ᠮᠠᠨ ᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠡᠯᠪᠡᠷᠢ ᠶᠢᠨ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ | ᠴᠢᠩᠭ᠎ᠠ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ | ᠰᠠᠬᠢᠯᠭ᠎ᠠ ᠨᠠᠮ ᠤᠨ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠬᠤ ᠶᠢ ᠠᠬᠢᠭᠤᠯᠵᠤ᠂ ᠲᠦᠷᠢᠮ ᠲᠣᠭᠲᠠᠭᠠᠯ ᠰᠠᠬᠢᠯᠭ᠎ᠠ | ᠪᠠᠲᠤ ᠶᠢ ᠰᠠᠬᠢᠭᠰᠠᠨ ᠤᠷᠢᠲᠠᠯ ᠳᠣᠣᠷ᠎ᠠ᠂ ᠰᠡᠳᠭᠢᠯ ᠠᠮᠤᠷ ᠠᠵᠢᠯᠯᠠᠵᠤ᠂ ᠵᠣᠷᠢᠭᠲᠠᠢ ᠠᠵᠢᠯᠯᠠᠵᠤ᠂ ᠵᠣᠷᠢᠭᠲᠠᠢ | ᠤᠷᠤᠭᠰᠢᠯᠠᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠶ ᠠᠳᠬᠤᠵᠤ᠂ ᠠᠵᠢᠯ ᠤᠨ ᠲᠣᠬᠢᠷᠠᠭᠤᠯᠤᠯᠲᠠ ᠶᠢ ᠨᠠᠷᠢᠯᠢᠭᠵᠢᠭᠤᠯᠤᠨ | ᠂ ᠬᠡᠯᠳᠡᠰ ᠤᠨ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ᠂ ᠲᠦᠷᠦᠭᠦᠯᠡᠨ ᠰᠤᠷᠤᠯᠴᠠᠬᠤ᠂ ᠰᠤᠷᠤᠯᠴᠠᠯᠭ᠎ᠠ ᠶᠢ | ᠠᠬᠢᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠥᠬᠦ ᠨᠠᠮ ᠤᠨ ᠭᠡᠰᠢᠭᠦᠨ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ︵ᠳᠣᠷᠣᠭᠰᠢ ︽ᠲᠦᠷᠢᠮ︾ ᠭᠡᠵᠦ | ᠳᠦᠭᠦᠮᠴᠢᠯᠡᠨ᠎ᠠ︶ ᠢ ᠲᠡᠷᠡ ᠬᠡᠪ ᠢᠶᠠᠷ ᠨᠢ ᠰᠤᠷᠤᠯᠴᠠᠪᠠ︔ ᠰᠡᠷᠡᠮᠵᠢᠯᠡᠭᠦᠯᠬᠦ ᠬᠥᠮᠦᠵᠢᠯ ᠢ ᠪᠣᠳᠠᠲᠠᠶᠢᠵᠢᠭᠤᠯᠵᠤ᠂ | ᠭᠠᠵᠠᠷ ᠣᠷᠣᠨ᠂ ᠠᠵᠢᠯ ᠲᠥᠷᠥᠯ᠂ ᠬᠦᠷᠢᠶ᠎ᠡ᠂ ᠰᠢᠰᠲ᠋ᠧᠮ ᠤᠨ ᠴᠢᠨᠠᠷᠲᠠᠶ ᠰᠠᠬᠢᠯᠭ᠎ᠠ ᠪᠠᠲᠤ ᠬᠠᠤᠯᠢ ᠴᠠᠭᠠᠵᠠ ᠠᠴᠠ | ᠵᠥᠷᠢᠴᠡᠭᠰᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠷᠡᠮᠵᠢᠯᠡᠭᠦᠯᠬᠦ ᠬᠥᠮᠦᠵᠢᠯ ᠤᠨ ᠬᠤᠷᠠᠯ | ᠬᠤᠷᠠᠯᠳᠤᠭᠤᠯᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭᠠᠨ ᠤ ᠰᠡᠷᠡᠮᠵᠢ ᠶᠢᠨ ᠬᠤᠩᠬᠤ ᠶᠢ ᠳᠤᠤᠭᠠᠷᠭᠠᠵᠤ᠂ | ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠯᠠᠵᠤ᠂ ᠪᠢᠰᠢᠷᠡᠨ ᠵᠢᠷᠦᠬᠡᠰᠢᠶᠡᠬᠦ ᠰᠡᠳᠭᠢᠯᠭᠡ ᠶᠢ ᠪᠠᠳᠤᠳᠬᠠᠪᠠ︔ | ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠠᠮ ᠤᠨ ᠰᠠᠬᠢᠯᠭ᠎ᠠ ᠪᠠᠲᠤ ᠶᠢ ᠵᠢᠱᠢᠶᠡᠴᠢ ᠪᠠᠷ ᠬᠡᠷᠡᠭᠵᠢᠭᠦᠯᠬᠦ ᠪᠠ | ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠪᠠ ᠪᠠᠲᠤᠯᠠᠭ᠎ᠠ ᠬᠠᠩᠭᠠᠬᠤ ᠳᠡᠭᠡᠷ᠎ᠡ ᠠᠭᠤᠰᠤᠯᠴᠠᠭᠤᠯᠬᠤ ᠶᠢ | ᠪᠠᠷᠢᠮᠲᠠᠯᠠᠵᠤ᠂ ᠣᠲᠣ ᠪᠣᠯᠲᠠᠯ᠎ᠠ᠂ ᠪᠥᠬᠦ ᠣᠷᠣᠨ ᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠫᠠᠶᠢᠰᠠ | ᠲᠡᠮᠳᠡᠭ ᠪᠠ ᠲᠦᠷᠢᠮ ᠤᠨ ᠫᠠᠶᠢᠰᠠ ᠢᠯᠡᠷᠬᠡᠶᠢᠯᠡᠯ ᠢ 58300 ᠭᠠᠷᠤᠶ ᠢᠯᠭᠠᠷᠠᠭᠤᠯᠤᠨ ᠡᠮᠬᠢᠯᠡᠵᠤ᠂ 70% ᠠᠴᠠ | ᠳᠡᠭᠡᠭᠰᠢᠬᠢ ᠬᠤᠰᠢᠭᠤ ᠰᠢᠶᠠᠨ ᠳᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠡᠷᠡᠭ | ᠶᠠᠪᠤᠳᠠᠯ ᠢ ᠵᠥᠪᠰᠢᠶᠡᠷᠡᠨ ᠣᠷᠣᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰᠬᠤᠨ ᠤ ᠱᠠᠲᠤᠨ ᠤ | ᠵᠣᠬᠢᠶᠠᠨ ᠪᠠᠶᠢᠭᠤᠯᠤᠯᠲᠠ ᠠᠴᠠ ᠭᠠᠷᠭᠠᠵᠤ ᠪᠤᠯᠬᠤ ᠭᠡᠷᠡᠴᠢ ᠶᠢᠨ ᠨᠠᠷᠢᠨ ᠲᠠᠩᠰᠠ ᠶᠢ ᠲᠣᠭᠲᠠᠭᠠᠵᠤ᠂ ᠣᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ 6 | ᠵᠦᠢᠯ ᠤᠨ ᠪᠣᠳᠠᠲᠠᠶ ᠠᠰᠠᠭᠤᠳᠠᠯ ᠢ ᠰᠢᠢᠳᠪᠦᠷᠢᠯᠡᠵᠦ᠂ ᠲᠡᠮᠦᠷ ᠮᠡᠲᠦ ᠰᠠᠬᠢᠯᠭ᠎ᠠ ᠪᠠᠲᠤ ᠶᠢ ᠠᠵᠢᠯ ᠤᠨ ᠪᠥᠬᠦ ᠶᠠᠪᠤᠴᠠ | ᠡᠯ᠎ᠡ ᠲᠠᠯ᠎ᠠ ᠳᠤ ᠠᠭᠤᠰᠬᠠᠨ ᠣᠷᠣᠭᠤᠯᠪᠠ᠃ | ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠤᠷᠳᠤᠨ ᠨᠣᠮ ᠤᠩᠰᠢᠬᠤ ᠠᠩᠭᠢ ᠡᠷᠬᠢᠯᠡᠬᠦ᠂ | ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ᠂ ᠲᠤᠰᠬᠠᠶ ᠰᠡᠳᠦᠪᠲᠦ | ᠨᠠᠮ ᠤᠨ ᠬᠢᠴᠢᠶᠡᠯ ᠣᠷᠣᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ | ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠤᠶᠢᠯᠠᠭᠠᠵᠤ᠂ ︽ᠲᠦᠷᠢᠮ︾ ᠤᠨ ᠪᠠᠶᠠᠯᠢᠭ | ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠰᠠᠬᠢᠯᠭ᠎ᠠ ᠪᠠᠲᠤ | ᠶᠣᠰᠣ ᠳᠦᠷᠢᠮ ᠤᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠥᠪᠡᠷ ᠢ ᠪᠠᠨ ᠴᠢᠩᠭ᠎ᠠ ᠱᠠᠭᠠᠷᠳᠠᠬᠤ ᠶᠢ | ᠴᠢᠩᠭᠠᠳᠬᠠᠵᠤ᠂ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ | ᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠪᠤᠯᠭᠠᠨ | ᠤᠨᠳᠤᠤᠰᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ | ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠥᠮᠦᠵᠢᠭᠦᠯᠦᠨ ᠵᠢᠯᠣᠭᠤᠳᠴᠠᠢ᠃ | ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠣᠷᠳᠣᠨ ᠤᠯᠤᠰ ᠢᠶᠠᠨ ᠬᠠᠶᠢᠷᠠᠯᠠᠬᠤ | ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠢ ᠪᠥᠬᠦ ᠲᠠᠯ᠎ᠠ ᠪᠠᠷ ᠴᠣᠭᠴᠠᠯᠠᠵᠤ᠂ ︽ᠳᠤᠮᠳᠠᠳᠤ | ᠤᠯᠤᠰ ᠤᠨ ᠡᠪ ᠬᠠᠮᠲᠤᠴᠤᠳ ᠤᠨ ᠬᠡᠷ ᠤᠨ ᠰᠤᠷᠲᠠᠯ︾ ᠲᠠᠩᠰᠠ ᠡᠪᠬᠡᠮᠡᠯ ᠤᠨ ᠦᠵᠡᠭᠦᠯᠭᠡ ᠪᠣᠯᠤᠨ ᠠᠷᠢᠭᠤᠨ | ᠴᠢᠬᠡᠴᠢ ᠶᠢᠨ ᠰᠣᠶᠣᠯ ᠤᠨ ᠲᠠᠩᠰᠠ ᠡᠪᠬᠡᠮᠡᠯ ᠲᠤᠯᠭᠤᠷ ᠪᠢᠴᠢᠭ ᠤᠨ ᠣᠷᠳᠣ ᠬᠤᠩᠭᠢᠯ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠪᠠᠷ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠵᠦ ᠬᠥᠲᠥᠯᠥᠨ | ᠵᠢᠯᠣᠭᠤᠳᠪᠠ᠃ ︽ᠳᠤᠮᠳᠠᠳᠤ ᠤᠯᠤᠰ ᠤᠨ ᠡᠪ ᠬᠠᠮᠲᠤᠴᠤᠳ ᠤᠨ ᠬᠡᠷ ᠤᠨ ᠰᠤᠷᠲᠠᠯ︾ ᠲᠠᠩᠰᠠ ᠡᠪᠬᠡᠮᠡᠯ ᠤᠨ | ᠦᠵᠡᠭᠦᠯᠭᠡ ᠶᠢ ᠡᠬᠢᠯᠡᠭᠦᠯᠦᠭᠰᠡᠨ ᠠᠴᠠ ᠨᠠᠭᠠᠰᠢ᠂ ᠨᠢᠭᠡᠨᠲᠡ 80 ᠭᠠᠷᠤᠶ ᠪᠠᠶᠢᠭᠤᠯᠭ᠎ᠠ ᠨᠢᠭᠡᠴᠢ ᠶᠢᠨ 6000 ᠭᠠᠷᠤᠶ | ᠬᠥᠮᠦᠨ ᠢ ᠭᠥᠯᠢᠶᠡᠨ ᠠᠪᠴᠤ ᠲᠣᠭᠤᠷᠢᠨ ᠦᠵᠡᠭᠦᠯᠪᠡ᠃ | ᠲᠦᠩᠯᠢᠶᠣᠤ ᠬᠤᠲᠠ ᠲᠥᠷᠥᠯ ᠬᠤᠪᠢᠶᠠᠨ ᠵᠢᠯᠣᠭᠤᠳᠬᠤ ᠶᠢ ᠪᠣᠳᠠᠲᠠᠶ ᠠᠳᠬᠤᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠲᠠᠢ ᠡᠭᠦᠷᠭᠡ ᠶᠢ ᠵᠢᠯᠣᠭᠤᠳᠤᠨ ᠠᠬᠢᠭᠤᠯᠬᠤ ᠲᠥᠯᠥᠪᠯᠡᠭᠡ | ᠲᠣᠭᠲᠠᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰᠬᠠᠶ ᠰᠡᠳᠦᠪ ᠢᠶᠠᠷ ᠬᠠᠪᠰᠤᠷᠤᠨ | ᠵᠢᠯᠣᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ︽ᠲᠦᠷᠢᠮ︾ ᠤᠨ ᠠᠭᠤᠯᠭ᠎ᠠ ᠶᠢ ᠲᠡᠷᠡ ᠬᠡᠪ ᠢᠶᠠᠷ ᠨᠢ ᠰᠤᠷᠤᠯᠴᠠᠪᠠ᠃ ᠡᠭᠦᠨ ᠤ | ᠬᠠᠮᠲᠤ᠂ ᠨᠡᠭᠦᠳᠡᠯ ᠨᠠᠮ ᠤᠨ ᠭᠡᠰᠢᠭᠦᠨ ᠰᠦᠯᠵᠢᠶᠡᠨ ᠳᠡᠭᠡᠷ᠎ᠡ ᠳᠠᠭᠠᠭᠤᠯᠤᠨ ᠰᠤᠷᠤᠯᠴᠠᠬᠤ᠂ ᠠᠵᠢᠯ ᠠᠴᠠ ᠪᠠᠨ | ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠰᠤᠷᠤᠯᠴᠠᠯᠭ᠎ᠠ ᠶᠢ ᠬᠡᠷ ᠲᠤᠨᠢ ᠬᠦᠷᠭᠡᠬᠦ᠂ | ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠨᠠᠮ ᠤᠨ ᠭᠡᠰᠢᠭᠦᠨ ᠬᠤᠤᠰᠯᠠᠨ ᠬᠤᠯᠪᠣᠭᠠᠯᠠᠵᠤ ᠰᠤᠷᠤᠯᠴᠠᠬᠤ ᠵᠡᠷᠭᠡ | ᠠᠷᠭ᠎ᠠ ᠬᠡᠯᠪᠡᠷᠢ ᠪᠠᠷ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠪᠡ᠃ ᠲᠣᠰ ᠬᠤᠲᠠ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠠ ᠲᠣᠬᠢᠶᠠᠯ ᠢ ᠴᠢᠩᠭ᠎ᠠ ᠠᠳᠬᠤᠵᠤ᠂ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ | ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢ ᠭᠦᠢᠴᠡᠳᠬᠡᠬᠦ ᠵᠡᠷᠭᠡ 18 ᠭᠤᠤᠯᠳᠠᠯᠭ᠎ᠠ ᠲᠠᠢ | ᠴᠡᠭᠴᠡᠯᠡᠨ ᠵᠠᠰᠠᠬᠤ ᠡᠭᠦᠷᠭᠡ ᠶᠢ ᠲᠣᠭᠲᠠᠭᠠᠵᠤ᠂ 4787 ᠬᠡᠷᠡᠭ ᠤᠨ ᠰᠦᠪᠡᠭᠴᠢ ᠶᠢ ᠢᠯᠡᠷᠡᠭᠦᠯᠵᠦ᠂ 103 | ᠬᠡᠷᠡᠭ ᠢ ᠬᠡᠷᠡᠭ ᠪᠣᠯᠭᠠᠨ ᠳᠡᠩᠰᠡᠯᠡᠵᠦ᠂ ᠰᠦᠷᠳᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠪᠠ᠃ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ 9 ᠬᠤᠰᠢᠭᠤ ᠰᠢᠶᠠᠨ ᠬᠤᠲᠠ ᠲᠣᠭᠤᠷᠢᠭ ᠪᠦᠬᠦᠨ ᠢᠶᠠᠷ ᠢᠶᠠᠨ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠭᠦᠢᠴᠡᠳᠭᠡᠪᠡᠰᠦ ᠵᠣᠬᠢᠬᠤ ᠶᠢ ᠬᠦᠢᠴᠡᠳᠬᠡᠬᠦ᠂ ᠬᠠᠮᠵᠢᠯᠴᠠᠨ ᠭᠦᠢᠴᠡᠳᠭᠡᠬᠦ᠂ ᠣᠷᠣᠯᠠᠨ | ᠭᠦᠢᠴᠡᠳᠭᠡᠬᠦ᠂ ᠭᠦᠢᠴᠡᠳᠭᠡᠵᠦ ᠪᠣᠯᠬᠤ ᠥᠬᠡᠶ᠂ ᠵᠥᠪᠰᠢᠶᠡᠷᠡᠭᠰᠡᠨ ᠤ ᠳᠠᠷᠠᠭ᠎ᠠ ᠬᠦᠢᠴᠡᠳᠬᠡᠬᠦ ︽ᠲᠠᠪᠤᠨ | ᠭᠦᠢᠴᠡᠳᠭᠡᠬᠦ︾ ᠡᠷᠬᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠳᠠᠩᠰᠠ ᠶᠢ ᠪᠠᠶᠢᠭᠤᠯᠬᠤ ᠶᠢ ᠠᠬᠢᠭᠤᠯᠵᠤ᠂ | ᠦᠨᠳᠦᠰᠦᠨ ᠱᠠᠲᠤᠨ ᠤ ᠠᠵᠢᠯ ᠤᠨ ᠵᠦᠢᠯᠡᠰ ᠢ ᠦᠨᠡᠨ ᠬᠦ ᠵᠢᠷᠤᠮᠵᠢᠭᠤᠯᠪᠠ᠃ ᠣᠳᠣᠬᠠᠨ ᠪᠣᠯᠲᠠᠯ᠎ᠠ᠂ ᠬᠤᠲᠠ ᠶᠢᠨ | ᠱᠠᠲᠤᠨ ᠤ ᠠᠵᠢᠯ ᠤᠨ ᠲᠤᠰᠬᠠᠶ ᠠᠩᠭᠢ ᠶᠢ ᠴᠣᠮᠬᠠᠳᠬᠠᠭᠰᠠᠨ ᠬᠡᠮᠵᠢᠶ᠎ᠡ 46.9% ᠳᠤ ᠬᠦᠷᠴᠦ᠂ ᠵᠢᠷᠤᠮᠵᠢᠯ | ᠥᠬᠡᠶ ᠡᠯᠭᠦᠭᠰᠡᠨ 9191 ᠫᠠᠶᠢᠰᠠ ᠶᠢ ᠴᠡᠭᠴᠡᠯᠡᠪᠡ᠃ | ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ | ᠪᠣᠯᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ | ᠨᠢᠭᠡᠳᠦᠯᠲᠡᠢ ᠲᠥᠯᠥᠪᠵᠢᠭᠦᠯᠦᠨ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠪᠢᠴᠢᠭ ᠮᠠᠲ᠋ᠧᠷᠢᠶᠠᠯ ᠤᠨ | ᠰᠤᠷᠲᠠᠯ ᠬᠤᠷᠠᠯ ᠤᠨ ᠰᠤᠷᠲᠠᠯ ᠪᠣᠳᠠᠲᠠᠢ ᠪᠢᠰᠢ᠂ ︽ᠱᠠᠭᠠᠷᠳᠠᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ | ᠪᠠᠶᠢᠴᠠᠭᠠᠬᠤ︾ ᠶᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠤᠭᠰᠠᠨ ᠢᠶᠠᠷ ᠬᠦᠷᠦᠯᠴᠡᠬᠦ ᠦᠭᠡᠢ ᠵᠡᠷᠭᠡ 12 | ᠲᠠᠯ᠎ᠠ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠪᠠ᠃ ᠣᠳᠣᠬᠠᠨ ᠳᠤ᠂ ᠬᠤᠷᠠᠯ ᠢ 30 | % ᠪᠠᠷ ᠴᠣᠮᠬᠠᠳᠬᠠᠵᠤ᠂ ᠪᠢᠴᠢᠭ ᠮᠠᠲ᠋ᠧᠷᠢᠶᠠᠯ ᠢ 2.6% ᠪᠠᠷ ᠴᠣᠮᠬᠠᠳᠬᠠᠵᠤ᠂ ︽ᠳᠤᠷ᠎ᠠ ᠪᠠᠷ ᠢᠶᠠᠨ ᠫᠠᠶᠢᠰᠠ | ᠡᠯᠭᠦᠭᠰᠡᠨ︾ ᠫᠠᠶᠢᠰᠠ ᠢᠯᠡᠷᠬᠡᠶᠢᠯᠡᠯ ᠢ 700 ᠭᠠᠷᠤᠶ ᠬᠡᠰᠡᠭ ᠴᠡᠭᠴᠡᠯᠡᠨ ᠰᠠᠶᠢᠵᠢᠷᠠᠭᠤᠯᠵᠤ᠂ ᠬᠡᠷᠡᠮ ᠳᠡᠭᠡᠷᠡᠬᠢ | ᠬᠠᠭᠤᠴᠢᠨ ᠲᠦᠷᠢᠮ ᠲᠣᠭᠲᠠᠴᠠ ᠶᠢ 500 ᠭᠠᠷᠤᠶ ᠬᠤᠪᠢ᠂ ᠸᠢᠴᠠᠲ ᠤᠨ ᠬᠤᠯᠪᠤᠭ᠎ᠠ ᠴᠤᠭᠯᠠᠷᠠᠯ ᠢ 2013 ᠶᠢ | ᠴᠡᠭᠴᠡᠯᠡᠪᠡ᠃ ᠲᠣᠰ ᠲᠣᠭᠤᠷᠢᠭ ᠲᠡᠦᠬᠡ ᠶᠢᠨ ᠦᠯᠡᠳᠡᠭᠳᠡᠯ ᠪᠠ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡ 40 ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ | ᠡᠮᠬᠢᠯᠡᠨ ᠲᠣᠭᠲᠠᠭᠠᠵᠤ᠂ ᠨᠢᠭᠡᠨᠲᠡ ᠪᠣᠳᠠᠲᠠᠶ ᠠᠷᠭ᠎ᠠ ᠬᠡᠮᠵᠢᠶ᠎ᠡ᠂ ᠴᠡᠭᠴᠡᠯᠡᠨ ᠵᠠᠰᠠᠬᠤ ᠴᠠᠭ ᠤᠨ ᠬᠢᠵᠠᠭᠠᠷ᠂ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠰᠠᠭᠤᠳᠠᠯ ᠢ ᠦᠨᠡᠨ ᠬᠦ ᠪᠣᠳᠠᠲᠠᠶ ᠴᠡᠭᠴᠡᠯᠡᠨ | ᠰᠠᠶᠢᠵᠢᠷᠠᠭᠤᠯᠪᠠ᠃ |