︽︿ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ | ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ | ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2024﹈ 14 ᠳ᠋ᠤᠭᠡᠷ ᠲᠣᠭᠠᠲᠤ︶ ᠤᠨ | ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠮᠠᠨ ᠤ ᠠᠶᠢᠮᠠᠭ ᠤᠨ ᠲᠥᠬᠦᠭᠡᠷᠦᠮᠵᠢ ᠶᠢ ᠰᠢᠨᠡᠳᠬᠡᠬᠦ ᠪᠠ | ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠬᠢᠵᠦ᠂ ᠳᠣᠲᠣᠭᠠᠳᠤ | ᠬᠡᠷᠡᠭᠴᠡᠭᠡ ᠶᠢ ᠤᠯᠠᠮ ᠨᠢᠭᠡ ᠠᠯᠬᠤᠮ ᠥᠷᠭᠡᠳᠬᠡᠵᠦ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ | ᠬᠥᠭᠵᠢᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ | ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ | ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠬᠠᠷᠠᠯᠲᠠ ᠲᠠᠢ ᠬᠠᠷᠢᠴᠠᠭᠤᠯᠵᠤ᠂ 2027 ᠣᠨ | ᠪᠣᠯᠬᠤ ᠳᠤ᠂ ᠠᠯᠠᠱᠠ ᠠᠶᠢᠮᠠᠭ ᠤᠨ ᠠᠵᠤ ᠦᠢᠯᠡᠳᠪᠦᠷᠢ ᠶᠢᠨ ᠬᠦᠷᠢᠶ᠎ᠡ ᠶᠢᠨ ᠲᠥᠬᠦᠭᠡᠷᠦᠮᠵᠢ ᠶᠢᠨ ᠪᠠᠯᠠ | ᠣᠷᠣᠭᠤᠯᠤᠯᠲᠠ ᠶᠢᠨ ᠬᠡᠪᠴᠢᠶ᠎ᠡ ᠶᠢ 2023 ᠣᠨ ᠤ ᠬᠢ ᠠᠴᠠ 50% ᠠᠴᠠ ᠳᠡᠭᠡᠭᠰᠢ ᠨᠡᠮᠡᠭᠳᠡᠭᠦᠯᠵᠦ᠂ | ᠲᠠᠷᠢᠶᠠᠯᠠᠩ᠂ ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ | ᠬᠦᠷᠢᠶ᠎ᠡ ᠶᠢᠨ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠶᠢ 2023 ᠣᠨ ᠤ ᠬᠢ ᠠᠴᠠ | 25% ᠠᠴᠠ ᠳᠡᠭᠡᠭᠰᠢ ᠨᠡᠮᠡᠭᠳᠡᠬᠦᠯᠦᠨ᠎ᠡ︔ ᠭᠤᠤᠯᠳᠠᠯᠭ᠎ᠠ ᠲᠠᠢ ᠠᠵᠢᠯ ᠲᠥᠷᠥᠯ ᠤᠨ ᠭᠤᠤᠯ ᠪᠣᠯᠬᠤ ᠡᠨᠧᠷᠭᠢ | ᠬᠡᠷᠡᠭᠯᠡᠬᠦ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠶᠢ ᠦᠨᠳᠦᠰᠦᠨ ᠳᠡᠭᠡᠨ ᠡᠨᠧᠷᠭᠢ ᠠᠷᠪᠢᠯᠠᠬᠤ ᠬᠢᠷᠢ | ᠲᠦᠪᠰᠢᠨ ᠳᠤ ᠬᠦᠷᠦᠭᠦᠯᠵᠦ᠂ ᠣᠷᠴᠢᠨ ᠲᠣᠭᠤᠷᠢᠨ ᠢ ᠬᠠᠮᠠᠭᠠᠯᠠᠭᠰᠠᠨ ᠠᠮᠵᠢᠯᠲᠠ ᠪᠦᠲᠦᠮᠵᠢ ᠨᠢ A ᠲᠠᠰ ᠤᠨ ᠬᠢᠷᠢ | ᠬᠡᠮᠵᠢᠶ᠎ᠡ ᠳᠤ ᠬᠦᠷᠦᠭᠰᠡᠨ ᠦᠢᠯᠡᠳᠪᠦᠷᠢᠯᠡᠬᠦ ᠴᠢᠳᠠᠪᠤᠷᠢ ᠶᠢᠨ ᠬᠠᠷᠢᠴᠠᠯ ᠢ ᠶᠡᠭᠡ ᠪᠠᠷ ᠳᠡᠭᠡᠭᠰᠢᠯᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠰᠤᠳᠤᠯᠤᠨ | ᠨᠡᠭᠡᠭᠡᠬᠦ ᠵᠢᠷᠤᠵᠤ ᠲᠥᠯᠥᠪᠯᠡᠬᠦ ᠪᠠᠭᠠᠵᠢ ᠶᠢ ᠳᠦᠭᠡᠮᠡᠯᠵᠢᠬᠦᠯᠦᠭᠰᠡᠨ ᠨᠣᠷᠮ᠎ᠠ᠂ ᠵᠠᠩᠭᠢᠯᠠᠭ᠎ᠠ ᠶᠢᠨ ᠠᠵᠢᠯ ᠤᠨ | ᠳᠠᠷᠠᠭᠠᠯᠠᠯ ᠤᠨ ᠲᠣᠭᠠᠨ ᠤ ᠡᠵᠡᠮᠳᠡᠯ ᠤᠨ ᠨᠣᠷᠮ᠎ᠠ ᠶᠢ ᠲᠣᠰ ᠲᠣᠰ 90%᠂ 75% ᠶᠢ ᠳᠠᠪᠠᠭᠤᠯᠤᠨ᠎ᠠ︔ | ᠬᠠᠶᠠᠭᠳᠠᠮᠠᠯ ᠮᠠᠰᠢᠨ ᠲᠡᠷᠭᠡᠨ ᠤ ᠡᠭᠡᠭᠦᠯᠦᠨ ᠬᠤᠷᠢᠶᠠᠬᠤ ᠬᠡᠮᠵᠢᠶ᠎ᠡ ᠶᠢ 2023 ᠣᠨ ᠤ ᠬᠢ ᠠᠴᠠ ᠪᠠᠷᠤᠭ ᠨᠢᠭᠡ | ᠳᠠᠬᠢᠨ ᠨᠡᠮᠡᠭᠳᠡᠭᠦᠯᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠬᠡᠮᠵᠢᠶ᠎ᠡ ᠶᠢ 2023 | ᠣᠨ ᠤ ᠬᠢ ᠠᠴᠠ 45% ᠨᠡᠮᠡᠭᠳᠡᠭᠦᠯᠵᠦ᠂ ᠬᠠᠭᠤᠴᠢᠷᠠᠵᠦ ᠡᠯᠡᠭᠳᠡᠭᠰᠡᠨ ᠭᠡᠷ ᠤᠨ ᠴᠠᠬᠢᠯᠭᠠᠨ ᠬᠡᠷᠡᠭᠰᠡᠯ ᠢ | ᠬᠤᠷᠢᠶᠠᠭᠰᠠᠨ ᠬᠡᠮᠵᠢᠶ᠎ᠡ ᠶᠢ 2023 ᠣᠨ ᠤ ᠬᠢ ᠠᠴᠠ 30 % ᠪᠠᠷ ᠨᠡᠮᠡᠭᠳᠡᠬᠦᠯᠵᠦ᠂ ᠡᠬᠢ ᠪᠠᠶᠠᠯᠢᠭ ᠤᠨ | ᠬᠠᠩᠭᠠᠯᠭ᠎ᠠ ᠳᠠᠬᠢ ᠳᠠᠬᠢᠯᠲᠠ ᠮᠠᠲ᠋ᠧᠷᠢᠶᠠᠯ ᠤᠨ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠤᠶᠠᠷ᠂ ᠬᠡᠷᠡᠭᠵᠢᠭᠦᠯᠬᠦ ᠵᠠᠷᠴᠢᠮ | ︵ᠨᠢᠭᠡ︶ ᠵᠠᠬ᠎ᠠ ᠳᠡᠯᠭᠡᠭᠦᠷ ᠢᠶᠠᠷ ᠭᠤᠣᠯ ᠪᠣᠯᠭᠠᠵᠤ᠂ ᠵᠠᠰᠠᠭ ᠤᠨ ᠣᠷᠳᠣᠨ ᠠᠴᠠ ᠬᠥᠲᠥᠯᠥᠨ | ᠵᠢᠯᠣᠭᠤᠳᠬᠤ ᠶᠢ ᠪᠠᠷᠢᠮᠲᠠᠯᠠᠨ᠎ᠠ᠃ ᠡᠬᠢ ᠪᠠᠶᠠᠯᠢᠭ ᠢ ᠲᠣᠬᠢᠷᠡᠭᠤᠯᠬᠤ ᠲᠤᠮᠳᠡᠬᠢ ᠵᠠᠬ᠎ᠠ ᠳᠡᠯᠭᠡᠬᠦᠷ ᠤᠨ ᠰᠢᠢᠳᠪᠦᠷᠢᠯᠡᠬᠦ | ᠴᠢᠨᠡᠷᠳᠡᠢ ᠦᠢᠯᠡᠳᠣᠯ ᠢ ᠬᠦᠢᠴᠡᠳ ᠪᠠᠳᠡᠷᠡᠭᠤᠯᠬᠤ ᠶᠢᠨ ᠬᠠᠮᠳᠣ᠂ ᠡᠯ᠎ᠠ ᠳᠥᠷᠦᠯ ᠤᠨ ᠳᠥᠬᠦᠭᠡᠷᠦᠮᠵᠢ ᠪᠠ | ᠭᠡᠷᠡᠭᠯᠡᠭᠡ ᠶᠢᠨ ᠵᠦᠢᠯᠡᠰ ᠢ ᠰᠢᠨᠡᠳᠭᠡᠨ ᠰᠣᠯᠢᠬᠤ ᠵᠡᠷᠭᠡ ᠵᠦᠷᠢᠶᠡᠴᠢᠯᠡᠭᠰᠡᠨ ᠭᠡᠷᠡᠭᠴᠡᠭᠡ ᠲᠠᠢ ᠣᠶᠠᠯᠳᠣᠭᠤᠯᠵᠦ᠂ ᠵᠠᠬ᠎ᠠ | ᠳᠡᠯᠭᠡᠬᠦᠷ ᠢ ᠣᠯᠡᠨ ᠶᠠᠩᠵᠤᠴᠢᠯᠬᠠᠰᠠᠨ ᠬᠠᠩᠭᠠᠯᠭ᠎ᠠ ᠪᠠ ᠦᠢᠯᠡᠴᠢᠯᠡᠭᠡ ᠬᠠᠩᠭᠠᠬᠤ ᠭᠤᠤᠯ ᠬᠦᠴᠣᠨ ᠪᠤᠯᠭᠠᠨ᠎ᠠ᠃ | ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ᠂ ᠵᠢᠷᠤᠮᠵᠢᠭᠤᠯᠬᠤ ᠪᠠ ᠪᠠᠲᠤᠯᠠᠬᠤ ᠦᠢᠯᠡᠳᠦᠯ ᠢ ᠴᠢᠩᠭᠠᠷᠠᠭᠤᠯᠵᠤ | ᠂ ᠵᠠᠬ᠎ᠠ ᠳᠡᠯᠭᠡᠭᠦᠷ ᠤᠨ ᠳᠤᠲᠠᠭᠤᠳᠠᠯ ᠢ ᠭᠦᠢᠴᠡᠳ ᠨᠥᠬᠦᠪᠥᠷᠢᠯᠡᠵᠦ᠂ ᠡᠳ᠋ ᠤᠨ ᠵᠠᠰᠠᠭ ᠭᠠᠶᠢᠯᠢ᠂ ᠮᠥᠩᠭᠦᠨ | ᠭᠦᠢᠯᠭᠡᠭᠡ᠂ ᠪᠡᠯᠡ ᠣᠷᠣᠭᠤᠯᠤᠯᠲᠠ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠣᠷᠣᠯᠴᠠᠭᠤᠯᠵᠤ᠂ | ᠰᠢᠨᠡᠳᠬᠡᠵᠦ ᠰᠣᠯᠢᠬᠤ ᠬᠡᠪᠴᠢᠶᠡᠲᠦ ᠦᠢᠯᠡᠳᠦᠯ ᠢ ᠪᠣᠶ ᠪᠣᠯᠭᠠᠨ᠎ᠠ᠃ | ︵ᠬᠤᠶᠠᠷ︶ ᠲᠡᠷᠢᠭᠦᠨ ᠤ ᠬᠢ ᠶᠢ ᠵᠣᠷᠢᠭᠵᠢᠭᠤᠯᠬᠤ᠂ ᠬᠤᠴᠣᠷᠤᠩᠭᠤᠢ ᠶᠢ ᠰᠢᠭᠰᠢᠭᠳᠡᠭᠦᠯᠬᠦ ᠶᠢ ᠪᠠᠷᠢᠮᠲᠠᠯᠠᠨ᠎ᠠ᠃ | ᠤᠷᠮᠠᠰᠢᠭᠤᠯᠬᠤ ᠪᠠ ᠬᠢᠵᠠᠭᠠᠷᠯᠠᠬᠤ ᠶᠢ ᠤᠶᠠᠯᠳᠤᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠡᠷᠬᠡ ᠲᠡᠭᠰᠢ ᠲᠥᠪ ᠭᠤᠤᠯᠴᠢ ᠴᠢᠨᠠᠷ ᠢ ᠦᠨᠡᠨ ᠬᠦ ᠪᠠᠲᠤᠯᠠᠨ᠂ ᠠᠰᠢᠭ | ᠲᠤᠰᠠ ᠬᠦᠷᠭᠡᠬᠦ ᠪᠠ ᠡᠷᠬᠡ ᠪᠠᠷ ᠠᠰᠢᠭ ᠤᠯᠬᠤ ᠵᠡᠷᠭᠡ ᠠᠴᠠ ᠵᠠᠶᠢᠯᠠᠰᠬᠢᠬᠦ ᠶᠢᠨ ᠬᠠᠮᠲᠤ᠂ ᠠᠯᠠᠱᠠ ᠠᠶᠢᠮᠠᠭ ᠤᠨ | ᠪᠣᠳᠠᠲᠤ ᠪᠠᠶᠢᠳᠠᠯ ᠪᠠ ᠬᠠᠷᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠰᠢᠨᠵᠢᠯᠡᠬᠦ ᠣᠬᠠᠭᠠᠨᠴᠢ ᠵᠦᠢ | ᠵᠣᠬᠢᠰᠳᠠᠢ ᠰᠢᠭᠰᠢᠭᠳᠡᠭᠦᠯᠬᠦ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠣᠭᠲᠠᠭᠠᠵᠤ᠂ ᠨᠢᠭᠡ ᠯᠡ ᠪᠠᠷᠢᠮᠵᠢᠶ᠎ᠠ ᠪᠠᠷ | ᠱᠠᠭᠠᠷᠳᠠᠬᠤ ᠠᠴᠠ ᠵᠠᠶᠢᠯᠠᠰᠬᠢᠵᠦ᠂ ᠬᠤᠴᠣᠷᠤᠩᠭᠤᠶ ᠦᠢᠯᠡᠳᠬᠦᠨ ᠲᠥᠬᠦᠭᠡᠷᠦᠮᠵᠢ ᠶᠢ ᠲᠦᠷᠭᠡᠨ ᠰᠢᠭᠰᠢᠭᠳᠡᠭᠦᠯᠵᠦ᠂ | ᠠᠮᠤᠷ ᠲᠦᠪᠰᠢᠨ ᠨᠠᠶᠢᠳᠠᠪᠤᠷᠢᠲᠠᠶ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠤ ᠦᠢᠯᠡᠰ ᠤᠨ ᠳᠡᠭᠡᠳᠦ | ᠳᠡᠰᠴᠢᠯᠡᠭᠰᠡᠨ᠂ ᠤᠶᠤᠨᠴᠢᠯᠠᠭᠰᠠᠨ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠣᠨ᠎ᠠ᠃ | ︵ᠭᠤᠷᠪᠠ︶ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ᠂ ᠡᠮᠬᠢ ᠵᠢᠷᠤᠮ ᠲᠠᠢ ᠪᠠᠷ ᠳᠡᠭᠡᠭᠰᠢᠯᠡᠭᠦᠯᠬᠦ ᠶᠢ | ᠪᠠᠷᠢᠮᠲᠠᠯᠠᠨ᠎ᠠ᠃ ᠪᠠᠷᠢᠮᠵᠢᠶ᠎ᠠ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠵᠢᠴᠢ ᠠᠵᠢᠯ | ᠲᠥᠷᠥᠯ ᠤᠨ ᠲᠡᠷᠢᠭᠦᠨ ᠤ ᠬᠢᠷᠢ ᠲᠦᠪᠰᠢᠨ ᠲᠠᠢ ᠬᠠᠷᠭᠤᠭᠤᠯᠤᠨ᠂ ᠠᠯᠠᠱᠠ ᠠᠶᠢᠮᠠᠭ ᠤᠨ ᠠᠵᠤ ᠦᠢᠯᠡᠰ ᠤᠨ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠠᠵᠤ ᠠᠬᠤᠶᠢᠯᠠᠯ ᠤᠨ ᠳᠠᠭᠠᠭᠠᠬᠤ ᠴᠢᠳᠠᠪᠤᠷᠢ ᠪᠠ | ᠬᠡᠷᠡᠭᠯᠡᠭᠴᠢᠳ ᠬᠦᠯᠢᠶᠡᠵᠦ ᠳᠡᠶᠢᠯᠬᠦ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠠᠷᠢᠮᠵᠢᠶ᠎ᠠ ᠶᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠡᠮᠬᠢ ᠵᠢᠷᠤᠮ ᠲᠠᠢ ᠠᠬᠢᠭᠤᠯᠤᠨ᠎ᠠ᠃ | ︵ᠲᠦᠷᠪᠡ︶ ᠨᠢᠭᠡᠳᠦᠯᠲᠡᠢ ᠲᠥᠯᠥᠪᠯᠡᠨ ᠠᠬᠢᠭᠤᠯᠬᠤ᠂ ᠭᠤᠣᠯᠳᠠᠯᠭ᠎ᠠ ᠶᠢ ᠳᠣᠪᠣᠶᠢᠯᠭᠠᠬᠤ ᠶᠢ ᠪᠠᠷᠢᠮᠳᠠᠯᠠᠨ᠎ᠠ᠃ | ᠡᠯ᠎ᠡ ᠡᠭᠦᠷᠭᠡ ᠴᠢᠳᠠᠮᠵᠢᠳᠦ ᠰᠠᠯᠠᠭ᠎ᠠ ᠮᠥᠴᠢᠷ ᠤᠳ ᠵᠣᠭᠰᠣᠴᠠ ᠪᠠᠨ ᠳᠡᠭᠡᠭᠰᠢᠯᠡᠭᠦᠯᠵᠦ᠂ ᠬᠠᠮᠵᠢᠯᠴᠠᠨ | ᠬᠠᠮᠲᠤᠷᠠᠯᠴᠠᠵᠤ᠂ ᠲᠣᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠶᠢᠨ ᠬᠠᠮᠲᠤ ᠲᠣᠰ | ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠭᠤᠤᠯᠳᠠᠯᠭ᠎ᠠ ᠪᠠᠨ ᠳᠣᠪᠤᠶᠢᠯᠭᠠᠨ᠂ | ᠪᠣᠳᠠᠲᠠᠶ ᠪᠥᠭᠡᠳ ᠨᠠᠷᠢᠯᠢᠭ ᠬᠢᠵᠦ ᠬᠢᠯᠠᠯᠵᠠᠭᠰᠠᠨ ᠠᠮᠵᠢᠯᠳᠠ ᠣᠯᠬᠤ ᠬᠡᠷᠡᠭᠲᠡᠶ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠭᠤᠣᠯᠳᠠᠯᠭ᠎ᠠ ᠲᠠᠢ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ | 1. ᠭᠤᠤᠯᠳᠠᠯᠭ᠎ᠠ ᠲᠠᠢ ᠬᠦᠷᠢᠶᠡᠨ ᠤ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠨᠥᠭᠡᠴᠡᠯᠡᠬᠦ ᠲᠥᠷᠥᠯ | ᠵᠦᠢᠯ ᠢ ᠣᠨᠣᠪᠴᠢᠲᠠᠶ ᠲᠥᠯᠥᠪᠯᠡᠨ᠎ᠡ᠃ ᠠᠵᠤ ᠦᠢᠯᠡᠳᠪᠦᠷᠢ᠂ ᠲᠠᠷᠢᠶᠠᠯᠠᠩ᠂ ᠪᠠᠷᠢᠯᠭ᠎ᠠ᠂ ᠵᠠᠮ ᠬᠠᠷᠢᠯᠴᠠᠭ᠎ᠠ᠂ | ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ ᠲᠤᠯᠤᠭᠠᠨ ᠶᠡᠭᠡ ᠬᠦᠷᠢᠶ᠎ᠡ ᠪᠠᠷ ᠭᠤᠤᠯᠳᠠᠯᠭ᠎ᠠ | ᠪᠣᠯᠭᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠬᠡᠲᠦ ᠪᠠᠭ᠎ᠠ ᠭᠠᠳᠠᠭᠰᠢᠯᠠᠭᠤᠯᠬᠤ᠂ | ᠠᠶᠤᠯᠭᠦᠶ ᠦᠢᠯᠡᠳᠪᠦᠷᠢᠯᠡᠯ᠂ ᠲᠣᠭᠠᠴᠢᠯᠠᠭᠰᠠᠨ ᠬᠡᠯᠪᠡᠷᠢ ᠳᠡᠰᠢ ᠬᠤᠪᠢᠷᠠᠭᠤᠯᠬᠤ᠂ ᠤᠶᠤᠨᠴᠢᠯᠠᠨ ᠲᠠᠰ ᠳᠡᠪᠰᠢᠭᠦᠯᠬᠦ | ᠵᠡᠷᠭᠡ ᠪᠠᠷ ᠴᠢᠭᠯᠡᠯ ᠪᠣᠯᠭᠠᠵᠤ᠂ ᠡᠯ᠎ᠡ ᠠᠵᠢᠯ ᠲᠥᠷᠥᠯ ᠤᠨ ᠲᠡᠷᠢᠭᠦᠨ ᠤ ᠪᠠᠷᠢᠮᠵᠢᠶ᠎ᠠ᠂ ᠲᠡᠷᠢᠭᠦᠨ ᠤ ᠬᠢᠷᠢ | ᠲᠦᠪᠰᠢᠨ ᠢᠶᠠᠷ ᠪᠠᠷᠢᠮᠵᠢᠶᠠᠯᠠᠵᠤ᠂ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠪᠠᠶᠢᠳᠠᠯ ᠢ ᠤᠶᠢᠯᠠᠭᠠᠨ | ᠲᠥᠯᠥᠪᠯᠡᠬᠦ ᠠᠵᠢᠯ ᠢ ᠥᠷᠨᠢᠭᠦᠯᠵᠦ᠂ ᠪᠠᠶᠢᠳᠠᠯ ᠢ ᠣᠶᠢᠯᠠᠭᠠᠭᠰᠠᠨ ᠲᠤᠭ᠎ᠠ ᠪᠠᠷᠢᠮᠲᠠ ᠶᠢ ᠡᠮᠬᠢᠳᠬᠡᠨ ᠵᠠᠳᠠᠯᠵᠦ᠂ ᠠᠵᠤ | ᠦᠢᠯᠡᠳᠪᠦᠷᠢ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠣᠳᠣᠬᠢ ᠪᠠᠶᠢᠳᠠᠯ᠂ | ᠠᠰᠠᠭᠤᠳᠠᠯ ᠪᠠ ᠳᠠᠯᠳᠠ ᠬᠦᠴᠦᠨ ᠢ ᠦᠨᠡᠯᠡᠨ ᠵᠢᠱᠢᠵᠦ᠂ ᠲᠥᠷᠥᠯ ᠵᠦᠢᠯ ᠤᠨ ᠨᠥᠭᠡᠴᠡᠯᠡᠯᠲᠡ ᠪᠠ ᠬᠢᠨᠠᠨ | ᠲᠣᠭᠲᠠᠭᠠᠯᠲᠠ ᠶᠢ ᠴᠢᠩᠭᠠᠳᠬᠠᠬᠤ ᠶᠢᠨ ᠬᠠᠮᠲᠤ ᠠᠬᠢᠭᠤᠯᠬᠤ ᠲᠥᠯᠥᠪᠯᠡᠭᠡ ᠲᠣᠭᠲᠠᠭᠠᠵᠤ᠂ ᠬᠦᠷᠢᠶ᠎ᠡ ᠴᠠᠷᠠᠭ᠎ᠠ | ᠬᠤᠪᠢᠶᠠᠨ ᠲᠥᠷᠥᠯ ᠵᠦᠢᠯ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠡᠯ᠎ᠡ ᠬᠤᠰᠢᠭᠤ ᠣᠷᠣᠨ ᠢ ᠵᠢᠯᠣᠭᠤᠳᠤᠨ | ᠲᠥᠷᠥᠯ ᠵᠦᠢᠯ ᠤᠨ ᠲᠥᠯᠥᠪᠵᠢᠭᠦᠯᠭᠡ ᠨᠥᠭᠡᠴᠡᠯᠡᠯᠲᠡ ᠶᠢ ᠰᠠᠶᠢᠲᠤᠷ ᠬᠢᠨ᠎ᠠ᠃ ᠵᠠᠬ᠎ᠠ ᠳᠡᠯᠭᠡᠭᠦᠷ ᠢᠶᠠᠷ ᠭᠤᠤᠯ | ᠪᠣᠯᠭᠠᠬᠤ ᠪᠠ ᠵᠠᠰᠠᠭ ᠤᠨ ᠣᠷᠳᠣᠨ ᠬᠥᠲᠥᠯᠦᠨ ᠵᠢᠯᠣᠭᠤᠳᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ | ᠲᠡᠷᠢᠭᠦᠨ ᠤ ᠬᠢ ᠶᠢ ᠵᠣᠷᠢᠭᠵᠢᠭᠤᠯᠬᠤ ᠪᠠ ᠬᠤᠴᠣᠷᠤᠩᠭᠤᠶ ᠶᠢ ᠰᠢᠭᠰᠢᠭᠳᠡᠭᠦᠯᠬᠦ ᠶᠢ ᠵᠡᠷᠭᠡ ᠪᠠᠷ ᠴᠢᠬᠤᠯᠠᠴᠢᠯᠠᠬᠤ᠂ | ᠪᠠᠷᠢᠮᠵᠢᠶ᠎ᠠ ᠪᠠᠷ ᠬᠥᠲᠥᠯᠦᠨ ᠳᠠᠭᠠᠭᠤᠯᠬᠤ ᠪᠠ ᠡᠮᠬᠢ ᠵᠢᠷᠤᠮ ᠲᠠᠢ ᠪᠠᠷ ᠳᠡᠭᠡᠭᠰᠢᠯᠡᠭᠦᠯᠬᠦ ᠶᠢ ᠬᠠᠮᠳᠣ ᠪᠠᠷ ᠠᠬᠢᠭᠤᠯᠵᠤ᠂ | ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠶᠢ ᠠᠬᠢᠭᠤᠯᠤᠨ᠂ | ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠯᠲᠡ ᠪᠠ ᠦᠢᠯᠡᠳᠬᠦᠨ ᠤ ᠴᠢᠳᠠᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ | ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ ᠳᠤ ᠨᠠᠩ ᠰᠠᠶᠢᠲᠤᠷ ᠵᠣᠬᠢᠴᠠᠭᠤᠯᠤᠨ᠂ ᠵᠢᠭᠤᠯᠴᠢᠯᠠᠭᠴᠢᠳ ᠤᠨ | ᠪᠣᠳᠠᠲᠠᠶ ᠬᠡᠷᠡᠭᠴᠡᠭᠡ ᠶᠢ ᠬᠠᠩᠭᠠᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ | ᠲᠠᠰ ᠳᠡᠪᠰᠢᠭᠦᠯᠬᠦ ᠶᠢ ᠠᠬᠢᠭᠤᠯᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠡᠷᠡᠭᠦᠯ᠂ ᠪᠣᠬᠢᠷᠲᠤᠯ ᠥᠬᠡᠶ᠂ | ᠣᠶᠤᠨᠴᠢ ᠪᠠ ᠦᠷᠭᠦᠯᠵᠢᠯᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ | ᠮᠠᠯᠵᠢᠬᠤ ᠣᠷᠣᠨ ᠤ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠴᠢᠮᠡᠭᠡ ᠬᠤᠯᠪᠣᠭ᠎ᠠ ᠶᠢ ᠬᠠᠮᠢᠶᠠᠷᠬᠤ ᠠᠯᠪᠠᠨ ᠭᠡᠷ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶᠃ ᠨᠢᠭᠡᠳᠦᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠬᠦ ᠰᠠᠯᠠᠭ᠎ᠠ | ᠮᠥᠴᠢᠷ ᠪᠣᠯᠣᠨ᠎ᠠ︔ ᠳᠣᠷᠣᠭᠰᠢ ᠴᠥᠮ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠨᠠᠶᠢᠳᠠᠪᠤᠷᠢᠵᠢᠭᠤᠯᠬᠤ ᠴᠢᠬᠤᠯᠠᠲᠠᠶ᠂ ᠳᠠᠬᠢᠵᠤ ᠲᠤᠰᠠᠭᠠᠷ ᠵᠢᠭᠰᠠᠭᠠᠬᠤ ᠦᠭᠡᠢ︶ | 2. ᠳᠦᠭᠦᠭᠡᠷᠦᠮᠵᠢ ᠮᠡᠷᠭᠡᠵᠢᠯ ᠢᠶᠠᠨ ᠰᠢᠨᠡᠳᠬᠡᠨ ᠳᠡᠰ ᠳᠡᠪᠰᠢᠭᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ | ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠠᠵᠢᠯ ᠲᠥᠷᠥᠯ ᠤᠨ ᠲᠥᠬᠦᠭᠡᠷᠦᠮᠵᠢ ︵ᠨᠡᠭᠦᠷᠡᠰᠦᠨ ᠠᠭᠤᠷᠬᠠᠶ᠂ | ᠨᠡᠭᠦᠷᠡᠰᠦᠨ ᠤ ᠪᠤᠰᠤ ᠠᠭᠤᠷᠬᠠᠶ ᠶᠢᠨ ᠲᠥᠬᠦᠭᠡᠷᠦᠮᠵᠢ ᠵᠢᠴᠢ ᠴᠠᠬᠢᠯᠭᠠᠨ ᠬᠦᠴᠦᠨ ᠤ ᠴᠠᠬᠢᠯᠭᠠᠨ ᠲᠣᠤᠷ ᠤᠨ | ᠲᠥᠬᠦᠭᠡᠷᠦᠮᠵᠢ ᠪᠠᠭᠲᠠᠨ᠎ᠠ︶ ᠶᠢ ᠰᠢᠨᠡᠳᠬᠡᠨ ᠥᠭᠡᠷᠡᠴᠢᠯᠡᠬᠦ ᠲᠤᠰᠬᠠᠶ ᠲᠥᠰᠦᠯ ᠢ ᠲᠣᠭᠲᠠᠭᠠᠨ᠎ᠠ᠃ ᠳᠡᠭᠡᠳᠦ | ᠳᠡᠰᠴᠢᠯᠡᠬᠦ᠂ ᠤᠶᠤᠨᠴᠢᠯᠠᠬᠤ᠂ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠱᠠᠭᠠᠷᠳᠠᠯᠭ᠎ᠠ | ᠶᠣᠰᠣᠭᠠᠷ᠂ ᠠᠵᠢᠯ ᠲᠥᠷᠥᠯ ᠤᠨ ᠪᠠᠷᠢᠮᠵᠢᠶ᠎ᠠ ᠲᠠᠢ ᠬᠠᠷᠭᠤᠭᠤᠯᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ᠂ | ᠨᠢᠭᠡ ᠠᠵᠤ ᠦᠢᠯᠡᠰ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ᠂ ᠨᠢᠭᠡ ᠬᠦᠷᠢᠶᠡᠯᠡᠩ ᠳᠤ ᠨᠢᠭᠡ ᠠᠷᠭ᠎ᠠ | ᠪᠣᠳᠣᠯᠭ᠎ᠠ ᠠᠪᠬᠤ︾ ᠶᠢ ᠪᠡᠶᠡᠯᠡᠭᠦᠯᠵᠦ᠂ ᠡᠯ᠎ᠡ ᠠᠵᠢᠯ ᠲᠥᠷᠥᠯ ᠤᠨ ᠰᠢᠨᠡᠴᠢᠯᠡᠵᠦ ᠥᠭᠡᠷᠡᠴᠢᠯᠡᠬᠦ ᠰᠢᠭᠤᠳ ᠦᠷ᠎ᠡ | ᠠᠰᠢᠭ ᠪᠠ ᠳᠠᠶᠢᠴᠢᠯᠠᠬᠤ ᠦᠢᠯᠡᠳᠦᠯ ᠢ ᠭᠦᠨᠵᠡᠭᠡᠢ ᠵᠠᠳᠠᠯᠤᠨ ᠦᠨᠡᠯᠡᠨ᠎ᠡ᠃ ᠲᠡᠮᠦᠷᠯᠢᠭ ᠪᠣᠯᠪᠠᠰᠤᠷᠠᠭᠤᠯᠬᠤ᠂ | ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠢᠯ ᠲᠦᠷᠦᠯ ᠳᠤ ᠠᠩᠬᠠᠷᠤᠯ ᠢᠶᠠᠨ ᠲᠥᠪᠯᠡᠷᠡᠭᠦᠯᠵᠦ᠂ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠬᠡᠳᠦ ᠳᠣᠣᠷ᠎ᠠ ᠭᠠᠳᠠᠭᠰᠢᠯᠠᠭᠤᠯᠬᠤ᠂ ᠠᠶᠤᠯᠭᠦᠢ | ᠦᠢᠯᠡᠳᠪᠦᠷᠢᠯᠡᠯ᠂ ᠲᠣᠭᠠᠴᠢᠯᠠᠭᠰᠠᠨ ᠬᠡᠯᠪᠡᠷᠢ ᠳᠡᠰᠢ ᠬᠤᠪᠢᠷᠠᠭᠤᠯᠬᠤ᠂ ᠤᠶᠤᠨᠴᠢᠯᠠᠨ ᠲᠡᠰ ᠳᠡᠪᠰᠢᠭᠦᠯᠬᠦ ᠪᠠᠷ | ᠤᠳᠤᠷᠢᠳᠤᠮᠵᠢ ᠪᠣᠯᠭᠠᠵᠤ᠂ ᠵᠣᠤᠬ᠎ᠠ ᠵᠡᠷᠭᠡ ᠦᠢᠯᠡᠳᠪᠦᠷᠢᠯᠡᠯ ᠤᠨ ᠲᠥᠬᠦᠭᠡᠷᠦᠮᠵᠢ᠂ ᠴᠠᠬᠢᠯᠭᠠᠨ ᠮᠠᠰᠢᠨ ᠵᠡᠷᠭᠡ | ᠡᠨᠧᠷᠭᠢ ᠬᠡᠷᠡᠭᠯᠡᠬᠦ ᠲᠥᠬᠦᠭᠡᠷᠦᠮᠵᠢ᠂ ᠬᠦᠴᠦᠳᠡᠯ ᠥᠭᠡᠷᠡᠴᠢᠯᠡᠭᠴᠢ ᠵᠡᠷᠭᠡ ᠴᠠᠬᠢᠯᠭᠠᠨ ᠳᠠᠮᠵᠢᠭᠤᠯᠵᠤ ᠲᠦᠭᠡᠭᠡᠬᠦ | ᠲᠥᠬᠦᠭᠡᠷᠦᠮᠵᠢ ᠶᠢ ᠥᠭᠡᠷᠡᠴᠢᠯᠡᠬᠦ ᠶᠢ ᠠᠬᠢᠭᠤᠯᠤᠨ᠎ᠠ᠃ ᠲᠡᠮᠦᠷ ᠤᠨ ᠬᠠᠶᠢᠯᠤᠰᠢ᠂ ᠴᠠᠬᠢᠯᠠᠭᠤᠷ ᠴᠢᠯᠠᠭᠤ ᠵᠡᠷᠭᠡ ᠠᠵᠢᠯ | ᠲᠥᠷᠥᠯ ᠤᠨ ᠠᠶᠤᠯ ᠶᠡᠬᠡᠲᠡᠶ᠂ ᠶᠡᠭᠡ ᠬᠥᠳᠡᠯᠮᠦᠷᠢ ᠵᠠᠷᠣᠴᠠᠭᠤᠯᠬᠤ ᠵᠢᠴᠢ ᠠᠵᠢᠯᠯᠠᠬᠤ ᠣᠷᠴᠢᠨ ᠲᠣᠭᠤᠷᠢᠨ ᠨᠢ ᠠᠨᠠᠶ | ᠦᠢᠯᠡᠳᠪᠦᠷᠢᠯᠡᠯ ᠤᠨ ᠨᠢᠭᠡᠴᠡ ᠳᠤ ︽ᠮᠠᠰᠢᠨ ᠢᠶᠠᠷ ᠬᠥᠮᠦᠨ ᠢ ᠣᠷᠣᠯᠠᠭᠤᠯᠬᠤ︾ ᠶᠢ ᠬᠡᠷᠡᠭᠵᠢᠭᠦᠯᠦᠨ᠎ᠡ᠃ | ᠡᠨᠧᠷᠭᠢ ᠶᠢᠨ ᠦᠷ᠎ᠡ ᠠᠰᠢᠭ ᠤᠨ ᠬᠢᠷᠢ ᠲᠦᠪᠰᠢᠨ ᠢ ᠳᠣᠪᠤᠶᠢᠯᠭᠠᠬᠤ ᠪᠠᠷ ᠳᠠᠮᠵᠢᠭᠤᠯᠤᠨ᠂ ᠠᠵᠢᠯ ᠲᠥᠷᠥᠯ | ᠬᠤᠪᠢᠶᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ | ᠪᠠᠷᠢᠮᠵᠢᠶ᠎ᠠ ᠳᠤ ᠥᠯᠥ ᠬᠥᠷᠬᠦ ᠲᠥᠬᠦᠭᠡᠷᠦᠮᠵᠢ ᠶᠢ ᠬᠠᠤᠯᠢ ᠲᠣᠭᠲᠠᠭᠠᠯ ᠶᠣᠰᠣᠭᠠᠷ ᠰᠢᠭᠰᠢᠭᠳᠡᠭᠦᠯᠬᠦ ᠶᠢᠨ ᠬᠠᠮᠲᠤ᠂ | ᠲᠥᠬᠦᠭᠡᠷᠦᠮᠵᠢ᠂ ᠮᠡᠷᠭᠡᠵᠢᠯ ᠢ ᠰᠢᠨᠡᠳᠬᠡᠨ ᠲᠠᠰ ᠳᠡᠪᠰᠢᠭᠦᠯᠬᠦ ᠪᠠᠷ ᠳᠠᠮᠵᠢᠭᠤᠯᠤᠨ᠂ ᠦᠢᠯᠡᠳᠪᠦᠷᠢᠯᠡᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠦᠢᠯᠡᠳᠬᠦᠨ ᠤ | ᠶᠠᠰᠤ ᠴᠢᠨᠠᠷ ᠢ ᠳᠡᠭᠡᠭᠰᠢᠯᠡᠭᠦᠯᠵᠦ᠂ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ︽ᠡᠨᠧᠷᠭᠢ ᠶᠡᠭᠡ ᠬᠤᠷᠣᠭᠳᠠᠭᠤᠯᠬᠤ ᠠᠵᠢᠯ ᠲᠥᠷᠥᠯ ᠤᠨ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ | ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢ ᠬᠢᠨᠠᠨ ᠪᠠᠶᠢᠴᠠᠭᠠᠬᠤ ᠠᠵᠢᠯ ᠤᠨ ᠲᠥᠰᠦᠯ︾ ᠲᠠᠢ ᠤᠶᠠᠯᠳᠤᠭᠤᠯᠵᠤ᠂ | ᠡᠨᠧᠷᠭᠢ ᠶᠡᠭᠡ ᠬᠤᠷᠣᠭᠳᠠᠭᠤᠯᠬᠤ ᠠᠵᠢᠯ ᠲᠥᠷᠥᠯ ᠤᠨ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ | ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢ ᠬᠢᠨᠠᠨ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠵᠦ᠂ ᠡᠨᠧᠷᠭᠢ | ᠶᠡᠭᠡ ᠬᠤᠷᠣᠭᠳᠠᠭᠤᠯᠬᠤ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠲᠤᠯᠭᠠᠭᠤᠷᠢᠯᠠᠵᠤ᠂ ᠡᠨᠧᠷᠭᠢ ᠬᠡᠷᠡᠭᠯᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ | ᠣᠨᠣᠪᠴᠢᠲᠠᠶ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ᠂ ᠵᠠᠬ᠎ᠠ ᠳᠡᠯᠭᠡᠭᠦᠷ ᠤᠨ ᠠᠵᠠ | ᠲᠣᠬᠢᠶᠠᠯ ᠢ ᠠᠮᠵᠢᠨ ᠠᠳᠬᠤᠵᠤ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ᠂ ᠳᠠᠪᠤᠰᠤ ᠬᠢᠮᠢ ᠶᠢᠨ ᠠᠵᠤ | ᠦᠢᠯᠡᠳᠪᠦᠷᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ | ᠳᠠᠪᠠᠭᠤᠯᠢᠭ ᠠᠵᠤ ᠦᠢᠯᠡᠰ ᠤᠨ ᠲᠥᠬᠦᠭᠡᠷᠦᠮᠵᠢ ᠪᠠᠨ ᠰᠢᠨᠡᠴᠢᠯᠡᠵᠦ ᠥᠭᠡᠷᠡᠴᠢᠯᠡᠬᠦ ᠠᠵᠢᠯᠯᠠᠭ᠎ᠠ ᠶᠢ ᠲᠦᠷᠬᠡᠨ | ᠬᠥᠭᠵᠢᠭᠦᠯᠬᠦ ᠶᠢ ᠳᠡᠮᠵᠢᠨ᠎ᠡ᠃ ᠠᠩᠬᠠᠳᠠᠭᠴᠢ ᠢᠵᠢ᠂ ᠳᠠᠯᠳᠠ ᠮᠠᠩᠯᠠᠶᠢᠯᠠᠭᠰᠠᠨ᠂ ᠰᠢᠨᠵᠢᠯᠡᠬᠦ ᠤᠬᠠᠭᠠᠨ | ᠮᠡᠷᠭᠡᠵᠢᠯ ᠤᠨ ᠳᠠᠭᠠᠭᠤᠯᠤᠭᠴᠢ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠨ ᠲᠥᠬᠦᠭᠡᠷᠦᠮᠵᠢ ᠪᠠ | ᠦᠢᠯᠡᠳᠬᠦᠨ ᠤ ᠰᠢᠨᠡᠴᠢᠯᠡᠯᠲᠡ ᠶᠢᠨ ᠬᠠᠮᠢᠶ᠎ᠠ ᠪᠦᠬᠦᠢ ᠬᠦᠷᠢᠶᠡᠨ ᠤ ᠮᠡᠷᠭᠡᠵᠢᠯ ᠢ ᠰᠤᠳᠤᠯᠤᠨ ᠨᠡᠭᠡᠭᠡᠬᠦ ᠪᠠ ᠲᠡᠷᠢᠭᠦᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠳᠤ ᠣᠷᠣᠯᠴᠠᠬᠤ ᠶᠢ | ᠵᠣᠷᠢᠭᠵᠢᠭᠤᠯᠤᠨ ᠠᠬᠢᠭᠤᠯᠵᠤ᠂ ᠦᠢᠯᠡᠳᠬᠦᠨ ᠤ ᠰᠢᠨ᠎ᠡ ᠶᠢ ᠡᠭᠦᠳᠬᠦ᠂ ᠮᠠᠲ᠋ᠧᠷᠢᠶᠠᠯ ᠤᠨ ᠰᠢᠨ᠎ᠡ ᠶᠢ ᠡᠭᠦᠳᠬᠦ᠂ | ᠣᠷ᠎ᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠡᠶᠡᠯᠡᠭᠦᠯᠦᠨ᠎ᠡ᠃ ᠪᠦᠬᠦ ᠠᠶᠢᠮᠠᠭ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠨᠡᠭᠦᠷᠡᠰᠦᠨ ᠠᠭᠤᠷᠬᠠᠢ ᠶᠢᠨ ᠲᠥᠬᠦᠭᠡᠷᠦᠮᠵᠢ᠂ ᠴᠠᠬᠢᠯᠭᠠᠨ ᠬᠦᠴᠦᠨ ᠤ ᠲᠥᠬᠦᠭᠡᠷᠦᠮᠵᠢ ᠶᠢ | ᠰᠢᠨᠡᠳᠬᠡᠨ ᠥᠭᠡᠷᠡᠴᠢᠯᠡᠬᠦ ᠶᠢ ᠠᠬᠢᠭᠤᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ︶ | 3. ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠳᠦᠭᠦᠭᠡᠷᠦᠮᠵᠢ ᠶᠢᠨ ᠬᠦᠷᠢᠶᠡᠨ ᠤ ᠲᠥᠬᠦᠭᠡᠷᠦᠮᠵᠢ ᠶᠢ | ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠬᠤᠲᠠ ᠪᠠᠯᠭᠠᠰᠤ ᠶᠢᠨ ᠠᠮᠢᠵᠢᠷᠠᠯ ᠤᠨ ᠴᠢᠨᠠᠷ ᠢ ᠨᠡᠮᠡᠭᠳᠡᠭᠦᠯᠦᠨ᠎ᠡ᠃ | ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠬᠦᠷᠢᠶᠡᠨ ᠤ ᠲᠥᠬᠦᠭᠡᠷᠦᠮᠵᠢ ᠶᠢ | ᠰᠢᠨᠡᠳᠬᠡᠬᠦ ᠳᠣᠬᠠᠢ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ ᠠᠰᠢᠭᠯᠠᠯᠲᠠ ᠳᠤ ᠣᠷᠣᠭᠤᠯᠤᠭᠰᠠᠨ ᠴᠠᠭ ᠨᠢ 15 | ᠵᠢᠯ ᠢ ᠳᠠᠪᠠᠭᠰᠠᠨ᠂ ᠲᠣᠬᠢᠷᠠᠭᠤᠯᠬᠤ ᠬᠢᠷᠢ ᠬᠡᠮᠵᠢᠶ᠎ᠡ ᠨᠢ ᠳᠣᠣᠷ᠎ᠠ᠂ ᠠᠵᠢᠯᠯᠠᠭᠠᠨ ᠤ ᠰᠠᠭᠠᠳ ᠲᠣᠳᠬᠠᠷ ᠨᠢ ᠶᠡᠭᠡ᠂ | ᠠᠮᠤᠷ ᠲᠦᠪᠰᠢᠨ ᠤ ᠳᠠᠯᠳᠠ ᠭᠡᠮ ᠲᠣᠪᠤᠶᠢᠮ᠎ᠠ᠂ ᠣᠯᠠᠨ ᠲᠦᠮᠡᠨ ᠤ ᠰᠢᠨᠡᠳᠬᠡᠬᠦ ᠱᠠᠭᠠᠷᠳᠠᠯᠭ᠎ᠠ ᠴᠢᠩᠭ᠎ᠠ ᠣᠷᠣᠨ | ᠰᠠᠭᠤᠴᠠ ᠶᠢᠨ ᠴᠠᠬᠢᠯᠭᠠᠨ ᠱᠠᠲᠤ ᠶᠢᠨ ᠪᠠᠶᠢᠳᠠᠯ ᠢ ᠣᠶᠢᠯᠠᠭᠠᠬᠤ ᠦᠨᠡᠯᠡᠨ ᠵᠢᠱᠢᠯᠲᠡ ᠬᠢᠵᠦ᠂ ᠳᠠᠯᠳᠠ ᠭᠡᠮ ᠢ | ᠵᠢᠭᠰᠠᠭᠠᠨ ᠪᠠᠶᠢᠴᠠᠭᠠᠬᠤ ᠪᠤᠶᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠪᠠᠶᠢᠳᠠᠯ ᠲᠠᠢ | ᠤᠶᠠᠯᠳᠤᠭᠤᠯᠤᠨ ᠰᠢᠨᠡᠳᠬᠡᠬᠦ᠂ ᠥᠭᠡᠷᠡᠴᠢᠯᠡᠬᠦ ᠪᠤᠶᠤ ᠶᠡᠭᠡ ᠵᠠᠰᠠᠯᠲᠠ ᠬᠢᠬᠦ ᠲᠥᠯᠥᠪᠯᠡᠭᠡ ᠪᠣᠯᠤᠨ ᠪᠣᠳᠠᠲᠠᠶ | ᠰᠢᠨᠡᠳᠬᠡᠬᠦ ᠲᠤᠭ᠎ᠠ ᠬᠡᠮᠵᠢᠶ᠎ᠡ ᠶᠢ ᠲᠣᠭᠲᠠᠭᠠᠵᠤ᠂ ᠰᠢᠨᠡᠳᠬᠡᠭᠰᠡᠨ ᠤ ᠳᠠᠷᠠᠭ᠎ᠠ ᠡᠷᠬᠡᠪᠰᠢ ᠬᠢᠮᠳᠠ ᠪᠥᠭᠡᠳ ᠳᠣᠭᠢᠷᠬᠠᠰᠠᠨ | ᠂ ᠠᠮᠤᠷ ᠲᠦᠪᠰᠢᠨ ᠪᠥᠭᠡᠳ ᠤᠳᠠᠭᠠᠨ ᠳᠠᠭᠠᠭᠠᠮᠠᠭᠠᠶ᠂ ᠠᠵᠢᠯᠯᠠᠭᠠᠨ ᠨᠢ ᠲᠣᠭᠲᠠᠭᠤᠨ᠂ ᠪᠣᠬᠢᠷᠲᠤᠯ ᠦᠭᠡᠶ᠂ | ᠣᠷᠴᠢᠨ ᠲᠣᠭᠤᠷᠢᠨ ᠢ ᠬᠠᠮᠠᠭᠠᠯᠠᠬᠤ ᠪᠣᠯᠤᠨ ᠴᠢᠮᠡᠭᠡ ᠬᠤᠯᠪᠣᠭ᠎ᠠ ᠶᠢ ᠰᠠᠭᠠᠳ ᠦᠭᠡᠶ ᠨᠡᠪᠲᠡᠷᠡᠭᠦᠯᠬᠦ ᠵᠡᠷᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠬᠤᠲᠠ ᠶᠢᠨ ᠰᠢᠨᠡᠴᠢᠯᠡᠯᠲᠡ᠂ ᠬᠠᠭᠤᠴᠢᠨ ᠰᠠᠭᠤᠭᠠᠯᠢ ᠲᠣᠭᠤᠷᠢᠭ ᠤᠨ | ᠥᠭᠡᠷᠡᠴᠢᠯᠡᠯᠲᠡ ᠶᠢ ᠠᠬᠢᠭᠤᠯᠬᠤ ᠲᠠᠢ ᠤᠶᠠᠯᠳᠤᠭᠤᠯᠤᠨ᠂ ᠣᠷᠣᠨ ᠰᠠᠭᠤᠴᠠ ᠳᠤ ᠴᠠᠬᠢᠯᠭᠠᠨ ᠱᠠᠲᠤ ᠣᠭᠰᠠᠷᠠᠬᠤ ᠶᠢ | ᠯᠠᠪᠳᠠᠭᠤᠨ ᠢᠶᠠᠷ ᠠᠬᠢᠭᠤᠯᠵᠤ᠂ ᠬᠤᠲᠠ ᠪᠠᠯᠭᠠᠰᠤᠨ ᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠲᠥᠷᠥᠯ | ᠬᠤᠪᠢᠶᠠᠨ ᠠᠬᠢᠭᠤᠯᠤᠨ᠎ᠠ᠃ ᠭᠠᠳᠠᠷ ᠬᠡᠷᠡᠮ ᠤᠨ ᠳᠤᠯᠠᠭᠠᠨ ᠢ ᠪᠠᠲᠤᠯᠠᠬᠤ᠂ ᠬᠠᠭᠤᠴᠢᠨ ᠡᠭᠦᠳᠡ ᠴᠣᠩᠬᠤ᠂ ᠢᠯᠴᠢ | ᠬᠠᠩᠭᠠᠬᠤ ᠲᠣᠨᠣᠭᠯᠠᠯ ᠵᠡᠷᠭᠡ ᠲᠣᠭᠤᠷᠢᠨ ᠳᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠤᠨ᠎ᠠ᠃ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ᠂ ᠬᠡᠷᠡᠭᠯᠡᠬᠦ ᠠᠴᠠ | ᠬᠡᠲᠦᠷᠡᠭᠰᠡᠨ ᠵᠡᠷᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠪᠥᠭᠡᠳ ᠰᠡᠯᠪᠢᠨ ᠵᠠᠰᠠᠬᠤ ᠦᠨ᠎ᠡ | ᠥᠷᠲᠡᠭ ᠥᠬᠡᠶ ᠰᠢᠩᠭᠡᠨᠵᠢᠮᠡᠯ ᠴᠢᠯᠠᠭᠤᠨ ᠲᠣᠰᠣᠨ ᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠵᠦ᠂ ᠰᠢᠨᠡᠳᠬᠡᠨ | ᠰᠠᠶᠢᠵᠢᠷᠠᠭᠤᠯᠤᠭᠰᠠᠨ ᠰᠠᠭᠤᠷᠢᠨ ᠳᠡᠭᠡᠷ᠎ᠡ ᠤᠶᠤᠨᠴᠢᠯᠠᠨ ᠳᠡᠭᠡᠭᠰᠢᠯᠡᠭᠦᠯᠬᠦ ᠪᠠᠶᠢᠭᠤᠯᠤᠯᠲᠠ ᠶᠢ ᠬᠡᠷᠡᠭᠵᠢᠭᠦᠯᠬᠦ ᠶᠢ | ᠵᠣᠷᠢᠭᠵᠢᠭᠤᠯᠵᠤ᠂ ᠰᠢᠩᠭᠡᠨᠵᠢᠮᠡᠯ ᠴᠢᠯᠠᠭᠤᠨ ᠲᠣᠰᠣᠨ ᠤ ᠠᠦ᠋ᠲ᠋ᠣᠴᠢᠯᠠᠭᠰᠠᠨ᠂ ᠮᠡᠳᠡᠭᠡ ᠵᠠᠩᠭᠢᠴᠢᠯᠠᠭᠰᠠᠨ᠂ | ᠤᠶᠤᠨᠴᠢᠯᠠᠭᠰᠠᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ ᠠᠷᠢᠭᠤᠨ | ᠴᠡᠪᠡᠷ ᠤᠨ ᠲᠥᠬᠦᠭᠡᠷᠦᠮᠵᠢ ᠪᠠ ᠪᠠᠷᠢᠯᠭ᠎ᠠ ᠪᠠᠷᠢᠬᠤ ᠲᠥᠬᠦᠭᠡᠷᠦᠮᠵᠢ ᠶᠢ ᠰᠢᠨᠡᠳᠬᠡᠬᠦ ᠶᠢ ᠠᠬᠢᠭᠤᠯᠵᠤ᠂ ᠡᠨᠧᠷᠭᠢ ᠶᠢᠨ | ᠬᠤᠷᠣᠭᠳᠠᠭᠤᠯᠤᠯ ᠶᠡᠬᠡᠲᠡᠶ᠂ ᠮᠡᠷᠭᠡᠵᠢᠯ ᠬᠤᠴᠣᠷᠤᠩᠭᠤᠶ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠵᠦ᠂ ᠰᠢᠨ᠎ᠡ | ᠡᠨᠧᠷᠭᠢ᠂ ᠤᠶᠤᠨᠴᠢᠯᠠᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠯᠠᠭᠠᠨ ᠤ ᠮᠠᠰᠢᠨ ᠪᠠᠭᠠᠵᠢ | ᠲᠥᠬᠦᠭᠡᠷᠦᠮᠵᠢ ᠪᠤᠶᠤ ᠪᠠᠷᠢᠯᠭ᠎ᠠ ᠶᠢᠨ ᠮᠠᠰᠢᠨ ᠲᠥᠬᠦᠭᠡᠷᠦᠮᠵᠢ ᠶᠢ ᠰᠢᠨᠡᠳᠬᠡᠵᠦ ᠬᠤᠳᠠᠯᠳᠤᠨ ᠠᠪᠬᠤ ᠶᠢ | ᠵᠣᠷᠢᠭᠵᠢᠭᠤᠯᠤᠨ᠎ᠠ᠃ ᠬᠠᠭᠤᠴᠢᠷᠬᠠᠰᠠᠨ ᠰᠢᠲᠠᠮᠠᠬᠠᠶ ᠬᠡᠶ ᠶᠢᠨ ᠬᠤᠭᠤᠯᠠᠶ ᠵᠡᠷᠭᠡ ᠶᠢ ᠰᠢᠨᠡᠳᠬᠡᠨ ᠥᠭᠡᠷᠡᠴᠢᠯᠡᠬᠦ ᠶᠢ | ᠦᠷᠭᠦᠯᠵᠢᠯᠡᠨ ᠬᠡᠷᠡᠭᠵᠢᠭᠦᠯᠵᠦ᠂ ᠰᠢᠲᠠᠮᠠᠬᠠᠶ ᠬᠡᠶ ᠶᠢᠨ ᠬᠤᠭᠤᠯᠠᠶ ᠵᠡᠷᠭᠡ ᠲᠦᠭᠰᠢᠭᠦᠷᠢ ᠶᠢ ᠬᠢᠨᠠᠨ ᠰᠢᠨᠵᠢᠬᠦ ᠶᠢ | ᠴᠢᠩᠭᠠᠷᠠᠭᠤᠯᠤᠨ᠎ᠠ᠃ ᠠᠷᠠᠳ ᠤᠨ ᠠᠮᠢᠳᠤᠷᠠᠯ ᠢ ᠴᠢᠬᠤᠯᠠᠴᠢᠯᠠᠬᠤ ᠶᠢ ᠪᠠᠷᠢᠮᠲᠠᠯᠠᠵᠤ᠂ ᠰᠠᠭᠤᠭᠠᠯᠢ ᠲᠣᠭᠤᠷᠢᠭ ᠤᠨ | ᠪᠦᠲᠦᠭᠡᠨ ᠪᠠᠶᠢᠭᠤᠯᠤᠯᠲᠠ᠂ ᠳᠤᠯᠠᠭᠠᠯᠠᠭ᠎ᠠ ᠶᠢᠨ ᠢᠨᠵᠧᠨᠧᠷᠢᠩ ᠲᠠᠢ ᠤᠶᠠᠯᠳᠤᠭᠤᠯᠤᠨ ᠢᠯᠴᠢ ᠬᠠᠩᠭᠠᠬᠤ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠠ | ᠬᠠᠮᠢᠶᠠᠷᠬᠤ ᠵᠥᠪᠯᠡᠯ︶ | 4. ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ᠂ ᠬᠠᠭᠤᠴᠢᠨ ᠲᠠᠷᠢᠶᠠᠯᠠᠩ ᠤᠨ ᠮᠠᠰᠢᠨ ᠤ | ᠰᠢᠨᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠳᠡᠰᠢ ᠬᠤᠪᠢᠷᠠᠭᠤᠯᠬᠤ ᠶᠢ ᠲᠦᠷᠭᠡᠳᠬᠡᠨ᠎ᠡ᠃ ᠳᠣᠤᠷ᠎ᠠ ᠨᠡᠭᠦᠷᠡᠰᠦᠲᠥ᠋ᠷᠥᠭᠴᠢᠲᠦ᠂ ᠤᠶᠤᠨᠴᠢᠯᠠᠬᠤ | ᠲᠣᠭᠤᠷᠢᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠶᠢ ᠰᠢᠨᠡᠳᠬᠡᠬᠦ ᠲᠤᠰᠬᠠᠶ ᠲᠥᠰᠦᠯ ᠢ | ᠲᠣᠭᠲᠠᠭᠠᠨ᠎ᠠ᠃ ᠬᠤᠲᠠ ᠶᠢᠨ ᠨᠡᠶᠢᠲᠡ ᠶᠢᠨ ᠮᠠᠰᠢᠨ ᠳᠡᠷᠭᠡ ᠶᠢ ᠴᠠᠬᠢᠯᠭᠠᠨ ᠬᠦᠳᠡᠯᠭᠡᠭᠦᠷ ᠢᠶᠠᠷ ᠣᠷᠣᠯᠠᠭᠤᠯᠬᠤ ᠶᠢ | ᠦᠷᠭᠦᠯᠵᠢᠯᠡᠨ ᠠᠬᠢᠭᠤᠯᠵᠤ᠂ ᠬᠠᠭᠤᠴᠢᠷᠠᠭᠰᠠᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠪᠠ ᠴᠠᠬᠢᠯᠭᠠᠨ | ᠴᠡᠨᠡᠭ ᠢ ᠰᠢᠨᠡᠳᠬᠡᠨ ᠰᠣᠯᠢᠬᠤ ᠶᠢ ᠳᠡᠮᠵᠢᠨ᠎ᠡ᠃ ᠲᠦᠷᠢᠶᠡᠰᠦᠨ ᠮᠠᠰᠢᠨ ᠲᠡᠷᠭᠡ᠂ ᠪᠠᠷᠠᠭᠠᠨ ᠤ ᠲᠡᠷᠭᠡ᠂ | ᠪᠠᠷᠢᠯᠭ᠎ᠠ ᠶᠢᠨ ᠠᠵᠢᠯ ᠳᠤ ᠬᠡᠷᠡᠭᠯᠡᠬᠦ ᠲᠡᠷᠭᠡ ᠶᠢ ᠰᠢᠨ᠎ᠡ ᠡᠨᠧᠷᠭᠢ ᠶᠢᠨ ᠳᠡᠷᠭᠡ ᠪᠠᠷ ᠳᠦᠷᠭᠡᠨ ᠣᠷᠣᠯᠠᠭᠤᠯᠬᠤ ᠶᠢ | ᠵᠣᠷᠢᠭᠵᠢᠭᠤᠯᠤᠨ᠎ᠠ᠃ ᠲᠡᠷᠭᠡ ᠬᠥᠰᠬᠡ ᠶᠢᠨ ᠭᠠᠳᠠᠭᠰᠢᠯᠠᠭᠤᠯᠬᠤ ᠪᠠᠷᠢᠮᠵᠢᠶ᠎ᠠ ᠶᠢ ᠦᠨᠡᠯᠡᠬᠦ᠂ ᠬᠠᠮᠢᠶᠠᠷᠬᠤ᠂ ᠲᠡᠷᠭᠡ | ᠬᠥᠰᠬᠡ ᠶᠢ ᠰᠠᠯᠭᠠᠬᠤ᠂ ᠬᠦᠴᠦᠨ ᠥᠬᠡᠶ ᠪᠣᠯᠭᠠᠬᠤ ᠵᠡᠷᠭᠡ ᠭᠤᠭᠴᠤᠭ᠎ᠠ ᠶᠢ ᠳᠥᠭᠦᠮᠴᠢᠯᠡᠵᠦ᠂ ᠪᠣᠷᠣᠯᠠᠭᠤᠯᠬᠤ ᠶᠢ | ᠴᠠᠭᠠᠵᠠᠯᠠᠬᠤ᠂ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ᠂ ᠤᠷᠢᠳᠴᠢᠯᠠᠨ ᠬᠡᠷᠡᠭᠯᠡᠭᠡᠨ ᠠᠴᠠ ᠭᠠᠷᠭᠠᠬᠤ ᠶᠢ | ᠵᠣᠷᠢᠭᠵᠢᠭᠤᠯᠬᠤ ᠪᠠ ᠳᠡᠮᠵᠢᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠤᠯᠤᠰ ᠤᠨ ᠭᠤᠷᠪᠠᠳᠤᠭᠠᠷ ᠵᠢᠴᠢ | ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ ᠡᠵᠡᠩᠨᠡᠯᠲᠡ ᠶᠢᠨ ᠲᠥᠷᠥᠯ ᠤᠨ ᠴᠠᠶᠢᠶ᠋ᠢᠦ | ᠲᠣᠰᠣᠨ ᠤ ᠪᠠᠷᠠᠭᠠᠨ ᠤ ᠲᠡᠷᠭᠡ ᠶᠢ ᠲᠦᠷᠬᠡᠨ ᠰᠢᠭᠰᠢᠭᠳᠡᠭᠦᠯᠦᠨ᠎ᠡ᠃ ᠳᠡᠭᠡᠳᠦ ᠬᠤᠷᠳᠤ ᠶᠢᠨ ᠵᠠᠰᠠᠮᠠᠯ ᠵᠠᠮ ᠤᠨ | ᠦᠢᠯᠡᠴᠢᠯᠡᠭᠡᠨ ᠤ ᠲᠣᠭᠤᠷᠢᠭ ᠪᠠ ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠴᠠᠬᠢᠯᠭᠠᠨ ᠴᠡᠨᠡᠭᠯᠡᠬᠦ | ᠳᠦᠭᠦᠭᠡᠷᠦᠮᠵᠢ ᠶᠢ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠴᠠᠬᠢᠯᠭᠠᠨ ᠴᠡᠨᠡᠭᠯᠡᠬᠦ | ᠳᠦᠭᠦᠭᠡᠷᠦᠮᠵᠢ ᠶᠢ ᠣᠭᠰᠠᠷᠠᠬᠤ ᠶᠢ ᠠᠬᠢᠭᠤᠯᠵᠤ᠂ ᠲᠦᠷᠢᠶᠡᠰᠦᠨ ᠮᠠᠰᠢᠨ ᠲᠡᠷᠭᠡ᠂ ᠪᠠᠷᠠᠭᠠᠨ ᠤ ᠲᠡᠷᠭᠡ᠂ | ᠪᠠᠷᠢᠯᠭ᠎ᠠ ᠶᠢᠨ ᠠᠵᠢᠯ ᠳᠤ ᠬᠡᠷᠡᠭᠯᠡᠬᠦ ᠮᠠᠰᠢᠨ ᠲᠡᠷᠭᠡ ᠵᠡᠷᠭᠡ ᠲᠡᠷᠭᠡ ᠬᠥᠰᠬᠡ ᠶᠢ ᠵᠣᠷᠢᠭᠵᠢᠭᠤᠯᠵᠤ ᠰᠢᠨ᠎ᠡ | ᠡᠨᠧᠷᠭᠢ ᠶᠢᠨ ᠮᠠᠰᠢᠨ ᠲᠡᠷᠭᠡ ᠪᠠᠷ ᠰᠢᠨᠡᠳᠬᠡᠵᠦ ᠣᠷᠣᠯᠠᠭᠤᠯᠬᠤ ᠶᠢ ᠲᠦᠷᠭᠡᠳᠬᠡᠨ᠎ᠡ᠃ ᠲᠠᠷᠢᠶᠠᠯᠠᠩ ᠤᠨ ᠮᠠᠰᠢᠨ ᠢ | ᠬᠡᠷᠡᠭᠯᠡᠭᠡ ᠠᠴᠠ ᠭᠠᠷᠭᠠᠵᠤ ᠰᠢᠨᠡᠳᠬᠡᠬᠦ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ | ᠬᠡᠷᠡᠭᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠴᠡᠭᠡ ᠪᠠ ᠲᠠᠷᠢᠶᠠᠯᠠᠩ ᠤᠨ ᠮᠠᠰᠢᠨᠴᠢᠯᠠᠯᠲᠠ ᠶᠢᠨ | ᠬᠥᠭᠵᠢᠯᠲᠡ ᠶᠢᠨ ᠬᠢᠷᠢ ᠲᠦᠪᠰᠢᠨ ᠱᠠᠲᠤ ᠦᠶ᠎ᠡ ᠲᠠᠢ ᠤᠶᠠᠯᠳᠤᠭᠤᠯᠤᠨ᠂ ᠲᠠᠷᠢᠶᠠᠯᠠᠩ ᠤᠨ ᠬᠠᠭᠤᠴᠢᠨ ᠮᠠᠰᠢᠨ ᠢ | ᠬᠡᠷᠡᠭᠯᠡᠭᠡ ᠠᠴᠠ ᠭᠠᠷᠭᠠᠵᠤ ᠰᠢᠨᠡᠳᠬᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠤᠨ ᠮᠠᠰᠢᠨᠴᠢᠯᠠᠯᠲᠠ ᠶᠢ | ᠭᠤᠤᠯ ᠪᠣᠯᠬᠤ ᠲᠠᠷᠢᠮᠠᠯ ᠤᠨ ᠲᠠᠷᠢᠶᠠᠨ ᠠᠴᠠ ᠤᠷᠭᠤᠮᠠᠯ ᠢ ᠬᠠᠮᠠᠭᠠᠯᠠᠬᠤ᠂ ᠡᠰᠢ ᠰᠦᠷᠡᠯ ᠢ ᠰᠢᠢᠳᠪᠦᠷᠢᠯᠡᠬᠦ᠂ | ᠬᠠᠳᠠᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠪᠣᠯᠪᠠᠰᠤᠷᠠᠭᠤᠯᠬᠤ ᠵᠡᠷᠭᠡ ᠪᠦᠬᠦ ᠶᠠᠪᠤᠴᠠ ᠲᠡᠰᠢ | ᠤᠷᠲᠤᠳᠬᠠᠬᠤ ᠶᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠣᠭᠰᠠᠨ ᠪᠠ ᠬᠡᠷᠡᠭᠯᠡᠭᠰᠡᠨ ᠳᠤ | ᠨᠥᠬᠦᠪᠥᠷᠢ ᠦᠭᠭᠦ ᠪᠡᠯᠡ ᠮᠥᠩᠭᠦ ᠳᠤ ᠲᠦᠰᠢᠭᠯᠡᠨ᠂ ᠲᠷᠠᠺᠲ᠋ᠣᠷ᠂ ᠬᠠᠳᠤᠵᠤ ᠬᠤᠷᠢᠶᠠᠬᠤ ᠬᠠᠮ ᠮᠠᠰᠢᠨ᠂ ᠮᠥᠯᠢᠬᠦ | ᠮᠠᠰᠢᠨ᠂ ᠲᠡᠵᠢᠭᠡᠯ ᠪᠣᠷᠳᠤᠭ᠎ᠠ ︵ᠡᠪᠡᠰᠦ︶ ᠶᠢ ᠬᠡᠮᠬᠡᠯᠬᠦ ᠮᠠᠰᠢᠨ᠂ ᠡᠪᠡᠰᠦ ᠬᠡᠷᠴᠢᠬᠦ ᠮᠠᠰᠢᠨ ᠢ ᠬᠡᠷᠡᠭᠯᠡᠭᠡᠨ ᠠᠴᠠ | ᠭᠠᠷᠭᠠᠬᠤ ᠰᠢᠨᠡᠴᠢᠯᠡᠯᠲᠡ ᠳᠤ ᠨᠥᠬᠦᠪᠥᠷᠢ ᠥᠭᠭᠦᠨ᠎ᠡ᠃ ᠲᠠᠷᠢᠶᠠᠯᠠᠩ ᠤᠨ ᠭᠠᠷᠤᠯᠲᠠ ᠶᠢ ᠪᠣᠯᠪᠠᠰᠤᠷᠠᠭᠤᠯᠬᠤ ᠠᠵᠤ | ᠠᠬᠤᠶᠢᠯᠠᠯ ᠢ ᠵᠣᠷᠢᠭᠵᠢᠭᠤᠯᠵᠤ ᠪᠠᠶᠢᠭᠠᠳ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠲᠣᠨᠤᠭ | ᠲᠥᠬᠦᠭᠡᠷᠦᠮᠵᠢ ᠶᠢ ᠬᠤᠯᠪᠣᠬᠤ᠂ ᠤᠶᠤᠨᠴᠢᠯᠠᠨ ᠳᠡᠰ ᠳᠡᠪᠰᠢᠭᠦᠯᠬᠦ ᠥᠭᠡᠷᠡᠴᠢᠯᠡᠯᠲᠡ ᠶᠢ ᠵᠡᠷᠭᠡ ᠳᠤᠨᠢ ᠠᠬᠢᠭᠤᠯᠵᠤ᠂ | ᠤᠶᠤᠨᠴᠢᠯᠠᠨ ᠬᠠᠮᠢᠶᠠᠷᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠳᠣᠬᠢᠭᠤᠷ ᠲᠤᠯᠤᠭᠠᠨ ᠣᠲᠣ | ᠰᠢᠰᠲ᠋ᠧᠮ ᠢ ᠲᠠᠷᠢᠶᠠᠯᠠᠩ ᠤᠨ ᠦᠢᠯᠡᠳᠪᠦᠷᠢᠯᠡᠯ ᠳᠤ ᠳᠡᠯᠭᠡᠷᠡᠭᠦᠯᠦᠨ ᠬᠡᠷᠡᠭᠯᠡᠬᠦ ᠶᠢ ᠭᠦᠨᠵᠡᠭᠡᠶᠢᠷᠡᠭᠦᠯᠵᠦ᠂ | ᠲᠠᠷᠢᠶᠠᠯᠠᠩ ᠤᠨ ᠮᠠᠰᠢᠨ ᠤ ᠣᠶᠤᠨᠴᠢᠯᠠᠨ ᠠᠵᠢᠯᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠷᠠᠺᠲ᠋ᠣᠷ᠂ | ᠬᠠᠳᠤᠵᠤ ᠬᠤᠷᠢᠶᠠᠬᠤ ᠬᠠᠮ ᠮᠠᠰᠢᠨ ᠵᠡᠷᠭᠡ ᠡᠨᠧᠷᠭᠢ ᠶᠢᠨ ᠬᠤᠷᠣᠭᠳᠠᠭᠤᠯᠭ᠎ᠠ᠂ ᠭᠠᠳᠠᠭᠰᠢᠯᠠᠭᠤᠯᠤᠯᠲᠠ ᠪᠠᠷ ᠥᠨᠳᠥᠷ᠂ | ᠬᠤᠬᠢᠷᠠᠯ ᠢᠶᠠᠷ ᠶᠡᠭᠡ᠂ ᠠᠶᠤᠯ ᠦᠭᠡᠶ ᠶᠢᠨ ᠴᠢᠨᠠᠷ ᠢᠶᠠᠷ ᠳᠣᠤᠷ᠎ᠠ ᠬᠠᠭᠤᠴᠢᠨ ᠲᠠᠷᠢᠶᠠᠯᠠᠩ ᠤᠨ ᠮᠠᠰᠢᠨ ᠢ | ᠰᠢᠭᠰᠢᠭᠳᠡᠭᠦᠯᠬᠦ ᠡᠷᠴᠢᠮ ᠢ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠵᠠᠮ ᠬᠠᠷᠢᠯᠴᠠᠭ᠎ᠠ | ᠳᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ | ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 5. ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ ᠬᠦᠷᠢᠶᠡᠨ ᠳᠠᠬᠢ ᠲᠥᠬᠦᠭᠡᠷᠦᠮᠵᠢ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠰᠤᠷᠭᠠᠨ ᠬᠥᠮᠦᠵᠢᠯ᠂ | ᠰᠣᠶᠣᠯ ᠵᠢᠭᠤᠯᠴᠢᠯᠠᠯ᠂ ᠡᠮᠴᠢᠯᠡᠭᠡᠨ ᠤ ᠲᠥᠬᠦᠭᠡᠷᠦᠮᠵᠢ ᠶᠢ ᠳᠡᠭᠡᠭᠰᠢᠯᠡᠭᠦᠯᠬᠦ ᠲᠤᠰᠬᠠᠶ ᠲᠥᠰᠦᠯ ᠢ ᠲᠣᠰ ᠲᠣᠰ | ᠲᠣᠭᠲᠠᠭᠠᠨ᠎ᠠ᠃ ᠶᠡᠭᠡ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ | ᠵᠢᠯᠣᠭᠤᠳᠤᠮᠵᠢ ᠪᠣᠯᠭᠠᠵᠤ᠂ ᠳᠠᠳᠤᠯᠭ᠎ᠠ ᠪᠣᠯᠪᠠᠰᠤᠷᠠᠯ ᠤᠨ ᠲᠤᠷᠰᠢᠯᠲᠠ ᠶᠢᠨ ᠲᠥᠬᠦᠭᠡᠷᠦᠮᠵᠢ᠂ ᠦᠢᠯᠡᠳᠪᠦᠷᠢᠯᠡᠯ | ᠵᠢᠭᠠᠨ ᠰᠤᠷᠭᠠᠯᠲᠠ ᠶᠢ ᠠᠭᠤᠰᠤᠯᠴᠠᠭᠤᠯᠬᠤ ᠰᠠᠭᠤᠷᠢᠨ ᠭᠠᠵᠠᠷ᠂ ᠰᠣᠯᠪᠢᠴᠠᠭᠰᠠᠨ ᠰᠢᠨᠵᠢᠯᠡᠭᠡᠨ ᠤ ᠪᠠᠴᠢᠮ ᠬᠡᠷᠡᠭᠰᠡᠬᠦ | ᠲᠥᠬᠦᠭᠡᠷᠦᠮᠵᠢ᠂ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠵᠡᠷᠭᠡ ᠪᠦᠲᠦᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠪᠠᠷ ᠭᠤᠣᠯᠳᠠᠯᠭ᠎ᠠ ᠪᠣᠯᠭᠠᠵᠤ᠂ ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ︵ᠮᠡᠷᠭᠡᠵᠢᠯ ᠤᠨ | ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠣᠳᠣ ᠶᠢᠨ ᠪᠠᠶᠢᠭ᠎ᠠ ᠵᠢᠭᠠᠨ ᠰᠤᠷᠭᠠᠯᠲᠠ ᠶᠢᠨ | ᠲᠥᠬᠦᠭᠡᠷᠦᠮᠵᠢ ᠪᠠ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠪᠠᠨ ᠰᠢᠨᠡᠳᠬᠡᠬᠦ ᠶᠢ ᠠᠬᠢᠭᠤᠯᠵᠤ᠂ ᠵᠢᠭᠠᠨ | ᠰᠤᠷᠭᠠᠯᠲᠠ ᠪᠠ ᠳᠠᠳᠤᠯᠭ᠎ᠠ ᠪᠣᠯᠪᠠᠰᠤᠷᠠᠯ ᠤᠨ ᠭᠠᠵᠠᠷ ᠤᠨ ᠲᠣᠨᠤᠭ ᠲᠥᠬᠦᠭᠡᠷᠦᠮᠵᠢ ᠶᠢᠨ ᠲᠣᠭᠠᠴᠢᠯᠠᠯᠲᠠ᠂ | ᠤᠶᠤᠨᠴᠢᠯᠠᠯᠲᠠ ᠶᠢ ᠪᠡᠶᠡᠯᠡᠭᠦᠯᠦᠨ᠎ᠡ᠃ ᠰᠢᠨᠵᠢᠯᠡᠭᠡᠨ ᠤ ᠵᠢᠭᠠᠨ ᠰᠤᠷᠭᠠᠬᠤ ᠲᠣᠨᠤᠭ ᠲᠥᠬᠦᠭᠡᠷᠦᠮᠵᠢ ᠶᠢ | ᠲᠣᠬᠢᠷᠠᠭᠤᠯᠬᠤ ᠪᠠᠷᠢᠮᠵᠢᠶ᠎ᠠ ᠲᠠᠢ ᠬᠠᠷᠢᠴᠠᠭᠤᠯᠵᠤ᠂ ᠲᠤᠭ᠎ᠠ ᠬᠡᠮᠵᠢᠶ᠎ᠡ ᠶᠢ ᠪᠠᠲᠤᠯᠠᠨ ᠲᠣᠬᠢᠷᠠᠭᠤᠯᠵᠤ᠂ ᠵᠢᠭᠠᠨ | ᠰᠤᠷᠭᠠᠬᠤ ᠲᠤᠷᠰᠢᠯᠲᠠ ᠶᠢᠨ ᠪᠠᠭᠠᠵᠢ ᠲᠥᠬᠦᠭᠡᠷᠦᠮᠵᠢ ᠶᠢ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ ᠡᠯ᠎ᠡ | ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢ ᠵᠢᠭᠠᠨ ᠰᠤᠷᠭᠠᠬᠤ᠂ ᠰᠢᠨᠵᠢᠯᠡᠬᠦ ᠤᠬᠠᠭᠠᠨ ᠤ ᠰᠣᠳᠣᠯᠭᠠᠨ᠂ ᠮᠡᠳᠡᠭᠡ | ᠵᠠᠩᠭᠢᠵᠢᠯᠲᠠ ᠵᠡᠷᠭᠡ ᠪᠦᠲᠦᠭᠡᠨ ᠪᠠᠶᠢᠭᠤᠯᠤᠯᠲᠠ ᠶᠢᠨ ᠵᠠᠭᠪᠤᠷ ᠭᠡᠵᠦ ᠬᠤᠪᠢᠶᠠᠵᠤ ᠪᠣᠯᠤᠨ᠎ᠠ᠂ ᠬᠡᠷᠡᠭᠴᠡᠭᠡ ᠪᠠᠨ | ᠦᠨᠳᠦᠰᠦᠯᠡᠨ ᠵᠢᠯ ᠬᠤᠪᠢᠶᠠᠨ ᠬᠡᠷᠡᠭᠵᠢᠭᠦᠯᠵᠦ ᠪᠣᠯᠤᠨ᠎ᠠ᠃ ᠰᠣᠶᠣᠯ ᠵᠢᠭᠤᠯᠴᠢᠯᠠᠯ ᠤᠨ ᠲᠠᠯᠠᠪᠤᠷ ᠤᠨ ᠡᠨᠧᠷᠭᠢ | ᠠᠷᠪᠢᠯᠠᠵᠤ ᠬᠤᠷᠣᠭᠳᠠᠯ ᠢ ᠪᠠᠭᠠᠰᠬᠠᠬᠤ᠂ ᠠᠶᠣᠯᠬᠦᠢ ᠦᠢᠯᠡᠳᠪᠦᠷᠢᠯᠡᠯ᠂ ᠦᠢᠯᠡᠳᠬᠦᠨ ᠤ ᠡᠵᠡᠩᠨᠡᠯᠲᠡ ᠶᠢᠨ ᠪᠠᠶᠢᠳᠠᠯ | ᠂ ᠵᠤᠭᠠᠴᠠᠭᠰᠠᠳ ᠣᠶᠢᠯᠠᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠰᠣᠨᠢᠷᠬᠠᠬᠤ᠂ ᠴᠡᠩᠬᠡᠬᠦ᠂ ᠳᠣᠭᠯᠠᠬᠤ᠂ ᠣᠶᠣᠨᠴᠢᠯᠠᠬᠤ︾ ᠵᠡᠷᠭᠡ 4 ᠶᠡᠭᠡ ᠴᠢᠭᠯᠡᠯ ᠳᠤ ᠭᠤᠣᠯᠳᠠᠯᠭ᠎ᠠ ᠲᠠᠢ | ᠠᠩᠬᠠᠷᠤᠯ ᠢᠶᠠᠨ ᠲᠥᠪᠯᠡᠷᠡᠭᠦᠯᠵᠦ᠂ ᠵᠤᠭᠠᠴᠠᠨ ᠲᠣᠭᠤᠷᠢᠬᠤ ᠲᠥᠬᠦᠭᠡᠷᠦᠮᠵᠢ᠂ ᠲᠣᠮᠣ ᠳᠤᠮᠳᠠ ᠬᠡᠯᠪᠡᠷᠢ ᠶᠢᠨ ᠵᠤᠭ᠎ᠠ | ᠴᠡᠩᠭᠡᠯ ᠤᠨ ᠲᠥᠬᠦᠭᠡᠷᠦᠮᠵᠢ᠂ ᠰᠣᠶᠣᠯ ᠤᠷᠠᠯᠢᠭ ᠤᠨ ᠲᠣᠭᠯᠠᠯᠲᠠ ᠶᠢᠨ ᠲᠥᠬᠦᠭᠡᠷᠦᠮᠵᠢ᠂ ᠰᠣᠶᠣᠯ ᠪᠠ | ᠵᠢᠭᠤᠯᠴᠢᠯᠠᠯ ᠤᠨ ᠬᠦᠷᠢᠶᠡᠨ ᠤ ᠲᠣᠭᠠᠴᠢᠯᠠᠭᠰᠠᠨ ᠲᠥᠬᠦᠭᠡᠷᠦᠮᠵᠢ ᠵᠡᠷᠭᠡ 12 ᠲᠦᠷᠦᠯ ᠤᠨ ᠰᠣᠶᠣᠯ | ᠵᠢᠭᠤᠯᠴᠢᠯᠠᠯ ᠤᠨ ᠬᠦᠷᠢᠶᠡᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ ᠦᠢᠯᠡᠳᠬᠦᠨ ᠤ | ᠰᠢᠨ᠎ᠡ ᠶᠢ ᠡᠭᠦᠳᠬᠦ ᠪᠠ ᠰᠢᠰᠲ᠋ᠧᠮ ᠢ ᠲᠡᠰ ᠳᠡᠪᠰᠢᠭᠦᠯᠬᠦ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠤ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠣᠭᠲᠠᠭᠠᠯ ᠶᠣᠰᠣᠭᠠᠷ ᠰᠢᠭᠰᠢᠭᠳᠡᠭᠦᠯᠵᠦ | ᠰᠢᠨᠡᠳᠬᠡᠨ᠂ ᠠᠵᠢᠯᠯᠠᠭᠠᠨ ᠤ ᠠᠮᠤᠷ ᠲᠦᠪᠰᠢᠨ ᠢ ᠪᠠᠲᠤᠯᠠᠵᠤ᠂ ᠵᠠᠬ᠎ᠠ ᠳᠡᠯᠭᠡᠭᠦᠷ ᠤᠨ ᠬᠥᠭᠵᠢᠯᠲᠡ ᠶᠢᠨ | ᠬᠠᠨᠳᠤᠰᠢ ᠳᠤ ᠨᠡᠩ ᠰᠠᠶᠢᠲᠤᠷ ᠵᠣᠬᠢᠴᠠᠭᠤᠯᠤᠨ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠶᠢᠨ ᠠᠨᠠᠭᠠᠬᠤ | ᠤᠬᠠᠭᠠᠨ ᠤ ᠵᠢᠷᠤᠭ ᠳᠦᠷᠰᠦ᠂ ᠰᠠᠴᠤᠷᠠᠭ ᠤᠨ ᠡᠮᠴᠢᠯᠡᠭᠡ᠂ ᠠᠯᠤᠰ ᠡᠵᠡᠮᠰᠢᠯᠲᠦ ᠣᠨᠣᠰᠢᠯᠠᠨ ᠡᠮᠨᠡᠬᠦ᠂ ᠮᠡᠰᠡ | ᠵᠠᠰᠠᠯ ᠤᠨ ᠮᠠᠰᠢᠨ ᠬᠥᠮᠦᠨ᠂ ᠵᠢᠵᠢᠭ ᠰᠦᠪᠡᠲᠦ ᠮᠡᠰᠡ ᠵᠠᠰᠠᠯ ᠤᠨ ᠲᠥᠬᠦᠭᠡᠷᠦᠮᠵᠢ᠂ ᠵᠢᠷᠦᠬᠡᠨ ᠤ ᠴᠠᠬᠢᠯᠭᠠᠨ ᠵᠢᠷᠤᠭ | ᠵᠡᠷᠭᠡ ᠡᠮᠴᠢᠯᠡᠭᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠵᠢᠴᠢ ᠮᠡᠳᠡᠭᠡ ᠵᠠᠩᠭᠢᠵᠢᠯᠲᠠ ᠶᠢᠨ ᠵᠥᠭᠡᠯᠡᠨ ᠬᠠᠲᠠᠭᠤ | ᠲᠣᠨᠤᠭ ᠢ ᠰᠢᠨᠡᠳᠬᠡᠬᠦ ᠪᠠ ᠡᠪᠡᠳᠴᠢᠲᠡᠨ ᠤ ᠥᠷᠥᠭᠡ ᠶᠢ ᠥᠭᠡᠷᠡᠴᠢᠯᠡᠨ ᠰᠠᠶᠢᠵᠢᠷᠠᠭᠤᠯᠬᠤ ᠶᠢ ᠡᠮᠬᠢ ᠵᠢᠷᠤᠮ ᠲᠠᠢ ᠪᠠᠷ | ᠠᠬᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠢᠲᠡᠭᠡᠮᠵᠢ ᠶᠢᠨ | ᠰᠢᠨ᠎ᠡ ᠶᠢ ᠡᠭᠦᠳᠦᠭᠰᠡᠨ ᠪᠦᠲᠦᠭᠡᠭᠳᠡᠬᠦᠨ ᠢ ᠵᠣᠬᠢᠰᠲᠠᠶ ᠰᠣᠯᠢᠵᠤ᠂ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ | ᠵᠠᠩᠭᠢᠵᠢᠯᠲᠠ ᠶᠢᠨ ᠴᠢᠳᠠᠪᠤᠷᠢ ᠶᠢ ᠲᠠᠰ ᠳᠡᠪᠰᠢᠭᠦᠯᠬᠦ ᠶᠢ ᠠᠬᠢᠭᠤᠯᠤᠨ᠎ᠠ᠃ ᠡᠮᠴᠢᠯᠡᠬᠡᠨ ᠤ ᠪᠠᠶᠢᠭᠤᠯᠤᠮᠵᠢ ᠶᠢᠨ | ᠡᠪᠡᠳᠴᠢᠳᠡᠨ ᠤ ᠦᠷᠦᠬᠡ ᠶᠢᠨ ᠤᠷᠴᠢᠨ ᠳᠤᠭᠤᠷᠢᠨ ᠪᠠ ᠳᠦᠬᠦᠭᠡᠷᠦᠮᠵᠢ ᠶᠢᠨ ᠳᠤᠳᠠᠭᠤᠳᠠᠯ ᠢ ᠨᠦᠬᠦᠪᠦᠷᠢᠯᠡᠬᠦ ᠶᠢ | ᠠᠬᠢᠭᠤᠯᠵᠦ᠂ ᠡᠪᠡᠳᠴᠢᠳᠡᠨ ᠤ ᠦᠷᠦᠬᠡ ᠶᠢ ᠨᠠᠰᠣᠳᠠᠨ ᠳᠤ ᠳᠣᠬᠢᠷᠠᠭᠤᠯᠬᠤ᠂ ᠳᠦᠬᠦᠮᠴᠢᠯᠡᠨ ᠦᠬᠡᠷᠡᠴᠢᠯᠡᠬᠦ ᠶᠢ | ᠴᠢᠩᠭᠠᠳᠬᠠᠨ᠂ ᠡᠮᠨᠡᠯᠬᠡ ᠶᠢᠨ ᠬᠤᠷᠢᠶ᠎ᠠ ᠶᠢᠨ ᠡᠪᠡᠳᠴᠢᠳᠡᠨ ᠤ ᠦᠷᠦᠬᠡ ᠶᠢᠨ ᠳᠤᠨᠤᠭ ᠳᠦᠬᠦᠭᠡᠷᠦᠮᠵᠢ ᠶᠢ | ᠳᠤᠬᠢᠷᠠᠭᠤᠯᠬᠤ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠬᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠵᠥᠪᠯᠡᠯ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ︵ᠬᠤᠶᠠᠷ︶ ᠣᠯᠠᠨ ᠡᠰᠢᠵᠢᠭᠰᠡᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ | ᠠᠵᠢᠯᠯᠠᠭ᠎ᠠ ᠶᠢ ᠭᠡᠷᠡᠭᠵᠢᠬᠦᠯᠦᠨ᠎ᠡ | ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠴᠢᠮᠡᠭᠯᠡᠯ ᠵᠡᠷᠭᠡ ᠬᠡᠷᠡᠭᠯᠡᠭᠡᠨ ᠤ ᠵᠦᠢᠯ ᠤᠨ | ᠲᠣᠭᠤᠷᠢᠨ ᠳᠤ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠥᠷᠨᠢᠭᠦᠯᠵᠦ᠂ ᠣᠯᠠᠨ ᠡᠰᠢᠵᠢᠭᠰᠡᠨ | ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠲᠤᠰᠬᠠᠶ ᠠᠵᠢᠯᠯᠠᠭ᠎ᠠ ᠶᠢᠨ | ᠲᠥᠰᠦᠯ ᠢ ᠲᠣᠭᠲᠠᠭᠠᠨ᠎ᠠ᠃ ᠬᠡᠷᠡᠭᠯᠡᠭᠴᠢᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠮᠠᠰᠢᠨ | ᠲᠡᠷᠭᠡ᠂ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠴᠢᠮᠡᠭᠯᠡᠯ ᠵᠡᠷᠭᠡ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠭᠤᠯᠵᠤ᠂ ᠤᠯᠠᠨ ᠡᠰᠢᠵᠢᠭᠰᠡᠨ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠤᠬᠠᠭᠤᠯᠭ᠎ᠠ ᠶᠢ ᠶᠡᠬᠡᠪᠡᠷ ᠦᠷᠨᠢᠬᠦᠯᠦᠨ᠎ᠡ᠃ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠭᠤᠷᠪᠠᠳᠤᠭᠠᠷ ᠵᠢᠴᠢ | ᠲᠡᠭᠦᠨ ᠠᠴᠠ ᠳᠣᠷᠣᠭᠰᠢᠬᠢ ᠪᠠᠷᠢᠮᠵᠢᠶᠠᠲᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢ ᠠᠬᠢᠭᠤᠯᠬᠤ ᠶᠢᠨ | ᠬᠠᠮᠲᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠨ᠎ᠡ᠃ ᠮᠠᠰᠢᠨ ᠲᠡᠷᠭᠡ ᠶᠢ ᠠᠯᠪᠠᠳᠠᠯᠭ᠎ᠠ ᠪᠠᠷ | ᠬᠡᠷᠡᠭᠴᠡᠭᠡ ᠠᠴᠠ ᠭᠠᠷᠭᠠᠬᠤ ᠪᠠᠷᠢᠮᠵᠢᠶ᠎ᠠ ᠪᠠ ᠲᠡᠷᠭᠡ ᠬᠥᠰᠬᠡ ᠶᠢᠨ ᠠᠮᠤᠷ ᠲᠦᠪᠰᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠠᠯᠪᠠᠳᠠᠯᠭ᠎ᠠ ᠪᠠᠷ | ᠬᠡᠷᠡᠭᠴᠡᠭᠡ ᠠᠴᠠ ᠭᠠᠷᠭᠠᠬᠤ ᠪᠠᠷᠢᠮᠵᠢᠶ᠎ᠠ ᠳᠤ ᠨᠡᠶᠢᠴᠡᠬᠦ ᠬᠠᠭᠤᠴᠢᠨ ᠮᠠᠰᠢᠨ ᠲᠡᠷᠭᠡ ᠶᠢ ᠬᠠᠤᠯᠢ ᠲᠣᠭᠲᠠᠭᠠᠯ ᠶᠣᠰᠣᠭᠠᠷ | ᠰᠢᠭᠰᠢᠭᠳᠡᠭᠦᠯᠬᠦ ᠬᠡᠷᠡᠭᠲᠡᠶ᠃ ︽ᠮᠠᠰᠢᠨ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ︾ ᠵᠡᠷᠭᠡ ᠠᠵᠢᠯᠯᠠᠭ᠎ᠠ ᠶᠢ | ᠡᠷᠬᠢᠯᠡᠵᠦ᠂ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠨ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ᠂ | ᠬᠠᠮᠲᠤᠷᠠᠭᠰᠠᠨ ᠨᠥᠬᠦᠪᠥᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠰᠢᠭ ᠬᠤᠨᠵᠢᠪᠣᠷᠢ ᠶᠢ ᠨᠢ | ᠠᠬᠢᠭᠤᠯᠬᠤ ᠶᠢ ᠵᠣᠷᠢᠭᠵᠢᠭᠤᠯᠤᠨ᠎ᠠ᠃ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ ᠨᠡᠶᠢᠴᠡᠬᠦ ᠬᠠᠭᠤᠴᠢᠨ ᠮᠠᠰᠢᠨ | ᠲᠡᠷᠭᠡ ᠶᠢ ᠬᠡᠷᠡᠭᠯᠡᠭᠴᠢᠳ ᠡᠵᠡᠨ ᠮᠡᠳᠡᠨ ᠰᠢᠭᠰᠢᠭᠳᠡᠭᠦᠯᠬᠦ ᠶᠢ ᠵᠣᠷᠢᠭᠵᠢᠭᠤᠯᠤᠨ᠎ᠠ᠃ ᠬᠡᠷᠡᠭᠯᠡᠭᠡᠨ ᠠᠴᠠ ᠭᠠᠷᠭᠠᠭᠰᠠᠨ | ᠲᠡᠷᠭᠡ ᠶᠢ ᠡᠭᠡᠭᠦᠯᠦᠨ ᠬᠤᠷᠢᠶᠠᠵᠤ ᠵᠠᠳᠠᠯᠵᠤ ᠰᠢᠢᠳᠪᠦᠷᠢᠯᠡᠬᠦ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ | ᠵᠢᠷᠤᠮᠵᠢᠭᠤᠯᠵᠤ᠂ ᠬᠠᠤᠯᠢ ᠪᠤᠰᠤ ᠪᠠᠷ ᠵᠠᠳᠠᠯᠤᠨ ᠰᠠᠯᠭᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠵᠠᠳᠠᠯᠤᠨ ᠰᠠᠯᠭᠠᠬᠤ ᠶᠠᠪᠤᠴᠠ ᠳᠤ ᠭᠠᠷᠭᠠᠭᠰᠠᠨ | ᠠᠶᠤᠯᠲᠠᠢ ᠬᠠᠶᠠᠭᠳᠠᠮᠠᠯ ᠪᠣᠳᠠᠰ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠶᠤᠯᠲᠠᠢ ᠬᠠᠶᠠᠭᠳᠠᠮᠠᠯ | ᠪᠣᠳᠠᠰ ᠢ ᠬᠠᠤᠯᠢ ᠶᠣᠰᠣᠭᠠᠷ ᠵᠢᠷᠤᠮᠵᠢᠯ ᠲᠠᠢ ᠠᠮᠤᠷ ᠲᠦᠪᠰᠢᠨ ᠢᠶᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ | ᠬᠡᠷᠡᠭᠲᠡᠢ᠃ ᠠᠷᠠᠯᠵᠢᠶ᠎ᠠ᠂ ᠫᠠᠶᠢᠰᠠ ᠲᠠᠯᠪᠢᠬᠤ᠂ ᠰᠡᠯᠪᠢᠨ ᠵᠠᠰᠠᠬᠤ ᠵᠡᠷᠭᠡ ᠮᠠᠰᠢᠨ ᠲᠡᠷᠭᠡᠨ ᠤ ᠬᠡᠷᠡᠭᠯᠡᠭᠡ ᠶᠢᠨ ᠪᠥᠬᠦ | ᠬᠤᠭᠤᠴᠠᠭ᠎ᠠ ᠶᠢᠨ ᠲᠣᠭᠤᠷᠢᠨ ᠳᠤ ᠬᠠᠮᠢᠶ᠎ᠠ ᠪᠥᠬᠦᠶ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠬᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ | ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷ ᠤᠨ ᠴᠠᠬᠢᠯᠭᠠᠨ | ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠤᠰᠬᠠᠶ ᠲᠣᠭᠤᠷᠢᠭ ᠭᠠᠷᠭᠠᠵᠤ᠂ ᠬᠢᠮᠳᠠᠷᠠᠭᠤᠯᠤᠨ ᠪᠣᠷᠣᠯᠠᠭᠤᠯᠬᠤ | ᠪᠠ ᠰᠢᠨ᠎ᠡ ᠶᠢ ᠰᠣᠯᠢᠵᠤ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠬᠡᠷ ᠤᠨ ᠴᠠᠬᠢᠯᠭᠠᠨ ᠬᠡᠷᠡᠭᠰᠡᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠤᠨ᠎ᠠ᠃ ᠲᠤᠰᠬᠠᠢ ᠮᠡᠷᠭᠡᠵᠢᠯ ᠤᠨ ᠡᠭᠡᠭᠦᠯᠦᠨ ᠬᠤᠷᠢᠶᠠᠬᠤ ᠠᠵᠤ | ᠠᠬᠤᠶᠢᠯᠠᠯ ᠬᠢᠭᠡᠳ ᠪᠣᠷᠣᠯᠠᠭᠤᠯᠬᠤ ᠠᠵᠤ ᠠᠬᠤᠶᠢᠯᠠᠯ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ︽ | ᠰᠢᠨ᠎ᠡ ᠶᠢ ᠰᠣᠯᠢᠬᠤ + ᠡᠭᠡᠭᠦᠯᠦᠨ ᠬᠤᠷᠢᠶᠠᠬᠤ︾ ᠰᠢᠨ᠎ᠡ ᠵᠠᠭᠪᠤᠷ ᠢ ᠳᠡᠯᠭᠡᠷᠡᠭᠦᠯᠵᠦ᠂ ︽ᠭᠡᠷ ᠲᠤᠨᠢ ᠬᠦᠷᠴᠦ | ᠰᠢᠨ᠎ᠡ ᠶᠢ ᠬᠦᠷᠭᠡᠬᠦ᠂ ᠪᠤᠴᠠᠵᠤ ᠢᠷᠡᠪᠡᠯ ᠬᠠᠭᠤᠴᠢᠨ ᠢ ᠨᠢ ᠬᠤᠷᠢᠶᠠᠬᠤ︾ ᠦᠢᠯᠡᠴᠢᠯᠡᠭᠡ ᠶᠢ ᠥᠷᠨᠢᠭᠦᠯᠵᠦ᠂ | ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠬᠡᠯᠬᠢᠶ᠎ᠡ ᠶᠢ ᠰᠢᠯᠤᠭᠤᠳᠬᠠᠨ᠎ᠠ᠃ ᠵᠠᠰᠠᠭ ᠤᠨ ᠣᠷᠳᠣᠨ ᠠᠴᠠ | ᠬᠥᠲᠥᠯᠦᠨ ᠵᠢᠯᠣᠭᠤᠳᠬᠤ᠂ ᠠᠵᠤ ᠠᠬᠤᠶᠢᠯᠠᠯ ᠠᠴᠠ ᠠᠰᠢᠭ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠡᠷ ᠤᠨ ᠬᠡᠷᠡᠭᠰᠡᠯ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠵᠡᠷᠭᠡ ᠶᠢ ᠬᠤᠳᠠᠯᠳᠤᠨ ᠠᠪᠬᠤ ᠶᠢ ᠳᠡᠮᠵᠢᠵᠦ᠂ | ᠬᠠᠭᠤᠴᠢᠨ ᠬᠡᠷ ᠪᠠᠶᠢᠰᠢᠩ ᠢ ᠴᠢᠮᠡᠭᠯᠡᠬᠦ᠂ ᠲᠣᠭᠤᠭᠠᠨ ᠬᠡᠷ ᠵᠣᠷᠯᠣᠩ ᠤᠨ ᠬᠡᠰᠡᠭ ᠭᠠᠵᠠᠷ ᠢ ᠲᠠᠰ ᠳᠡᠪᠰᠢᠭᠦᠯᠦᠨ | ᠥᠭᠡᠷᠡᠴᠢᠯᠡᠬᠦ ᠶᠢᠨ ᠬᠠᠮᠲᠤ ᠬᠡᠷ ᠲᠡᠭᠡᠨ ᠰᠠᠭᠤᠵᠤ ᠦᠳᠡᠯᠦᠬᠡ ᠨᠠᠰᠣᠨ ᠳᠠᠭᠠᠨ ᠵᠢᠷᠭᠠᠬᠤ ᠶᠢ ᠦᠷᠭᠦᠯᠵᠢᠯᠡᠨ | ᠠᠬᠢᠭᠤᠯᠤᠨ᠎ᠠ᠃ ᠭᠡᠷ ᠤᠨ ᠡᠳ᠋ᠯᠡᠯ ᠤᠨ ᠬᠤᠳᠠᠯᠳᠤᠭᠠᠨ ᠤ ᠲᠠᠯᠠᠪᠤᠷ ᠲᠤ ᠪᠣᠬᠢᠷᠲᠤᠯ ᠦᠭᠡᠢ ᠣᠶᠤᠨᠴᠢ ᠦᠢᠯᠡᠳᠭᠦᠨ ᠢ | ᠪᠣᠷᠣᠯᠠᠭᠤᠯᠬᠤ ᠪᠠ ᠬᠠᠭᠤᠴᠢᠨ ᠢᠶᠠᠷ ᠰᠢᠨ᠎ᠡ ᠶᠢ ᠰᠣᠯᠢᠬᠤ ᠲᠤᠰᠬᠠᠶ ᠲᠣᠭᠤᠷᠢᠭ ᠭᠠᠷᠭᠠᠬᠤ ᠶᠢ ᠳᠡᠮᠵᠢᠵᠦ᠂ ︽ᠰᠢᠨ᠎ᠡ | ᠭᠡᠷ ᠤᠨ ᠡᠳ᠋ᠯᠡᠯ ᠬᠡᠷᠡᠭᠰᠡᠯ ᠢ ᠪᠣᠷᠣᠯᠠᠭᠤᠯᠬᠤ︾ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠭᠡᠷ ᠤᠨ | ᠴᠢᠮᠡᠭᠯᠡᠯ ᠤᠨ ᠠᠵᠤ ᠠᠬᠤᠶᠢᠯᠠᠯ ᠤᠨ ᠬᠡᠷᠡᠭᠯᠡᠭᠡᠨ ᠤ ᠪᠠᠶᠢᠳᠠᠯ ᠳᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠭᠪᠤᠷ ᠢ ᠪᠣᠶ ᠪᠣᠯᠭᠠᠵᠤ᠂ ᠣᠯᠠᠨ ᠶᠠᠩᠵᠤ ᠶᠢᠨ ᠬᠡᠷᠡᠭᠯᠡᠭᠡᠨ ᠤ | ᠬᠡᠷᠡᠭᠴᠡᠭᠡ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠭᠤᠷᠪᠠ︶ ᠡᠬᠢ ᠪᠠᠶᠠᠯᠢᠭ ᠢ ᠰᠢᠯᠤᠭᠤᠳᠬᠠᠨ ᠥᠨᠳᠥᠷ ᠪᠦᠲᠦᠮᠵᠢᠲᠡᠶ ᠪᠠᠷ ᠳᠠᠬᠢᠨ ᠠᠰᠢᠭᠯᠠᠬᠤ | ᠠᠵᠢᠯᠯᠠᠭ᠎ᠠ ᠶᠢ ᠬᠡᠷᠡᠭᠵᠢᠭᠦᠯᠦᠨ᠎ᠡ | 1. ᠬᠠᠶᠠᠭᠳᠠᠮᠠᠯ ᠬᠠᠭᠤᠴᠢᠨ ᠦᠢᠯᠡᠳᠬᠦᠨ ᠲᠥᠬᠦᠭᠡᠷᠦᠮᠵᠢ ᠶᠢ ᠡᠭᠡᠭᠦᠯᠦᠨ ᠬᠤᠷᠢᠶᠠᠬᠤ ᠰᠦᠯᠵᠢᠶ᠎ᠡ ᠶᠢ | ᠪᠠᠶᠢᠭᠤᠯᠤᠨ ᠪᠦᠷᠢᠨᠰᠢᠭᠦᠯᠦᠨ᠎ᠡ᠃ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠰᠦᠯᠵᠢᠶ᠎ᠡ ᠶᠢ ᠰᠢᠨᠵᠢᠯᠡᠬᠦ | ᠤᠬᠠᠭᠠᠨᠴᠢ ᠪᠠᠷ ᠪᠠᠶᠢᠷᠢᠰᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠣᠯᠤᠨ ᠬᠠᠭᠤᠴᠢᠨ | ᠴᠠᠬᠢᠯᠭᠠᠨ ᠬᠡᠷᠡᠭᠰᠡᠯ ᠭᠡᠷ ᠤᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠣᠤᠷ ᠴᠡᠭ ᠤᠨ | ︽ᠬᠤᠶᠠᠷ ᠰᠦᠯᠵᠢᠶ᠎ᠡ ᠶᠢ ᠨᠡᠶᠢᠯᠡᠭᠦᠯᠬᠦ︾ ᠶᠢ ᠭᠦᠨᠵᠡᠭᠡᠶ ᠠᠬᠢᠭᠤᠯᠣᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠰᠦᠯᠵᠢᠶᠡᠨ ᠤ ᠳᠣᠭᠳᠠᠯᠴᠠᠭ᠎ᠠ ᠶᠢᠨ ᠳᠠᠪᠠᠭᠤᠯᠢᠭ ᠢ ᠠᠰᠢᠭᠯᠠᠨ᠂ ᠡᠭᠡᠭᠦᠯᠦᠨ ᠬᠤᠷᠢᠶᠠᠬᠤ ᠪᠠ ᠵᠠᠬ᠎ᠠ ᠳᠡᠯᠭᠡᠭᠦᠷ ᠤᠨ | ᠪᠦᠲᠦᠮᠵᠢᠲᠡᠶ ᠵᠣᠯᠭᠠᠯᠴᠠᠭ᠎ᠠ ᠶᠢ ᠴᠢᠩᠭᠠᠳᠬᠠᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ᠡᠯ᠎ᠡ ᠬᠤᠰᠢᠭᠤ ᠣᠷᠣᠨ ᠤ ᠳᠠᠬᠢᠯᠲᠠ ᠡᠬᠢ ᠪᠠᠶᠠᠯᠢᠭ ᠢ ᠢᠯᠭᠠᠬᠤ ᠲᠥᠪ ᠲᠠᠰ ᠳᠡᠪᠰᠢᠭᠦᠯᠦᠨ ᠥᠭᠡᠷᠡᠴᠢᠯᠡᠬᠦ ᠪᠠ | ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠰᠤᠮᠤ ᠪᠠᠯᠭᠠᠰᠤᠨ ᠳᠤ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠤᠬᠠᠶᠢᠯᠠᠭᠰᠠᠨ ᠠᠵᠢᠯ ᠢ ᠢᠳᠡᠪᠬᠢᠲᠡᠶ | ᠥᠷᠨᠢᠭᠦᠯᠬᠦ ᠶᠢ ᠵᠣᠷᠢᠭᠵᠢᠭᠤᠯᠤᠨ᠎ᠠ᠃ ᠪᠠᠷᠢᠮᠵᠢᠶᠠᠵᠢᠭᠤᠯᠤᠭᠰᠠᠨ᠂ ᠵᠢᠷᠤᠮᠵᠢᠭᠰᠠᠨ ᠡᠭᠡᠭᠦᠯᠦᠨ ᠬᠤᠷᠢᠶᠠᠬᠤ ᠴᠡᠭ᠂ | ᠥᠷᠲᠡᠭᠡ᠂ ᠲᠠᠯᠠᠪᠤᠷ ᠭᠤᠷᠪᠠᠨ ᠱᠠᠲᠤᠨ ᠤ ᠡᠭᠡᠭᠦᠯᠦᠨ ᠬᠤᠷᠢᠶᠠᠬᠤ ᠳᠣᠭᠳᠠᠯᠴᠠᠭ᠎ᠠ ᠶᠢ ᠲᠦᠷᠬᠡᠨ ᠪᠠᠶᠢᠭᠤᠯᠵᠤ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ︽ᠰᠢᠨ᠎ᠡ ᠶᠢ ᠰᠣᠯᠢᠬᠤ + ᠡᠭᠡᠭᠦᠯᠦᠨ ᠬᠤᠷᠢᠶᠠᠬᠤ︾ | ᠠᠷᠭ᠎ᠠ ᠵᠠᠮ ᠪᠠᠶᠢᠭᠤᠯᠬᠤ ᠶᠢ ᠠᠬᠢᠭᠤᠯᠵᠤ᠂ ᠪᠠᠷᠠᠭ᠎ᠠ ᠶᠢᠨ ᠭᠦᠢᠯᠭᠡᠭᠡᠨ ᠤ ᠭᠡᠳᠡᠷᠭᠦ ᠪᠣᠴᠠᠭᠠᠬᠤ ᠳᠣᠭᠳᠠᠯᠴᠠᠭ᠎ᠠ ᠶᠢ | ᠪᠠᠶᠢᠭᠤᠯᠤᠨ᠂ ᠬᠠᠶᠠᠭᠳᠠᠮᠠᠯ ᠬᠠᠭᠤᠴᠢᠨ ᠦᠢᠯᠡᠳᠬᠦᠨ ᠢᠶᠠᠨ ᠳᠠᠬᠢᠨ ᠠᠰᠢᠭᠯᠠᠬᠤ ᠶᠢ ᠠᠬᠢᠭᠤᠯᠵᠤ᠂ ᠡᠭᠡᠭᠦᠯᠦᠨ | ᠬᠤᠷᠢᠶᠠᠵᠤ ᠳᠠᠬᠢᠨ ᠠᠰᠢᠭᠯᠠᠬᠤ ᠬᠡᠯᠬᠢᠶ᠎ᠡ ᠶᠢ ᠰᠠᠭᠠᠳ ᠦᠭᠡᠶ ᠨᠡᠪᠲᠡᠷᠡᠭᠦᠯᠵᠦ᠂ ᠰᠠᠶᠢᠨ ᠣᠷᠴᠢᠯ ᠢ ᠪᠣᠶ ᠪᠣᠯᠭᠠᠬᠤ | ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠩᠭᠠᠨ | ᠪᠣᠷᠣᠯᠠᠭᠤᠯᠬᠤ ᠬᠤᠷᠰᠢᠶ᠎ᠠ︶ | 2. ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ ᠠᠷᠠᠯᠵᠢᠶ᠎ᠠ ᠶᠢ ᠳᠦᠷᠭᠡᠳᠬᠡᠨ᠎ᠡ᠃ ︽ᠢᠨᠲ᠋ᠧᠷ ᠰᠦᠯᠵᠢᠶ᠎ᠡ + | ᠭᠠᠷ ᠳᠠᠮᠵᠢᠭᠰᠠᠨ︾ ᠵᠠᠭᠪᠤᠷ ᠢ ᠬᠡᠷᠡᠭᠵᠢᠭᠦᠯᠵᠦ᠂ ᠭᠠᠷ ᠳᠠᠮᠵᠢᠭᠰᠠᠨ ᠲᠠᠸᠠᠷ ᠤᠨ ᠰᠦᠯᠵᠢᠶ᠎ᠡ ᠶᠢᠨ ᠠᠷᠠᠯᠵᠢᠶᠠᠨ ᠤ | ᠲᠠᠪᠴᠠᠩ ᠤᠨ ᠵᠢᠷᠤᠮᠵᠢᠭᠤᠨ ᠬᠥᠭᠵᠢᠬᠦ ᠶᠢ ᠠᠬᠢᠭᠤᠯᠵᠤ᠂ ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ | ᠠᠷᠠᠯᠵᠢᠶ᠎ᠠ ᠶᠢ ᠲᠦᠷᠭᠡᠳᠬᠡᠨ᠂ ᠭᠠᠷ ᠳᠠᠮᠵᠢᠭᠰᠠᠨ ᠲᠠᠸᠠᠷ ᠤᠨ ᠠᠷᠠᠯᠵᠢᠶᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠭᠠᠷ ᠳᠠᠮᠵᠢᠭᠰᠠᠨ ᠲᠠᠸᠠᠷ ᠤᠨ ᠠᠷᠠᠯᠵᠢᠶᠠᠨ ᠤ ᠲᠠᠪᠴᠠᠩ ᠤᠨ ᠠᠵᠤ ᠠᠬᠤᠶᠢᠯᠠᠯ ᠤᠨ | ᠲᠠᠪᠴᠠᠩ ᠤᠨ ᠳᠣᠲᠣᠷᠠᠬᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ᠂ ᠬᠡᠷᠡᠭᠯᠡᠭᠴᠢᠳ ᠦᠨᠡᠯᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠢᠲᠡᠭᠡᠮᠵᠢ ᠶᠢᠨ ᠲᠡᠮᠳᠡᠭᠯᠡᠯ᠂ ᠬᠠᠤᠯᠢ ᠠᠴᠠ ᠵᠥᠷᠢᠴᠡᠨ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠵᠡᠷᠭᠡ ᠮᠡᠳᠡᠭᠡ ᠵᠠᠩᠭᠢ ᠶᠢ ᠬᠠᠮᠳᠣ ᠪᠠᠷ ᠭᠥᠷᠳᠡᠬᠦ ᠶᠢ ᠴᠢᠩᠭᠠᠳᠬᠠᠨ᠎ᠠ᠃ ᠭᠠᠷ | ᠳᠠᠮᠵᠢᠭᠰᠠᠨ ᠡᠯᠧᠺᠲᠷᠣᠨ ᠦᠢᠯᠡᠳᠬᠦᠨ ᠤ ᠠᠷᠠᠯᠵᠢᠶ᠎ᠠ ᠶᠢ ᠵᠢᠷᠤᠮᠵᠢᠭᠤᠯᠬᠤ ᠶᠢ ᠠᠬᠢᠭᠤᠯᠵᠤ᠂ ᠵᠠᠳᠠᠷᠠᠭᠤᠯᠬᠤ ᠵᠢᠴᠢ | ᠮᠠᠭᠤ ᠰᠠᠨᠠᠭ᠎ᠠ ᠲᠠᠢ ᠪᠠᠷ ᠬᠡᠷᠡᠭᠯᠡᠭᠴᠢ ᠶᠢᠨ ᠮᠡᠳᠡᠭᠡ ᠵᠠᠩᠭᠢ ᠶᠢ ᠰᠡᠷᠭᠦᠭᠡᠬᠦ ᠦᠢᠯᠡ ᠠᠵᠢᠯᠯᠠᠭ᠎ᠠ ᠶᠢ ᠰᠡᠷᠭᠡᠶᠢᠯᠡᠨ᠎ᠡ᠃ | ᠭᠠᠷ ᠤᠲᠠᠰᠤ᠂ ᠺᠣᠮᠫᠢᠦ᠋ᠲ᠋ᠧᠷ᠂ ᠣᠶᠤᠨᠴᠢ ᠭᠠᠷ ᠴᠠᠭ ᠵᠡᠷᠭᠡ ᠡᠯᠧᠺᠲᠷᠣᠨ ᠦᠢᠯᠡᠳᠬᠦᠨ ᠪᠣᠷᠣᠯᠠᠭᠤᠯᠬᠤ ᠠᠵᠤ | ᠠᠬᠤᠶᠢᠯᠠᠯ ᠢ ᠳᠡᠮᠵᠢᠵᠦ ᠪᠠᠶᠢᠭᠠᠳ ᠬᠠᠭᠤᠴᠢᠨ ᠦᠢᠯᠡᠳᠬᠦᠨ ᠢ ᠬᠢᠨᠠᠨ ᠲᠣᠭᠲᠠᠭᠠᠬᠤ᠂ ᠰᠢᠨᠡᠳᠬᠡᠵᠦ ᠰᠡᠯᠪᠢᠨ | ᠵᠠᠰᠠᠬᠤ ᠪᠠ ᠪᠣᠷᠣᠯᠠᠭᠤᠯᠬᠤ ᠲᠤᠬᠠᠶᠢᠯᠠᠭᠰᠠᠨ ᠠᠵᠢᠯ ᠢ ᠦᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠠᠩᠭᠠᠨ | ᠪᠣᠷᠣᠯᠠᠭᠤᠯᠬᠤ ᠬᠤᠷᠰᠢᠶ᠎ᠠ︶ | 3. ᠳᠠᠬᠢᠨ ᠦᠢᠯᠡᠳᠬᠦ ᠠᠵᠤ ᠦᠢᠯᠡᠰ ᠢ ᠪᠤᠶᠢᠵᠢᠭᠤᠯᠬᠤ ᠪᠠ ᠦᠢᠯᠡᠳᠬᠦᠨ ᠢ ᠠᠰᠢᠭᠯᠠᠬᠤ ᠶᠢ ᠲᠦᠷᠭᠡᠳᠬᠡᠨ᠎ᠡ᠃ | ᠠᠵᠤ ᠠᠬᠤᠶᠢᠯᠠᠯ ᠤᠨ ᠨᠥᠬᠦᠴᠡᠯ ᠪᠦᠷᠢᠳᠦᠭᠦᠯᠦᠭᠰᠡᠨ ᠬᠠᠶᠠᠭᠳᠠᠮᠠᠯ ᠬᠠᠭᠤᠴᠢᠨ ᠦᠢᠯᠡᠳᠪᠦᠷᠢᠯᠡᠯ ᠤᠨ | ᠲᠥᠬᠦᠭᠡᠷᠦᠮᠵᠢ ᠶᠢ ᠳᠠᠬᠢᠨ ᠦᠢᠯᠡᠳᠬᠦ ᠶᠢ ᠵᠣᠷᠢᠭᠵᠢᠭᠤᠯᠵᠤ᠂ ᠨᠡᠭᠦᠷᠡᠰᠦᠨ ᠠᠭᠤᠷᠬᠠᠶ ᠶᠢᠨ ᠮᠠᠰᠢᠨ᠂ ᠡᠩ ᠤᠨ | ᠰᠠᠤᠷᠢ ᠮᠠᠰᠢᠨ ᠵᠡᠷᠭᠡ ᠤᠯᠠᠮᠵᠢᠯᠠᠯᠲᠤ ᠲᠥᠬᠦᠭᠡᠷᠦᠮᠵᠢ ᠶᠢ ᠳᠠᠬᠢᠨ ᠦᠢᠯᠡᠳᠬᠦ ᠶᠠᠪᠤᠳᠠᠯ ᠢ ᠠᠬᠢᠭᠤᠯᠬᠤ ᠬᠡᠷᠡᠭᠲᠡᠶ᠃ | ᠣᠷᠳᠣ ᠦᠶᠡᠯᠡᠯ ᠤᠨ ᠬᠤᠭᠤᠴᠠᠭᠠᠨ ᠤ ᠰᠠᠯᠬᠢᠨ ᠬᠦᠴᠦᠨ ᠤ ᠴᠠᠬᠢᠯᠭᠠᠨ ᠤ ᠬᠡᠷᠡᠯ ᠴᠡᠨᠡᠭ ᠤᠨ ᠲᠥᠬᠦᠭᠡᠷᠦᠮᠵᠢ᠂ | ᠴᠠᠬᠢᠯᠭᠠᠨ ᠴᠡᠨᠡᠭ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢᠨ ᠬᠠᠮᠲᠤ ᠬᠠᠮᠢᠶ᠎ᠠ ᠪᠥᠬᠦᠶ ᠦᠢᠯᠡᠳᠭᠦᠨ | ᠲᠥᠬᠦᠭᠡᠷᠦᠮᠵᠢ ᠶᠢ ᠦᠨᠡᠯᠡᠨ ᠵᠢᠱᠢᠬᠦ ᠵᠢᠴᠢ ᠳᠠᠬᠢᠨ ᠠᠰᠢᠭᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠶᠢ | ᠴᠢᠩᠭᠠᠷᠠᠭᠤᠯᠵᠤ᠂ ᠦᠢᠯᠡᠳᠭᠦᠨ ᠲᠥᠬᠦᠭᠡᠷᠦᠮᠵᠢ ᠵᠢᠴᠢ ᠵᠠᠩᠭᠢᠯᠠᠭ᠎ᠠ ᠶᠢᠨ ᠤᠭᠰᠠᠷᠠᠭ᠎ᠠ ᠲᠣᠨᠤᠭ ᠢ ᠠᠰᠢᠭᠯᠠᠬᠤ ᠶᠢ | ᠡᠮᠬᠢ ᠵᠢᠷᠤᠮ ᠲᠠᠢ ᠪᠠᠷ ᠠᠬᠢᠭᠤᠯᠤᠨ᠎ᠠ᠃ ᠬᠤᠷᠣᠭᠳᠠᠯ ᠢ ᠪᠠᠶᠢᠴᠠᠭᠠᠨ ᠰᠢᠨᠵᠢᠬᠦ᠂ ᠮᠠᠲ᠋ᠧᠷᠢᠶᠠᠯ ᠨᠡᠮᠡᠵᠦ ᠦᠢᠯᠡᠳᠬᠦ᠂ | ᠠᠮᠢᠳᠣᠯᠢᠭ ᠪᠣᠯᠪᠠᠰᠣᠷᠠᠭᠤᠯᠬᠤ ᠵᠡᠷᠭᠡ ᠣᠷ᠎ᠡ ᠮᠡᠷᠭᠡᠰᠢᠯ ᠢ ᠳᠡᠯᠭᠡᠷᠡᠬᠦᠯᠥᠨ ᠭᠡᠷᠡᠭᠯᠡᠵᠦ᠂ ᠲᠠᠬᠢᠨ ᠦᠢᠯᠡᠳᠴᠥ | ᠪᠣᠯᠪᠠᠰᠣᠷᠠᠭᠤᠯᠬᠤ ᠬᠢᠷᠢ ᠭᠡᠮᠵᠢᠶ᠎ᠠ ᠶᠢ ᠳᠡᠭᠡᠭᠰᠢᠯᠡᠬᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠡᠨᠧᠷᠭᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 4. ᠡᠬᠢ ᠪᠠᠶᠠᠯᠢᠭ ᠢ ᠥᠨᠳᠥᠷ ᠬᠢᠷᠢ ᠬᠡᠮᠵᠢᠶ᠎ᠡ ᠪᠠᠷ ᠳᠠᠬᠢᠨ ᠠᠰᠢᠭᠯᠠᠬᠤ ᠶᠢ ᠠᠬᠢᠭᠤᠯᠤᠨ᠎ᠠ᠃ ᠬᠡᠷᠡᠭᠯᠡᠭᠡᠨ ᠠᠴᠠ | ᠭᠠᠷᠭᠠᠭᠰᠠᠨ ᠮᠠᠰᠢᠨ ᠲᠡᠷᠭᠡ᠂ ᠬᠠᠭᠤᠴᠢᠷᠠᠭᠰᠠᠨ ᠭᠡᠷᠡᠯ ᠴᠡᠨᠡᠭ᠂ ᠭᠡᠷ ᠤᠨ ᠬᠠᠶᠠᠭᠳᠠᠮᠠᠯ ᠬᠠᠭᠤᠴᠢᠨ ᠴᠠᠬᠢᠯᠭᠠᠨ᠂ | ᠬᠠᠶᠠᠭᠳᠠᠮᠠᠯ ᠴᠡᠨᠡᠭ᠂ ᠬᠠᠶᠠᠭᠳᠠᠮᠠᠯ ᠬᠠᠭᠤᠴᠢᠨ ᠳᠤᠭᠤᠢᠢᠯᠠᠪᠤᠷᠢ ᠵᠡᠷᠭᠡ ᠳᠠᠬᠢᠯᠲᠠ ᠡᠬᠢ ᠪᠠᠶᠠᠯᠢᠭ ᠢ ᠲᠥᠷᠥᠯ | ᠬᠤᠪᠢᠶᠠᠨ ᠠᠰᠢᠭᠯᠠᠬᠤ ᠪᠠ ᠲᠥᠪᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢᠨ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠵᠤ᠂ ᠴᠢᠨᠠᠷ ᠰᠠᠶᠢᠲᠠᠶ ᠳᠠᠬᠢᠯᠲᠠ ᠡᠬᠢ ᠪᠠᠶᠠᠯᠢᠭ ᠢ | ᠭᠠᠳᠠᠭᠠᠳᠤ ᠠᠴᠠ ᠣᠷᠣᠭᠤᠯᠬᠤ ᠶᠢ ᠠᠬᠢᠭᠤᠯᠤᠨ᠎ᠠ᠃ ᠠᠯᠠᠱᠠ ᠶᠢᠨ 10 ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ᠂ ᠳᠠᠬᠢᠯᠲᠠ ᠡᠬᠢ ᠪᠠᠶᠠᠯᠢᠭ ᠢ ᠪᠣᠯᠪᠠᠰᠣᠷᠠᠭᠤᠯᠣᠨ ᠠᠰᠢᠭᠯᠠᠬᠤ ᠶᠢ ᠶᠡᠬᠡᠪᠡᠷ ᠠᠬᠢᠭᠤᠯᠵᠤ | ᠂ ᠳᠣᠣᠷ᠎ᠠ ᠠᠰᠢᠭᠯᠠᠮᠵᠢ ᠲᠠᠢ ᠦᠢᠯᠡᠳᠪᠦᠷᠢᠯᠡᠯ ᠤᠨ ᠴᠢᠳᠠᠪᠤᠷᠢ ᠶᠢᠨ ᠠᠯᠬᠤᠮ ᠠᠯᠬᠤᠮ ᠢᠶᠠᠷ ᠤᠬᠤᠷᠢᠨ ᠭᠠᠷᠬᠤ ᠶᠢ | ᠬᠥᠲᠥᠯᠥᠨ ᠵᠢᠯᠣᠭᠤᠳᠤᠨ᠎ᠠ᠃ ᠠᠯᠠᠱᠠ ᠠᠶᠢᠮᠠᠭ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠣᠲᠣ ᠶᠢᠨ ᠪᠠᠶᠢᠭ᠎ᠠ ᠬᠦᠷᠢᠶᠡᠯᠡᠩ ᠲᠣᠭᠤᠷᠢᠭ ᠲᠤ ᠰᠠᠭᠤᠷᠢᠯᠠᠨ ᠨᠢᠭᠡ ᠪᠦᠯᠦᠭ | ᠳᠠᠬᠢᠯᠲᠠ ᠡᠬᠢ ᠪᠠᠶᠠᠯᠢᠭ ᠢ ᠨᠠᠷᠢᠯᠢᠭ ᠭᠦᠨᠵᠡᠭᠡᠶ ᠪᠣᠯᠪᠠᠰᠣᠷᠠᠭᠤᠯᠬᠤ ᠠᠵᠤ ᠦᠢᠯᠡᠰ ᠤᠨ ᠲᠥᠷᠥᠯ ᠵᠦᠢᠯ ᠢ ᠳᠡᠮᠵᠢᠨ | ᠪᠥᠲᠥᠭᠡᠨ ᠪᠠᠶᠢᠭᠤᠯᠵᠤ᠂ ᠳᠠᠬᠢᠨ ᠠᠰᠢᠭᠯᠠᠬᠤ ᠶᠢᠨ ᠬᠠᠷᠠᠭᠠᠯᠵᠠᠬᠤ ᠦᠢᠯᠡᠳᠦᠯ ᠢ ᠪᠣᠶ ᠪᠣᠯᠭᠠᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠡᠨᠧᠷᠭᠢ ᠶᠢᠨ ᠲᠣᠪᠴᠢᠶ᠎ᠠ︶ | ︵ᠲᠦᠷᠪᠡ︶ ᠪᠠᠷᠢᠮᠵᠢᠶ᠎ᠠ ᠶᠢ ᠳᠡᠰ ᠳᠡᠪᠰᠢᠭᠦᠯᠦᠨ ᠬᠡᠷᠡᠭᠯᠡᠬᠦ ᠠᠵᠢᠯᠯᠠᠭ᠎ᠠ ᠶᠢ ᠬᠡᠷᠡᠭᠵᠢᠭᠦᠯᠦᠨ᠎ᠡ | 1. ᠡᠨᠧᠷᠭᠢ ᠶᠢ ᠬᠤᠷᠣᠭᠳᠠᠭᠤᠯᠬᠤ᠂ ᠭᠠᠳᠠᠭᠰᠢᠯᠠᠭᠤᠯᠬᠤ ᠪᠠ ᠮᠡᠷᠭᠡᠵᠢᠯ ᠤᠨ ᠪᠠᠷᠢᠮᠵᠢᠶ᠎ᠠ ᠶᠢ | ᠨᠠᠶᠢᠳᠠᠪᠤᠷᠢᠵᠢᠭᠤᠯᠦᠨ᠎ᠡ᠃ ᠲᠣᠨᠤᠭ ᠲᠥᠬᠦᠭᠡᠷᠦᠮᠵᠢ ᠶᠢ ᠰᠢᠨᠡᠳᠬᠡᠬᠦ ᠠᠵᠢᠯᠯᠠᠭ᠎ᠠ ᠶᠢᠨ ᠠᠵᠠ ᠲᠣᠬᠢᠶᠠᠯ ᠢ ᠠᠰᠢᠭᠯᠠᠨ᠂ | ᠣᠲᠣ ᠶᠢᠨ ᠪᠠᠶᠢᠭ᠎ᠠ ᠪᠠᠷᠢᠮᠵᠢᠶ᠎ᠠ ᠶᠢ ᠲᠠᠰ ᠳᠡᠪᠰᠢᠭᠦᠯᠬᠦ ᠵᠢᠴᠢ ᠲᠡᠷᠢᠭᠦᠨ ᠤ ᠪᠠᠷᠢᠮᠵᠢᠶ᠎ᠠ ᠶᠢ ᠬᠡᠷᠡᠭᠯᠡᠬᠦ ᠶᠢ | ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠰᠬᠠᠶ | ᠲᠥᠰᠦᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠥᠷᠥᠯ ᠤᠨ ᠭᠠᠳᠠᠭᠰᠢᠯᠠᠭᠤᠯᠬᠤ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠠᠭᠠᠷ ᠮᠠᠨᠳᠠᠯ᠂ ᠤᠰᠤᠨ ᠤ ᠪᠣᠬᠢᠷᠲᠤᠯ ᠪᠣᠳᠠᠰ ᠵᠡᠷᠭᠡ | ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠬᠢᠷᠢ ᠬᠡᠮᠵᠢᠶ᠎ᠡ ᠶᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠡᠨᠧᠷᠭᠢ ᠶᠢᠨ | ᠬᠤᠷᠣᠭᠳᠠᠯ ᠤᠨ ᠬᠢᠵᠠᠭᠠᠷ ᠲᠤᠭ᠎ᠠ᠂ ᠦᠢᠯᠡᠳᠬᠦᠨ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠪᠠ | ᠳᠡᠭᠡᠭᠡᠪᠦᠷᠢ ᠶᠢᠨ ᠮᠠᠰᠢᠨ ᠲᠡᠷᠭᠡ᠂ ᠬᠦᠨᠳᠦ ᠬᠡᠯᠪᠡᠷᠢ ᠶᠢᠨ ᠬᠤᠳᠠᠯᠳᠤᠭᠠᠨ ᠤ ᠬᠡᠷᠡᠭᠯᠡᠭᠡᠨ ᠤ ᠲᠡᠷᠭᠡᠨ ᠤ ᠡᠨᠧᠷᠭᠢ ᠶᠢᠨ | ᠬᠤᠷᠣᠭᠳᠠᠯ ᠤᠨ ᠬᠡᠮᠵᠢᠭᠳᠡᠯ ᠤᠨ ᠬᠠᠮᠢᠶ᠎ᠠ ᠪᠥᠬᠦᠶ ᠬᠢᠵᠠᠭᠠᠷᠯᠠᠯ᠂ ᠪᠣᠬᠢᠷᠲᠤᠯ ᠪᠣᠳᠠᠰ ᠭᠠᠳᠠᠭᠰᠢᠯᠠᠭᠤᠯᠬᠤ᠂ | ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢᠨ ᠲᠣᠭᠠᠴᠠᠭ᠎ᠠ ᠬᠢᠬᠦ ᠵᠡᠷᠭᠡ ᠬᠦᠷᠢᠶᠡᠨ ᠳᠠᠬᠢ ᠤᠯᠤᠰ ᠵᠢᠴᠢ ᠥᠪᠡᠷᠲᠡᠭᠡᠨ ᠵᠠᠰᠠᠬᠤ | ᠣᠷᠣᠨ ᠤ ᠪᠠᠷᠢᠮᠵᠢᠶ᠎ᠠ ᠶᠢ ᠤᠬᠠᠭᠤᠯᠤᠨ ᠳᠣᠣᠱᠯᠠᠭᠤᠯᠬᠤ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠳᠡᠯᠭᠡᠷᠡᠭᠦᠯᠦᠨ | ᠬᠡᠷᠡᠭᠯᠡᠬᠦ ᠶᠢᠨ ᠬᠠᠮᠲᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠦᠨᠡᠯᠡᠨ | ᠵᠢᠱᠢᠨ᠎ᠠ᠃ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ ᠰᠠᠯᠬᠢᠨ ᠬᠦᠴᠦᠨ ᠤ ᠴᠠᠬᠢᠯᠭᠠᠨ | ᠭᠡᠷᠡᠯ ᠴᠡᠨᠡᠭ ᠤᠨ ᠲᠥᠬᠦᠭᠡᠷᠦᠮᠵᠢ ᠶᠢ ᠬᠠᠮᠢᠶᠠᠷᠬᠤ᠂ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠪᠠᠷᠢᠮᠵᠢᠶ᠎ᠠ ᠶᠢ | ᠰᠤᠳᠤᠯᠤᠨ ᠨᠡᠶᠢᠳᠡᠯᠡᠬᠦ ᠠᠵᠢᠯ ᠢ ᠥᠷᠨᠢᠭᠦᠯᠵᠦ᠂ ᠤᠯᠤᠰ ᠤᠨ ᠬᠠᠮᠢᠶ᠎ᠠ ᠪᠥᠬᠦᠶ ᠪᠠᠷᠢᠮᠵᠢᠶ᠎ᠠ ᠶᠢᠨ ᠳᠣᠭᠳᠠᠯᠴᠠᠭ᠎ᠠ ᠳᠤ | ᠠᠰᠢᠭᠲᠠᠶ ᠨᠥᠬᠦᠪᠥᠷᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ | ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 2. ᠦᠢᠯᠡᠳᠬᠦᠨ ᠤ ᠮᠡᠷᠭᠡᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠴᠢᠩᠭᠠᠷᠠᠭᠤᠯᠤᠨ᠎ᠠ᠃ ᠤᠯᠤᠰ ᠤᠨ | ᠳᠣᠲᠣᠭᠠᠳᠤ ᠭᠠᠳᠠᠭᠠᠳᠤ ᠶᠢᠨ ᠪᠠ ᠠᠵᠢᠯ ᠲᠥᠷᠥᠯ ᠤᠨ ᠬᠤᠯᠪᠣᠭᠳᠠᠬᠤ ᠨᠡᠭᠦᠷᠡᠰᠦᠲᠥ᠋ᠷᠥᠭᠴᠢ ᠶᠢᠨ ᠣᠯᠠ ᠮᠥᠷ ᠪᠠ | ᠨᠡᠭᠦᠷᠡᠰᠦᠲᠥ᠋ᠷᠥᠭᠴᠢ ᠶᠢᠨ ᠱᠣᠰᠢᠭ᠎ᠠ ᠶᠢᠨ ᠪᠠᠷᠢᠮᠵᠢᠶ᠎ᠠ ᠶᠢ ᠰᠣᠳᠣᠯᠬᠤ ᠶᠢ ᠴᠠᠭ ᠲᠤᠬᠠᠶ ᠳᠤᠨᠢ ᠠᠩᠬᠠᠷᠬᠤ ᠶᠢᠨ | ᠬᠠᠮᠲᠤ ᠳᠠᠭᠠᠵᠤ᠂ ᠪᠠᠷᠢᠮᠵᠢᠶ᠎ᠠ ᠶᠢᠨ ᠲᠣᠰ ᠭᠠᠵᠠᠷ ᠲᠠᠬᠢ ᠬᠡᠷᠡᠭᠯᠡᠯᠲᠡ ᠶᠢ ᠠᠬᠢᠭᠤᠯᠤᠨ᠎ᠠ᠃ ᠮᠠᠰᠢᠨ ᠲᠡᠷᠭᠡ᠂ | ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠡᠳ᠋ᠯᠡᠯ ᠬᠡᠷᠡᠭᠰᠡᠯ ᠤᠨ ᠦᠢᠯᠡᠳᠬᠦᠨ᠂ ᠬᠡᠷᠡᠭᠯᠡᠭᠡᠨ ᠤ ᠡᠯᠧᠺᠲᠷᠣᠨ ᠵᠡᠷᠭᠡ | ᠬᠦᠷᠢᠶᠡᠨ ᠳᠠᠬᠢ ᠤᠯᠤᠰ ᠤᠨ ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠤᠨ ᠬᠡᠷᠡᠭᠵᠢᠭᠦᠯᠵᠦ᠂ ᠭᠡᠷ ᠤᠨ ᠴᠠᠬᠢᠯᠭᠠᠨ | ᠬᠡᠷᠡᠭᠰᠡᠯ ᠢ ᠠᠮᠤᠷ ᠲᠦᠪᠰᠢᠨ ᠢᠶᠠᠷ ᠬᠡᠷᠡᠭᠯᠡᠬᠦ ᠵᠢᠯ ᠬᠤᠭᠤᠴᠠᠭ᠎ᠠ ᠪᠠ ᠡᠨᠧᠷᠭᠢ ᠠᠷᠪᠢᠯᠠᠬᠤ ᠮᠡᠳᠡᠯᠭᠡ ᠶᠢ ᠶᠡᠬᠡᠪᠡᠷ | ᠲᠦᠭᠡᠮᠡᠯᠵᠢᠭᠦᠯᠦᠨ᠎ᠡ᠃ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠂ | ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠡᠷᠡᠭᠯᠡᠭᠡᠨ ᠤ ᠵᠦᠢᠯ ᠤᠨ ᠶᠠᠰᠤ ᠴᠢᠨᠠᠷ ᠤᠨ ᠠᠶᠤᠯ ᠦᠭᠡᠶ ᠶᠢᠨ | ᠬᠢᠨᠠᠯᠲᠠ ᠬᠠᠮᠢᠶᠠᠷᠤᠯᠲᠠ ᠶᠢᠨ ᠭᠠᠷᠴᠠᠭ ᠢ ᠨᠠᠶᠢᠳᠠᠪᠤᠷᠢᠵᠢᠭᠤᠯᠵᠤ᠂ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠬᠡᠷᠡᠭᠰᠡᠯ | ᠵᠡᠷᠭᠡ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠷᠠᠭᠤᠯᠤᠨ᠎ᠡ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠣᠭᠤᠷᠢᠨ ᠳᠤ ᠦᠢᠯᠡᠳᠬᠦᠨ ᠤ | ᠨᠡᠭᠦᠷᠡᠰᠦᠲᠥ᠋ᠷᠥᠭᠴᠢ ᠶᠢᠨ ᠱᠣᠰᠢᠭ᠎ᠠ ᠳᠤ ᠲᠣᠭᠠᠴᠠᠭ᠎ᠠ ᠬᠢᠬᠦ ᠪᠠᠷᠢᠮᠵᠢᠶ᠎ᠠ ᠶᠢ ᠰᠤᠳᠤᠯᠤᠨ ᠨᠡᠶᠢᠳᠡᠯᠡᠨ᠎ᠡ᠃ ᠲᠣᠰ | ᠭᠠᠵᠠᠷ ᠤᠨ ᠠᠵᠤ ᠠᠬᠤᠶᠢᠯᠠᠯ ᠤᠨ ᠦᠢᠯᠡᠳᠬᠦᠨ ᠤ ᠪᠣᠬᠢᠷᠲᠤᠯ ᠥᠬᠡᠶ ᠶᠢᠨ ᠭᠡᠷᠡᠴᠢᠯᠡᠭᠡ᠂ ᠣᠷᠭᠠᠨᠢᠭ | ᠦᠢᠯᠡᠳᠬᠦᠨ ᠤ ᠭᠡᠷᠡᠴᠢᠯᠡᠯ ᠪᠠ ︽ᠦᠪᠦᠷ ᠮᠣᠩᠭᠤᠯ︾ ᠲᠡᠮᠳᠡᠭ ᠲᠠᠢ ᠦᠢᠯᠡᠳᠬᠦᠨ ᠤ ᠭᠡᠷᠡᠴᠢᠯᠡᠭᠡ ᠵᠡᠷᠭᠡ ᠳᠡᠭᠡᠳᠦ | ᠲᠠᠰ ᠤᠨ ᠶᠠᠰᠤ ᠴᠢᠨᠠᠷ ᠤᠨ ᠭᠡᠷᠡᠴᠢᠯᠡᠭᠡ ᠳᠤ ᠣᠷᠣᠯᠴᠠᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ︶ | 3. ᠡᠬᠢ ᠪᠠᠶᠠᠯᠢᠭ ᠢ ᠳᠠᠬᠢᠨ ᠠᠰᠢᠭᠯᠠᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢ ᠠᠬᠢᠭᠤᠯᠤᠨ᠎ᠠ᠃ | ᠪᠣᠬᠢᠷᠲᠤᠯ ᠥᠬᠡᠶ ᠵᠢᠷᠤᠭ ᠲᠥᠯᠥᠪᠯᠡᠭᠡ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ᠂ ᠡᠯᠧᠺᠲᠷᠣᠨ | ᠦᠢᠯᠡᠳᠬᠦᠨ ᠤ ᠭᠠᠷ ᠳᠠᠮᠵᠢᠨ ᠠᠷᠠᠯᠵᠢᠶᠠᠯᠠᠬᠤ ᠵᠡᠷᠭᠡ ᠬᠦᠷᠢᠶᠡᠨ ᠳᠠᠬᠢ ᠤᠯᠤᠰ ᠤᠨ ᠪᠠᠷᠢᠮᠵᠢᠶ᠎ᠠ ᠶᠢ ᠤᠬᠠᠭᠤᠯᠤᠨ | ᠳᠣᠣᠱᠯᠠᠭᠤᠯᠬᠤ ᠪᠣᠯᠪᠠᠰᠤᠷᠠᠯ᠂ ᠳᠡᠯᠭᠡᠷᠡᠭᠦᠯᠦᠨ ᠬᠡᠷᠡᠭᠯᠡᠬᠦ ᠪᠠ ᠪᠠᠷᠢᠮᠵᠢᠶ᠎ᠠ ᠶᠢ ᠭᠡᠷᠡᠭᠵᠢᠬᠦᠯᠦᠭᠰᠡᠨ ᠦᠷ᠎ᠡ | ᠪᠦᠲᠦᠮᠵᠢ ᠶᠢ ᠦᠨᠡᠯᠡᠨ ᠵᠢᠱᠢᠨ᠎ᠡ᠃ ᠨᠦᠬᠦᠴᠡᠯ ᠲᠠᠢ ᠠᠵᠦ ᠠᠬᠤᠶᠢᠯᠠᠯ᠂ ᠨᠡᠶᠢᠭᠡᠮ ᠤᠨ ᠪᠦᠯᠬᠦᠮ ᠵᠡᠷᠭᠡ ᠶᠢᠨ | ᠳᠡᠬᠢᠯᠳᠡ ᠡᠬᠢ ᠪᠠᠶᠠᠯᠢᠭ ᠢ ᠡᠭᠡᠬᠦᠯᠦᠨ ᠬᠤᠷᠢᠶ᠋ᠬᠠᠥ ᠬᠠᠮᠢᠶ᠎ᠠ ᠪᠦᠬᠦᠢ ᠪᠡᠷᠢᠮᠵᠢᠶ᠎ᠠ ᠶᠢ ᠰᠣᠳᠣᠯᠥᠨ ᠨᠡᠶᠢᠳᠡᠯᠡᠬᠦ ᠳᠤ | ᠢᠳᠡᠪᠬᠢᠳᠡᠢ ᠪᠠᠷ ᠣᠷᠣᠯᠴᠬᠠᠥ ᠶᠢ ᠳᠡᠮᠵᠢᠨ᠎ᠠ᠃ ᠠᠯᠠᠱᠠ ᠠᠶᠢᠮᠠᠭ ᠤᠨ ᠪᠠᠷᠢᠮᠵᠢᠶᠠᠵᠢᠭᠤᠯᠬᠤ ᠲᠤᠰᠬᠠᠶ ᠮᠡᠷᠭᠡᠵᠢᠯᠲᠡᠨ | ᠪᠠ ᠠᠵᠤ ᠠᠬᠤᠶᠢᠯᠠᠯ ᠤᠨ ᠡᠯ᠎ᠡ ᠲᠥᠷᠥᠯ ᠤᠨ ᠪᠠᠷᠢᠮᠵᠢᠶᠠᠵᠢᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ | ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠨᠢᠭᠡᠳᠦᠯᠲᠡᠶ ᠲᠥᠯᠥᠪᠯᠡᠨ ᠠᠬᠢᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠠᠯᠠᠱᠠ | ᠠᠶᠢᠮᠠᠭ ᠤᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ | ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠠᠷᠢᠮᠲᠠᠯᠠᠨ᠂ ᠲᠥᠷᠥᠯ ᠵᠦᠢᠯ ᠢ ᠳᠦᠯᠦᠪᠯᠡᠬᠦ᠂ ᠲᠥᠷᠥᠯ | ᠵᠦᠢᠯ ᠢ ᠲᠡᠮᠡᠴᠡᠨ ᠣᠯᠬᠤ᠂ ᠵᠠᠬ᠎ᠠ ᠳᠡᠯᠭᠡᠭᠦᠷ ᠢ ᠠᠳᠬᠤᠬᠤ᠂ ᠪᠠᠷᠢᠮᠵᠢᠶ᠎ᠠ ᠶᠢ ᠳᠦᠷᠢᠮᠵᠢᠬᠦᠯᠬᠦ᠂ ᠪᠠᠯᠠ ᠮᠥᠩᠭᠦ ᠶᠢ | ᠬᠡᠷᠡᠭᠯᠡᠬᠦ ᠶᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ ᠦᠢᠯᠡᠳᠪᠦᠷᠢᠯᠡᠬᠦ᠂ ᠪᠣᠷᠣᠯᠠᠭᠤᠯᠬᠤ ᠠᠵᠤ ᠠᠬᠤᠶᠢᠯᠠᠯ | ᠪᠣᠯᠤᠨ ᠮᠥᠩᠭᠦᠨ ᠭᠦᠢᠯᠭᠡᠭᠡᠨ ᠤ ᠲᠠᠪᠴᠠᠩ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠦᠴᠢᠷᠳᠡᠢ ᠵᠦᠢᠯ᠂ ᠬᠤᠷᠢᠭ᠎ᠠ ᠴᠡᠭ ᠢ ᠨᠡᠪᠲᠡᠷᠡᠭᠦᠯᠦᠨ᠎ᠡ᠃ | ᠡᠯ᠎ᠡ ᠬᠤᠰᠢᠭᠤ ︵ᠣᠷᠣᠨ︶ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠥᠬᠦ ᠠᠶᠢᠮᠠᠭ ᠤᠨ ︽ᠪᠦᠬᠦ ᠳᠠᠯ᠎ᠠ | ᠶᠢ ᠬᠠᠷᠠᠭᠠᠯᠵᠠᠬᠤ︾ ᠦᠵᠡᠯ ᠰᠠᠨᠠᠭ᠎ᠠ ᠶᠢ ᠪᠣᠶ ᠪᠣᠯᠭᠠᠵᠤ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠲᠥᠷᠥ ᠶᠢᠨ ᠪᠣᠳᠣᠯᠭ᠎ᠠ᠂ ᠡᠭᠦᠷᠭᠡ᠂ ᠬᠠᠮᠵᠢᠯᠴᠠᠬᠤ᠂ | ᠲᠥᠷᠥᠯ ᠵᠦᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠥᠪ ᠪᠠ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠤᠨ ᠮᠠᠰᠢᠨ ᠢ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠥᠷᠢ ᠦᠭᠭᠦ ᠵᠡᠷᠭᠡ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠰᠠᠶᠢᠲᠤᠷ ᠬᠡᠷᠡᠭᠯᠡᠵᠦ᠂ ᠬᠠᠭᠤᠴᠢᠨ ᠲᠠᠷᠢᠶᠠᠯᠠᠩ ᠤᠨ ᠮᠠᠰᠢᠨ ᠢ ᠬᠡᠷᠡᠭᠯᠡᠭᠡ ᠠᠴᠠ | ᠭᠠᠷᠭᠠᠵᠤ ᠰᠢᠨᠡᠳᠬᠡᠬᠦ ᠶᠢ ᠳᠡᠮᠵᠢᠨ᠎ᠡ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ᠂ ᠤᠷᠲᠤ | ᠬᠤᠭᠤᠴᠠᠭᠠᠨ ᠤ ᠣᠨᠴᠣᠭᠤᠶ ᠤᠯᠤᠰ ᠤᠨ ᠵᠢᠭᠡᠯᠡᠯᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ | ᠵᠢᠭᠡᠯᠡᠯᠭᠡ ᠶᠢᠨ ᠲᠡᠮᠳᠡᠭᠲᠦ ᠵᠡᠷᠭᠡ ᠪᠡᠯᠡ ᠮᠥᠩᠭᠦ ᠶᠢ ᠢᠳᠡᠪᠬᠢᠯᠡᠨ ᠣᠯᠵᠤ᠂ ᠨᠥᠬᠦᠴᠡᠯ ᠳᠤ ᠨᠡᠶᠢᠴᠡᠬᠦ | ᠲᠥᠬᠦᠭᠡᠷᠦᠮᠵᠢ ᠶᠢ ᠰᠢᠨᠡᠳᠬᠡᠬᠦ᠂ ᠳᠠᠬᠢᠨ ᠠᠰᠢᠭᠯᠠᠬᠤ ᠲᠥᠷᠥᠯ ᠵᠦᠢᠯ ᠢ ᠳᠡᠮᠵᠢᠵᠦ᠂ ᠲᠥᠬᠦᠭᠡᠷᠦᠮᠵᠢ ᠪᠠ | ᠦᠢᠯᠡᠳᠬᠦᠨ ᠢ ᠰᠢᠨᠡᠴᠢᠯᠡᠬᠦ ᠰᠣᠯᠢᠬᠤ ᠶᠢ ᠦᠷᠭᠦᠯᠵᠢᠯᠡᠨ ᠡᠷᠡᠭᠦᠯ ᠢᠶᠠᠷ ᠠᠬᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠡᠨᠧᠷᠭᠢ ᠶᠢᠨ ᠲᠣᠪᠴᠢᠶ᠎ᠠ︶ | ︵ᠬᠤᠶᠠᠷ︶ ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠎ᠠ᠃ ᠲᠣᠨᠤᠭ | ᠳᠥᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠣᠬᠠᠢ | ᠡᠳ᠋ ᠤᠨ ᠵᠠᠰᠠᠭ ᠤᠨ ᠨᠦᠬᠦᠪᠦᠷᠢ ᠦᠭᠭᠦ ᠳᠥᠷᠥ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠵᠦ᠂ ᠲᠥᠪ᠂ ᠦᠪᠡᠷᠳᠡᠭᠡᠨ | ᠵᠠᠰᠠᠬᠤ ᠣᠷᠣᠨ ᠤ ᠪᠡᠯᠡ ᠮᠦᠡᠭᠬᠦ ᠶᠢᠨ ᠳᠡᠮᠵᠢᠯᠭᠡ ᠶᠢ ᠢᠳᠡᠪᠬᠢᠳᠡᠢ ᠪᠠᠷ ᠣᠯᠵᠦ᠂ ᠬᠠᠮᠢᠶ᠎ᠠ ᠪᠦᠬᠦᠢ ᠠᠵᠦ | ᠦᠢᠯᠡᠰ ᠤᠨ ᠬᠦᠭᠵᠢᠯᠳᠡ ᠶᠢ ᠠᠬᠢᠭᠤᠯᠥᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠭᠠᠶᠢᠯᠢ ᠰᠦᠢᠳᠬᠡᠯ ᠤᠨ ᠬᠠᠷᠠᠭᠠᠯᠵᠠᠯ ᠦᠵᠡᠬᠦᠯᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠪᠠᠷ | ᠨᠠᠶᠢᠳᠠᠪᠤᠷᠢᠵᠢᠭᠤᠯᠵᠤ᠂ ᠰᠢᠨᠡᠳᠭᠡᠨ ᠥᠭᠡᠷᠡᠴᠢᠯᠡᠬᠦ᠂ ᠬᠠᠭᠤᠴᠢᠨ ᠢᠶᠠᠷ ᠰᠢᠨ᠎ᠡ ᠶᠢ ᠰᠣᠯᠢᠬᠤ᠂ ᠡᠨᠧᠷᠭᠢ ᠤᠰᠤ | ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠠᠶᠣᠯᠬᠦᠢ ᠦᠢᠯᠡᠳᠪᠦᠷᠢᠯᠡᠯ ᠤᠨ ᠲᠤᠰᠬᠠᠶ ᠲᠥᠬᠦᠭᠡᠷᠦᠮᠵᠢ᠂ | ᠲᠣᠭᠠᠴᠢᠯᠠᠭᠰᠠᠨ ᠤᠶᠤᠨᠴᠢᠯᠠᠭᠰᠠᠨ ᠥᠭᠡᠷᠡᠴᠢᠯᠡᠯᠲᠡ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ | ᠲᠠᠯ᠎ᠠ ᠶᠢ ᠪᠠᠭᠲᠠᠭᠠᠨ᠎ᠠ᠃ 2024 ᠣᠨ ᠤ 4 ᠰᠠᠷ᠎ᠠ ᠶᠢᠨ 29 ᠤ ᠡᠳᠦᠷ ᠠᠴᠠ ᠡᠬᠢᠯᠡᠨ᠂ ᠪᠠᠶᠢᠭᠠᠯᠢ ᠬᠥᠮᠦᠨ ᠤ | ᠬᠠᠶᠠᠭᠳᠠᠮᠠᠯ ᠪᠦᠲᠦᠭᠡᠭᠳᠡᠬᠦᠨ ᠢ ᠬᠤᠳᠠᠯᠳᠤᠭᠴᠢ ᠠᠴᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠤ | ᠠᠬᠤᠶᠢᠯᠠᠯ ᠳᠤ ᠬᠠᠶᠠᠭᠳᠠᠮᠠᠯ ᠦᠢᠯᠡᠳᠬᠦᠨ ᠢ ᠪᠣᠷᠣᠯᠠᠭᠤᠯᠪᠠᠯ᠂ ᠨᠥᠬᠦᠴᠡᠯ ᠳᠤ ᠨᠡᠶᠢᠴᠡᠬᠦ ᠡᠬᠢ ᠪᠠᠶᠠᠯᠢᠭ ᠢ ᠡᠭᠡᠭᠦᠯᠦᠨ | ᠬᠤᠷᠢᠶᠠᠬᠤ ᠠᠵᠤ ᠠᠬᠤᠶᠢᠯᠠᠯ ᠤᠳ ᠬᠤᠳᠠᠯᠳᠤᠭᠴᠢ ᠳᠤ ᠪᠠᠷᠢᠮᠲᠠ ᠥᠭᠬᠦ ᠲᠥᠷᠥ ᠶᠢᠨ ᠪᠣᠳᠣᠯᠭ᠎ᠠ ᠭᠠᠷᠭᠠᠵᠤ | ᠪᠣᠯᠤᠨ᠎ᠠ᠃ ᠪᠦᠲᠦᠴᠡ ᠶᠢᠨ ᠴᠢᠨᠠᠷᠲᠠᠶ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠭᠦᠢᠴᠡᠳ ᠰᠠᠶᠢᠲᠤᠷ | ᠬᠡᠷᠡᠭᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠲᠥᠬᠦᠭᠡᠷᠦᠮᠵᠢ ᠶᠢ | ᠰᠢᠨᠡᠳᠬᠡᠬᠦ᠂ ᠮᠡᠷᠭᠡᠵᠢᠯ ᠢ ᠥᠭᠡᠷᠡᠴᠢᠯᠡᠬᠦ᠂ ᠤᠯᠠᠮᠵᠢᠯᠠᠯᠲᠤ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ︔ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠪᠣᠬᠢᠷᠲᠤᠯ ᠥᠬᠡᠶ ᠢᠲᠡᠭᠡᠮᠵᠢᠲᠦ ᠵᠢᠭᠡᠯᠡᠯᠭᠡ᠂ | ᠵᠦᠶ ᠶᠣᠰᠣᠨ ᠤ ᠵᠢᠭᠡᠯᠡᠯᠭᠡ ᠶᠢᠨ ᠲᠡᠮᠳᠡᠭᠲᠦ᠂ ᠪᠣᠬᠢᠷᠲᠤᠯ ᠥᠬᠡᠶ ᠳᠠᠭᠠᠳᠬᠠᠯ ᠵᠡᠷᠭᠡ ᠶᠢ ᠵᠦᠶ ᠵᠣᠬᠢᠰᠲᠠᠶ | ᠨᠡᠮᠡᠭᠳᠡᠭᠦᠯᠵᠦ᠂ ᠪᠣᠬᠢᠷᠲᠤᠯ ᠥᠬᠡᠶ ᠤᠶᠤᠨᠲᠤ ᠬᠡᠷ ᠤᠨ ᠴᠠᠬᠢᠯᠭᠠᠨ ᠬᠡᠷᠡᠭᠰᠡᠯ᠂ ᠤᠶᠤᠨᠲᠤ ᠬᠡᠷ ᠤᠨ ᠡᠳ᠋ᠯᠡᠯ ᠬᠡᠷᠡᠭᠰᠡᠯ᠂ | ᠬᠡᠷ ᠪᠦᠯᠢ ᠶᠢᠨ ᠵᠠᠰᠠᠯ ᠴᠢᠮᠡᠭᠯᠡᠯ ᠵᠡᠷᠭᠡ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠦᠷᠢᠶᠡᠨ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠭᠡᠷ ᠤᠨ ᠬᠠᠶᠠᠭᠳᠠᠮᠠᠯ | ᠬᠠᠭᠤᠴᠢᠨ ᠴᠠᠬᠢᠯᠭᠠᠨ ᠬᠡᠷᠡᠭᠰᠡᠯ ᠢ ᠡᠭᠡᠭᠦᠯᠦᠨ ᠬᠤᠷᠢᠶᠠᠬᠤ ᠪᠠ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠪᠠᠩᠬᠢ ᠶᠢᠨ ᠦᠢᠯᠡᠰ ᠤᠨ ᠮᠦᠡᠭᠬᠦᠨ | ᠬᠦᠢᠯᠬᠡᠬᠡᠡ ᠤ ᠪᠠᠶᠢᠭᠤᠯᠥᠮᠵᠢ ᠨᠢ ᠬᠠᠦᠯᠢ ᠶᠣᠰᠣᠭᠠᠷ ᠲᠣᠠᠠᠳᠠᠭᠠᠯ ᠳᠤ ᠨᠡᠶᠢᠴᠡᠬᠦ᠂ ᠳᠥᠭᠰᠢᠬᠦᠷᠢ ᠶᠢ ᠡᠵᠡᠮᠳᠡᠵᠦ | ᠳᠡᠶᠢᠯᠬᠦ᠂ ᠬᠤᠳᠠᠯᠳᠤᠭ᠎ᠠ ᠶᠢ ᠦᠷᠬᠦᠯᠵᠢᠯᠡᠬᠦᠯᠬᠦ ᠣᠷᠢᠳᠡᠯ ᠲᠣᠣᠷ᠎ᠠ᠂ ᠳᠡᠷᠭᠡᠨ ᠤ ᠵᠢᠭᠡᠯᠡᠯᠬᠡ ᠶᠢᠨ ᠠᠩᠬᠠᠨ ᠤ | ᠲᠤᠭᠠᠴᠠᠭ᠎ᠠ ᠬᠢᠬᠦ ᠬᠠᠷᠢᠴᠡᠯ ᠢ ᠵᠤᠬᠢᠨ᠋ᠡᠥ ᠭᠡᠮᠵᠢᠶ᠎ᠠ ᠪᠠᠷ ᠪᠠᠭᠤᠷᠡᠭᠤᠯᠵᠦ᠂ ᠮᠠᠰᠢᠨ ᠳᠡᠷᠬᠡ ᠶᠢᠨ ᠵᠢᠬᠡᠯᠡᠯᠬᠡ ᠶᠢᠨ ᠴᠠᠭ | ᠬᠤᠭᠤᠴᠠᠭ᠎ᠠ᠂ ᠬᠦᠥ ᠮᠦᠡᠭᠬᠦ ᠶᠢᠨ ᠨᠣᠷᠮ᠎ᠠ᠂ ᠵᠢᠭᠡᠯᠡᠯᠭᠡ ᠶᠢᠨ ᠲᠤᠭ᠎ᠠ ᠭᠡᠮᠵᠢᠶ᠎ᠠ ᠶᠢ ᠵᠦᠢ ᠵᠤᠬᠢᠰᠳᠡᠢ ᠪᠠᠷ | ᠲᠣᠠᠠᠳᠠᠭᠠᠵᠦ᠂ ᠢᠳᠡᠭᠡᠮᠵᠢᠳᠦ ᠵᠢᠭᠡᠯᠡᠯᠬᠡ ᠶᠢᠨ ᠳᠡᠮᠵᠢᠬᠦ ᠬᠦᠷᠢᠶ᠎ᠠ ᠭᠡᠪᠴᠢᠶ᠎ᠠ ᠶᠢ ᠦᠷᠭᠡᠳᠭᠡᠨ᠂ ᠪᠣᠳᠠᠳᠣ ᠮᠦᠩᠭᠦ ᠶᠢ | ᠡᠵᠡᠩᠨᠡᠬᠦ ᠭᠤᠤᠯ ᠴᠣᠠᠠᠴᠠ ᠳᠤ ᠦᠭᠴᠦ᠂ ᠦᠢ ᠣᠯᠠᠨ ᠡᠷᠦᠭᠡ ᠳᠤ ᠬᠠᠷᠡᠭᠠᠯᠵᠠᠯ ᠦᠵᠡᠬᠦᠯᠥᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠯᠠᠱᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠠᠯᠠᠱᠠ ᠠᠶᠢᠮᠠᠭ ᠤᠨ ᠬᠤᠪᠢᠶᠠᠷᠢ ᠪᠠᠩᠬᠢ︶ | ︵ᠭᠤᠷᠪᠠ︶ ᠰᠢᠨ᠎ᠡ ᠶᠢ ᠡᠭᠦᠳᠬᠦ ᠮᠡᠷᠭᠡᠵᠢᠯ ᠢ ᠭᠡᠷᠡᠭᠯᠡᠬᠦ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ︽ᠰᠢᠪᠲᠤᠯᠬᠤ︾ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠤᠯᠤᠰ ᠤᠨ | ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠯᠦᠭᠡ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠨ᠂ ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠣᠯᠣᠰ ᠤᠨ ᠰᠢᠯᠢᠳᠡᠭ ᠮᠡᠷᠭᠡᠵᠢᠯᠳᠡᠨ ᠤ | ᠪᠦᠯᠬᠦᠮ ᠢ ᠢᠳᠡᠪᠬᠢᠳᠡᠢ ᠣᠷᠣᠭᠤᠯᠣᠨ ᠠᠪᠴᠢᠷᠠᠵᠦ᠂ ᠬᠢᠮᠢ ᠶᠢᠨ ᠠᠵᠦ ᠦᠢᠯᠡᠳᠪᠦᠷᠢ᠂ ᠰᠢᠨ᠎ᠡ ᠡᠨᠧᠷᠬᠢ᠂ ᠰᠢᠨ᠎ᠡ | ᠮᠠᠲ᠋ᠧᠷᠢᠶᠠᠯ ᠵᠡᠷᠭᠡ ᠬᠦᠷᠢᠶ᠎ᠡ ᠶᠢ ᠴᠢᠭᠯᠡᠵᠦ᠂ ︽ᠵᠠᠷᠯᠠᠨ ᠮᠠᠩᠯᠠᠶᠢᠯᠠᠭᠤᠯᠬᠤ︾ ︽ᠣᠷᠣᠯᠳᠣᠭᠤᠯᠬᠤ︾ ᠵᠡᠷᠭᠡ | ᠴᠢᠬᠤᠯᠠ ᠶᠡᠭᠡ ᠲᠥᠷᠥᠯ ᠵᠦᠢᠯ ᠢ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠪᠠ ︽ᠰᠢᠨ᠎ᠡ ᠶᠢ ᠡᠭᠦᠳᠬᠦ ᠬᠤᠯᠪᠣᠭᠠᠲᠤ | ᠴᠣᠭᠴᠠ︾ ᠶᠢᠨ ᠮᠡᠷᠭᠡᠵᠢᠯ ᠢ ᠰᠢᠪᠲᠤᠯᠬᠤ ᠳᠤ ᠬᠠᠮᠵᠢᠯᠴᠠᠬᠤ ᠲᠣᠭᠲᠠᠴᠠ ᠪᠠᠷ ᠳᠠᠮᠵᠢᠭᠤᠯᠤᠨ᠂ ᠬᠠᠮᠢᠶ᠎ᠠ ᠪᠥᠬᠦᠶ | ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠵᠤ ᠳᠡᠯᠭᠡᠷᠡᠭᠦᠯᠬᠦ ᠶᠢ ᠴᠢᠩᠭᠠᠳᠬᠠᠵᠤ᠂ ᠲᠡᠷᠢᠭᠦᠨ ᠤ ᠮᠡᠷᠭᠡᠵᠢᠯ᠂ | ᠤᠷ᠎ᠠ ᠮᠡᠷᠭᠡᠰᠢᠯ᠂ ᠲᠥᠬᠦᠭᠡᠷᠦᠮᠵᠢ ᠵᠡᠷᠭᠡ ᠶᠢ ᠰᠢᠨᠡᠳᠭᠡᠨ ᠬᠡᠷᠡᠭᠯᠡᠬᠦ ᠶᠢ ᠠᠰᠢᠭᠯᠠᠨ᠂ ᠠᠵᠤ ᠦᠢᠯᠡᠰ ᠤᠨ ᠰᠢᠨ᠎ᠡ | ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ︶ | ︵ᠳᠥᠷᠪᠡ︶ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠬᠤᠰᠢᠭᠤ ︵ᠣᠷᠣᠨ︶ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠯᠤᠰ᠂ ᠥᠪᠡᠷᠲᠡᠭᠡᠨ ᠵᠠᠰᠠᠬᠤ ᠣᠷᠣᠨ ᠤ | ᠪᠠᠶᠢᠷᠢᠯᠠᠭᠤᠯᠤᠯᠲᠠ ᠶᠢ ᠨᠢᠭᠲᠠ ᠳᠠᠭᠠᠵᠤ᠂ ᠪᠠᠶᠢᠳᠠᠯ ᠢ ᠣᠶᠢᠯᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠮᠠᠨ ᠤ ᠠᠶᠢᠮᠠᠭ ᠤᠨ ᠡᠯ᠎ᠡ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠳᠠᠪᠠᠭᠤᠯᠢᠭ ᠪᠠ ᠬᠡᠷᠡᠭᠴᠡᠭᠡ ᠶᠢ ᠣᠨᠣᠪᠴᠢᠲᠠᠶ ᠡᠵᠡᠮᠰᠢᠵᠦ᠂ ᠲᠥᠷᠥ ᠶᠢᠨ | ᠪᠣᠳᠣᠯᠭ᠎ᠠ ᠶᠢ ᠡᠮᠬᠢᠯᠡᠬᠦ᠂ ᠵᠣᠯᠭᠠᠭᠤᠯᠬᠤ ᠪᠠ ᠰᠤᠳᠤᠯᠬᠤ ᠶᠢ ᠴᠢᠩᠭᠠᠳᠬᠠᠨ᠂ ᠡᠯ᠎ᠡ ᠬᠦᠷᠢᠶᠡᠨ ᠤ ᠲᠥᠷᠥᠯ ᠵᠦᠢᠯ ᠪᠠ | ᠲᠥᠬᠦᠭᠡᠷᠦᠮᠵᠢ ᠶᠢ ᠰᠢᠨᠡᠳᠬᠡᠬᠦ ᠨᠠᠷᠢᠨ ᠲᠠᠩᠰᠠ ᠶᠢ ᠲᠦᠷᠬᠡᠨ ᠪᠠᠶᠢᠭᠤᠯᠵᠤ᠂ ᠬᠥᠳᠡᠯᠦᠩᠭᠦᠶ ᠬᠠᠮᠢᠶᠠᠷᠤᠯᠲᠠ ᠶᠢ | ᠬᠡᠷᠡᠭᠵᠢᠭᠦᠯᠦᠨ᠂ ᠲᠥᠷᠥᠯ ᠵᠦᠢᠯ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠶ᠃ ᠲᠥᠷᠥᠯ | ᠵᠦᠢᠯ ᠤᠨ ᠨᠠᠷᠢᠨ ᠬᠠᠭᠤᠳᠠᠰᠤ ᠶᠢᠨ ᠬᠡᠪᠴᠢᠶ᠎ᠡ ᠶᠣᠰᠣᠭᠠᠷ ᠲᠥᠷᠥᠯ ᠵᠦᠢᠯ ᠢ ᠰᠢᠯᠢᠨ ᠰᠣᠩᠭᠤᠵᠤ᠂ | ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠢ ᠲᠥᠰᠦᠪᠯᠡᠬᠦ᠂ ᠲᠥᠷᠥᠯ ᠵᠦᠢᠯ ᠢ ᠲᠣᠭᠲᠠᠭᠠᠬᠤ᠂ ᠪᠠᠯᠠ | ᠲᠣᠬᠢᠷᠠᠭᠤᠯᠬᠤ᠂ ᠬᠤᠳᠠᠯᠳᠤᠨ ᠠᠪᠬᠤ ᠵᠡᠷᠭᠡ ᠡᠯ᠎ᠡ ᠭᠤᠭᠴᠤᠭ᠎ᠠ ᠶᠢᠨ ᠭᠠᠷᠳᠠᠮ ᠢ ᠲᠦᠷᠬᠡᠨ ᠲᠡᠭᠦᠯᠳᠡᠷᠵᠢᠭᠦᠯᠵᠦ᠂ | ᠲᠥᠷᠥᠯ ᠵᠦᠢᠯ ᠤᠨ ᠪᠣᠯᠪᠠᠰᠤᠷᠠᠩᠭᠤᠶ ᠬᠡᠮᠵᠢᠶ᠎ᠡ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠨᠠᠩ ᠣᠯᠠᠨ | ᠠᠵᠤ ᠠᠬᠤᠶᠢᠯᠠᠯ ᠪᠠ ᠲᠥᠷᠥᠯ ᠵᠦᠢᠯ ᠳᠤ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠠᠰᠢᠭ ᠬᠦᠷᠲᠡᠭᠡᠵᠦ᠂ | ᠲᠥᠷᠥᠯ ᠵᠦᠢᠯ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢ ᠬᠠᠤᠯᠢ ᠲᠣᠭᠲᠠᠭᠠᠯ ᠶᠣᠰᠣᠭᠠᠷ | ᠬᠡᠷᠡᠭᠯᠡᠬᠦ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ | ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠰᠣᠶᠣᠯ ᠵᠢᠭᠤᠯᠴᠢᠯᠠᠯ | ᠷᠠᠳᠢᠣ᠋ ᠲᠧᠯᠸᠢᠰ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠮᠡᠭᠡ ᠬᠤᠯᠪᠣᠭ᠎ᠠ ᠶᠢ ᠬᠠᠮᠢᠶᠠᠷᠬᠤ ᠠᠯᠪᠠᠨ ᠭᠡᠷ︶ | ︵ᠲᠠᠪᠤ︶ ᠲᠣᠬᠢᠷᠠᠭᠤᠯᠤᠨ ᠬᠢᠨᠠᠨ ᠰᠢᠯᠭᠠᠬᠤ ᠶᠢ ᠴᠢᠩᠭᠠᠷᠠᠭᠤᠯᠣᠨ᠎ᠠ᠃ ᠳᠣᠭᠢᠷᠠᠭᠤᠯᠤᠨ ᠬᠢᠨᠠᠨ ᠰᠢᠯᠭᠠᠵᠤ | ᠦᠨᠡᠯᠡᠬᠦ ᠲᠣᠭᠲᠠᠴᠠ ᠶᠢ ᠪᠠᠶᠢᠭᠤᠯᠵᠤ᠂ ᠬᠠᠭᠠᠰ ᠵᠢᠯ ᠪᠦᠷᠢ ᠨᠢᠭᠡ ᠤᠳᠠᠭ᠎ᠠ ᠠᠬᠢᠭᠤᠯᠬᠤ ᠬᠤᠷᠠᠯ ᠬᠤᠷᠠᠯᠳᠤᠭᠤᠯᠵᠤ᠂ | ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠱᠠᠲᠤ ᠦᠶ᠎ᠡ ᠶᠢᠨ ᠴᠢᠨᠠᠷᠲᠠᠶ | ᠠᠵᠢᠯ ᠤᠨ ᠦᠷ᠎ᠡ ᠪᠦᠲᠦᠮᠵᠢ ᠶᠢ ᠡᠮᠬᠢᠯᠡᠨ ᠳ᠋ᠦᠩᠨᠡᠵᠦ᠂ ᠡᠯ᠎ᠡ ᠬᠦᠷᠢᠶᠡᠨ ᠤ ᠲᠠᠷᠠᠭᠠᠴᠢ ᠶᠢᠨ ᠱᠠᠲᠤᠨ ᠤ ᠠᠵᠢᠯ ᠢ | ᠰᠤᠳᠤᠯᠤᠨ ᠠᠬᠢᠭᠤᠯᠵᠤ᠂ ︽ᠬᠤᠤᠰ ᠰᠢᠨ᠎ᠡ︾ ᠶᠢᠨ ᠠᠵᠢᠯ ᠤᠨ ᠳᠤᠮᠳᠠ ᠡᠭᠦᠰᠦᠭᠰᠡᠨ ᠨᠡᠶᠢᠲᠡᠯᠢᠭ ᠴᠢᠨᠠᠷᠲᠠᠶ | ᠠᠰᠠᠭᠤᠳᠠᠯ᠂ ᠵᠠᠩᠭᠢᠯᠠᠭ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠪᠦᠷᠢᠯᠳᠦᠬᠦᠨ | ᠨᠢᠭᠡᠴᠡ ᠨᠦᠭᠦᠳ ᠲᠣᠰ ᠬᠦᠷᠢᠶᠡᠨ ᠳᠠᠬᠢ ︽ᠬᠤᠤᠰ ᠰᠢᠨ᠎ᠡ︾ ᠶᠢᠨ ᠠᠵᠢᠯ ᠢ ᠠᠬᠢᠭᠤᠯᠤᠭᠰᠠᠨ ᠪᠠᠶᠢᠳᠠᠯ ᠢᠶᠠᠨ | ᠤᠯᠠᠷᠢᠯ ᠪᠦᠷᠢ ᠳ᠋ᠦᠩᠨᠡᠵᠦ᠂ ᠠᠵᠢᠯ ᠤᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠳᠡᠨ᠎ᠡ᠃ ᠬᠢᠨᠠᠯᠲᠠ ᠲᠠᠯᠪᠢᠵᠤ | ᠪᠠᠶᠢᠴᠠᠭᠠᠬᠤ ᠬᠠᠮᠢᠶᠠᠷᠤᠯᠲᠠ ᠶᠢᠨ ᠳᠦᠷᠢᠮ ᠪᠣᠯᠤᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠡᠳᠦᠷ ᠲᠤᠲᠤᠮ ᠲᠣᠬᠢᠷᠠᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ ᠭᠤᠤᠯᠳᠠᠯᠭ᠎ᠠ ᠲᠠᠢ | ᠪᠠᠷ ᠰᠣᠭᠤᠴᠢᠨ ᠪᠠᠶᠢᠴᠠᠭᠠᠬᠤ᠂ ᠰᠢᠯᠭᠠᠨ ᠬᠢᠨᠠᠵᠤ ᠦᠨᠡᠯᠡᠨ ᠵᠢᠱᠢᠬᠦ ᠵᠡᠷᠭᠡ ᠠᠷᠭ᠎ᠠ ᠮᠠᠶ᠋ᠢᠭ ᠢ ᠠᠪᠴᠤ᠂ ᠪᠡᠯᠡ | ᠣᠷᠣᠭᠤᠯᠵᠤ ᠬᠡᠷᠡᠭᠯᠡᠭᠰᠡᠨ ᠪᠠ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠠ ᠬᠠᠮᠢᠶᠠᠷᠣᠨ᠎ᠠ᠃ ᠨᠢᠭᠡ | ᠲᠠᠩᠰᠠ ᠪᠠᠶᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠤ ᠳᠠᠷᠠᠭᠠᠬᠢ ᠪᠠᠯᠠ | ᠣᠷᠣᠭᠤᠯᠤᠯᠲᠠ ᠶᠢᠨ ᠳᠠᠶᠢᠴᠢᠯᠠᠬᠤ ᠦᠷ᠎ᠡ ᠪᠦᠲᠦᠮᠵᠢ ᠶᠢ ᠲᠣᠳᠣᠷᠬᠠᠶ ᠪᠤᠳᠤᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ | ᠣᠷᠣᠨ ᠤ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠴᠢᠮᠡᠭᠡ ᠬᠤᠯᠪᠣᠭ᠎ᠠ ᠶᠢ ᠬᠠᠮᠢᠶᠠᠷᠬᠤ ᠠᠯᠪᠠᠨ ᠭᠡᠷ︶ | ︵ᠵᠢᠷᠭᠤᠭ᠎ᠠ︶ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠨ᠎ᠠ᠃ ᠡᠯ᠎ᠡ ᠬᠤᠰᠢᠭᠤ ︵ | ᠣᠷᠣᠨ︶ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠳᠤᠮᠳᠠ ᠣᠯᠤᠭᠰᠠᠨ ᠦᠷ᠎ᠡ ᠪᠦᠲᠦᠮᠵᠢ ᠪᠠ | ᠲᠤᠷᠰᠢᠯᠭ᠎ᠠ ᠠᠷᠭ᠎ᠠ ᠬᠢᠳᠡᠯ ᠢᠶᠠᠨ ᠴᠠᠭ ᠲᠤᠬᠠᠶ ᠳᠤᠨᠢ ᠳ᠋ᠦᠩᠨᠡᠬᠦ ᠶᠢᠨ ᠬᠠᠮᠲᠤ ᠰᠠᠶᠢᠨ ᠲᠤᠷᠰᠢᠯᠭ᠎ᠠ ᠠᠷᠭ᠎ᠠ ᠬᠢᠳᠡᠯ ᠢ | ᠥᠷᠭᠡᠨ ᠢᠶᠠᠷ ᠤᠬᠠᠭᠤᠯᠤᠨ ᠮᠡᠳᠡᠭᠡᠯᠡᠬᠦ ᠬᠡᠷᠡᠭᠲᠡᠶ᠃ ᠦᠵᠡᠰᠬᠦᠯᠡᠩ ᠴᠤᠭᠯᠠᠭᠠᠨ᠂ ︽ᠬᠡᠷᠡᠭᠯᠡᠭᠡ ᠶᠢ ᠠᠬᠢᠭᠤᠯᠬᠤ ᠣᠨ︾ | ᠤ ᠠᠵᠢᠯᠯᠠᠭ᠎ᠠ ᠵᠡᠷᠭᠡ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠰᠢᠨ᠎ᠡ ᠵᠠᠭᠤᠴᠢᠯᠠᠭᠤᠷ᠂ ᠡᠯᠧᠺᠲᠷᠣᠨ | ᠬᠤᠳᠠᠯᠳᠤᠭᠠᠨ ᠤ ᠲᠠᠪᠴᠠᠩ ᠵᠡᠷᠭᠡ ᠠᠷᠭ᠎ᠠ ᠵᠠᠮ ᠢ ᠠᠰᠢᠭᠯᠠᠨ ᠲᠠᠨᠢᠯᠴᠠᠭᠤᠯᠤᠨ ᠤᠬᠠᠭᠤᠯᠬᠤ ᠬᠡᠷᠡᠭᠲᠡᠶ᠃ | ᠲᠥᠷᠥ ᠶᠢᠨ ᠪᠣᠳᠣᠯᠭ᠎ᠠ ᠶᠢᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠶᠢ ᠮᠡᠳᠡᠬᠦ ᠬᠡᠮᠵᠢᠶ᠎ᠡ ᠪᠠ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠦᠨ᠂ ᠡᠯ᠎ᠡ ᠲᠥᠷᠥᠯ ᠤᠨ | ᠠᠴᠢᠶᠠᠯᠠᠪᠤᠷᠢ ᠲᠠᠪᠴᠠᠩ ᠢ ᠭᠦᠢᠴᠡᠳ ᠬᠡᠷᠡᠭᠯᠡᠵᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠥᠬᠦ ᠨᠡᠶᠢᠭᠡᠮ ᠢᠶᠠᠷ ᠢᠶᠠᠨ ᠶᠡᠭᠡ ᠬᠡᠪᠴᠢᠶᠡᠨ ᠤ ᠲᠥᠬᠦᠭᠡᠷᠦᠮᠵᠢ ᠶᠢ | ᠰᠢᠨᠡᠴᠢᠯᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠠᠮᠲᠤ ᠪᠠᠷ ᠠᠩᠬᠠᠷᠤᠨ | ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠳᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ | ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ︶ |