ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ
ᠨᠡᠶᠢᠲᠡᠯᠡᠭᠰᠡᠨ ᠴᠠᠭ᠄
2024/7/23
     ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠲᠠᠰᠤᠷᠠᠯᠲᠠ ᠤᠢᠭᠡᠢ ᠠᠬᠢᠵᠥ ᠪᠠᠶᠢᠭ᠎ᠠ ᠶᠤᠮ᠂ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠪᠠᠰᠠ ᠥᠷᠭᠡᠨ ᠠᠭᠤᠳᠠᠮ ᠠᠯᠤᠰ ᠢᠷᠡᠭᠡᠳᠦᠶ ᠶᠢ ᠨᠡᠭᠡᠭᠡᠬᠦ ᠨᠢ ᠯᠠᠪᠲᠠᠶ ᠶᠤᠮ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠦᠳᠲᠡᠷ ᠲᠦᠷᠭᠡᠨ ᠠᠯᠠᠱᠠ ᠶᠢᠨ ᠡᠬᠡ ᠭᠠᠵᠠᠷ ᠲᠤ ᠣᠯᠠᠮᠵᠢᠯᠠᠭᠳᠠᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠴᠦ᠂ ᠣᠯᠠᠨ ᠢᠶᠠᠷ ᠢᠶᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠲᠤᠬᠠᠶ ᠲᠠᠨᠢᠯᠲᠠ ᠣᠶᠢᠯᠠᠭᠠᠯᠲᠠ᠂ ᠠᠷᠭ᠎ᠠ ᠬᠡᠮᠵᠢᠶ᠎ᠡ ᠲᠥᠯᠥᠪᠯᠡᠭᠡ᠂ ᠪᠣᠳᠠᠲᠤ ᠠᠵᠢᠯᠯᠠᠭ᠎ᠠ ᠶᠢᠨ ᠲᠤᠬᠠᠶ ᠶᠠᠷᠢᠯᠴᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃
1.jpg
     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ᠂ ᠴᠢᠬᠤᠯᠠ ᠶᠡᠭᠡ ᠵᠠᠷᠴᠢᠮ ᠢ ᠲᠣᠳᠣᠷᠬᠠᠶᠢᠯᠠᠵᠤ᠂ ᠢᠷᠡᠭᠡᠳᠦᠶ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠪᠠᠶᠢᠷᠢᠯᠠᠭᠤᠯᠵᠤ᠂ ᠮᠠᠨ ᠤ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠢᠷᠡᠭᠡᠳᠦᠶ ᠶᠢᠨ ᠲᠠᠪᠤᠨ ᠵᠢᠯ ᠤᠨ ᠥᠭᠡᠷᠡᠴᠢᠯᠡᠯᠲᠡ ᠶᠢᠨ ᠡᠭᠦᠷᠭᠡ ᠳᠤ ᠴᠢᠭᠯᠡᠯ ᠢ ᠲᠣᠳᠣᠷᠬᠠᠶ ᠵᠢᠭᠠᠨ ᠥᠭᠴᠦ᠂ ᠵᠢᠷᠤᠮᠯᠠᠯ ᠬᠠᠩᠭᠠᠪᠠ᠃
2.jpg
     ᠪᠥᠬᠦᠳᠡ ᠬᠤᠷᠠᠯ ᠳᠤ ︽ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ︾ ᠭᠡᠵᠦ ᠳᠤᠷᠠᠳᠪᠠ᠃ ᠠᠯᠠᠱᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠲᠤᠰᠬᠠᠶ ᠵᠥᠪᠯᠡᠬᠦ ᠪᠠᠶᠢᠭᠤᠯᠤᠮᠵᠢ ᠶᠢᠨ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠵᠥᠪᠯᠡᠬᠦ ᠠᠷᠠᠳᠴᠢᠯᠠᠯ ᠤᠨ ᠦᠢᠯᠡᠳᠦᠯᠭᠡ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠵᠥᠪᠯᠡᠯᠭᠡ ᠬᠢᠬᠦ ᠵᠠᠰᠠᠭ ᠤᠨ ᠶᠠᠪᠤᠳᠠᠯ ᠢ ᠵᠥᠪᠯᠡᠬᠦ ᠪᠠᠶᠢᠷᠢᠰᠢᠯ ᠢ ᠦᠷᠭᠦᠯᠵᠢᠯᠡᠨ ᠪᠠᠶᠢᠭᠤᠯᠵᠤ᠂ ᠵᠥᠪᠯᠡᠯᠭᠡ ᠬᠢᠬᠦ ᠭᠤᠤᠯ ᠴᠣᠭᠴᠠ ᠶᠢ ᠨᠠᠩ ᠥᠷᠭᠡᠨ ᠳᠡᠯᠭᠡᠷ᠂ ᠵᠥᠪᠯᠡᠯᠭᠡ ᠬᠢᠬᠦ ᠠᠭᠤᠯᠭ᠎ᠠ ᠶᠢ ᠨᠠᠩ ᠪᠠᠶᠠᠯᠢᠭ᠂ ᠵᠥᠪᠯᠡᠯᠭᠡ ᠬᠢᠬᠦ ᠬᠢᠷᠢ ᠳᠦᠪᠰᠢᠨ ᠢ ᠨᠠᠩ ᠲᠣᠳᠣᠷᠬᠠᠶ᠂ ᠵᠥᠪᠯᠡᠬᠦ ᠲᠦᠷᠢᠮ ᠢ ᠨᠠᠩ ᠲᠡᠭᠦᠯᠳᠡᠷᠵᠢᠭᠦᠯᠬᠦ ᠶᠢ ᠠᠬᠢᠭᠤᠯᠤᠨ᠂ ᠵᠥᠪᠯᠡᠯᠭᠡ ᠬᠢᠬᠦ ᠳᠤᠮᠳᠠ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠪᠡ᠃
3.jpg
    ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠵᠢᠶᠦ᠋ᠨ ᠯᠠᠶ᠂ ᠪᠢᠳᠡ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠭᠦᠷᠭᠡ ᠴᠢᠳᠠᠮᠵᠢ ᠪᠠᠨ ᠨᠠᠷᠢᠨ ᠬᠢᠨᠠᠮᠠᠭᠠᠢ ᠰᠠᠶᠢᠲᠤᠷ ᠭᠦᠢᠴᠡᠳᠬᠡᠵᠦ᠂ ︽ᠴᠢᠳᠠᠮᠠᠭᠠᠢ ᠪᠠᠷ ᠵᠥᠪᠯᠡᠬᠦ︾ ᠲᠦᠷᠦᠯ ᠲᠡᠮᠳᠡᠭ ᠢ ᠪᠤᠶᠢᠵᠢᠭᠤᠯᠬᠤ᠂ ᠵᠥᠪᠯᠡᠬᠦ ᠰᠣᠶᠣᠯ ᠢ ᠪᠠᠬᠢᠵᠢᠭᠦᠯᠬᠦ ᠳᠡᠭᠡᠷ᠎ᠡ ᠬᠦᠴᠦ ᠲᠠᠯᠪᠢᠵᠤ᠂ ᠭᠡᠰᠢᠭᠦᠳ ᠤᠨ ᠤᠯᠠᠨ ᠲᠦᠮᠡᠨ ᠲᠠᠢ ᠬᠠᠷᠢᠯᠴᠠᠬᠤ ᠲᠦᠷᠢᠮ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠪᠠᠷ ᠴᠢᠷᠮᠠᠶᠢᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠤᠨ ᠳᠠᠪᠠᠭᠤᠯᠢᠭ ᠢ ᠦᠨᠡᠨ ᠬᠦ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ᠎ᠠ ᠬᠡᠪᠡ᠃    ᠡᠨᠡ ᠵᠢᠯ ᠠᠴᠠ ᠨᠠᠰᠢ᠂ ᠮᠠᠨ ᠤ ᠠᠶᠢᠮᠠᠭ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠲᠣᠭᠤᠷᠢᠨ ᠳᠤ᠂ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠥᠲᠥᠭᠡᠨ ᠪᠠᠶᠢᠭᠤᠯᠬᠤ᠂ ᠲᠠᠪᠤᠨ ᠶᠡᠭᠡ ᠰᠠᠭᠤᠷᠢᠨ ᠭᠠᠵᠠᠷ ᠢ ᠪᠣᠶ ᠪᠣᠯᠭᠠᠬᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠠᠵᠢᠯ ᠤᠨ ᠰᠡᠳᠬᠢᠮᠵᠢ ᠶᠢ ᠨᠠᠶᠢᠳᠠᠪᠤᠷᠢᠵᠢᠭᠤᠯᠵᠤ᠂ ᠶᠡᠭᠡ ᠪᠠᠷ ᠬᠢᠵᠦ ᠲᠦᠷᠭᠡᠨ ᠠᠵᠢᠯᠯᠠᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ ᠂ ᠡᠯ᠎ᠡ ᠵᠦᠢᠯ ᠤᠨ ᠠᠵᠢᠯ ᠢᠳᠡᠪᠬᠢᠲᠡᠶ ᠠᠬᠢᠴᠠ ᠲᠠᠢ ᠪᠣᠯᠪᠠ᠃
4.jpg
     ᠣᠲᠣ ᠪᠣᠯᠲᠠᠯ᠎ᠠ᠂ ᠪᠥᠬᠦ ᠠᠶᠢᠮᠠᠭ ᠤᠨ 134 ᠴᠢᠬᠤᠯᠠ ᠶᠡᠭᠡ ᠲᠥᠷᠥᠯ ᠵᠦᠢᠯ ᠤᠨ 122 ᠨᠢ ᠠᠵᠢᠯ ᠢᠶᠠᠨ ᠡᠬᠢᠯᠡᠭᠦᠯᠵᠦ᠂ 130 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 13% ᠳᠤ ᠬᠦᠷᠴᠡᠶ︔ ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠬᠥᠮᠥᠷᠭᠡ ᠳᠤ 972 ᠢ ᠨᠥᠭᠡᠴᠡᠯᠡᠪᠠ︔ ᠳᠡᠭᠡᠳᠦ ᠱᠠᠲᠤᠨ ᠤ ᠪᠠᠯᠠ ᠮᠥᠩᠭᠦ ᠶᠢ ᠨᠡᠶᠢᠲᠡ 27 ᠳ᠋ᠦᠩᠰᠢᠭᠤᠷ ᠲᠥᠭᠦᠷᠢᠭ ᠤᠯᠬᠤ ᠪᠠᠷ ᠴᠢᠷᠮᠠᠶᠢᠵᠤ ᠪᠠᠶᠢᠨ᠎ᠠ᠃ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠦᠭᠡᠷᠡᠴᠢᠯᠡᠬᠦ᠂ ᠢᠷᠭᠠᠢ ᠪᠠᠶᠠᠨᠬᠤᠲᠠ ᠶᠢᠨ ᠲᠡᠮᠦᠷ ᠵᠠᠮ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠴᠢᠬᠤᠯᠠ ᠶᠡᠭᠡ ᠠᠬᠢᠯᠲᠠ ᠲᠠᠢ ᠪᠣᠯᠪᠠ᠃
5.jpg
     ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠵᠢᠶᠠᠩ ᠴᠢᠩ ᠵᠢᠶ᠂ ᠪᠢᠳᠡ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠳᠡᠭᠡᠷ᠎ᠡ ᠶᠡᠭᠡ ᠬᠦᠴᠦ ᠣᠷᠣᠭᠤᠯᠵᠤ᠂ ᠠᠯᠠᠱᠠ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠲᠦᠰᠢᠭᠯᠡᠨ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠪᠡ᠃     ᠪᠥᠬᠦᠳᠡ ᠬᠤᠷᠠᠯ ᠳᠤ᠂ ᠴᠢᠨᠠᠷ ᠰᠠᠶᠢᠲᠠᠶ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠷᠮᠠᠰᠢᠭᠤᠯᠬᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ ᠭᠡᠵᠦ ᠳᠣᠷᠠᠳᠪᠠ᠃
6.jpg
    ᠤᠢᠢᠷ᠎ᠠ ᠶᠢᠨ ᠵᠢᠯ ᠠᠴᠠ᠂ ᠮᠠᠨ ᠤ ᠠᠶᠢᠮᠠᠭ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠳᠡᠬᠦᠨ ᠲᠠᠢ ᠠᠭᠤᠰᠤᠯᠴᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠬᠦ ᠶᠢᠨ ᠬᠠᠮᠲᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠪᠦᠲᠦᠴᠡ ᠶᠢ ᠰᠢᠯᠢᠳᠡᠭᠵᠢᠭᠦᠯᠬᠦ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠦᠴᠦᠯᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠰᠢᠨ᠎ᠡ ᠱᠠᠲᠤᠨ ᠳᠤ ᠣᠷᠣᠭᠤᠯᠵᠤ᠂ ᠰᠢᠨ᠎ᠡ ᠳᠡᠭᠲᠡᠷ ᠲᠤ ᠭᠠᠷᠭᠠᠪᠠ᠃
7.jpg
     ᠠᠶᠢᠮᠠᠭ ᠤᠨ ᠡᠨᠧᠷᠭᠢ ᠶᠢᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠶᠧ ᠹᠠᠩ ᠷᠧᠨ᠂ ᠪᠢᠳᠡ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠦᠢᠯᠡᠴᠢᠯᠡᠬᠦ ᠳᠤ ᠰᠠᠭᠤᠷᠢᠯᠠᠨ᠂ ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠣᠲᠣ ᠦᠶ᠎ᠡ ᠶᠢᠨ ᠡᠨᠧᠷᠭᠢ ᠶᠢᠨ ᠰᠢᠰᠲ᠋ᠧᠮ ᠢ ᠲᠦᠷᠬᠡᠨ ᠪᠠᠶᠢᠭᠤᠯᠵᠤ᠂ ᠭᠠᠵᠠᠷ ᠣᠷᠣᠨ ᠤ ᠠᠵᠤ  ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ ᠪᠠ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号