ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾ ︵ | ᠳᠣᠷᠣᠭᠰᠢ ︽ᠠᠷᠭ᠎ᠠ︾ ᠭᠡᠵᠦ ᠲᠦᠭᠦᠮᠴᠢᠯᠡᠨ᠎ᠡ︶ ᠶᠢ 7 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ | ᠪᠤᠯᠤᠨ᠎ᠠ᠃ | ᠣᠶᠢᠯᠠᠭᠠᠭᠰᠠᠨ ᠢᠶᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠭ᠎ᠠ︾ ᠨᠢ ᠨᠡᠶᠢᠲᠡ 31 ᠵᠦᠢᠯ ᠪᠠᠶᠢᠵᠤ | ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠢᠯᠤᠭᠤᠳᠬᠤ ᠦᠵᠡᠯ ᠰᠠᠨᠠᠭ᠎ᠠ᠂ ᠬᠡᠷᠡᠭ ᠰᠶᠢᠳᠪᠦᠷᠢᠯᠡᠬᠦ ᠲᠠᠷᠠᠭᠠᠯᠠᠯ ᠪᠠ | ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠵᠠᠰᠠᠪᠤᠷᠢ ᠣᠷᠣᠭᠤᠯᠵᠤ ᠲᠡᠭᠦᠯᠳᠡᠷᠵᠢᠭᠦᠯᠵᠠᠢ᠃ ᠲᠣᠰ ︽ᠠᠷᠭ᠎ᠠ︾ ᠳᠤ | ᠬᠠᠤᠯᠢ ᠴᠠᠭᠠᠵᠠ ᠶᠢᠨ ᠭᠠᠵᠠᠷ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠭᠤᠶᠤᠴᠢᠯᠠᠯ ᠢ ᠤᠷᠤᠯᠠᠨ ᠬᠦᠢᠴᠡᠳᠬᠡᠵᠦ | ᠪᠠᠶᠢᠭ᠎ᠠ ᠣᠷᠣᠨ ᠨᠤᠲᠤᠭ ᠤᠨ ᠦᠢᠯᠡᠳᠦᠯᠭᠡ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠭᠠᠨ | ᠳᠡᠭᠡᠭᠰᠢᠯᠡᠭᠦᠯᠵᠦ᠂ ᠠᠷᠠᠳ ᠣᠯᠠᠨ ᠤ ᠣᠶᠢᠷ᠎ᠠ ᠬᠠᠪᠢ ᠳᠠᠭᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠭᠤᠶᠤᠴᠢᠯᠠᠯ | ᠳᠡᠪᠰᠢᠭᠦᠯᠬᠦ ᠳᠤ ᠲᠥᠬᠦᠮ ᠦᠵᠡᠭᠦᠯᠬᠦ ᠶᠢᠨ ᠬᠠᠮᠲᠤ ᠭᠤᠶᠤᠴᠢᠯᠠᠯ ᠭᠠᠷᠭᠠᠬᠤ᠂ ᠬᠡᠷᠡᠭ ᠢ ᠭᠥᠯᠢᠶᠡᠨ ᠠᠪᠴᠤ | ᠰᠶᠢᠳᠪᠦᠷᠢᠯᠡᠬᠦ᠂ ᠬᠡᠷᠡᠭ ᠢ ᠰᠢᠭᠦᠬᠦ ᠵᠡᠷᠭᠡ ᠡᠯ᠎ᠡ ᠱᠠᠲᠤᠨ ᠳᠤ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ | ᠲᠣᠭᠲᠠᠭᠠᠪᠠ︔ ᠵᠠᠰᠠᠭ ᠵᠠᠬᠢᠷᠭᠠᠨ ᠤ ᠳᠠᠬᠢᠨ ᠵᠥᠪᠯᠡᠬᠦ ᠶᠠᠪᠤᠴᠠ ᠳᠠᠬᠢ ᠡᠶᠡᠳᠡᠭᠦᠯᠭᠡ ᠳᠤ ᠬᠠᠤᠯᠢ ᠶᠣᠰᠣᠨ ᠤ ᠰᠠᠶᠢᠨ | ᠳᠤᠷ᠎ᠠ ᠶᠢᠨ ᠪᠠᠶᠢᠬᠤ ᠵᠠᠷᠴᠢᠮ ᠢ ᠵᠢᠷᠤᠮᠯᠠᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠶᠢᠳᠪᠦᠷᠢᠯᠡᠬᠦ ᠳᠤ | ᠡᠯ᠎ᠡ ᠵᠠᠩᠭᠢᠯᠠᠭ᠎ᠠ ᠶᠢᠨ ᠪᠦᠬᠦ ᠶᠠᠪᠤᠴᠠ ᠳᠤ ᠡᠶᠡᠳᠡᠭᠦᠯᠵᠦ ᠪᠣᠯᠬᠤ ᠪᠥᠭᠡᠳ ᠠᠷᠠᠳ ᠤᠨ ᠡᠶᠡᠳᠡᠭᠦᠯᠭᠡ᠂ ᠵᠠᠰᠠᠭ | ᠵᠠᠬᠢᠷᠭᠠᠨ ᠤ ᠡᠶᠡᠳᠡᠭᠦᠯᠭᠡ ᠪᠠ ᠬᠠᠤᠯᠢ ᠴᠠᠭᠠᠵᠠ ᠶᠢᠨ ᠡᠶᠡᠳᠡᠭᠦᠯᠭᠡ ᠶᠢᠨ ᠵᠣᠯᠭᠠᠯᠳᠤᠨ ᠬᠠᠮᠵᠢᠯᠴᠠᠬᠤ ᠳᠠᠪᠠᠭᠤᠯᠢᠭ ᠢ | ᠪᠠᠳᠠᠷᠠᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠡᠶᠡᠳᠡᠭᠦᠯᠭᠡ ᠶᠢᠨ ᠬᠡᠷᠡᠭ ᠰᠶᠢᠳᠪᠦᠷᠢᠯᠡᠬᠦ ᠦᠷ᠎ᠡ | ᠪᠦᠲᠦᠮᠵᠢ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠤ | ᠰᠡᠷᠭᠡᠶᠢᠯᠡᠯᠲᠡ ᠶᠢᠨ ᠬᠡᠷᠡᠮ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠬᠡᠵᠦ ᠲᠤᠲᠤᠷᠬᠠᠶᠢᠯᠠᠪᠠ︔ | ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠭᠤᠶᠤᠴᠢᠯᠠᠬᠤ᠂ ᠬᠦᠯᠢᠶᠡᠨ ᠠᠪᠴᠤ ᠰᠶᠢᠳᠪᠦᠷᠢᠯᠡᠬᠦ᠂ ᠰᠢᠭᠦᠨ | ᠰᠶᠢᠳᠪᠦᠷᠢᠯᠡᠬᠦ ᠵᠡᠷᠭᠡ ᠠᠯᠬᠤᠮ ᠲᠠᠷᠠᠭᠠᠯᠠᠯ ᠤᠨ ᠲᠣᠭᠲᠠᠭᠠᠯ ᠢ ᠨᠠᠷᠢᠯᠢᠭᠵᠢᠭᠤᠯᠵᠤ᠂ ᠵᠠᠰᠠᠭ ᠵᠠᠬᠢᠷᠭᠠᠨ ᠤ ᠳᠠᠬᠢᠨ | ᠵᠥᠪᠯᠡᠬᠦ ᠪᠠᠶᠢᠴᠠᠭᠠᠯᠲᠠ ᠬᠢᠵᠦ ᠭᠡᠷᠡᠴᠢ ᠠᠪᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠵᠠᠶᠢᠯᠠᠰᠬᠢᠬᠦ᠂ | ᠵᠠᠰᠠᠭ ᠵᠠᠬᠢᠷᠭᠠᠨ ᠤ ᠳᠠᠬᠢᠨ ᠵᠥᠪᠯᠡᠬᠦ ᠭᠡᠷᠡᠴᠢᠯᠡᠭᠡ ᠰᠣᠨᠣᠰᠬᠤ᠂ ᠭᠤᠶᠤᠴᠢᠯᠠᠭᠳᠠᠭᠴᠢ ᠶᠢᠨ ᠬᠠᠷᠢᠭᠤᠴᠠᠯᠭᠠᠲᠠᠨ | ᠭᠡᠷᠡᠴᠢᠯᠡᠭᠡ ᠰᠣᠨᠣᠰᠬᠤ ᠳᠤ ᠣᠷᠣᠯᠴᠠᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠭᠦᠬᠦ ᠳᠤ ᠵᠠᠰᠠᠭ | ᠵᠠᠬᠢᠷᠭᠠᠨ ᠤ ᠳᠠᠬᠢᠨ ᠵᠥᠪᠯᠡᠬᠦ ᠵᠦᠪᠯᠡᠯ ᠢᠶᠠᠷ ᠰᠠᠨᠠᠯ ᠵᠥᠪᠯᠡᠯᠭᠡ ᠳᠤᠷᠠᠳᠤᠭᠤᠯᠬᠤ ᠪᠠᠶᠢᠳᠠᠯ ᠵᠡᠷᠭᠡ ᠬᠠᠮᠢᠶ᠎ᠠ ᠪᠦᠬᠦᠢ | ᠲᠣᠭᠲᠠᠭᠠᠯ ᠢ ᠨᠥᠬᠦᠪᠦᠷᠢᠯᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠤᠨ ᠲᠥᠪ | ᠭᠤᠥᠯᠴᠢ ᠴᠢᠨᠠᠷ ᠪᠠ ᠡᠷᠬᠡ ᠰᠦᠷᠲᠦ ᠴᠢᠨᠠᠷ ᠲᠤ ᠲᠠᠰ ᠳᠠᠷᠠᠭᠠᠯᠠᠯ ᠤᠨ ᠪᠠᠲᠤᠯᠠᠭ᠎ᠠ ᠬᠠᠩᠭᠠᠵᠠᠢ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠭ᠎ᠠ︾ ᠳᠤ᠂ ᠭᠤᠶᠤᠴᠢᠯᠠᠭᠴᠢ᠂ ᠭᠤᠷᠪᠠᠳᠠᠭᠢ ᠬᠥᠮᠥᠨ ᠨᠢ | ᠭᠤᠶᠤᠴᠢᠯᠠᠭᠳᠠᠭᠴᠢ ᠶᠢ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠤᠨ ᠪᠢᠴᠢᠭ᠂ ᠡᠶᠡᠳᠡᠭᠦᠯᠭᠡ ᠶᠢᠨ | ᠪᠢᠴᠢᠭ ᠢ ᠭᠦᠢᠴᠡᠳᠬᠡᠭᠰᠡᠨ ᠦᠭᠡᠢ ᠪᠤᠶᠤ ᠪᠥᠬᠦ ᠲᠠᠯ᠎ᠠ ᠪᠠᠷ ᠭᠦᠢᠴᠡᠳᠬᠡᠭᠰᠡᠨ ᠦᠭᠡᠢ ᠭᠡᠵᠦ ᠦᠵᠡᠪᠡᠯ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠳᠤ ᠵᠠᠷᠯᠢᠭᠳᠠᠨ ᠭᠦᠢᠴᠡᠳᠬᠡᠭᠦᠯᠬᠦ ᠪᠢᠴᠢᠭ ᠤᠨ ᠭᠤᠶᠤᠴᠢᠯᠠᠯ ᠭᠠᠷᠭᠠᠵᠤ | ᠪᠣᠯᠣᠨ᠎ᠠ ᠭᠡᠵᠦ ᠲᠣᠭᠲᠠᠭᠠᠵᠠᠢ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢᠨ ᠬᠠᠤᠯᠢ ᠶᠣᠰᠣᠭᠠᠷ | ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠱᠠᠯᠠᠪᠲᠠᠭᠤᠯᠬᠤ ᠲᠠᠯ᠎ᠠ ᠪᠠᠷ᠂ ᠲᠣᠰ ︽ᠠᠷᠭ᠎ᠠ︾ ᠶᠢ ᠦᠨᠳᠦᠰᠦᠯᠡᠨ᠂ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢᠨ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠭᠥᠯᠢᠶᠡᠨ | ᠠᠪᠴᠤ ᠰᠶᠢᠳᠪᠦᠷᠢᠯᠡᠬᠦ ᠦᠭᠡᠢ᠂ ᠭᠤᠶᠤᠴᠢᠯᠠᠯ ᠢ ᠨᠢᠴᠤᠭᠠᠭᠰᠠᠨ ᠪᠤᠶᠤ ᠭᠥᠯᠢᠶᠡᠨ ᠠᠪᠴᠤ ᠰᠶᠢᠳᠪᠦᠷᠢᠯᠡᠭᠰᠡᠨ ᠤ | ᠳᠠᠷᠠᠭ᠎ᠠ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠬᠠᠷᠢᠭᠤ ᠥᠭᠬᠦ ᠦᠭᠡᠢ | ᠵᠢᠴᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠳᠣᠷᠭᠤᠨ | ᠵᠣᠭᠰᠣᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠤᠶᠤᠴᠢᠯᠠᠭᠴᠢ᠂ ᠭᠤᠷᠪᠠᠳᠠᠭᠢ ᠬᠥᠮᠥᠨ | ᠳᠡᠭᠡᠳᠦ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠳᠤ ᠬᠢᠨᠠᠯᠲᠠ ᠲᠠᠯᠪᠢᠭᠤᠯᠬᠤ ᠪᠠᠷ | ᠭᠤᠶᠤᠴᠢᠯᠠᠵᠤ ᠪᠣᠯᠣᠨ᠎ᠠ᠃ |