ᠠᠮᠢᠳᠤᠷᠠᠯ ᠤᠨ ᠲᠡᠮ
ᠨᠡᠶᠢᠲᠡᠯᠡᠭᠰᠡᠨ ᠴᠠᠭ᠄
2024/7/22
   1. ᠬᠠᠯᠠᠭᠤᠨ ᠤᠰᠤᠨ ᠤ ᠰᠠᠪᠠ ᠶᠢᠨ ᠬᠠᠭ ᠢ ᠠᠷᠢᠯᠭᠠᠬᠤ ᠳᠤ ᠼᠤᠤ ᠬᠢᠵᠤ ᠭᠡᠳᠤᠨ ᠤᠳᠠᠭ᠎ᠠ ᠵᠠᠶᠢᠯᠤᠭᠰᠠᠨ ᠤ ᠲᠠᠷᠠᠭ᠎ᠠ ᠬᠠᠭᠠᠰ ᠴᠠᠭ ᠲᠠᠯᠪᠢᠵᠤ ᠪᠠᠶᠢᠭᠠᠳ ᠲᠠᠬᠢᠨ ᠴᠡᠪᠡᠷ ᠤᠰᠤ ᠪᠠᠷ ᠵᠠᠶᠢᠯᠪᠠᠯ ᠬᠠᠭ ᠨᠢ ᠠᠷᠢᠯᠤᠨ᠎ᠠ᠃   2. ᠨᠦᠢᠷ ᠬᠤᠯᠵᠢᠳᠠᠭ ᠬᠦᠮᠤᠨ ᠤᠨᠳᠠᠬᠤ ᠠᠴᠠ ᠡᠮᠤᠨ᠎ᠠ ᠨᠢᠭᠡ ᠴᠤᠮᠤ ᠪᠤᠴᠠᠯᠭᠠᠵᠤ ᠬᠦᠷᠦᠭᠡᠭᠰᠡᠨ ᠤᠰᠤᠨ ᠳᠤ ᠨᠢᠭᠡ ᠬᠠᠯᠪᠠᠭ᠎ᠠ ᠼᠤᠤ ᠬᠢᠵᠤ ᠤᠤᠭᠤᠪᠠᠯ ᠨᠦᠢᠷ ᠢ ᠰᠠᠶᠢᠵᠢᠷᠠᠭᠤᠯᠤᠨ᠎ᠠ᠃   3. ᠲᠡᠷ᠎ᠠ ᠲᠡᠭᠡᠷ᠎ᠠ ᠪᠠᠨ ᠲᠤᠷᠭᠠᠨ ᠠᠯᠴᠢᠭᠤᠷ ᠲᠡᠯᠪᠢᠵᠤ ᠤᠨᠳᠠᠪᠠᠯ᠂ ᠭᠡᠵᠢᠭᠡᠨ ᠤ ᠭᠡᠯᠪᠡᠷᠢ ᠬᠤᠪᠢᠷᠠᠬᠤ ᠶᠢ ᠰᠡᠷᠭᠡᠶᠢᠯᠡᠨ᠎ᠠ᠃   4. ᠬᠠᠳᠠᠭᠠᠭᠰᠠᠨ ᠵᠦᠷᠵᠢ ᠶᠢᠨ ᠬᠠᠯᠢᠰᠤ ᠶᠢ ᠰᠢᠳᠠᠭᠠᠪᠠᠯ ᠭᠡᠷ ᠤᠨ ᠲᠤᠳᠤᠷᠠᠬᠢ ᠦᠮᠡᠬᠡᠢ ᠦᠨᠤᠷ ᠢ ᠠᠷᠢᠯᠭᠠᠬᠤ ᠪᠠ ᠪᠠᠳᠠᠭᠠᠨ᠎ᠠ ᠶᠢ ᠴᠤ ᠦᠯᠳᠡᠵᠤ ᠬᠦᠭᠡᠭᠡᠨ᠎ᠠ᠃   5. ᠬᠤᠭᠤᠯᠠᠨ ᠭᠡᠷ ᠤᠨ ᠱᠠᠯᠠᠨ ᠤ ᠲᠤᠰᠤᠨ ᠭᠭᠢᠷ ᠢ ᠼᠤᠤ ᠬᠢᠭᠰᠡᠨ ᠵᠦᠯᠭᠦᠭᠦᠷ ᠢᠶᠠᠷ ᠵᠦᠯᠭᠦᠪᠡᠯ ᠬᠢᠯᠪᠡᠷᠬᠠᠨ ᠵᠦᠯᠭᠦᠭᠳᠡᠳᠡᠭ᠃   6. ᠦᠰᠦᠯᠢᠭ ᠲᠤᠭᠤᠷ ᠢ ᠤᠬᠢᠶᠠᠬᠤ ᠳᠠᠭᠠᠨ ᠵᠢᠭᠠᠬᠠᠨ ᠲᠠᠪᠤᠰᠤ ᠬᠢᠵᠤ ᠲᠠᠬᠢᠨ ᠴᠡᠪᠡᠷ ᠤᠰᠤ ᠪᠠᠷ ᠤᠬᠢᠶᠠᠪᠠᠯ ᠦᠰᠤ ᠨᠢ ᠬᠢᠯᠪᠠᠷ ᠤᠨᠠᠳᠠᠭ᠃   7. ᠠᠷᠠᠰᠤᠨ ᠱᠠᠬᠠᠢ ᠶᠢᠨ ᠲᠤᠰᠤ ᠶᠢ ᠭᠡᠷᠡᠭᠯᠡᠭᠦ ᠦᠭᠡᠢ ᠤᠳᠠᠪᠠᠯ ᠬᠠᠳᠠᠭᠤᠷᠠᠳᠠᠭ᠂ ᠭᠡᠳᠤᠨ ᠲᠤᠰᠤᠯ ᠦᠨᠢᠶᠠᠨ ᠰᠦ ᠲᠤᠰᠤᠭᠠᠪᠠᠯ ᠱᠠᠬᠠᠢ ᠶᠢᠨ ᠲᠤᠰᠤ ᠵᠦᠭᠡᠯᠡᠷᠡᠵᠤ ᠰᠢᠨ᠎ᠠ ᠲᠤᠰᠤ ᠲᠠᠢ ᠠᠳᠠᠯᠢ ᠪᠤᠯᠳᠠᠭ᠃   8. ᠲᠤᠭᠤᠭᠠᠨ ᠭᠡᠷ ᠲᠠᠬᠢ ᠲᠤᠰᠤ ᠤᠳᠤᠭᠠᠨ ᠤ ᠦᠨᠤᠷ ᠠᠷᠢᠯᠬᠤ ᠦᠭᠡᠢ ᠪᠤᠯ ᠯᠠ ᠠᠰᠠᠭᠠᠪᠠᠯ ᠦᠨᠤᠷ ᠨᠢ ᠲᠠᠷᠦ᠋ᠢᠬᠠᠨ ᠠᠷᠢᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号