ᠴᠢᠩᠭ᠎ᠠ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠵᠤ ᠨᠠᠮ ᠤᠨ ᠭᠡᠰᠢᠭᠦᠨ ᠺᠠᠳ᠋ᠷᠴᠤᠳ ᠤᠨ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠰᠠᠬᠢᠵᠤ ᠢᠳᠡᠪᠬᠢᠲᠡᠢ ᠠᠵᠢᠯᠯᠠᠬᠤ ᠶᠢ ᠠᠬᠢᠭᠤᠯᠤᠯ᠎ᠠ
ᠨᠡᠶᠢᠲᠡᠯᠡᠭᠰᠡᠨ ᠴᠠᠭ᠄
2024/7/23
    ᠮᠠᠨ ᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠴᠢᠩᠭ᠎ᠠ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠬᠤ ᠶᠢ ᠠᠬᠢᠭᠤᠯᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ᠂ ᠰᠡᠳᠭᠢᠯ ᠠᠮᠤᠷ ᠠᠵᠢᠯᠯᠠᠵᠤ᠂ ᠵᠣᠷᠢᠭᠲᠠᠢ ᠠᠵᠢᠯᠯᠠᠵᠤ᠂ ᠵᠣᠷᠢᠭᠲᠠᠢ ᠤᠷᠤᠭᠰᠢᠯᠠᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ ᠪᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠶ ᠠᠳᠬᠤᠵᠤ᠂ ᠠᠵᠢᠯ ᠤᠨ ᠲᠣᠬᠢᠷᠠᠭᠤᠯᠤᠯᠲᠠ ᠶᠢ ᠨᠠᠷᠢᠯᠢᠭᠵᠢᠭᠤᠯᠤᠨ ᠂ ᠬᠡᠯᠳᠡᠰ ᠤᠨ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ᠂ ᠲᠦᠷᠦᠭᠦᠯᠡᠨ ᠰᠤᠷᠤᠯᠴᠠᠬᠤ᠂ ᠰᠤᠷᠤᠯᠴᠠᠯᠭ᠎ᠠ ᠶᠢ ᠠᠬᠢᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠥᠬᠦ ᠨᠠᠮ ᠤᠨ ᠭᠡᠰᠢᠭᠦᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ︵ᠳᠣᠷᠣᠭᠰᠢ ︽ᠲᠦᠷᠢᠮ︾ ᠭᠡᠵᠦ ᠳᠦᠭᠦᠮᠴᠢᠯᠡᠨ᠎ᠠ︶ ᠢ ᠲᠡᠷᠡ ᠬᠡᠪ ᠢᠶᠠᠷ ᠨᠢ ᠰᠤᠷᠤᠯᠴᠠᠪᠠ︔ ᠰᠡᠷᠡᠮᠵᠢᠯᠡᠭᠦᠯᠬᠦ ᠬᠥᠮᠦᠵᠢᠯ ᠢ ᠪᠣᠳᠠᠲᠠᠶᠢᠵᠢᠭᠤᠯᠵᠤ᠂ ᠭᠠᠵᠠᠷ ᠣᠷᠣᠨ᠂ ᠠᠵᠢᠯ ᠲᠥᠷᠥᠯ᠂ ᠬᠦᠷᠢᠶ᠎ᠡ᠂ ᠰᠢᠰᠲ᠋ᠧᠮ ᠤᠨ ᠴᠢᠨᠠᠷᠲᠠᠶ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭᠠᠨ ᠤ ᠰᠡᠷᠡᠮᠵᠢ ᠶᠢᠨ ᠬᠤᠩᠬᠤ ᠶᠢ ᠳᠤᠤᠭᠠᠷᠭᠠᠵᠤ᠂ ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠯᠠᠵᠤ᠂ ᠪᠢᠰᠢᠷᠡᠨ ᠵᠢᠷᠦᠬᠡᠰᠢᠶᠡᠬᠦ ᠰᠡᠳᠭᠢᠯᠭᠡ ᠶᠢ ᠪᠠᠳᠤᠳᠬᠠᠪᠠ︔ ᠨᠠᠮ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠨᠠᠮ ᠤᠨ ᠰᠠᠬᠢᠯᠭ᠎ᠠ ᠪᠠᠲᠤ ᠶᠢ ᠵᠢᠱᠢᠶᠡᠴᠢ ᠪᠠᠷ ᠬᠡᠷᠡᠭᠵᠢᠭᠦᠯᠬᠦ ᠪᠠ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠪᠠ ᠪᠠᠲᠤᠯᠠᠭ᠎ᠠ ᠬᠠᠩᠭᠠᠬᠤ ᠳᠡᠭᠡᠷ᠎ᠡ ᠠᠭᠤᠰᠤᠯᠴᠠᠭᠤᠯᠬᠤ ᠶᠢ ᠪᠠᠷᠢᠮᠲᠠᠯᠠᠵᠤ᠂ ᠣᠲᠣ ᠪᠣᠯᠲᠠᠯ᠎ᠠ᠂ ᠪᠥᠬᠦ ᠣᠷᠣᠨ ᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠫᠠᠶᠢᠰᠠ ᠲᠡᠮᠳᠡᠭ ᠪᠠ ᠲᠦᠷᠢᠮ ᠤᠨ ᠫᠠᠶᠢᠰᠠ ᠢᠯᠡᠷᠬᠡᠶᠢᠯᠡᠯ ᠢ 58300 ᠭᠠᠷᠤᠶ ᠢᠯᠭᠠᠷᠠᠭᠤᠯᠤᠨ ᠡᠮᠬᠢᠯᠡᠵᠤ᠂ 70% ᠠᠴᠠ ᠳᠡᠭᠡᠭᠰᠢᠬᠢ ᠬᠤᠰᠢᠭᠤ ᠰᠢᠶᠠᠨ ᠳᠤ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠡᠷᠡᠭ ᠶᠠᠪᠤᠳᠠᠯ ᠢ ᠵᠥᠪᠰᠢᠶᠡᠷᠡᠨ ᠣᠷᠣᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠠᠴᠠ ᠭᠠᠷᠭᠠᠵᠤ ᠪᠤᠯᠬᠤ ᠭᠡᠷᠡᠴᠢ ᠶᠢᠨ ᠨᠠᠷᠢᠨ ᠲᠠᠩᠰᠠ ᠶᠢ ᠲᠣᠭᠲᠠᠭᠠᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ 6 ᠵᠦᠢᠯ ᠤᠨ ᠪᠣᠳᠠᠲᠠᠶ ᠠᠰᠠᠭᠤᠳᠠᠯ ᠢ ᠰᠢᠢᠳᠪᠦᠷᠢᠯᠡᠵᠦ᠂ ᠲᠡᠮᠦᠷ ᠮᠡᠲᠦ ᠰᠠᠬᠢᠯᠭ᠎ᠠ ᠪᠠᠲᠤ ᠶᠢ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠠᠭᠤᠰᠬᠠᠨ ᠣᠷᠣᠭᠤᠯᠪᠠ᠃    ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠤᠷᠳᠤᠨ ᠨᠣᠮ ᠤᠩᠰᠢᠬᠤ ᠠᠩᠭᠢ ᠡᠷᠬᠢᠯᠡᠬᠦ᠂ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ᠂ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠤᠶᠢᠯᠠᠭᠠᠵᠤ᠂ ︽ᠲᠦᠷᠢᠮ︾ ᠤᠨ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠥᠪᠡᠷ ᠢ ᠪᠠᠨ ᠴᠢᠩᠭ᠎ᠠ ᠱᠠᠭᠠᠷᠳᠠᠬᠤ ᠶᠢ ᠴᠢᠩᠭᠠᠳᠬᠠᠵᠤ᠂ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠪᠤᠯᠭᠠᠨ ᠤᠨᠳᠤᠤᠰᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠥᠮᠦᠵᠢᠭᠦᠯᠦᠨ ᠵᠢᠯᠣᠭᠤᠳᠴᠠᠢ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠣᠷᠳᠣᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠢ ᠪᠥᠬᠦ ᠲᠠᠯ᠎ᠠ ᠪᠠᠷ ᠴᠣᠭᠴᠠᠯᠠᠵᠤ᠂ ︽ᠳᠤᠮᠳᠠᠳᠤ ᠤᠯᠤᠰ ᠤᠨ ᠡᠪ ᠬᠠᠮᠲᠤᠴᠤᠳ ᠤᠨ ᠬᠡᠷ ᠤᠨ ᠰᠤᠷᠲᠠᠯ︾ ᠲᠠᠩᠰᠠ ᠡᠪᠬᠡᠮᠡᠯ ᠤᠨ ᠦᠵᠡᠭᠦᠯᠭᠡ ᠪᠣᠯᠤᠨ ᠠᠷᠢᠭᠤᠨ ᠴᠢᠬᠡᠴᠢ ᠶᠢᠨ ᠰᠣᠶᠣᠯ ᠤᠨ ᠲᠠᠩᠰᠠ ᠡᠪᠬᠡᠮᠡᠯ ᠲᠤᠯᠭᠤᠷ ᠪᠢᠴᠢᠭ ᠤᠨ ᠣᠷᠳᠣ ᠬᠤᠩᠭᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠪᠠᠷ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠵᠦ ᠬᠥᠲᠥᠯᠥᠨ ᠵᠢᠯᠣᠭᠤᠳᠪᠠ᠃ ︽ᠳᠤᠮᠳᠠᠳᠤ ᠤᠯᠤᠰ ᠤᠨ ᠡᠪ ᠬᠠᠮᠲᠤᠴᠤᠳ ᠤᠨ ᠬᠡᠷ ᠤᠨ ᠰᠤᠷᠲᠠᠯ︾ ᠲᠠᠩᠰᠠ ᠡᠪᠬᠡᠮᠡᠯ ᠤᠨ ᠦᠵᠡᠭᠦᠯᠭᠡ ᠶᠢ ᠡᠬᠢᠯᠡᠭᠦᠯᠦᠭᠰᠡᠨ ᠠᠴᠠ ᠨᠠᠭᠠᠰᠢ᠂ ᠨᠢᠭᠡᠨᠲᠡ 80 ᠭᠠᠷᠤᠶ ᠪᠠᠶᠢᠭᠤᠯᠭ᠎ᠠ ᠨᠢᠭᠡᠴᠢ ᠶᠢᠨ 6000 ᠭᠠᠷᠤᠶ ᠬᠥᠮᠦᠨ ᠢ ᠭᠥᠯᠢᠶᠡᠨ ᠠᠪᠴᠤ ᠲᠣᠭᠤᠷᠢᠨ ᠦᠵᠡᠭᠦᠯᠪᠡ᠃    ᠲᠦᠩᠯᠢᠶᠣᠤ ᠬᠤᠲᠠ ᠲᠥᠷᠥᠯ ᠬᠤᠪᠢᠶᠠᠨ ᠵᠢᠯᠣᠭᠤᠳᠬᠤ ᠶᠢ ᠪᠣᠳᠠᠲᠠᠶ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠲᠠᠢ ᠡᠭᠦᠷᠭᠡ ᠶᠢ ᠵᠢᠯᠣᠭᠤᠳᠤᠨ ᠠᠬᠢᠭᠤᠯᠬᠤ ᠲᠥᠯᠥᠪᠯᠡᠭᠡ ᠲᠣᠭᠲᠠᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ︽ᠲᠦᠷᠢᠮ︾ ᠤᠨ ᠠᠭᠤᠯᠭ᠎ᠠ ᠶᠢ ᠲᠡᠷᠡ ᠬᠡᠪ ᠢᠶᠠᠷ ᠨᠢ ᠰᠤᠷᠤᠯᠴᠠᠪᠠ᠃ ᠡᠭᠦᠨ ᠤ ᠬᠠᠮᠲᠤ᠂ ᠨᠡᠭᠦᠳᠡᠯ ᠨᠠᠮ ᠤᠨ ᠭᠡᠰᠢᠭᠦᠨ ᠰᠦᠯᠵᠢᠶᠡᠨ ᠳᠡᠭᠡᠷ᠎ᠡ ᠳᠠᠭᠠᠭᠤᠯᠤᠨ ᠰᠤᠷᠤᠯᠴᠠᠬᠤ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠰᠤᠷᠤᠯᠴᠠᠯᠭ᠎ᠠ ᠶᠢ ᠬᠡᠷ ᠲᠤᠨᠢ ᠬᠦᠷᠭᠡᠬᠦ᠂ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠨᠠᠮ ᠤᠨ ᠭᠡᠰᠢᠭᠦᠨ ᠬᠤᠤᠰᠯᠠᠨ ᠬᠤᠯᠪᠣᠭᠠᠯᠠᠵᠤ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠪᠡ᠃ ᠲᠣᠰ ᠬᠤᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠠ ᠲᠣᠬᠢᠶᠠᠯ ᠢ ᠴᠢᠩᠭ᠎ᠠ ᠠᠳᠬᠤᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢ ᠭᠦᠢᠴᠡᠳᠬᠡᠬᠦ ᠵᠡᠷᠭᠡ 18 ᠭᠤᠤᠯᠳᠠᠯᠭ᠎ᠠ ᠲᠠᠢ ᠴᠡᠭᠴᠡᠯᠡᠨ ᠵᠠᠰᠠᠬᠤ ᠡᠭᠦᠷᠭᠡ ᠶᠢ ᠲᠣᠭᠲᠠᠭᠠᠵᠤ᠂ 4787 ᠬᠡᠷᠡᠭ ᠤᠨ ᠰᠦᠪᠡᠭᠴᠢ ᠶᠢ ᠢᠯᠡᠷᠡᠭᠦᠯᠵᠦ᠂ 103 ᠬᠡᠷᠡᠭ ᠢ ᠬᠡᠷᠡᠭ ᠪᠣᠯᠭᠠᠨ ᠳᠡᠩᠰᠡᠯᠡᠵᠦ᠂ ᠰᠦᠷᠳᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠪᠠ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 9 ᠬᠤᠰᠢᠭᠤ ᠰᠢᠶᠠᠨ ᠬᠤᠲᠠ ᠲᠣᠭᠤᠷᠢᠭ ᠪᠦᠬᠦᠨ ᠢᠶᠠᠷ ᠢᠶᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠭᠦᠢᠴᠡᠳᠭᠡᠪᠡᠰᠦ ᠵᠣᠬᠢᠬᠤ ᠶᠢ ᠬᠦᠢᠴᠡᠳᠬᠡᠬᠦ᠂ ᠬᠠᠮᠵᠢᠯᠴᠠᠨ ᠭᠦᠢᠴᠡᠳᠭᠡᠬᠦ᠂ ᠣᠷᠣᠯᠠᠨ ᠭᠦᠢᠴᠡᠳᠭᠡᠬᠦ᠂ ᠭᠦᠢᠴᠡᠳᠭᠡᠵᠦ ᠪᠣᠯᠬᠤ ᠥᠬᠡᠶ᠂ ᠵᠥᠪᠰᠢᠶᠡᠷᠡᠭᠰᠡᠨ ᠤ ᠳᠠᠷᠠᠭ᠎ᠠ ᠬᠦᠢᠴᠡᠳᠬᠡᠬᠦ ︽ᠲᠠᠪᠤᠨ ᠭᠦᠢᠴᠡᠳᠭᠡᠬᠦ︾ ᠡᠷᠬᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠳᠠᠩᠰᠠ ᠶᠢ ᠪᠠᠶᠢᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠠᠵᠢᠯ ᠤᠨ ᠵᠦᠢᠯᠡᠰ ᠢ ᠦᠨᠡᠨ ᠬᠦ ᠵᠢᠷᠤᠮᠵᠢᠭᠤᠯᠪᠠ᠃ ᠣᠳᠣᠬᠠᠨ ᠪᠣᠯᠲᠠᠯ᠎ᠠ᠂ ᠬᠤᠲᠠ ᠶᠢᠨ ᠱᠠᠲᠤᠨ ᠤ ᠠᠵᠢᠯ ᠤᠨ ᠲᠤᠰᠬᠠᠶ ᠠᠩᠭᠢ ᠶᠢ ᠴᠣᠮᠬᠠᠳᠬᠠᠭᠰᠠᠨ ᠬᠡᠮᠵᠢᠶ᠎ᠡ 46.9% ᠳᠤ ᠬᠦᠷᠴᠦ᠂ ᠵᠢᠷᠤᠮᠵᠢᠯ ᠥᠬᠡᠶ ᠡᠯᠭᠦᠭᠰᠡᠨ 9191 ᠫᠠᠶᠢᠰᠠ ᠶᠢ ᠴᠡᠭᠴᠡᠯᠡᠪᠡ᠃    ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠪᠢᠴᠢᠭ ᠮᠠᠲ᠋ᠧᠷᠢᠶᠠᠯ ᠤᠨ ᠰᠤᠷᠲᠠᠯ ᠬᠤᠷᠠᠯ ᠤᠨ ᠰᠤᠷᠲᠠᠯ ᠪᠣᠳᠠᠲᠠᠢ ᠪᠢᠰᠢ᠂ ︽ᠱᠠᠭᠠᠷᠳᠠᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠪᠠᠶᠢᠴᠠᠭᠠᠬᠤ︾ ᠶᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠤᠭᠰᠠᠨ ᠢᠶᠠᠷ ᠬᠦᠷᠦᠯᠴᠡᠬᠦ ᠦᠭᠡᠢ ᠵᠡᠷᠭᠡ 12 ᠲᠠᠯ᠎ᠠ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠪᠠ᠃ ᠣᠳᠣᠬᠠᠨ ᠳᠤ᠂ ᠬᠤᠷᠠᠯ ᠢ 30 % ᠪᠠᠷ ᠴᠣᠮᠬᠠᠳᠬᠠᠵᠤ᠂ ᠪᠢᠴᠢᠭ ᠮᠠᠲ᠋ᠧᠷᠢᠶᠠᠯ ᠢ 2.6% ᠪᠠᠷ ᠴᠣᠮᠬᠠᠳᠬᠠᠵᠤ᠂ ︽ᠳᠤᠷ᠎ᠠ ᠪᠠᠷ ᠢᠶᠠᠨ ᠫᠠᠶᠢᠰᠠ ᠡᠯᠭᠦᠭᠰᠡᠨ︾ ᠫᠠᠶᠢᠰᠠ ᠢᠯᠡᠷᠬᠡᠶᠢᠯᠡᠯ ᠢ 700 ᠭᠠᠷᠤᠶ ᠬᠡᠰᠡᠭ ᠴᠡᠭᠴᠡᠯᠡᠨ ᠰᠠᠶᠢᠵᠢᠷᠠᠭᠤᠯᠵᠤ᠂ ᠬᠡᠷᠡᠮ ᠳᠡᠭᠡᠷᠡᠬᠢ ᠬᠠᠭᠤᠴᠢᠨ ᠲᠦᠷᠢᠮ ᠲᠣᠭᠲᠠᠴᠠ ᠶᠢ 500 ᠭᠠᠷᠤᠶ ᠬᠤᠪᠢ᠂ ᠸᠢᠴᠠᠲ ᠤᠨ ᠬᠤᠯᠪᠤᠭ᠎ᠠ ᠴᠤᠭᠯᠠᠷᠠᠯ ᠢ 2013 ᠶᠢ ᠴᠡᠭᠴᠡᠯᠡᠪᠡ᠃ ᠲᠣᠰ ᠲᠣᠭᠤᠷᠢᠭ ᠲᠡᠦᠬᠡ ᠶᠢᠨ ᠦᠯᠡᠳᠡᠭᠳᠡᠯ ᠪᠠ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡ 40 ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ ᠡᠮᠬᠢᠯᠡᠨ ᠲᠣᠭᠲᠠᠭᠠᠵᠤ᠂ ᠨᠢᠭᠡᠨᠲᠡ ᠪᠣᠳᠠᠲᠠᠶ ᠠᠷᠭ᠎ᠠ ᠬᠡᠮᠵᠢᠶ᠎ᠡ᠂ ᠴᠡᠭᠴᠡᠯᠡᠨ ᠵᠠᠰᠠᠬᠤ ᠴᠠᠭ ᠤᠨ ᠬᠢᠵᠠᠭᠠᠷ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠰᠠᠭᠤᠳᠠᠯ ᠢ ᠦᠨᠡᠨ ᠬᠦ ᠪᠣᠳᠠᠲᠠᠶ ᠴᠡᠭᠴᠡᠯᠡᠨ ᠰᠠᠶᠢᠵᠢᠷᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号