ᠡᠵᠡᠨ᠎ᠡ ᠬᠤᠰᠢᠭᠤ ᠬᠠᠤᠯᠢ ᠴᠠᠭᠠᠵᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢᠶᠠᠨ ᠳᠡᠭᠡᠭᠰᠢᠯᠡᠭᠦᠯᠵᠦ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/7/23
     2024 ᠣᠨ ᠪᠣᠯ ᠪᠥᠬᠦ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠬᠦᠯᠬᠦ ᠣᠨ ᠪᠣᠯᠤᠨ᠎ᠠ᠂ ᠡᠵᠡᠨ᠎ᠡ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠬᠠᠤᠯᠢ ᠴᠠᠭᠠᠵᠠ ᠶᠢᠨ ᠡᠭᠦᠷᠭᠡ ᠴᠢᠳᠠᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠨᠡᠮᠡᠭᠳᠡᠭᠦᠯᠬᠦ ᠪᠠᠷ ᠳᠠᠮᠵᠢᠭᠤᠯᠤᠨ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ᠪᠠᠷ ᠴᠢᠷᠮᠠᠶᠢᠵᠤ᠂ ᠪᠥᠬᠦ ᠬᠦᠴᠦᠨ ᠢᠶᠠᠷ ᠢᠶᠠᠨ ᠡᠵᠡᠨ᠎ᠡ ᠬᠤᠰᠢᠭᠤᠨ ᠤ ᠦᠨᠡᠨᠴᠢ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ᠳᠤ ᠴᠢᠨᠠᠷ ᠰᠠᠶᠢᠲᠠᠶ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠲᠤ ᠴᠢᠩᠭ᠎ᠠ ᠬᠠᠤᠯᠢ ᠪᠠᠷ ᠵᠠᠰᠠᠬᠤ ᠲᠤᠯᠭᠠᠭᠤᠷᠢᠯᠠᠯ ᠬᠠᠩᠭᠠᠵᠦ ᠪᠠᠶᠢᠨ᠎ᠠ᠃     ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠬᠠᠤᠯᠢ ᠴᠠᠭᠠᠵᠠ ᠶᠢᠨ ᠨᠡᠶᠢᠲᠡ ᠶᠢ ᠢᠲᠡᠭᠡᠭᠦᠯᠬᠦ ᠪᠠᠶᠢᠭᠤᠯᠤᠯᠲᠠ ᠶᠢᠨ ᠠᠵᠢᠯ ᠢ ᠳᠠᠶᠢᠴᠢᠯᠠᠵᠦ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠠᠤᠯᠢ ᠴᠠᠭᠠᠵᠠ ᠶᠢᠨ ᠨᠡᠶᠢᠲᠡ ᠶᠢ ᠢᠲᠡᠭᠡᠭᠦᠯᠬᠦ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠪᠠ᠃ ᠬᠠᠤᠯᠢ ᠴᠠᠭᠠᠵᠠ ᠶᠢᠨ ᠨᠡᠶᠢᠲᠡ ᠶᠢ ᠢᠲᠡᠭᠡᠭᠦᠯᠬᠦ ᠤᠬᠠᠭᠤᠯᠭ᠎ᠠ ᠶᠢᠨ ᠹᠢᠯᠢᠮ ᠢ ᠤᠬᠠᠭᠠᠯᠠᠨ ᠰᠡᠭᠦᠳᠡᠷᠯᠡᠵᠦ᠂ ᠰᠢᠨ᠎ᠡ ᠰᠡᠪᠡᠭᠦᠨ ᠬᠡᠯᠪᠡᠷᠢ ᠪᠠᠷ ᠤᠯᠠᠨ ᠲᠦᠮᠡᠨ ᠳᠤ ᠬᠠᠤᠯᠢ ᠴᠠᠭᠠᠵᠠ ᠶᠢᠨ ᠨᠡᠶᠢᠲᠡ ᠶᠢ ᠢᠲᠡᠭᠡᠭᠦᠯᠬᠦ ᠪᠠᠶᠢᠭᠤᠯᠤᠯᠲᠠ ᠶᠢᠨ ᠠᠴᠢ ᠬᠤᠯᠪᠣᠭᠳᠠᠯ ᠢ ᠨᠡᠩ ᠰᠢᠭᠤᠳ ᠣᠶᠢᠯᠠᠭᠠᠭᠤᠯᠪᠠ᠃     ᠡᠵᠡᠨ᠎ᠡ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ︽ᠲᠥᠪ ᠭᠤᠤᠯᠴᠢ ᠪᠠ ᠦᠷ᠎ᠡ ᠪᠦᠲᠦᠮᠵᠢ︾ ᠠᠵᠢᠯ ᠤᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠬᠠᠤᠯᠢ ᠴᠠᠭᠠᠵᠠ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠰᠢᠭᠦᠨ ᠲᠠᠰᠤᠯᠬᠤ ᠡᠭᠦᠷᠭᠡ ᠴᠢᠳᠠᠮᠵᠢ ᠪᠠᠨ ᠢᠳᠡᠪᠬᠢᠲᠡᠶ  ᠦᠷᠭᠡᠵᠢᠬᠦᠯᠦᠨ᠂ ᠵᠥᠷᠢᠴᠡᠯ ᠵᠢᠭᠤᠷᠠᠯᠳᠤᠭᠠᠨ ᠢ ᠣᠯᠠᠨ ᠳᠠᠯ᠎ᠠ ᠠᠴᠠ ᠰᠢᠢᠳᠪᠦᠷᠢᠯᠡᠬᠦ ᠶᠢ ᠪᠣᠳᠠᠲᠠᠶ ᠠᠳᠬᠤᠵᠤ᠂ ᠭᠦᠢᠴᠡᠳᠬᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠲᠤᠰᠬᠠᠶ ᠵᠦᠢᠯ ᠤᠨ ᠭᠦᠢᠴᠡᠳᠬᠡᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠦᠷ ᠬᠤᠷᠢᠬᠤ᠂ ᠪᠠᠶᠢᠴᠠᠭᠠᠨ ᠪᠢᠲᠡᠭᠦᠮᠵᠢᠯᠡᠬᠦ᠂ ᠨᠡᠶᠢᠳᠡᠯᠬᠦ᠂ ᠥᠨᠳᠥᠷ ᠬᠡᠷᠡᠭᠯᠡᠭᠡᠨ ᠢ ᠬᠢᠵᠠᠭᠠᠷᠯᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠦᠢᠴᠡᠳᠬᠡᠬᠦ ᠶᠢ ᠡᠰᠡᠷᠭᠦᠴᠡᠬᠦ᠂ ᠭᠦᠢᠴᠡᠳᠬᠡᠬᠦ ᠠᠴᠠ ᠵᠠᠶᠢᠯᠠᠬᠤ᠂ ᠭᠦᠢᠴᠡᠳᠬᠡᠬᠦ ᠦᠢᠯᠡ ᠠᠵᠢᠯᠯᠠᠭ᠎ᠠ ᠳᠤ ᠭᠠᠷ ᠲᠦᠷᠦᠭᠦ ᠶᠠᠪᠤᠳᠠᠯ ᠢ ᠵᠠᠯᠬᠠᠭᠠᠨ ᠰᠢᠳᠬᠡᠬᠦ ᠡᠷᠴᠢᠮ ᠢᠶᠠᠨ ᠨᠡᠮᠡᠭᠳᠡᠭᠦᠯᠵᠦ᠂ ᠳᠣᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠴᠠᠭ ᠲᠤᠬᠠᠶ ᠳᠤᠨᠢ ᠪᠦᠲᠦᠮᠵᠢᠲᠡᠶ ᠬᠠᠮᠠᠭᠠᠯᠠᠪᠠ᠃     ᠡᠵᠡᠨ᠎ᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ︽ᠬᠤᠳᠠᠯ ᠬᠠᠭᠤᠷᠮᠠᠭ ᠵᠠᠷᠭᠤ ᠶᠢ ᠰᠡᠷᠭᠡᠶᠢᠯᠡᠨ ᠵᠠᠯᠬᠠᠭᠠᠬᠤ ᠠᠵᠢᠯ ᠳᠤ ᠬᠠᠮᠵᠢᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ᠢ ᠦᠨᠳᠦᠰᠦᠯᠡᠨ᠂ 2023 ᠣᠨ ᠳᠤ ᠡᠵᠡᠨ᠎ᠡ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠢᠳᠪᠦᠷᠢᠯᠡᠭᠰᠡᠨ ᠢᠷᠭᠡᠨ ᠤ ᠬᠡᠷᠡᠭ ᠤᠨ ᠨᠢᠭᠡᠳᠦᠭᠡᠷ ᠰᠢᠭᠦᠯᠲᠡ᠂ ᠢᠷᠭᠡᠨ ᠤ ᠬᠡᠷᠡᠭ ᠤᠨ ᠭᠦᠢᠴᠡᠳᠭᠡᠯᠲᠡ᠂ ᠭᠦᠢᠴᠡᠳᠭᠡᠯᠲᠡ ᠶᠢᠨ ᠳᠣᠬᠠᠢ ᠣᠨᠳᠣᠤ ᠰᠠᠨᠠᠯ᠂ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ᠂ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠭᠡᠯᠲᠡ ᠶᠢ ᠲᠥᠪᠯᠡᠷᠡᠭᠦᠯᠦᠨ ᠦᠨᠡᠯᠡᠨ ᠪᠠᠶᠢᠴᠠᠭᠠᠪᠠ᠃ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠲᠠᠢ ᠬᠠᠮᠲᠤᠷᠠᠨ ᠬᠤᠳᠠᠯ ᠬᠠᠭᠤᠷᠮᠠᠭ ᠵᠠᠷᠭᠤ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ︽ᠬᠤᠶᠠᠷ ᠵᠦᠢᠯ ᠤᠨ ᠬᠢᠨᠠᠯᠲᠠ︾ ᠶᠢᠨ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠢᠳᠡᠪᠬᠢᠲᠡᠢ ᠲᠣᠭᠲᠠᠭᠠᠵᠤ᠂ ᠬᠠᠣᠯᠢ ᠪᠠᠷ ᠵᠠᠰᠠᠬᠤ ᠳᠣᠬᠠᠢ ᠬᠢᠨᠠᠯᠲᠠ ᠶᠢ ᠴᠢᠩᠭᠠᠳᠬᠠᠪᠠ᠃     ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠡᠳᠦᠷ ᠢᠶᠠᠷ ᠲᠣᠭᠤᠷᠢᠨ ᠪᠠᠶᠢᠴᠠᠭᠠᠬᠤ᠂ ᠭᠠᠷᠠᠭ ᠢᠶᠠᠷ ᠮᠡᠳᠡᠭᠡᠯᠡᠬᠦ᠂ ᠰᠠᠷ᠎ᠠ ᠪᠠᠷ ᠰᠢᠯᠭᠠᠨ ᠦᠨᠡᠯᠡᠬᠦ︾ ᠪᠠᠶᠢᠩᠭᠤ ᠬᠢᠨᠠᠯᠲᠠ ᠲᠠᠯᠪᠢᠬᠤ ᠲᠣᠭᠲᠠᠴᠠ ᠵᠢᠴᠢ ᠴᠠᠭᠳᠠᠭᠠᠨ ᠤ ᠶᠠᠪᠤᠳᠠᠯ ᠤᠨ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠲᠠᠪᠴᠠᠩ ᠪᠠ ᠬᠠᠤᠯᠢ ᠬᠡᠷᠡᠭᠵᠢᠬᠦᠯᠬᠦ ᠪᠢᠲᠡᠭᠦᠮᠵᠢᠯᠡᠭᠰᠡᠨ ᠬᠠᠮᠢᠶᠠᠷᠤᠯᠲᠠ ᠳᠤ ᠬᠢᠨᠠᠯᠲᠠ ᠲᠠᠯᠪᠢᠬᠤ ᠲᠠᠪᠴᠠᠩ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠡᠯ᠎ᠡ ᠭᠤᠭᠴᠤᠭ᠎ᠠ ᠳᠤ ᠴᠢᠩᠭ᠎ᠠ ᠬᠢᠨᠠᠯᠲᠠ ᠲᠠᠯᠪᠢᠵᠤ ᠤᠷᠢᠳᠴᠢᠯᠠᠨ ᠰᠡᠷᠡᠮᠵᠢᠯᠡᠭᠦᠯᠪᠡ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠬᠦᠯᠦᠭᠰᠡᠨ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠢ ᠬᠢᠨᠠᠮᠠᠭᠠᠶ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ᠬᠡᠷᠡᠭ ᠵᠢᠴᠢ ᠮᠧᠩ ᠴᠢ ᠲᠦᠩ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠲᠠᠰᠤ᠂ 12389 ᠤᠲᠠᠰᠤ ᠪᠠᠷ ᠰᠢᠯᠵᠢᠭᠦᠯᠦᠨ ᠰᠢᠢᠳᠪᠦᠷᠢᠯᠡᠭᠦᠯᠬᠦ ᠪᠠ ᠲᠤᠰᠢᠶᠠᠨ ᠰᠢᠢᠳᠪᠦᠷᠢᠯᠡᠭᠦᠯᠬᠦ ᠠᠵᠤ ᠠᠬᠤᠶᠢᠯᠠᠯ ᠳᠤ ᠬᠤᠯᠪᠣᠭᠳᠠᠭᠰᠠᠨ ᠠᠰᠠᠭᠤᠳᠠᠯ᠂ ᠵᠠᠬᠢᠳᠠᠯ ᠰᠤᠷᠪᠤᠯᠵᠢᠯᠠᠭ᠎ᠠ᠂ ᠵᠠᠭᠠᠯᠳᠤᠯᠭ᠎ᠠ ᠪᠠ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠬᠡᠷᠡᠭ ᠵᠡᠷᠭᠡ ᠠᠵᠤ ᠠᠬᠤᠶᠢᠯᠠᠯ ᠳᠤ ᠬᠤᠯᠪᠣᠭᠳᠠᠭᠰᠠᠨ ᠠᠰᠠᠭᠤᠳᠠᠯ ᠤᠨ ᠰᠦᠪᠡᠭᠴᠢ ᠶᠢ ᠡᠮᠬᠢᠯᠡᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠪᠠ᠃     ᠡᠵᠡᠨ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠷᠠᠳ ᠤᠨ ᠡᠶᠡᠳᠡᠭᠦᠯᠭᠡ ᠬᠢᠭᠡᠳ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠤ ᠲᠠᠰᠤᠯᠤᠯᠲᠠ ᠬᠢᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠢᠬᠦ ᠵᠡᠷᠭᠡ ᠠᠷᠭ᠎ᠠ ᠮᠠᠶ᠋ᠢᠭ ᠢ ᠣᠷᠭᠠᠨᠢᠭ ᠢᠶᠠᠷ ᠵᠣᠯᠭᠠᠯᠳᠤᠭᠤᠯᠤᠭᠰᠠᠨ ᠵᠥᠷᠢᠴᠡᠯ ᠵᠢᠭᠤᠷᠠᠯᠳᠤᠭᠠᠨ ᠢ ᠣᠯᠠᠨ ᠳᠠᠯ᠎ᠠ ᠠᠴᠠ ᠰᠢᠢᠳᠪᠦᠷᠢᠯᠡᠬᠦ ᠶᠡᠭᠡ ᠡᠶᠡᠳᠡᠭᠦᠯᠭᠡ ᠶᠢᠨ ᠪᠠᠶᠢᠷᠢᠰᠢᠯ ᠢ ᠪᠣᠶ ᠪᠣᠯᠭᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号