᠶᠢ ᠶᠡᠭᠡᠰᠭᠡᠵᠣ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠣᠯᠣᠨ᠎ᠠ︾ ᠭᠡᠪᠡ᠃    ᠪᠠᠶᠠᠨᠬᠤᠲᠠ ᠪᠠᠯᠭᠠᠰᠤ ᠶᠢᠨ ᠬᠤᠲᠠ ᠶᠢᠨ ᠲᠣᠭᠤᠷᠢᠭ ᠲᠠᠬᠢ ᠪᠣᠷᠣᠭᠠᠨ ᠤ ᠤᠰᠤ᠂ ᠪᠣᠬᠢᠷ ᠤᠰᠤ᠂ ᠣᠰᠣ ᠬᠠᠩᠭᠠᠬᠤ ᠬᠤᠭᠤᠯᠠᠢ ᠶᠢᠨ ᠲᠣᠣᠷ ᠤᠨ ᠭᠡᠷᠡᠭᠯᠡᠭᠰᠡᠨ ᠬᠤᠭᠤᠴᠠᠭ᠎ᠠ ᠨᠢ ᠣᠷᠳᠣ ᠪᠣᠯᠵᠣ᠂ ᠬᠤᠭᠤᠯᠠᠢ ᠠᠴᠠ ᠤᠰᠤ ᠭᠤᠭᠤᠵᠢᠬᠤ ᠵᠡᠷᠭᠡ ᠦᠵᠡᠭᠳᠡᠯ ᠪᠠᠶᠢᠨ ᠳᠠᠬᠢᠨ ᠡᠭᠦᠰᠴᠦ᠂ ᠪᠣᠷᠣᠭᠠᠨ ᠤ ᠣᠰᠣ ᠶᠢ ᠭᠠᠳᠠᠭᠰᠢᠯᠠᠭᠤᠯᠬᠤ ᠨᠢ ᠪᠠᠭᠠᠰᠴᠣ᠂ ᠤᠰᠤᠨ ᠤ ᠡᠬᠢ ᠪᠠᠶᠠᠯᠢᠭ ᠢ ᠪᠦᠷᠢᠯᠭᠡᠨ᠂ ᠤᠰᠤ ᠬᠡᠷᠡᠭᠯᠡᠬᠦ ᠬᠡᠮᠵᠢᠶ᠎ᠡ᠂ ᠤᠰᠤᠨ ᠤ ᠳᠠᠷᠤᠯᠲᠠ᠂ ᠤᠰᠤᠨ ᠤ ᠴᠢᠨᠠᠷ ᠢ ᠴᠤ ᠪᠠᠲᠤᠯᠠᠵᠤ ᠳᠡᠶᠢᠯᠬᠦ ᠦᠭᠡᠢ ᠪᠣᠯᠤᠭᠰᠠᠨ ᠪᠠᠶᠢᠨ᠎ᠠ᠃    ᠲᠣᠰ ᠤᠳᠠᠭ᠎ᠠ ᠪᠠᠶᠠᠨᠬᠤᠲᠠ ᠣᠷᠣᠨ ᠤ ᠣᠶᠤᠨᠲᠤ ᠤᠰᠤᠨ ᠤ ᠶᠠᠪᠤᠳᠠᠯ ᠵᠢᠴᠢ ᠵᠠᠮ ᠤᠨ ᠬᠠᠭᠤᠴᠢᠨ ᠤᠰᠤ ᠬᠠᠩᠭᠠᠬᠤ ᠬᠤᠭᠤᠯᠠᠢ ᠶᠢᠨ ᠲᠣᠣᠷ ᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ᠂ ᠪᠠᠶᠠᠨᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ᠂ ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠤᠰᠤ ᠵᠠᠯᠠᠵᠤ ᠤᠰᠤᠲᠤᠯ ᠢ ᠰᠡᠷᠭᠡᠶᠢᠯᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠪᠠᠭᠴᠠᠯᠠᠭᠠᠳ ᠭᠤᠷᠪᠠᠨ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠢᠨ᠎ᠡ᠃ ᠪᠣᠬᠢᠷ ᠤᠰᠤ᠂ ᠪᠣᠷᠣᠭᠠᠨ ᠤ ᠤᠰᠤ᠂ ᠤᠰᠤ ᠬᠠᠩᠭᠠᠬᠤ ᠭᠤᠷᠪᠠᠨ ᠵᠦᠢᠯ ᠤᠨ ᠳᠠᠮᠵᠢᠭᠤᠯᠬᠤ ᠬᠤᠭᠤᠯᠠᠢ ᠶᠢᠨ ᠰᠢᠰᠲ᠋ᠧᠮ ᠢ ᠠᠳᠠᠯᠢ ᠨᠢᠭᠡᠨ ᠭᠤᠤ ᠰᠤᠪᠠᠭ ᠲᠤ ᠬᠠᠮᠲᠤ ᠪᠠᠷ ᠬᠡᠷᠡᠭᠵᠢᠭᠦᠯᠬᠦ ᠠᠷᠭ᠎ᠠ ᠮᠠᠶ᠋ᠢᠭ ᠢ ᠬᠡᠷᠡᠭᠯᠡᠵᠦ᠂ ᠣᠨᠴᠠ ᠲᠣᠭᠲᠠᠭᠰᠠᠨ ᠵᠠᠮ ᠤᠨ ᠬᠡᠰᠡᠭ ᠲᠤ ᠪᠠᠷᠢᠯᠭ᠎ᠠ ᠪᠠᠷᠢᠬᠤ ᠦᠶ᠎ᠡ ᠳᠤ ᠭᠤᠷᠪᠠᠨ ᠵᠦᠢᠯ ᠤᠨ ᠳᠠᠮᠵᠢᠭᠤᠯᠬᠤ ᠬᠤᠭᠤᠯᠠᠢ ᠶᠢ ᠨᠢᠭᠡ ᠯᠡ ᠤᠳᠠᠭ᠎ᠠ ᠳᠤ ᠳᠡᠪᠢᠰᠭᠦ ᠶᠢ ᠪᠠᠳᠣᠯᠠᠬᠤ ᠪᠣᠯᠣᠨ᠎ᠠ᠃ ᠡᠭᠦᠨ ᠳᠤ᠂ ᠤᠰᠤ ᠬᠠᠩᠭᠠᠬᠤ ᠬᠤᠭᠤᠯᠠᠢ ᠶᠢᠨ ᠲᠣᠣᠷ ᠢ 66 ᠺᠢᠯᠣᠮᠧᠲᠷ ᠥᠭᠡᠷᠡᠴᠢᠯᠡᠵᠦ᠂ ᠪᠣᠬᠢᠷ ᠤᠰᠤᠨ ᠤ ᠬᠤᠭᠤᠯᠠᠢ ᠶᠢᠨ ᠲᠣᠣᠷ ᠢ 36 ᠺᠢᠯᠣᠮᠧᠲᠷ ᠵᠢᠴᠢ ᠳᠠᠭᠠᠯᠲᠠ ᠪᠠᠷᠢᠯᠭ᠎ᠠ ᠶᠢᠨ ᠵᠦᠢᠯ ᠢ ᠥᠭᠡᠷᠡᠴᠢᠯᠡᠵᠦ᠂ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠢ 30 ᠺᠢᠯᠣᠮᠧᠲᠷ ᠦᠭᠡᠷᠡᠴᠢᠯᠡᠬᠦ ᠪᠣᠯᠣᠨ᠎ᠠ᠃    ᠥᠭᠡᠷᠡᠴᠢᠯᠡᠨ ᠰᠢᠨᠡᠳᠭᠡᠬᠦ ᠶᠠᠪᠤᠴᠠ ᠳᠤ᠂ ᠪᠠᠷᠢᠯᠭ᠎ᠠ ᠶᠢᠨ ᠨᠢᠭᠡᠴᠢ ᠶᠢᠨ ᠬᠢᠨ ᠴᠠᠭ ᠬᠤᠭᠤᠴᠠᠭ᠎ᠠ ᠶᠢ ᠠᠮᠵᠢᠨ ᠠᠵᠢᠯᠯᠠᠵᠤ᠂ ᠬᠤᠳᠠ ᠶᠢᠨ ᠲᠣᠭᠤᠷᠢᠭ ᠤᠨ ᠭᠤᠣᠯ ᠵᠠᠮ ᠳᠤ ᠬᠠᠭᠠᠰ ᠪᠢᠲᠡᠬᠦᠮᠵᠢᠯᠡᠬᠦ ᠮᠠᠶ᠋ᠢᠭ ᠢᠶᠠᠷ ᠠᠵᠢᠯᠯᠠᠵᠤ᠂ ᠬᠤᠳᠠ ᠶᠢᠨ ᠲᠣᠭᠤᠷᠢᠭ ᠤᠨ ᠭᠤᠣᠯ ᠵᠠᠮ ᠳᠤ ᠪᠢᠲᠡᠭᠦᠮᠵᠢᠯᠡᠭᠰᠡᠨ ᠪᠠᠷᠢᠯᠭ᠎ᠠ ᠶᠢᠨ ᠠᠷᠭ᠎ᠠ ᠪᠣᠳᠣᠯᠭ᠎ᠠ ᠶᠢ ᠭᠡᠷᠡᠭᠵᠢᠬᠦᠯᠦᠨ᠂ ᠪᠠᠷᠢᠯᠭ᠎ᠠ ᠶᠢᠨ ᠠᠬᠢᠴᠠ ᠶᠢ ᠳᠦᠷᠭᠡᠳᠭᠡᠵᠣ᠂ ᠰᠠᠭᠤᠭᠠᠯᠢ ᠠᠷᠠᠳ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃    ᠪᠠᠶᠠᠨᠬᠤᠲᠠ ᠪᠠᠯᠭᠠᠰᠤᠨ ᠤ ᠭᠤᠷᠪᠠᠨ ᠤᠰᠤᠨ ᠤ ᠥᠭᠡᠷᠡᠴᠢᠯᠡᠯᠲᠡ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠲᠠᠯ᠎ᠠ ᠶᠢᠨ ᠬᠠᠷᠢᠭᠤᠴᠠᠯᠭᠠᠲᠠᠨ ᠵᠠᠩ ᠬᠠᠢ ᠲᠣᠣ᠄ ︽ᠪᠢᠳᠡ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠬᠤᠭᠤᠴᠠᠭ᠎ᠠ ᠶᠢ ᠵᠦᠷᠢᠬᠦᠯᠵᠤ᠂ ᠠᠵᠢᠯ ᠤᠨ ᠠᠬᠢᠴᠠ ᠶᠢ ᠲᠦᠷᠭᠡᠳᠭᠡᠨ᠂ ᠠᠵᠢᠯᠲᠠᠨ ᠢ ᠬᠤᠶᠠᠷ ᠡᠭᠡᠯᠵᠢ ᠪᠠᠷ ᠠᠵᠢᠯᠯᠠᠭᠤᠯᠵᠣ᠂ ᠵᠠᠮ ᠬᠠᠷᠢᠯᠴᠠᠭᠠᠨ ᠤ ᠰᠡᠷᠭᠦᠭᠡᠯᠲᠡ ᠶᠢ ᠳᠦᠷᠭᠡᠳᠭᠡᠨ᠂ ᠥᠷᠭᠡᠨ ᠤᠯᠠᠨ ᠰᠠᠭᠤᠭᠠᠯᠢ ᠠᠷᠠᠳ ᠤᠨ ᠭᠠᠳᠠᠭᠰᠢ ᠭᠠᠷᠬᠤ ᠳᠤ ᠲᠦᠭᠦᠮ ᠦᠵᠡᠬᠦᠯᠵᠣ ᠪᠠᠶᠢᠨ᠎ᠠ︾ ᠭᠡᠪᠡ᠃    ᠣᠶᠢᠯᠠᠭᠠᠭᠰᠠᠨ ᠢᠶᠠᠷ ︽ᠭᠤᠷᠪᠠᠨ ᠤᠰᠤ︾ ᠶᠢ ᠥᠭᠡᠷᠡᠴᠢᠯᠡᠬᠦ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠡᠨᠡ ᠵᠢᠯ ᠤᠨ 4 ᠰᠠᠷ᠎ᠠ ᠳᠤ ᠡᠬᠢᠯᠡᠭᠦᠯᠵᠦ᠂ ᠣᠲᠣ ᠪᠣᠯᠲᠠᠯ᠎ᠠ 4541 ᠲᠦᠮᠡᠨ ᠲᠥᠭᠦᠷᠢᠭ ᠤᠨ ᠪᠡᠯᠡ ᠣᠷᠣᠭᠤᠯᠤᠨ᠂ 3.97 ᠺᠢᠯᠣᠮᠧᠲᠷ ᠤᠰᠤ ᠬᠠᠩᠭᠠᠬᠤ ᠬᠤᠭᠤᠯᠠᠢ ᠶᠢᠨ ᠲᠣᠣᠷ ᠪᠠ 3.64 ᠺᠢᠯᠣᠮᠧᠲᠷ ᠪᠣᠬᠢᠷ ᠤᠰᠤᠨ ᠤ ᠬᠤᠭᠤᠯᠠᠢ ᠶᠢᠨ ᠲᠣᠣᠷ ᠢ ᠦᠭᠡᠷᠡᠴᠢᠯᠡᠨ᠂ ᠵᠣᠬᠢᠴᠠᠩᠭᠤᠢ ᠳᠠᠭᠠᠯᠲᠠ ᠪᠠᠷᠢᠯᠭ᠎ᠠ ᠶᠢᠨ ᠵᠦᠢᠯ ᠢ ᠪᠡᠶᠡᠯᠡᠬᠦᠯᠵᠣ᠂ 1.879 ᠺᠢᠯᠣᠮᠧᠲᠷ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠢ ᠦᠭᠡᠷᠡᠴᠢᠯᠡᠨ᠂ ᠳᠣᠰ ᠠᠵᠢᠯ ᠢ 2025 ᠣᠨ ᠤ ᠡᠴᠦᠰ ᠲᠤ ᠳᠠᠭᠤᠰᠬᠠᠬᠤ ᠪᠠᠷ ᠲᠥᠯᠥᠪᠯᠡᠵᠦ ᠪᠣᠶ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号