ᠡᠨᠡ ᠵᠢᠯ ᠪᠥᠬᠦ ᠤᠷᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠰᠠᠨ ᠲᠠᠯᠠᠪᠠᠢ ᠨᠢᠭᠡᠨᠲᠡ 1147 ᠲᠦᠮᠡᠨ ᠮᠥ ᠳᠤ ᠬᠥᠷᠴᠠᠢ
ᠨᠡᠶᠢᠲᠡᠯᠡᠭᠰᠡᠨ ᠴᠠᠭ᠄
2024/7/19
    ᠤᠶᠢᠷ᠎ᠠ ᠳᠤ ᠶᠠᠪᠤᠭᠳᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠭᠤᠤᠯ ᠰᠡᠳᠦᠪᠲᠤ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠪᠦᠬᠦ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠨᠢᠳᠤᠨᠤᠨ ᠪᠥᠬᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠶ 950 ᠲᠦᠮᠡᠨ ᠮᠥ ᠬᠦᠷᠴᠦ᠂ ᠵᠢᠯ ᠤᠨ ᠡᠬᠢᠨ ᠤ ᠲᠥᠯᠥᠪᠯᠡᠭᠡ ᠶᠢᠨ ᠢᠶᠠᠨ 1.5 ᠳᠠᠬᠢᠨ ᠪᠤᠯᠪᠠ᠃ ᠡᠨᠡ ᠵᠢᠯ ᠠᠴᠠ ᠨᠠᠭᠠᠰᠢ᠂ ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠨᠢᠭᠡᠨᠲᠡ 1147 ᠲᠦᠮᠡᠨ ᠮᠥ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠪᠡᠶᠡᠯᠡᠭᠦᠯᠪᠡ᠃    ᠮᠠᠨ ᠤ ᠤᠷᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠦᠷᠭᠦᠯᠵᠢᠯᠡᠨ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ︾ ᠢ ᠭᠤᠶᠢᠪᠢᠰᠢ ᠦᠭᠡᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠪᠥᠬᠦ ᠣᠷᠣᠨ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠶ 3000 ᠲᠦᠮᠡᠨ ᠮᠤ᠋ ᠶᠢ ᠳᠠᠪᠠᠵᠤ᠂ ᠡᠳᠦᠷ ᠳᠤᠮᠳᠠᠴᠢ ᠶᠢᠨ ᠡᠯᠡᠰᠤ ᠶᠢ ᠵᠠᠰᠠᠭᠰᠠᠨ ᠲᠠᠯᠠᠪᠠᠶ 2 ᠲᠦᠮᠡᠨ ᠮᠤ᠋ ᠶᠢ ᠳᠠᠪᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠤ ᠶᠢ ᠵᠠᠰᠠᠬᠤ ︽ᠬᠤᠷᠳᠤᠴᠠ ᠪᠠᠨ ᠲᠦᠷᠭᠡᠳᠭᠡᠬᠦ︾ ᠶᠢ ᠪᠡᠶᠡᠯᠡᠭᠦᠯᠪᠡ᠃ ᠡᠨᠡ ᠵᠢᠯ ᠠᠴᠠ ᠨᠠᠭᠠᠰᠢ ᠮᠠᠨ ᠤᠷᠤᠨ ᠤ ︽ᠬᠤᠤᠰ︾ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ᠂ ᠣᠶᠢᠵᠢᠭᠤᠯᠬᠤ᠂ ᠡᠪᠡᠰᠦ ᠳᠠᠷᠢᠬᠤ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠤᠭᠰᠠᠨ ᠲᠠᠯᠠᠪᠠᠢ ᠲᠤᠰ ᠲᠤᠰ ᠣᠨ ᠤ ᠡᠭᠦᠷᠭᠡ ᠶᠢᠨ ᠢᠶᠠᠨ 81.8%᠂ 67.7%᠂ 93.6% ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠮᠠᠨ ᠤ ᠣᠷᠣᠨ ᠶᠠᠭ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠰᠢᠨ᠎ᠡ ᠵᠠᠭᠪᠤᠷ ᠢ ᠶᠡᠭᠡ ᠪᠠᠷ ᠳᠡᠯᠭᠡᠷᠡᠭᠦᠯᠤᠨ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ  ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽1 + 1﹀ 2︾  ᠤᠨ ᠦᠷ᠎ᠡ ᠪᠦᠲᠦᠮᠵᠢ ᠶᠢ ᠤᠯᠬᠤ ᠪᠠᠷ ᠴᠢᠷᠮᠠᠶᠢᠵᠤ᠂ ᠵᠢᠱᠢᠯᠲᠡ ᠪᠠᠷ 2030 ᠣᠨ ᠪᠣᠯᠬᠤ ᠳᠤ 9700 ᠲᠦᠮᠡᠨ ᠮᠥ ᠡᠯᠡᠰᠦ ᠶᠢ ᠵᠠᠰᠠᠬᠤ ᠪᠤᠯᠤᠨ᠎ᠠ᠃    ︽ᠪᠦᠬᠦ ᠤᠯᠤᠰ ᠤᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠬᠤ ᠶᠢᠨ ᠲᠦᠯᠦᠭᠡ ᠮᠠᠨ ᠤ ᠤᠷᠤᠨ ᠪᠠᠰᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 7.3 ᠳ᠋ᠦᠩᠰᠢᠭᠤᠷ ᠮᠦ ᠦᠨᠳᠦᠰᠦᠨ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠬᠤᠪᠢᠶᠠᠷᠢᠯᠠᠨ ᠲᠣᠭᠲᠠᠭᠠᠵᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠬᠦᠯᠬᠦ ᠶᠢ ᠰᠡᠷᠡᠮᠵᠢᠯᠡᠭᠦᠯᠬᠦ ᠲᠠᠯᠠᠪᠠᠢ ᠲᠠᠰᠤᠷᠠᠯᠲᠠ ᠦᠭᠡᠢ ᠪᠠᠭᠠᠰᠪᠠ᠃ ︿ᠬᠦᠯᠦᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ﹀ ᠵᠢᠴᠢ ᠴᠠᠭᠠᠨᠨᠠᠭᠤᠷ ᠢ ᠤᠨᠤᠴᠠᠲᠠᠢ ᠵᠠᠰᠠᠬᠤ ︿ᠬᠦᠯᠦᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ﹀ ᠶᠢᠨ ᠤᠰᠤᠨ ᠤ ᠭᠠᠳᠠᠷᠭᠤ ᠶᠢ ᠵᠣᠬᠢᠰᠲᠠᠶ ᠣᠷᠣᠨ ᠵᠠᠶ ᠳᠤ ᠪᠠᠶᠢᠯᠭᠠᠵᠤ᠂ ᠤᠰᠤᠨ ᠤ ᠴᠢᠨᠠᠷ ᠢ ᠲᠣᠭᠲᠠᠭᠤᠨ ᠪᠠᠶᠢᠯᠭᠠᠬᠤ ᠶᠢᠨ ᠵᠡᠷᠭᠡ ᠪᠠᠷ ᠰᠠᠶᠢᠵᠢᠷᠠᠭᠤᠯᠤᠨ᠂ ᠴᠠᠭᠠᠨᠨᠠᠭᠤᠷ ᠤᠨ ᠠᠮᠢ ᠠᠬᠤᠶ ᠶᠢᠨ ᠪᠠᠶᠢᠳᠠᠯ ᠴᠤ ᠦᠷᠭᠦᠯᠵᠢᠯᠡᠨ ᠰᠠᠶᠢᠵᠢᠷᠠᠪᠠ︾ ᠭᠡᠵᠤ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ ᠤᠨ ᠳᠡᠳ᠋ ᠳᠠᠷᠤᠭ᠎ᠠ ᠸᠠᠩ ᠢ ᠯᠢᠩ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号